| | | | ᠡᠨᠡ ᠤᠳᠠᠭᠠᠨ ᠤ ᠬᠠᠪᠰᠤᠷᠴᠤ ᠵᠢᠭᠠᠨ ᠵᠢᠯᠤᠭᠤᠳᠬᠤ ᠳᠤ ᠬᠠᠤᠯᠢ ᠬᠡᠷᠡᠭᠵᠢᠭᠦᠯᠬᠦ ᠠᠵᠢᠯᠲᠠᠨ ᠬᠤᠷᠢ | ᠭᠠᠷᠤᠢ ᠬᠥᠮᠦᠨ ᠤᠳᠠᠭ᠎ᠠ ᠬᠥᠳᠡᠯᠦᠯᠴᠡᠵᠦ᠂ ᠤᠯᠠᠭᠠᠨᠬᠠᠳᠠ ᠶᠢᠨ ᠢᠯᠴᠢ ᠶᠢᠨ ᠴᠠᠬᠢᠯᠭᠠᠨ ᠤ ᠦᠢᠯᠡᠳᠪᠦᠷᠢ᠂ ᠵᠢᠩ | ᠨᠧᠩ ︵ᠤᠯᠠᠭᠠᠨᠬᠠᠳᠠ︶ ᠡᠨᠧᠷᠭᠢ᠂ ᠰᠠᠨ ᠹᠧᠩ ᠬᠤᠸᠠᠨ ᠪᠤᠤ ᠡᠨᠧᠷᠭᠢ ᠵᠡᠷᠭᠡ ᠵᠢᠷᠭᠤᠭᠠᠨ ᠠᠵᠤ ᠠᠬᠤᠶᠢᠯᠠᠯ ᠢ | ᠪᠠᠶᠢᠴᠠᠭᠠᠵᠤ᠂ ᠠᠵᠤ ᠠᠬᠤᠶᠢᠯᠠᠯ ᠤᠨ ︽ ᠨᠢᠭᠡ ᠦᠢᠯᠡᠳᠪᠦᠷᠢ ᠨᠢᠭᠡ ᠲᠥᠷᠦ ᠶᠢᠨ ᠪᠣᠳᠤᠯᠭ᠎ᠠ︾ ᠶᠢᠨ ᠪᠠᠴᠢᠮ ᠢ | ᠠᠷᠭᠠᠴᠠᠭᠠᠬᠤ ᠠᠯᠪᠠᠨ ᠵᠠᠷᠯᠠᠯ ᠵᠢᠴᠢ ᠬᠡᠷᠡᠭᠵᠢᠭᠦᠯᠦᠯᠲᠡ᠂ ᠪᠤᠬᠢᠷ ᠬᠡᠢ ᠶᠢ ᠭᠠᠳᠠᠭᠰᠢᠯᠠᠭᠤᠯᠬᠤ ᠳᠤ ᠬᠤᠯᠪᠤᠭᠳᠠᠭᠰᠠᠨ | ᠠᠯᠬᠤᠮ ᠳᠠᠷᠠᠭ᠎ᠠ᠂ ᠪᠤᠬᠢᠷᠳᠤᠯ ᠢ ᠰᠡᠷᠭᠡᠶᠢᠯᠡᠨ ᠵᠠᠰᠠᠬᠤ ᠲᠦᠬᠦᠭᠡᠷᠦᠮᠵᠢ ᠶᠢ ᠠᠵᠢᠯᠯᠠᠭᠤᠯᠬᠤ᠂ ᠪᠤᠬᠢᠷᠳᠤᠯ ᠪᠤᠳᠠᠰ ᠢ | ᠭᠠᠳᠠᠭᠰᠢᠭᠤᠯᠬᠤ ᠶᠢ ᠪᠠᠭᠠᠰᠬᠠᠬᠤ ᠵᠡᠷᠭᠡ ᠪᠠᠶᠢᠳᠠᠯ ᠢ ᠭᠤᠣᠯᠳᠠᠯᠭ᠎ᠠ ᠲᠠᠢ ᠪᠦᠬᠦ ᠲᠠᠯ᠎ᠠ ᠪᠠᠷ ᠪᠠᠶᠢᠴᠠᠭᠠᠵᠤ᠂ ᠠᠵᠤ | ᠠᠬᠤᠶᠢᠯᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ | ᠭᠦᠢᠴᠡᠳᠬᠡᠬᠦ ᠶᠢ ᠱᠠᠪᠳᠠᠭᠤᠯᠪᠠ᠃ | | | ᠡᠭᠦᠨ ᠤ ᠬᠠᠮᠲᠤ ᠠᠵᠤ ᠠᠬᠤᠶᠢᠯᠠᠯ ᠢ ᠱᠠᠭᠠᠷᠳᠠᠨ ᠦᠢᠯᠡᠳᠪᠦᠷᠢ ᠶᠢᠨ ᠲᠣᠭᠤᠷᠢᠭ ᠤᠨ | ᠨᠠᠷᠢᠯᠢᠭᠵᠢᠭᠤᠯᠤᠭᠰᠠᠨ ᠬᠠᠮᠢᠶᠠᠷᠤᠯᠲᠠ ᠡᠵᠡᠮᠳᠡᠯᠲᠡ ᠶᠢ ᠴᠢᠩᠭᠠᠳᠬᠠᠨ᠂ ᠡᠳ᠋ ᠪᠠᠷᠠᠭ᠎ᠠ ᠶᠢ ᠣᠪᠤᠭᠠᠯᠠᠵᠤ | ᠪᠢᠳᠡᠭᠦᠮᠵᠢᠯᠡᠬᠦ᠂ ᠪᠦᠲᠡᠭᠡᠬᠦ᠂ ᠦᠢᠯᠡᠳᠪᠦᠷᠢ ᠶᠢᠨ ᠲᠣᠭᠤᠷᠢᠭ ᠤᠨ ᠵᠠᠮ ᠢ ᠴᠡᠪᠡᠷᠯᠡᠬᠦ᠂ ᠤᠰᠤ ᠰᠠᠴᠤᠵᠤ | ᠲᠤᠭᠤᠰᠤ ᠶᠢ ᠪᠠᠭᠠᠰᠬᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠭᠤᠰᠤ ᠲᠡᠭᠳᠡᠬᠦ | ᠪᠤᠬᠢᠷᠳᠤᠯ ᠢ ᠪᠦᠲᠦᠮᠵᠢᠲᠡᠢ ᠪᠠᠭᠠᠰᠬᠠᠬᠤ ᠬᠡᠷᠡᠭᠲᠡᠢ᠃ ᠡᠭᠦᠨ ᠠᠴᠠ ᠭᠠᠳᠠᠨ᠎ᠠ ᠵᠠᠳᠠᠭᠠᠢ ᠪᠠᠷ ᠡᠰᠢ ᠰᠦᠷᠡᠯ ᠂ | ᠬᠠᠳᠠᠭᠰᠠᠨ ᠨᠠᠪᠴᠢ ᠶᠢ ᠰᠢᠲᠠᠭᠠᠬᠤ ᠶᠢ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠬᠠᠤᠯᠢ ᠬᠡᠷᠡᠭᠵᠢᠭᠦᠯᠬᠦ | ᠠᠵᠢᠯᠲᠠᠨ ᠢ ᠵᠣᠬᠢᠶᠠᠨ ᠪᠠᠶᠢᠭᠤᠯᠵᠤ ᠲᠠᠷᠢᠶᠠᠯᠠᠩ ᠳᠤ ᠬᠤᠯᠪᠤᠭᠳᠠᠭᠰᠠᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ ᠤᠨ ᠭᠤᠣᠯᠳᠠᠯᠭ᠎ᠠ ᠲᠠᠢ ᠣᠷᠣᠨ ᠬᠡᠪᠴᠢᠶ᠎ᠡ ᠶᠢ ᠲᠤᠭᠤᠷᠢᠨ ᠪᠠᠶᠢᠴᠠᠭᠠᠵᠤ᠂ ᠬᠦᠮᠦᠨ ᠦᠭᠡᠢ | ᠨᠢᠰᠬᠡᠯ ᠮᠡᠲᠦ ᠶᠢᠨ ᠤᠶᠤᠨᠴᠢ ᠲᠦᠬᠦᠭᠡᠷᠦᠮᠵᠢ ᠶᠢ ᠠᠰᠢᠭᠯᠠᠨ ᠪᠦᠬᠦ ᠣᠷᠣᠨ ᠬᠡᠪᠴᠢᠶᠡᠨ ᠳᠤ ᠴᠠᠭᠲᠠᠨ ᠪᠠᠶᠢᠴᠠᠭᠠᠵᠤ | ᠬᠢᠨᠠᠨ ᠬᠠᠮᠢᠶᠠᠷᠴᠤ᠂ ᠬᠤᠲᠠ ᠲᠣᠭᠤᠷᠢᠭ ᠤᠨ ᠠᠭᠠᠷ ᠮᠠᠨᠳᠠᠯ ᠤᠨ ᠴᠢᠨᠠᠷ ᠴᠢᠨᠰᠠᠭ᠎ᠠ ᠶᠢ ᠪᠦᠲᠦᠮᠵᠢᠲᠡᠢ | ᠳᠡᠭᠡᠭᠰᠢᠯᠡᠭᠦᠯᠪᠡ᠃ | | | | | | | | | | | | | | | | | | | | | | ᠁ |