ᠬᠤᠩᠱᠠᠨ ᠲᠣᠭᠤᠷᠢᠭ᠄ ᠠᠮᠢᠳᠤᠯᠢᠭ ᠢᠶᠠᠷ ᠠᠵᠢᠯ ᠣᠯᠭᠤᠨ᠂  ᠨᠢᠭᠡ ᠤᠴᠢᠷ ᠢ ᠨᠢᠭᠡ ᠤᠳᠠᠭ᠎ᠠ ᠳᠤ ᠰᠢᠢᠳᠪᠦᠷᠢᠯᠡᠵᠦ᠂  ᠠᠷᠠᠳ ᠲᠤ ᠳᠥᠭᠦᠮ ᠦᠵᠡᠭᠦᠯᠬᠦ ᠳᠤ ︽ᠬᠤᠷᠳᠤᠴᠠ ᠨᠡᠮᠡᠪᠡ︾
ᠨᠡᠶᠢᠲᠡᠯᠡᠭᠰᠡᠨ ᠴᠠᠭ᠄
2025/1/22
       ᠬᠤᠩᠱᠠᠨ ᠲᠣᠭᠤᠷᠢᠭ ᠠᠵᠤ ᠠᠬᠤᠶᠢᠯᠠᠯ ᠤᠨ ᠬᠦᠰᠡᠨ ᠮᠦᠷᠦᠭᠡᠳᠴᠦ ᠪᠠᠶᠢᠭ᠎ᠠ᠂ ᠰᠠᠨᠳᠤᠷᠴᠤ ᠰᠠᠨᠠᠭ᠎ᠠ ᠲᠠᠯᠪᠢᠵᠤ ᠪᠠᠶᠢᠭ᠎ᠠ ᠵᠦᠢᠯᠡᠰ ᠲᠤ ᠴᠢᠭᠯᠡᠭᠦᠯᠦᠨ᠂  ᠨᠠᠷᠢᠯᠢᠭ᠂ ᠳᠥᠭᠦᠮ ᠳᠥᠳᠡ᠂ ᠦᠨᠳᠦᠷ ᠥᠷ᠎ᠡ ᠠᠰᠢᠭ ᠪᠦᠬᠦᠢ ᠦᠢᠯᠡᠴᠢᠯᠡᠨ᠂  ᠠᠷᠠᠳ ᠤᠨ ᠲᠥᠯᠦᠭᠡ ᠠᠷᠠᠳ ᠲᠤ ᠳᠥᠭᠦᠮ ᠦᠵᠡᠭᠦᠯᠬᠦ ᠪᠠᠷ ᠬᠦᠲᠦᠴᠢ ᠪᠣᠯᠭᠠᠨ᠂  ᠨᠡᠩ ᠣᠯᠠᠨ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠰᠢᠨ᠎ᠡ ᠠᠷᠭ᠎ᠠ ᠠᠪᠴᠠᠯ ᠢ ᠲᠠᠰᠤᠷᠠᠯᠲᠠ ᠦᠭᠡᠢ ᠰᠥᠪᠡᠭᠴᠢᠯᠡᠨ ᠦᠢᠯᠡᠳᠦᠯᠭᠡᠵᠢᠭᠦᠯᠵᠦ᠂  ︽ᠪᠦᠲᠦᠮᠵᠢ ᠰᠠᠶᠢᠲᠠᠢ ᠭᠦᠢᠴᠡᠳᠬᠡᠬᠦ︾ ᠶᠢ ᠨᠡᠩ ᠭᠦᠨᠵᠡᠭᠡᠢ ᠨᠡᠩ ᠪᠤᠳᠠᠲᠠᠢ ᠶᠠᠪᠤᠭᠳᠠᠭᠤᠯᠬᠤ ᠶᠢ ᠪᠦᠬᠦ ᠬᠦᠴᠦᠨ ᠢᠶᠠᠷ ᠠᠬᠢᠭᠤᠯᠪᠠ᠃        ᠨᠢᠭᠡ ᠳᠤ ᠤᠴᠢᠷ ᠵᠦᠢᠯᠡᠰ ᠢ ᠨᠢᠭᠡᠳᠬᠡᠨ᠂  ᠶᠠᠪᠤᠴᠠ ᠠᠯᠬᠤᠮ ᠢ ᠴᠤᠮᠬᠠᠳᠬᠠᠪᠠ᠃  ᠤᠴᠢᠷ ᠶᠠᠪᠤᠳᠠᠯ ᠰᠢᠢᠳᠪᠦᠷᠢᠯᠡᠬᠦ ᠳᠤ ᠬᠤᠯᠪᠤᠭᠲᠠᠬᠤ ᠰᠠᠯᠠᠭ᠎ᠠ ᠮᠦᠴᠢᠷ᠂ ᠭᠤᠭᠴᠤᠭ᠎ᠠ ᠣᠯᠠᠨ ᠵᠡᠷᠭᠡ ᠠᠰᠠᠭᠤᠳᠠᠯ ᠳᠤ ᠴᠢᠭᠯᠡᠭᠦᠯᠦᠨ᠂  ᠠᠵᠢᠯ ᠣᠯᠭᠤᠯᠲᠠ ᠶᠢ ᠳᠠᠩᠰᠠᠯᠠᠬᠤ᠂  ᠠᠮᠢᠳᠤᠯᠢᠭ ᠢᠶᠠᠷ ᠠᠵᠢᠯ ᠣᠯᠭᠤᠵᠤ ᠳᠠᠭᠠᠳᠬᠠᠯ ᠳᠤ ᠣᠷᠣᠬᠤ ᠶᠢ ᠳᠠᠩᠰᠠᠯᠠᠬᠤ ᠵᠡᠷᠭᠡ ᠡᠯ᠎ᠡ ᠲᠥᠷᠦᠯ ᠤᠨ ᠦᠨᠳᠦᠷ ᠳᠠᠪᠲᠠᠮᠵᠢᠲᠦ ᠠᠵᠢᠯ ᠶᠠᠪᠤᠳᠠᠯ ᠢ ᠢᠳᠡᠪᠬᠢᠲᠡᠢ ᠨᠢᠭᠡᠳᠬᠡᠨ᠂  ᠣᠯᠠᠨ ᠰᠠᠯᠠᠭ᠎ᠠ ᠮᠦᠴᠢᠷ ᠬᠤᠯᠪᠤᠭᠠᠯᠠᠨ ᠠᠵᠢᠯ ᠶᠠᠪᠤᠳᠠᠯ ᠶᠠᠪᠤᠭᠳᠠᠭᠤᠯᠬᠤ ᠶᠢ ᠠᠬᠢᠭᠤᠯᠵᠤ᠂  ᠤᠴᠢᠷ ᠰᠢᠢᠳᠪᠦᠷᠢᠯᠡᠬᠦ ᠭᠤᠭᠴᠤᠭ᠎ᠠ ᠶᠢ ᠪᠦᠲᠦᠮᠵᠢᠲᠡᠢ ᠴᠤᠮᠬᠠᠳᠬᠠᠵᠤ᠂  ᠠᠵᠤ ᠠᠬᠤᠶᠢᠯᠠᠯ ᠣᠯᠠᠨ ᠲᠥᠮᠡᠨ ᠤ ᠤᠴᠢᠷ ᠰᠢᠢᠳᠪᠦᠷᠢᠯᠡᠬᠦ ᠥᠷ᠎ᠡ ᠠᠰᠢᠭ ᠶᠡᠬᠡᠪᠡᠷ ᠳᠡᠭᠡᠭᠰᠢᠯᠡᠪᠡ᠃ ᠤᠳᠤᠬᠠᠨ ᠪᠣᠯᠲᠠᠯ᠎ᠠ ︽ᠠᠮᠢᠳᠤᠯᠢᠭ ᠢᠶᠠᠷ ᠠᠵᠢᠯ ᠣᠯᠭᠤᠬᠤ︾ ᠤᠴᠢᠷ ᠵᠦᠢᠯᠡᠰ ᠤᠨ ᠰᠢᠢᠳᠪᠦᠷᠢᠯᠡᠬᠦ ᠴᠠᠭ 50% ᠪᠠᠷ ᠪᠤᠭᠤᠨᠢᠰᠴᠤ᠂  ᠰᠢᠢᠳᠪᠦᠷᠢᠯᠡᠬᠦ ᠭᠤᠭᠴᠤᠭ᠎ᠠ ᠨᠢ 50% ᠪᠠᠷ ᠪᠠᠭᠠᠰᠪᠠ᠃        ᠬᠤᠶᠠᠷ ᠲᠤ ᠲᠤᠭᠠᠴᠠᠯ ᠴᠢᠳᠠᠮᠵᠢ ᠶᠢ ᠠᠰᠢᠭᠯᠠᠨ᠂ ᠪᠦᠲᠦᠮᠵᠢ ᠶᠢ ᠳᠡᠭᠡᠭᠰᠢᠯᠡᠭᠦᠯᠪᠡ᠃  ᠥᠪᠥᠷ ᠮᠤᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠥᠪᠥᠷ ᠳᠠᠷᠤᠶᠢᠬᠠᠨ ᠰᠢᠢᠳᠪᠦᠷᠢᠯᠡᠬᠦ app ᠶᠢᠨ ︽ᠨᠢᠭᠡ ᠥᠷᠲᠡᠭᠡᠴᠢᠯᠡᠭᠰᠡᠨ︾ ᠦᠢᠯᠡᠴᠢᠯᠡᠭᠡᠨ ᠤ ᠲᠤᠰᠬᠠᠢ ᠪᠣᠯᠤᠩ ᠳᠤ ᠲᠥᠰᠢᠭᠯᠡᠨ᠂  ᠠᠵᠤ ᠠᠬᠤᠶᠢᠯᠠᠯ᠂ ᠣᠯᠠᠨ ᠲᠥᠮᠡᠨ ᠵᠥᠪᠬᠡᠨ ᠰᠦᠯᠵᠢᠶᠡᠨ ᠳᠤ ᠬᠠᠮᠢᠶ᠎ᠠ ᠪᠦᠬᠦᠢ ᠮᠠᠲ᠋ᠧᠷᠢᠶᠠᠯ ᠢᠶᠠᠨ ᠲᠠᠭᠯᠠᠪᠠᠯ ᠲᠠᠩᠰᠠ ᠡᠪᠬᠡᠮᠡᠯ ᠢ ᠬᠤᠷᠢᠶᠠᠵᠤ ᠳᠠᠮᠵᠢᠭᠤᠯᠬᠤ᠂ ᠨᠡᠶᠢᠭᠡᠮ ᠤᠨ ᠳᠠᠭᠠᠳᠬᠠᠯ ᠢ ᠳᠠᠩᠰᠠᠯᠠᠬᠤ ᠵᠡᠷᠭᠡ ᠣᠯᠠᠨ ᠤᠴᠢᠷ ᠵᠦᠢᠯᠡᠰ ᠢ ᠰᠢᠢᠳᠪᠦᠷᠢᠯᠡᠵᠦ᠂  ᠤᠯᠠᠨ ᠲᠥᠮᠡᠨ ᠤ ᠨᠠᠰᠢ ᠴᠠᠰᠢ ᠭᠦᠶᠦᠬᠦ ᠦᠭᠡᠢ᠂  ᠨᠢᠭᠡ ᠯᠡ ᠤᠳᠠᠭ᠎ᠠ ᠳᠤ ᠰᠢᠢᠳᠪᠦᠷᠢᠯᠡᠵᠦ ᠪᠠᠷᠠᠬᠤ ᠶᠢ ᠦᠨᠡᠨᠬᠦ ᠪᠡᠶᠡᠯᠡᠭᠦᠯᠪᠡ᠃ ᠤᠳᠤᠬᠠᠨ ᠪᠤᠯᠲᠠᠯ᠎ᠠ ᠨᠠᠰᠢ ᠴᠠᠰᠢ ᠬᠦᠶᠦᠬᠦ ᠤᠳᠠᠭ᠎ᠠ  67%  ᠪᠠᠷ ᠪᠠᠭᠠᠰᠴᠤ᠂  ᠲᠤᠰᠢᠶᠠᠬᠤ ᠮᠠᠲ᠋ᠧᠷᠢᠶᠠᠯ  67%  ᠪᠠᠷ ᠪᠠᠭᠠᠰᠪᠠ᠃        ᠭᠤᠷᠪᠠ ᠳᠤ ᠤᠯᠠᠨ ᠠᠷᠭ᠎ᠠ ᠠᠪᠴᠠᠯ ᠢ ᠠᠰᠢᠭᠯᠠᠨ ᠤᠬᠠᠭᠤᠯᠭ᠎ᠠ ᠶᠢ ᠴᠢᠩᠭᠠᠳᠬᠠᠪᠠ᠃ ︽ᠵᠠᠰᠠᠭ ᠤᠨ ᠶᠠᠪᠤᠳᠠᠯ +  ᠰᠢᠭᠤᠳ ᠨᠡᠪᠲᠡᠷᠡᠭᠦᠯᠭᠡ︾  ᠶᠢᠨ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠰᠢᠨ᠎ᠡ ᠬᠡᠯᠪᠡᠷᠢ ᠶᠢ ᠡᠭᠦᠳᠦᠨ ᠠᠰᠢᠭᠯᠠᠵᠤ᠂  ᠠᠮᠢᠳᠤᠯᠢᠭ ᠢᠶᠠᠷ ᠠᠵᠢᠯ ᠣᠯᠭᠤᠬᠤ᠂ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠵᠡᠷᠭᠡ ᠠᠵᠤ ᠠᠬᠤᠶᠢᠯᠠᠯ  ᠂ ᠣᠯᠠᠨ ᠲᠥᠮᠡᠨ ᠤ ᠭᠤᠣᠯᠳᠠᠯᠭ᠎ᠠ ᠲᠠᠢ ᠬᠠᠯᠠᠮᠵᠢᠯᠠᠵᠤ ᠰᠠᠨᠠᠭᠠᠰᠢᠷᠠᠵᠤ ᠪᠠᠶᠢᠭ᠎ᠠ ᠠᠭᠤᠯᠭ᠎ᠠ ᠶᠢᠨ ᠲᠣᠭᠤᠷᠢᠨ ᠳᠤ ᠡᠯ᠎ᠡ ᠮᠠᠨ ᠤ ᠲᠣᠭᠤᠷᠢᠭ ᠲᠤ ᠰᠠᠭᠤᠭ᠎ᠠ ᠲᠢᠩᠬᠢᠮ ᠪᠠᠶᠢᠭᠤᠯᠭ᠎ᠠ ᠨᠢᠭᠡᠴᠡ ᠶᠢᠨ ᠵᠠᠰᠠᠭ ᠤᠨ ᠶᠠᠪᠤᠳᠠᠯ ᠤᠨ ᠰᠢᠭᠤᠳ ᠨᠡᠪᠲᠡᠷᠡᠭᠦᠯᠭᠡ ᠶᠢᠨ ᠲᠤᠰᠬᠠᠢ ᠲᠠᠯᠠᠪᠠᠢ ᠨᠡᠭᠡᠭᠡᠵᠦ᠂  ᠤᠬᠠᠭᠤᠯᠭ᠎ᠠ ᠶᠢᠨ ᠸᠢᠳᠢᠤ᠋ ᠪᠢᠴᠢᠯᠭᠡ ᠬᠢᠵᠦ᠂  ᠲᠥᠷᠦ ᠶᠢᠨ ᠪᠣᠳᠤᠯᠭ᠎ᠠ᠂ ᠠᠵᠢᠯ ᠶᠠᠪᠤᠳᠠᠯ ᠪᠠ ᠮᠡᠳᠡᠴᠡ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠪᠡ᠃ ᠤᠳᠤᠬᠠᠨ ᠪᠣᠯᠲᠠᠯ᠎ᠠ ᠬᠠᠮᠢᠶ᠎ᠠ ᠪᠦᠬᠦᠢ ᠠᠵᠢᠯ ᠶᠠᠪᠤᠳᠠᠯ ᠤᠨ ᠲᠤᠰᠬᠠᠢ ᠲᠠᠯᠠᠪᠠᠢ ᠰᠢᠭᠤᠳ ᠨᠡᠪᠲᠡᠷᠡᠭᠦᠯᠭᠡ ᠨᠡᠢᠮᠠ ᠤᠳᠠᠭ᠎ᠠ ᠨᠡᠭᠡᠭᠡᠵᠦ᠂  10.1  ᠲᠥᠮᠡ ᠭᠠᠷᠤᠢ ᠤᠳᠠᠭ᠎ᠠ ᠦᠵᠡᠵᠦ ᠦᠭᠡ ᠥᠯᠡᠳᠡᠭᠡᠵᠦ ᠠᠰᠠᠭᠤᠵᠤ ᠬᠠᠷᠢᠭᠤᠯᠤᠨ᠂ ᠵᠠᠰᠠᠭ ᠤᠨ ᠦᠢᠯᠡᠴᠢᠯᠡᠭᠡ ᠶᠢ ᠦᠨᠡᠨᠬᠦ ᠣᠯᠠᠨ ᠲᠥᠮᠡᠨ ᠤ ᠳᠤᠮᠳᠠ ᠬᠦᠷᠭᠡᠪᠡ᠃
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号