| ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠮᠡᠳᠡᠭᠡ ᠲᠥᠷᠥ ᠶᠢᠨ | ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ︽ᠲᠥᠷᠥ ᠶᠢᠨ ᠶᠠᠪᠤᠳᠠᠯ ᠤᠨ | ᠬᠤᠷᠢᠶᠠᠨ ᠤ 2025 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾ ᠢ ᠶᠠᠷᠢᠯᠴᠠᠨ ᠪᠠᠲᠤᠯᠠᠵᠤ᠂ | ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ ᠣᠷᠣᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ ᠪᠠᠲᠤᠯᠠᠪᠠ᠃ | | ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ | ᠬᠤᠷᠠᠯᠳᠤᠭᠠᠨ ᠢᠶᠠᠷ ᠬᠢᠨᠠᠨ ᠶᠠᠷᠢᠯᠴᠠᠵᠤ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠦᠬᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠣᠷᠬᠠᠢ ᠲᠣᠭᠲᠠᠭᠠᠵᠠᠢ᠃ ᠡᠯ᠎ᠡ ᠰᠠᠯᠠᠭ᠎ᠠ | ᠮᠥᠴᠢᠷ᠂ ᠡᠯ᠎ᠡ ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤ ᠪᠠᠨ ᠲᠣᠬᠢᠷᠠᠭᠤᠯᠤᠨ᠂ ᠨᠡᠩ ᠴᠢᠩᠭ᠎ᠠ | ᠡᠭᠦᠷᠭᠡᠯᠡᠯ᠂ ᠨᠡᠩ ᠢᠳᠡᠪᠬᠢᠲᠡᠢ ᠠᠵᠢᠯᠯᠠᠭ᠎ᠠ ᠪᠠᠷ ᠡᠯ᠎ᠡ ᠵᠦᠢᠯ ᠤᠨ ᠠᠵᠢᠯ ᠤᠨ ᠡᠭᠦᠷᠭᠡ ᠪᠠᠨ ᠰᠠᠶᠢᠲᠤᠷ ᠪᠡᠶᠡᠯᠡᠭᠦᠯᠵᠦ᠂ | ᠪᠣᠳᠠᠲᠠᠢ ᠠᠵᠢᠯᠯᠠᠭ᠎ᠠ ᠪᠣᠳᠠᠲᠠᠢ ᠪᠦᠲᠦᠮᠵᠢ ᠪᠠᠷ ᠢᠶᠠᠨ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠪᠠᠨ | ᠪᠡᠶᠡᠯᠡᠭᠦᠯᠬᠦ ᠬᠡᠷᠡᠭᠲᠡᠢ᠃ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠭᠠᠳ ᠲᠦᠷᠭᠡᠳᠬᠡᠨ ᠨᠠᠶᠢᠳᠠᠪᠤᠷᠢᠵᠢᠭᠤᠯᠵᠤ᠂ ᠡᠯ᠎ᠡ | ᠵᠦᠢᠯ ᠤᠨ ᠮᠠᠭᠠᠳ ᠪᠤᠰᠤ ᠬᠦᠴᠦᠨ ᠵᠦᠢᠯ ᠯᠦᠭᠡ ᠴᠠᠭ ᠢ ᠠᠮᠵᠢᠨ ᠴᠢᠩᠭ᠎ᠠ ᠠᠳᠬᠤᠨ ᠲᠦᠷᠭᠡᠨ ᠠᠵᠢᠯᠯᠠᠵᠤ᠂ | ᠤᠷᠤᠭᠰᠢ ᠪᠠᠨ ᠬᠦᠴᠦᠯᠡᠬᠦ ᠬᠡᠷᠡᠭᠲᠡᠢ᠃ ᠡᠭᠦᠨ ᠤ ᠵᠡᠷᠭᠡ ᠳᠤ ᠪᠠᠶᠢᠳᠠᠯ ᠤᠨ ᠬᠤᠪᠢᠷᠠᠯᠲᠠ ᠶᠢ ᠨᠢᠭᠲᠠ ᠮᠥᠷᠳᠡᠵᠦ᠂ | ᠲᠥᠷᠥ ᠶᠢᠨ ᠪᠣᠳᠣᠯᠭ᠎ᠠ ᠶᠢᠨ ᠨᠥᠭᠡᠴᠡᠯᠡᠯ ᠢ ᠰᠠᠶᠢᠲᠤᠷ ᠬᠢᠵᠦ᠂ ᠬᠡᠷᠡᠭᠴᠡᠭᠡ ᠲᠠᠢ ᠦᠶ᠎ᠡ ᠳᠤ ᠴᠠᠭ ᠲᠤᠬᠠᠢ ᠳᠤ ᠨᠢ | ᠨᠡᠶᠢᠲᠡᠯᠡᠵᠦ᠂ ᠠᠯᠢ ᠲᠦᠷᠭᠡᠨ ᠢᠶᠠᠷ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃ ᠭᠤᠣᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠦᠨ ᠤᠨᠢᠨ ᠳᠡᠭᠡᠷ᠎ᠡ ᠨᠢ ᠬᠦᠴᠦᠯᠡᠵᠦ᠂ ᠳᠠᠶᠢᠴᠢᠯᠠᠬᠤ ᠴᠢᠨᠠᠷ ᠪᠠ ᠬᠥᠰᠢᠵᠦ ᠨᠡᠭᠡᠭᠡᠬᠦ | ᠴᠢᠨᠠᠷ ᠢᠶᠠᠷ ᠴᠢᠩᠭ᠎ᠠ ᠭᠠᠷᠳᠠᠬᠤ ᠴᠡᠭ ᠢ ᠴᠢᠳᠠᠮᠠᠭᠠᠢ ᠣᠯᠵᠤ᠂ ᠰᠢᠨ᠎ᠡ ᠭᠠᠷᠳᠠᠴᠠ ᠪᠠ ᠠᠴᠢᠶᠠᠯᠠᠪᠤᠷᠢ ᠶᠢ ᠳᠠᠰᠤᠷᠠᠯᠳᠠ ᠦᠭᠡᠢ | ᠰᠦᠪᠡᠭᠴᠢᠯᠡᠨ᠂ ᠴᠡᠭ ᠢᠶᠠᠷ ᠨᠡᠶᠢᠳᠡᠮ ᠢ ᠳᠠᠶᠢᠴᠢᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢᠨ ᠪᠦᠬᠦᠯᠢ ᠴᠣᠭᠴᠠ ᠶᠢᠨ | ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠣᠷᠣᠨ ᠨᠤᠲᠤᠭ ᠢ ᠵᠢᠯᠣᠭᠤᠳᠤᠨ ᠳᠡᠮᠵᠢᠬᠦ ᠪᠠᠨ ᠴᠢᠩᠭᠠᠳᠬᠠᠵᠤ᠂ | ᠬᠦᠴᠦᠨ ᠵᠦᠢᠯ ᠤᠨ ᠪᠠᠲᠤᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ᠂ ᠥᠭᠡᠷᠡᠴᠢᠯᠡᠯᠲᠡ | ᠨᠡᠭᠡᠭᠡᠯᠲᠡ ᠶᠢᠨ ᠤᠷᠢᠳ ᠢᠶᠠᠷ ᠬᠡᠷᠡᠭᠵᠢᠭᠦᠯᠦᠨ ᠤᠷᠢᠳ ᠢᠶᠠᠷ ᠲᠤᠷᠰᠢᠬᠤ ᠵᠡᠷᠭᠡ ᠲᠠᠯ᠎ᠠ ᠪᠠᠷ ᠳᠡᠮᠵᠢᠬᠦ ᠲᠦᠷᠦ ᠶᠢᠨ ᠪᠣᠳᠣᠯᠭ᠎ᠠ | ᠲᠣᠭᠲᠠᠭᠠᠵᠤ᠂ ᠪᠣᠳᠠᠲᠠᠢ ᠲᠥᠰᠥᠯ ᠭᠠᠷᠭᠠᠬᠤ ᠬᠡᠷᠡᠭᠲᠡᠢ᠃ ᠰᠠᠯᠠᠭ᠎ᠠ ᠮᠥᠴᠢᠷ ᠬᠤᠭᠤᠷᠣᠨᠳᠤᠬᠢ ᠬᠠᠮᠵᠢᠯᠴᠠᠨ | ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠳ ᠶᠡᠭᠡ ᠲᠠᠯᠠᠲᠤ ᠤᠬᠠᠮᠰᠠᠷ ᠢᠶᠠᠨ ᠴᠢᠩᠭᠠᠳᠬᠠᠵᠤ᠂ | ᠰᠢᠰᠲ᠋ᠧᠮᠲᠦ ᠦᠵᠡᠯᠲᠡ ᠪᠠᠨ ᠴᠢᠩᠭᠠᠷᠠᠭᠤᠯᠵᠤ᠂ ᠲᠦᠷᠦᠭᠦᠯᠡᠨ ᠬᠢᠬᠦ ᠰᠠᠯᠠᠭ᠎ᠠ ᠮᠥᠴᠢᠷ ᠤᠳ ᠵᠣᠷᠢᠭᠲᠠᠢ ᠪᠠᠷ ᠬᠠᠷᠢᠭᠤᠴᠠᠯᠭ᠎ᠠ | ᠡᠭᠦᠷᠭᠡᠯᠡᠨ᠂ ᠰᠠᠨᠠᠭᠠᠴᠢᠯᠠᠭ᠎ᠠ ᠠᠴᠠ ᠪᠠᠨ ᠠᠰᠠᠭᠤᠳᠠᠯ ᠰᠢᠢᠳᠪᠦᠷᠢᠯᠡᠵᠦ᠂ ᠣᠷᠣᠯᠴᠠᠭᠰᠠᠨ ᠰᠠᠯᠠᠭ᠎ᠠ ᠮᠥᠴᠢᠷ ᠢᠳᠡᠪᠬᠢᠲᠡᠢ | ᠠᠵᠢᠯᠯᠠᠨ ᠨᠢᠭᠲᠠ ᠬᠠᠮᠵᠢᠯᠴᠠᠵᠤ᠂ ᠬᠠᠮᠲᠤᠷᠠᠯ ᠬᠦᠴᠦᠨ ᠪᠦᠷᠢᠯᠳᠦᠭᠦᠯᠦᠭᠡᠳ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ | ᠃ | | ᠬᠤᠷᠠᠯᠳᠤᠭᠠᠨ ᠢᠶᠠᠷ ︽︿ᠲᠦᠷᠭᠡᠨ ᠬᠦᠷᠭᠡᠯᠲᠡ ᠶᠢᠨ ᠲᠦᠷ ᠬᠡᠷᠡᠭᠵᠢᠭᠦᠯᠬᠦ ᠳᠦᠷᠢᠮ﹀ ᠳᠤ ᠵᠠᠰᠠᠪᠤᠷᠢ | ᠣᠷᠣᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ︵ᠡᠬᠡ ᠲᠥᠰᠥᠯ︶︾ ᠢ ᠬᠢᠨᠠᠨ ᠶᠠᠷᠢᠯᠴᠠᠵᠤ | ᠪᠠᠲᠤᠯᠠᠪᠠ᠃ ᠬᠤᠷᠠᠯᠳᠤᠭᠠᠨ ᠢᠶᠠᠷ ᠵᠢᠭᠠᠵᠤ ᠭᠠᠷᠭᠠᠬᠤ ᠳᠤ ᠪᠠᠨ᠂ ᠲᠦᠷᠭᠡᠨ ᠬᠦᠷᠭᠡᠯᠲᠡ ᠶᠢᠨ ᠪᠣᠭᠤᠳᠠᠯ ᠤᠨ | ᠠᠰᠠᠭᠤᠳᠠᠯ ᠳᠤ ᠴᠢᠭᠯᠡᠭᠦᠯᠦᠨ ︽ᠳᠦᠷᠢᠮ︾ ᠳᠤ ᠲᠤᠰᠬᠠᠢ ᠵᠠᠰᠠᠪᠤᠷᠢ ᠣᠷᠣᠭᠤᠯᠤᠭᠰᠠᠨ ᠨᠢ ᠲᠦᠷᠭᠡᠨ ᠬᠦᠷᠭᠡᠯᠲᠡ ᠶᠢᠨ | ᠪᠣᠭᠤᠳᠠᠯ ᠢ ᠪᠣᠬᠢᠷᠲᠤᠯ ᠦᠭᠡᠢ ᠪᠣᠯᠭᠠᠬᠤ᠂ ᠬᠡᠷᠡᠭᠯᠡᠬᠦ ᠮᠠᠲ᠋ᠧᠷᠢᠶᠠᠯ ᠢ ᠪᠠᠭᠠᠰᠬᠠᠬᠤ᠂ ᠡᠷᠭᠢᠯᠳᠦᠬᠦ᠋ᠢᠴᠡ ᠶᠢ ᠠᠬᠢᠭᠤᠯᠬᠤ᠂ | ᠪᠣᠬᠢᠷᠲᠤᠯ ᠦᠭᠡᠢ ᠦᠢᠯᠡᠳᠪᠦᠷᠢᠯᠡᠯ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠦᠷᠢᠯᠳᠦᠭᠦᠯᠬᠦ ᠳᠤ ᠠᠰᠢᠭᠲᠠᠢ ᠶᠤᠮ | ᠃ ᠰᠢᠰᠲ᠋ᠧᠮᠵᠢᠭᠦᠯᠦᠨ ᠵᠠᠰᠠᠬᠤ᠂ ᠬᠠᠮᠵᠢᠯᠴᠠᠨ ᠵᠠᠰᠠᠬᠤ ᠶᠢ ᠪᠠᠷᠢᠮᠲᠠᠯᠠᠵᠤ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ | ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠠᠲᠤᠳᠬᠠᠨ᠂ ᠳᠡᠭᠡᠳᠦ ᠤᠷᠤᠰᠬᠠᠯ ᠳᠤ ᠪᠠᠶᠢᠷᠢᠯᠠᠵᠤ ᠪᠦᠬᠦᠢ | ᠦᠢᠯᠡᠳᠪᠦᠷᠢᠯᠡᠯ ᠤᠨ ᠠᠵᠤ ᠠᠬᠤᠶᠢᠯᠠᠯ᠂ ᠬᠤᠳᠠᠯᠳᠤᠭᠠᠴᠢᠨ ᠪᠠ ᠳᠣᠣᠷᠠᠳᠤ ᠤᠷᠤᠰᠬᠠᠯ ᠳᠤ ᠪᠠᠶᠢᠷᠢᠯᠠᠵᠤ ᠪᠦᠬᠦᠢ | ᠬᠡᠷᠡᠭᠯᠡᠭᠴᠢᠳ ᠢ ᠬᠥᠲᠥᠯᠥᠨ ᠵᠢᠯᠤᠭᠤᠳᠴᠤ ᠵᠢᠷᠤᠮᠵᠢᠭᠤᠯᠬᠤ ᠶᠢ ᠴᠢᠩᠭᠠᠳᠬᠠᠵᠤ᠂ ᠪᠥᠬᠦ ᠬᠡᠯᠬᠢᠶ᠎ᠡ ᠪᠠᠷ ᠨᠢ ᠵᠠᠰᠠᠬᠤ ᠶᠢ | ᠠᠬᠢᠭᠤᠯᠬᠤ ᠬᠡᠷᠡᠭᠲᠡᠢ᠃ ᠲᠦᠷᠭᠡᠨ ᠬᠦᠷᠭᠡᠯᠲᠡ ᠶᠢᠨ ᠪᠣᠭᠤᠳᠠᠯ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ | ᠶᠡᠷᠦᠩᠬᠡᠶᠢᠯᠡᠭᠰᠡᠨ ᠴᠢᠨᠠᠷᠲᠠᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠪᠣᠭᠤᠳᠠᠯᠯᠠᠬᠤ᠂ ᠡᠭᠡᠭᠦᠯᠦᠨ | ᠬᠤᠷᠢᠶᠠᠬᠤ᠂ ᠤᠬᠢᠶᠠᠵᠤ ᠴᠡᠪᠡᠷᠯᠡᠬᠦ᠂ ᠲᠣᠬᠢᠷᠠᠭᠤᠯᠬᠤ ᠰᠠᠯᠭᠠᠬᠤ ᠵᠡᠷᠭᠡ ᠡᠵᠡᠩᠨᠡᠯᠲᠡ ᠶᠢᠨ ᠥᠪᠡᠷ ᠤᠨ ᠥᠷᠲᠡᠭ ᠢ | ᠪᠦᠲᠦᠮᠵᠢᠲᠡᠶ ᠪᠠᠭᠤᠷᠠᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠪᠣᠬᠢᠷᠲᠤᠯ ᠦᠭᠡᠢ | ᠬᠥᠭᠵᠢᠯᠲᠡ ᠶᠢᠨ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠭᠡᠵᠡᠢ᠃ | | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠵᠠᠢ᠃ | | | | | | | | | | | | | | | | | | | | ᠁ |