ᠬᠤᠩᠱᠠᠨ ᠲᠣᠭᠤᠷᠢᠭ ︽ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠷᠠᠭᠠᠨ ᠭᠦᠢᠯᠭᠡᠭᠡᠨ ᠤ ᠭᠤᠣᠯ ᠬᠦᠢᠰᠦ︾ ᠶᠢ ᠴᠣᠭᠴᠠᠯᠠᠨ᠂  ᠪᠠᠷᠠᠭᠠᠨ ᠭᠦᠢᠯᠭᠡᠭᠡᠨ ᠤ ᠦᠢᠯᠡᠰ ᠤᠨ ᠴᠢᠨᠰᠠᠭ᠎ᠠ ᠴᠢᠳᠠᠮᠵᠢ ᠶᠢ ᠳᠡᠭᠡᠭᠰᠢᠯᠡᠭᠦᠯᠦᠨ ᠥᠷᠲᠡᠭ ᠢ ᠪᠠᠭᠤᠷᠠᠭᠤᠯᠤᠨ ᠬᠦᠭᠵᠢᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/1/2
       ᠬᠤᠩᠱᠠᠨ ᠲᠣᠭᠤᠷᠢᠭ ᠤᠨ ᠪᠠᠷᠠᠭᠠᠨ ᠭᠦᠢᠯᠭᠡᠭᠡᠨ ᠤ ᠬᠦᠷᠢᠶᠡᠯᠡᠩ ᠪᠣᠯ ᠤᠯᠤᠰ ᠤᠨ ᠳᠡᠰ ᠤᠨ ᠵᠢᠱᠢᠶ᠎ᠡ ᠦᠵᠡᠭᠦᠯᠬᠦ ᠪᠠᠷᠠᠭᠠᠨ ᠭᠦᠢᠯᠭᠡᠭᠡᠨ ᠤ ᠬᠦᠷᠢᠶᠡᠯᠡᠩ ᠲᠣᠭᠤᠷᠢᠭ ᠪᠠᠶᠢᠵᠤ᠂  ᠤᠯᠤᠰ ᠤᠨ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠡ ᠦᠵᠡᠭᠦᠯᠬᠦ ᠰᠠᠭᠤᠷᠢᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠦᠢᠯᠡᠴᠢᠯᠡᠭᠡᠨ ᠤ ᠦᠢᠯᠡᠰ ᠬᠤᠷᠠᠨ ᠴᠤᠭᠯᠠᠷᠠᠭᠰᠠᠨ ᠣᠷᠣᠨ᠂ ᠥᠪᠡᠷᠲᠡᠭᠡᠨ ᠵᠠᠰᠠᠬᠤ ᠣᠷᠣᠨ ᠤ ᠳᠡᠰ ᠤᠨ ᠣᠳᠣᠬᠢᠴᠢᠯᠠᠭᠰᠠᠨ ᠶᠡᠷᠦᠩᠬᠡᠶᠢᠯᠡᠭᠰᠡᠨ ᠪᠠᠷᠠᠭᠠᠨ ᠭᠦᠢᠯᠭᠡᠭᠡᠨ ᠤ ᠬᠦᠷᠢᠶᠡᠯᠡᠩ ᠲᠤᠭᠤᠷᠢᠭ᠂  ᠥᠪᠡᠷᠲᠡᠭᠡᠨ ᠵᠠᠰᠠᠬᠤ ᠣᠷᠣᠨ ᠤ ᠳᠡᠰ ᠤᠨ ᠪᠢᠴᠢᠯ ᠵᠢᠵᠢᠭ ᠠᠵᠤ ᠠᠬᠤᠶᠢᠯᠠᠯ ᠤᠨ ᠦᠢᠯᠡᠰ ᠪᠦᠲᠦᠭᠡᠬᠦ ᠰᠢᠨ᠎ᠡ ᠶᠢ ᠡᠬᠦᠳᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠᠶᠢᠵᠤ᠂   ᠬᠦᠷᠢᠶᠡᠯᠡᠩ ᠲᠣᠭᠤᠷᠢᠭ ᠲᠤᠲᠤᠷ᠎ᠠ ᠨᠡᠶᠢᠲᠡ 46 ᠵᠣᠷᠪᠤᠰ ᠵᠠᠮ ᠵᠠᠰᠠᠵᠤ ᠂  ᠪᠦᠬᠦ ᠤᠷᠲᠤ ᠨᠢ 44 ᠺᠢᠯᠦᠮᠧᠲᠷ᠂  ᠨᠡᠶᠢᠲᠡ 6984 ᠠᠵᠤ ᠠᠬᠤᠶᠢᠯᠠᠯ ᠪᠠ ᠦᠢᠯᠡᠳᠪᠦᠷᠢ ᠬᠤᠳᠠᠯᠳᠤᠭᠠᠨ ᠤ ᠡᠷᠦᠬᠡ ᠤᠷᠤᠵᠤ ᠰᠠᠭᠤᠷᠢᠰᠢᠨ᠂  1 - 10  ᠰᠠᠷ᠎ᠠ ᠳᠤ ᠪᠠᠷᠠᠭᠠᠨ ᠭᠦᠢᠯᠭᠡᠭᠡᠨ ᠤ ᠶᠡᠷᠦᠩᠬᠡᠢ ᠦᠷᠲᠡᠭ 511.3 ᠳ᠋ᠦᠩᠰᠢᠭᠤᠷ ᠲᠦᠭᠦᠷᠢᠭ ᠢ ᠭᠦᠢᠴᠡᠳᠬᠡᠵᠦ᠂  ᠭᠠᠶᠢᠯᠢ ᠲᠠᠲᠠᠪᠤᠷᠢ 8.41 ᠳ᠋ᠦᠩᠰᠢᠭᠤᠷ ᠲᠦᠭᠦᠷᠢᠭ᠂  4.7 ᠲᠥᠮᠡᠨ ᠬᠦᠮᠦᠨ ᠳᠤ ᠠᠵᠢᠯ ᠣᠯᠭᠤᠵᠤ ᠲᠥᠪᠬᠢᠨᠡᠭᠦᠯᠦᠨ᠂  ᠬᠦᠷᠢᠶᠡᠯᠡᠩ ᠲᠣᠭᠤᠷᠢᠭ ᠲᠤ ᠪᠠᠷᠠᠭᠠᠨ ᠭᠦᠢᠯᠭᠡᠭᠡ  ᠂ ᠬᠤᠷᠢᠶᠠᠵᠤ ᠬᠠᠳᠠᠭᠠᠯᠠᠬᠤ᠂  ᠲᠤᠰᠬᠠᠢ ᠮᠡᠷᠭᠡᠵᠢᠯ ᠤᠨ ᠵᠠᠬ᠎ᠠ ᠳᠡᠯᠭᠡᠭᠦᠷ᠂  ᠲᠥᠷᠭᠡᠨ ᠬᠦᠷᠭᠡᠯᠲᠡ ᠡᠯᠧᠺᠲᠷᠤᠨ ᠬᠤᠳᠠᠯᠳᠤᠭ᠎ᠠ᠂  ᠰᠤᠷᠠᠭ ᠵᠠᠩᠭᠢ ᠶᠢᠨ ᠠᠵᠤ ᠦᠢᠯᠡᠰ᠂  ᠡᠬᠡ ᠬᠠᠭᠤᠷᠠᠢ ᠶᠢᠨ ᠭᠠᠷᠠᠮ᠂ ᠭᠠᠶᠢᠯᠢ ᠶᠢ ᠪᠠᠲᠤᠯᠠᠬᠤ ᠲᠠᠪᠤᠨ ᠶᠡᠭᠡ ᠠᠵᠤ ᠦᠢᠯᠡᠰ ᠢ ᠲᠥᠪᠯᠡᠷᠡᠭᠦᠯᠵᠦ᠂  ᠠᠮᠢᠳᠤᠷᠠᠯ ᠤᠨ ᠡᠳ᠋ ᠪᠠᠷᠠᠭ᠎ᠠ᠂  ᠴᠠᠬᠢᠮ ᠢᠶᠠᠷ ᠬᠠᠳᠠᠭᠠᠯᠠᠬᠤ᠂  ᠭᠠᠳᠠᠭᠠᠳᠤ ᠠᠴᠠ ᠣᠷᠣᠭᠤᠯᠵᠤ ᠭᠠᠷᠭᠠᠬᠤ ᠪᠦᠲᠦᠭᠡᠭᠳᠡᠭᠦᠨ᠂  ᠪᠠᠷᠢᠯᠭ᠎ᠠ ᠶᠢᠨ ᠮᠠᠲ᠋ᠧᠷᠢᠶᠠᠯ᠂  ᠳᠡᠭᠡᠳᠦ ᠳᠡᠰ ᠤᠨ ᠪᠠᠷᠠᠭᠠᠨ ᠭᠦᠢᠯᠭᠡᠭᠡᠨ ᠤ ᠬᠤᠷᠢᠶᠠᠵᠤ ᠬᠠᠳᠠᠭᠠᠯᠠᠬᠤ ᠪᠠ ᠮᠠᠰᠢᠨ ᠲᠡᠷᠭᠡᠨ ᠤ ᠠᠷᠠᠯᠵᠢᠶ᠎ᠠ ᠪᠠᠷ ᠭᠤᠣᠯ ᠪᠣᠯᠭᠠᠭᠰᠠᠨ ᠠᠵᠤ ᠦᠢᠯᠡᠰ ᠤᠨ ᠲᠥᠯᠦᠪ ᠢ ᠬᠦᠭᠵᠢᠭᠦᠯᠵᠦ᠂  ᠪᠦᠬᠦᠯᠢ ᠴᠣᠭᠴᠠ ᠶᠢᠨ ᠴᠢᠳᠠᠮᠵᠢ ᠨᠢ ᠪᠦᠷᠢᠨ ᠲᠦᠬᠦᠷ᠂  ᠲᠥᠪᠯᠡᠷᠡᠯ ᠤᠨ ᠬᠦᠴᠦᠨ ᠢᠯᠡᠷᠬᠡᠢ ᠪᠠᠶᠢᠵᠤ᠂  ᠡᠳᠦᠭᠡ ᠨᠢᠭᠡᠨᠲᠡ ᠪᠦᠬᠦ ᠬᠤᠲᠠ ᠶᠢᠨ ᠪᠠᠷᠠᠭᠠᠨ ᠭᠦᠢᠯᠭᠡᠭᠡᠨ ᠤ ᠲᠥᠪᠯᠡᠷᠡᠯ ᠤᠨ ᠲᠥᠪ ᠪᠣᠯᠪᠠ᠃ ᠵᠠᠯᠭᠠᠭᠠᠳ ᠬᠦᠷᠢᠶᠡᠯᠡᠩ ᠲᠣᠭᠤᠷᠢᠭ ᠨᠢ ᠣᠳᠣ ᠥᠶ᠎ᠡ ᠶᠢᠨ ᠪᠠᠷᠠᠭᠠᠨ ᠭᠦᠢᠯᠭᠡᠭᠡᠨ ᠤ ᠠᠵᠤ ᠦᠢᠯᠡᠰ ᠢ ᠪᠤᠲᠠᠲᠤ ᠠᠵᠤ ᠠᠬᠤᠢ ᠳᠤ ᠦᠢᠯᠡᠴᠢᠯᠡᠭᠦᠯᠬᠦ᠂  ᠤᠯᠤᠰ ᠤᠨ ᠲᠤᠲᠤᠭᠠᠲᠤ ᠪᠠ ᠣᠯᠠᠨ ᠤᠯᠤᠰ ᠤᠨ ᠬᠤᠣᠰ ᠡᠷᠭᠢᠯᠲᠡ ᠶᠢ ᠢᠯᠭᠤᠮ ᠨᠡᠪᠲᠡᠷᠡᠭᠦᠯᠬᠦ ᠴᠢᠬᠤᠯᠠ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂  ᠲᠡᠮᠦᠷ ᠵᠠᠮ᠂ ᠵᠠᠰᠠᠮᠠᠯ ᠵᠠᠮ᠂ ᠠᠭᠠᠷ ᠤᠨ ᠭᠠᠷᠠᠮ ᠵᠡᠷᠭᠡ ᠶᠢᠨ ᠣᠯᠠᠨ ᠤᠯᠤᠰ ᠤᠨ ᠪᠠ ᠤᠯᠤᠰ ᠤᠨ ᠲᠤᠲᠤᠭᠠᠳᠤ ᠶᠢᠨ ᠡᠯᠧᠮᠧᠨ᠋ᠲ ᠡᠬᠢ ᠪᠠᠶᠠᠯᠢᠭ ᠤᠨ ᠭᠤᠣᠯ ᠬᠦᠢᠰᠦ ᠶᠢᠨ ᠴᠢᠳᠠᠮᠵᠢ ᠶᠢ ᠭᠦᠨ ᠠᠭᠤᠳᠠᠯᠵᠤ ᠂  ︽ᠰᠤᠪᠠᠭ + ᠭᠤᠣᠯ ᠬᠦᠢᠰᠦ + ᠲᠤᠤᠷ ᠰᠦᠯᠵᠢᠶ᠎ᠡ︾ ᠶᠢᠨ ᠦᠨᠳᠦᠷ ᠥᠷ᠎ᠡ ᠠᠰᠢᠭᠲᠤ ᠪᠠᠷᠠᠭᠠᠨ ᠭᠦᠢᠯᠭᠡᠭᠡᠨ ᠤ ᠠᠵᠢᠯᠯᠠᠭᠠᠨ ᠤ ᠰᠢᠰᠲ᠋ᠧᠮ ᠢ ᠪᠠᠶᠢᠭᠤᠯᠵᠤ᠂  ᠬᠤᠲᠠ ᠶᠢᠨ ᠳᠡᠭᠡᠳᠦ ᠬᠢᠷᠢ ᠲᠦᠪᠰᠢᠨ ᠤ ᠨᠡᠭᠡᠭᠡᠯᠲᠡᠲᠦ ᠂  ᠴᠢᠨᠠᠷᠵᠢᠭᠤᠨ ᠬᠦᠭᠵᠢᠯᠲᠡ ᠶᠢ ᠠᠬᠢᠭᠤᠯᠬᠤ ᠳᠤ ᠰᠢᠨ᠎ᠡ ᠴᠢᠳᠠᠮᠵᠢ ᠬᠠᠩᠭᠠᠪᠠ᠃        12 ᠰᠠᠷ᠎ᠠ ᠶᠢᠨ 18 ᠤ ᠡᠳᠦᠷ ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ A ᠳᠡᠰ ᠤᠨ ᠪᠠᠷᠠᠭᠠᠨ ᠬᠦᠢᠯᠭᠡᠭᠡᠨ ᠤ ᠠᠵᠤ ᠠᠬᠤᠶᠢᠯᠠᠯ ᠢ ᠤᠬᠠᠭᠤᠯᠤᠨ ᠨᠠᠶᠢᠳᠠᠪᠤᠷᠢᠵᠢᠭᠤᠯᠬᠤ ᠶᠡᠭᠡ ᠬᠤᠷᠠᠯ ᠵᠢᠴᠢ ᠥᠪᠥᠷ ᠮᠤᠩᠭᠤᠯ ᠤᠨ ᠪᠠᠷᠠᠭᠠᠨ ᠭᠦᠢᠯᠭᠡᠭᠡᠨ ᠤ ᠭᠤᠣᠯ ᠬᠦᠢᠰᠦ ᠶᠢᠨ ᠰᠤᠷᠳᠠᠯᠴᠢᠯᠠᠭᠠᠨ ᠤ ᠬᠤᠷᠠᠯ ᠬᠦᠬᠡᠬᠤᠲᠠ ᠳᠤ ᠶᠠᠪᠤᠭᠳᠠᠵᠤ᠂  ᠬᠤᠷᠠᠯ ᠳᠡᠭᠡᠷ᠎ᠡ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ  ︽2023 ᠣᠨ ᠤ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠷᠠᠭᠠᠨ ᠭᠦᠢᠯᠭᠡᠭᠡᠨ ᠤ ᠭᠤᠣᠯ ᠬᠦᠢᠰᠦ︾  ᠪᠠᠷ ᠦᠨᠡᠯᠡᠭᠳᠡᠵᠦ᠂  ᠥᠪᠥᠷ ᠮᠤᠩᠭᠤᠯ ᠤᠨ ᠵᠡᠭᠦᠨ ᠬᠡᠰᠡᠭ ᠤᠨ ᠠᠩᠬᠠᠳᠠᠭᠴᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠠᠷᠠᠭᠠᠨᠳᠠ ᠭᠦᠢᠯᠭᠡᠭᠡᠨ ᠤ ᠭᠤᠣᠯ ᠬᠦᠢᠰᠦ ᠶᠢᠨ ᠬᠤᠰᠢᠭᠤ ᠰᠢᠶᠠᠨ ᠲᠤᠭᠤᠷᠢᠭ ᠤᠨ ᠳᠡᠰ ᠤᠨ ᠠᠴᠢᠶᠠᠯᠠᠭᠴᠢ ᠭᠤᠣᠯ ᠴᠤᠭᠴᠠ ᠪᠤᠯᠤᠭᠰᠠᠨ ᠪᠠᠶᠢᠨ᠎ᠠ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号