| | | | | | | | ᠬᠤᠩᠱᠠᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠦᠬᠦ ᠲᠣᠭᠤᠷᠢᠭ ᠤᠨ ᠠᠶᠦᠯᠭᠦᠢ | ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ︽ ᠵᠠᠭᠤᠨ | ᠡᠳᠦᠷ ᠤᠨ ᠪᠤᠭᠤᠮᠲᠠ ᠰᠢᠪᠲᠤᠯᠤᠯᠲᠠ︾ ᠶᠢᠨ ᠠᠵᠢᠯᠯᠠᠭᠠᠨ ᠤ ᠲᠥᠰᠦᠯ ᠲᠤᠭᠲᠠᠭᠠᠨ᠂ ᠠᠶᠦᠯᠭᠦᠢ | ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠤᠭᠤᠮᠲᠠ ᠰᠢᠪᠲᠤᠯᠤᠯᠲᠠ ᠶᠢᠨ ᠭᠤᠷᠪᠠᠨ ᠵᠢᠯ ᠤᠨ | ᠠᠵᠢᠯᠯᠠᠭᠠᠨ ᠲᠠᠢ ᠤᠶᠠᠯᠳᠤᠭᠤᠯᠵᠤ᠂ ᠡᠯ᠎ᠡ ᠲᠥᠷᠦᠯ ᠤᠨ ᠠᠵᠢᠯ ᠤᠨ ᠡᠭᠦᠷᠭᠡ ᠪᠠᠨ ᠪᠠᠲᠤᠳᠬᠠᠨ᠂ ᠣᠳᠣᠬᠠᠨ ᠤ | ᠠᠶᠦᠯᠭᠦᠢ ᠦᠢᠯᠡᠳᠪᠦᠷᠢᠯᠡᠯ ᠤᠨ ᠠᠵᠢᠯ ᠳᠤ ᠤᠷᠤᠰᠢᠵᠤ ᠪᠠᠶᠢᠭ᠎ᠠ ᠠᠶᠦᠯᠭᠦᠢ ᠶᠢᠨ ᠰᠠᠭᠤᠷᠢ ᠪᠠᠲᠤ ᠦᠭᠡᠢ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠᠷ ᠠᠨᠠᠢ᠂ ᠭᠡᠮ ᠰᠣᠭᠤᠭ ᠢ ᠲᠤᠶᠢᠯᠪᠤᠷᠢᠲᠠᠢ ᠰᠢᠭᠰᠢᠨ ᠪᠠᠶᠢᠴᠠᠭᠠᠵᠤ | ᠴᠡᠭᠴᠡᠯᠡᠨ ᠵᠠᠰᠠᠬᠤ ᠦᠭᠡᠢ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠳᠤ ᠨᠠᠶᠢᠷ ᠲᠠᠯ᠎ᠠ ᠬᠠᠶᠠᠬᠤ ᠭᠡᠬᠦ | ᠮᠡᠲᠦ ᠶᠢᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠡᠩ ᠤᠨ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ | ᠦᠨᠡᠨᠬᠦ ᠪᠠᠭᠠᠰᠬᠠᠨ᠂ ᠨᠠᠯᠢᠶᠠᠳ ᠶᠡᠭᠡ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠡᠷᠡᠰ ᠬᠤᠷᠢᠭᠯᠠᠨ᠂ ᠣᠨᠴᠠ | ᠶᠡᠭᠡ ᠦᠢᠯᠡᠳᠪᠦᠷᠢᠯᠡᠯ ᠤᠨ ᠠᠶᠦᠯᠭᠦᠢ ᠶᠢᠨ ᠠᠳᠡᠯ ᠢ ᠡᠷᠡᠰ ᠴᠠᠭᠠᠵᠠᠯᠠᠵᠤ᠂ ᠬᠤᠩᠱᠠᠨ ᠠᠵᠤ ᠦᠢᠯᠡᠰ ᠤᠨ | ᠬᠦᠷᠢᠶᠡᠯᠡᠩ ᠲᠣᠭᠤᠷᠢᠭ ᠤᠨ ᠠᠶᠦᠯᠭᠦᠢ ᠦᠢᠯᠡᠳᠪᠦᠷᠢᠯᠡᠯ ᠤᠨ ᠬᠠᠨᠳᠤᠰᠢ ᠶᠢᠨ ᠲᠤᠭᠲᠠᠭᠤᠨ ᠢ ᠪᠠᠲᠤᠯᠠᠪᠠ᠃ | 2024 ᠣᠨ ᠳᠤ ᠪᠦᠬᠦ ᠵᠢᠯ ᠳᠤ ᠨᠡᠶᠢᠲᠡ 102 ᠠᠵᠤ ᠠᠬᠤᠶᠢᠯᠠᠯ ᠢ ᠪᠠᠶᠢᠴᠠᠭᠠᠵᠤ᠂ ᠡᠭᠦᠨ ᠳᠤ 81 | ᠦᠢᠯᠡᠳᠪᠦᠷᠢᠯᠡᠯ ᠡᠵᠡᠩᠨᠡᠯᠲᠡ ᠶᠢᠨ ᠠᠵᠤ ᠠᠬᠤᠶᠢᠯᠠᠯ ᠪᠠᠶᠢᠵᠤ᠂ 21 ᠳᠤᠮᠳᠠ ᠪᠠᠭ᠎ᠠ ᠬᠡᠯᠪᠡᠷᠢ ᠶᠢᠨ ᠲᠠᠯᠠᠪᠤᠷ | ᠪᠠᠶᠢᠵᠤ᠂ ᠨᠡᠶᠢᠲᠡ ᠠᠵᠤ ᠠᠬᠤᠶᠢᠯᠠᠯ ᠳᠤ ᠨᠡᠶᠢᠲᠡ 197 ᠤᠳᠠᠭᠠᠨ ᠤ ᠠᠶᠦᠯᠭᠦᠢ ᠶᠢᠨ ᠪᠠᠶᠢᠴᠠᠭᠠᠯᠲᠠ | ᠥᠷᠨᠢᠭᠦᠯᠦᠨ᠂ 98 ᠴᠡᠭᠴᠡᠯᠡᠨ ᠵᠠᠰᠠᠬᠤ ᠰᠠᠨᠠᠯ ᠤᠨ ᠪᠢᠴᠢᠭ ᠪᠠᠭᠤᠯᠭᠠᠪᠠ᠃ | | | | | ᠡᠭᠦᠨ ᠤ ᠬᠠᠮᠲᠤ ᠠᠶᠦᠯᠭᠦᠢ ᠦᠢᠯᠡᠳᠪᠦᠷᠢᠯᠡᠯ ᠤᠨ ᠰᠠᠷ᠎ᠠ᠂ ᠬᠦᠨᠳᠦ ᠶᠡᠭᠡ ᠠᠳᠡᠯ ᠤᠨ ᠭᠡᠮ ᠰᠣᠭᠤᠭ ᠢ | ᠪᠠᠶᠢᠴᠠᠭᠠᠨ ᠳᠠᠩᠰᠠᠯᠠᠬᠤ ᠵᠢᠴᠢ ᠲᠠᠶᠢᠯᠪᠤᠷᠢ ᠬᠢᠬᠦ ᠵᠡᠷᠭᠡ ᠠᠵᠢᠯ ᠢ ᠢᠳᠡᠪᠬᠢᠲᠡᠢ ᠥᠷᠨᠢᠭᠦᠯᠦᠨ᠂ ᠬᠦᠷᠢᠶᠡᠯᠡᠩ | ᠲᠣᠭᠤᠷᠢᠭ ᠤᠨ ᠠᠵᠤ ᠠᠬᠤᠶᠢᠯᠠᠯ ᠢ ᠵᠤᠬᠢᠶᠠᠨ ᠪᠠᠶᠢᠭᠤᠯᠵᠤ ᠠᠶᠦᠯᠭᠦᠢ ᠦᠢᠯᠡᠳᠪᠦᠷᠢᠯᠡᠯ ᠤᠨ ᠬᠦᠮᠦᠵᠢᠯ | ᠪᠣᠯᠪᠠᠰᠤᠷᠠᠭᠤᠯᠤᠯ ᠪᠠ ᠪᠠᠴᠢᠮ ᠢ ᠠᠷᠭᠠᠴᠠᠭᠠᠬᠤ ᠠᠪᠤᠷᠠᠨ ᠲᠤᠰᠠᠯᠠᠬᠤ ᠰᠤᠷᠢᠯᠲᠠ ᠶᠢ ᠥᠷᠨᠢᠭᠦᠯᠵᠦ᠂ ᠬᠦᠷᠢᠶᠡᠯᠡᠩ | ᠲᠣᠭᠤᠷᠢᠭ ᠤᠨ ᠠᠵᠤ ᠠᠬᠤᠶᠢᠯᠠᠯ ᠤᠨ ᠠᠵᠢᠯᠲᠠᠨ ᠤ ᠠᠶᠦᠯᠭᠦᠢ ᠦᠢᠯᠡᠳᠪᠦᠷᠢᠯᠡᠯ ᠤᠨ ᠬᠡᠪ ᠪᠣᠯᠪᠠᠰᠤᠷᠠᠯ ᠢ ᠦᠨᠡᠨᠬᠦ | ᠳᠡᠭᠡᠭᠰᠢᠯᠡᠭᠦᠯᠦᠨ᠂ ᠠᠶᠦᠯᠭᠦᠢ ᠦᠢᠯᠡᠳᠪᠦᠷᠢᠯᠡᠯ ᠤᠨ ᠭᠡᠮ ᠰᠣᠭᠤᠭ ᠢ ᠦᠨᠳᠦᠰᠦ ᠠᠴᠠ ᠨᠢ ᠤᠰᠠᠳᠬᠠᠬᠤ ᠶᠢ | ᠪᠦᠲᠦᠮᠵᠢᠲᠠᠢ ᠭᠦᠢᠴᠡᠳᠬᠡᠬᠦ ᠳᠤ ᠨᠦᠬᠦᠴᠡᠯ ᠪᠦᠷᠢᠳᠦᠭᠦᠯᠬᠦ ᠬᠡᠷᠡᠭᠲᠡᠢ᠃ | | | | | | | | | | | | | | | | | | | | | | ᠁ |