| | | | | | | ᠰᠢᠨᠬᠤᠸᠠ ᠬᠤᠷᠢᠶᠠᠨ ᠤ ᠪᠡᠭᠡᠵᠢᠩ ᠤᠨ 3 ᠰᠠᠷ᠎ᠠ ᠶᠢᠨ 13 ᠤ ᠴᠠᠬᠢᠯᠭᠠᠨ ᠮᠡᠳᠡᠭᠡ 3 ᠰᠠᠷ᠎ᠠ ᠶᠢᠨ 13 ᠤ ᠡᠳᠦᠷ | ᠂ ᠤᠯᠤᠰ ᠤᠨ ᠲᠡᠷᠢᠭᠦᠯᠡᠭᠴᠢ ᠰᠢ ᠶᠢᠨ ᠫᠢᠩ ᠺᠤᠨᠰᠲ᠋ᠠᠨᠲ᠋ᠢᠨᠣᠰ · ᠲᠠᠰᠦ᠋ᠯᠠᠰ ᠲᠤ ᠴᠠᠬᠢᠯᠭᠠᠨ ᠴᠢᠮᠡᠭᠡ ᠶᠠᠪᠤᠭᠤᠯᠵᠤ᠂ | ᠲᠡᠭᠦᠨ ᠤ ᠪᠦᠬᠦᠳᠡ ᠨᠠᠶᠢᠷᠠᠮᠳᠠᠬᠤ ᠭᠷᠧᠭ ᠤᠯᠤᠰ ᠤᠨ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ | ᠬᠦᠷᠭᠡᠪᠡ᠃ | | ᠰᠢ ᠶᠢᠨ ᠫᠢᠩ᠂ ᠳᠤᠮᠳᠠᠳᠤ ᠤᠯᠤᠰ ᠪᠣᠯᠣᠨ ᠭᠷᠧᠭ ᠲᠤ ᠴᠥᠮ ᠥᠨᠢ ᠤᠳᠠᠭᠠᠨ ᠲᠡᠦᠬᠡ ᠪᠠ ᠬᠡᠷᠡᠯ | ᠰᠠᠴᠤᠷᠠᠩᠭᠤᠢ ᠰᠣᠶᠣᠯ ᠲᠠᠢ᠂ ᠬᠤᠶᠠᠷ ᠤᠯᠤᠰ ᠤᠨ ᠨᠥᠬᠦᠷᠰᠡᠭ ᠬᠠᠷᠢᠴᠠᠭ᠎ᠠ ᠥᠨᠢ ᠤᠳᠠᠭᠠᠨ ᠤᠯᠠᠮᠵᠢᠯᠠᠯ ᠲᠠᠢ᠂ | ᠲᠡᠦᠬᠡ ᠶᠢᠨ ᠳᠠᠪᠲᠠᠯᠲᠠ ᠪᠠᠷ ᠨᠡᠩ ᠰᠢᠨᠡᠳᠴᠦ᠂ ᠬᠠᠷᠢᠯᠴᠠᠨ ᠣᠶᠢᠯᠠᠭᠠᠯᠴᠠᠵᠤ ᠬᠠᠷᠢᠯᠴᠠᠨ ᠳᠣᠲᠣᠨᠣᠴᠢᠯᠠᠬᠤ᠂ ᠬᠠᠷᠢᠯᠴᠠᠨ | ᠠᠰᠢᠭᠲᠠᠢ ᠬᠠᠮᠲᠤ ᠪᠠᠷ ᠠᠰᠢᠭ ᠭᠥᠷᠳᠡᠬᠦ ᠪᠥᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠨ᠎ᠠ᠃ | ᠣᠶᠢᠷ᠎ᠠ ᠶᠢᠨ ᠵᠢᠯ ᠳᠤ᠂ ᠬᠤᠶᠠᠷ ᠲᠠᠯ᠎ᠠ ᠪᠠᠷ ᠢᠶᠠᠨ ᠫᠢᠷᠸᠢᠢᠶᠧᠹᠰ ᠭᠠᠷᠠᠮ ᠤᠨ ᠲᠦᠷᠦᠯ ᠵᠦᠢᠯ ᠢ ᠦᠷᠭᠦᠯᠵᠢᠯᠡᠨ ᠠᠬᠢᠭᠤᠯᠵᠤ | ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠬᠠᠮᠲᠤᠷᠠᠯᠴᠠᠭᠠᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠳᠤᠮᠳᠠᠳᠤ ᠭᠷᠧᠭ ᠤᠨ ᠪᠣᠯᠪᠠᠰᠤᠨ ᠤ ᠬᠠᠷᠢᠯᠴᠠᠨ ᠲᠣᠯᠢᠳᠠᠬᠤ ᠲᠥᠪ᠂ ᠠᠲ᠋ᠧᠨ ᠳᠠᠬᠢ | ᠳᠤᠮᠳᠠᠳᠤ ᠤᠯᠤᠰ ᠤᠨ ᠡᠷᠲᠡᠨ ᠤ ᠪᠣᠯᠪᠠᠰᠤᠨ ᠤ ᠰᠤᠳᠤᠯᠭᠠᠨ ᠤ ᠬᠦᠷᠢᠶᠡᠯᠡᠩ ᠢ ᠬᠠᠮᠲᠤᠷᠠᠨ ᠪᠠᠶᠢᠭᠤᠯᠵᠤ᠂ ᠬᠤᠶᠠᠷ | ᠡᠷᠲᠡᠨ ᠤ ᠪᠣᠯᠪᠠᠰᠤᠨ ᠤ ᠡᠶ᠎ᠡ ᠵᠣᠬᠢᠴᠠᠩᠭᠤᠢ ᠬᠠᠮᠲᠤᠷᠠᠯᠴᠠᠭᠠᠨ ᠤ ᠭᠤᠸ᠎ᠠ ᠰᠠᠶᠢᠬᠠᠨ ᠪᠠ ᠴᠠᠭ ᠦᠶ᠎ᠡ ᠶᠢᠨ ᠡᠭᠦᠷᠭᠡᠯᠡᠯ ᠢ | ᠢᠯᠡᠷᠡᠭᠦᠯᠵᠡᠢ ᠭᠡᠵᠦ ᠵᠢᠭᠠᠵᠤ ᠭᠠᠷᠭᠠᠪᠠ᠃ | | ᠰᠢ ᠶᠢᠨ ᠫᠢᠩ᠂ ᠣᠳᠣᠬᠠᠨ ᠤ ᠳᠡᠯᠡᠬᠡᠢ ᠳ᠋ᠠᠬᠢᠨ ᠤ ᠵᠠᠭᠤᠨ ᠵᠢᠯ ᠳᠤ ᠳᠣᠬᠢᠶᠠᠯᠳᠤᠭ᠎ᠠ ᠦᠭᠡᠢ ᠬᠤᠪᠢᠰᠤᠯᠲᠠ | ᠲᠦᠷᠭᠡᠰᠴᠦ᠂ ᠡᠯ᠎ᠡ ᠤᠯᠤᠰ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ᠂ | ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠪᠣᠯ ᠪᠦᠬᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ | ᠠᠷᠭᠠᠴᠠᠭᠠᠬᠤ ᠳᠤ ᠵᠠᠪᠠᠯ ᠶᠠᠪᠤᠬᠤ ᠵᠠᠮ ᠮᠥᠨ᠃ ᠪᠢ ᠳᠤᠮᠳᠠᠳᠤ ᠭᠷᠧᠭ ᠤᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠠᠪᠤᠭᠠᠢ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ | ᠤᠯᠠᠮᠵᠢᠯᠠᠯᠲᠤ ᠨᠥᠬᠦᠷᠯᠡᠯ ᠢᠶᠠᠨ ᠦᠷᠭᠦᠯᠵᠢᠯᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠣᠯᠣᠨ ᠪᠣᠯᠪᠠᠰᠤᠨ ᠤ | ᠰᠣᠯᠢᠯᠴᠠᠭᠠᠨ ᠤ ᠬᠤᠶᠠᠷ ᠶᠡᠭᠡ ᠬᠤᠯᠪᠣᠭᠠᠰᠤ ᠶᠢ ᠴᠢᠩᠭᠠᠯᠠᠵᠤ᠂ ᠳᠤᠮᠳᠠᠳᠤ ᠭᠷᠧᠭ ᠤᠨ ᠪᠦᠬᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠳᠤᠮᠳᠠᠳᠤ | ᠡᠸᠦ᠋ᠷᠦᠫᠡ ᠶᠢᠨ ᠬᠠᠷᠢᠯᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠳᠡᠯᠡᠬᠡᠢ ᠶᠢᠨ ᠡᠩᠬᠡ | ᠲᠠᠶᠢᠪᠤᠩ ᠲᠣᠭᠲᠠᠭᠤᠨ ᠪᠠᠶᠢᠳᠠᠯ ᠪᠣᠯᠣᠨ ᠬᠥᠭᠵᠢᠯ ᠴᠡᠴᠡᠭᠯᠡᠯ ᠳᠤ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ | ᠡᠷᠭᠦᠨ᠎ᠡ ᠭᠡᠵᠦ ᠴᠢᠬᠤᠯᠠᠴᠢᠯᠠᠪᠠ᠃ | | | | | | | | | | | | | | | | | | | | ᠁ |