| | | | ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 29 ᠤ ᠴᠠᠭᠢᠯᠭᠠᠨ ᠮᠡᠳᠡᠭᠡ 3 ᠰᠠᠷ᠎ᠠ ᠶᠢᠨ 29 ᠤ | ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠢᠷᠮᠠ ᠳᠤ ᠭᠠᠵᠠᠷ ᠬᠥᠳᠡᠯᠦᠯᠲᠡ ᠶᠢᠨ ᠭᠠᠮᠰᠢᠭ ᠪᠣᠯᠤᠭᠰᠠᠨ ᠲᠤᠬᠠᠢ | ᠪᠢᠷᠮᠠ ᠶᠢᠨ ᠤᠳᠤᠷᠢᠳᠬᠤ ᠬᠥᠮᠥᠨ ᠮᠢᠨ ᠠᠩ ᠯᠠᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃ | | ᠰᠢ ᠶᠢᠨ ᠫᠢᠩ᠂ ᠪᠢᠷᠮᠠ ᠬᠦᠨᠳᠦ ᠨᠣᠴᠢᠲᠠᠢ ᠭᠠᠵᠠᠷ ᠬᠥᠳᠡᠯᠦᠯᠲᠡ ᠶᠢᠨ ᠭᠠᠮᠰᠢᠭ ᠲᠤ ᠲᠠᠭᠠᠷᠢᠬᠳᠠᠵᠦ᠂ ᠬᠥᠮᠥᠨ | ᠬᠠᠷ᠎ᠠ ᠠᠳᠡᠵᠦ ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠭᠰᠠᠨ ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ | ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠭᠦᠨ | ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠠᠳᠡᠭᠰᠡᠳ ᠤᠨ ᠭᠡᠷ ᠪᠦᠯᠢ᠂ ᠰᠢᠷᠬᠠᠲᠤᠭᠰᠠᠳ ᠪᠣᠯᠣᠨ | ᠭᠠᠮᠰᠢᠭᠳᠠᠭᠰᠠᠨ ᠣᠷᠣᠨ ᠤ ᠠᠷᠠᠳ ᠤᠯᠠᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ᠃ ᠳᠤᠮᠳᠠᠳᠤ ᠪᠢᠷᠮᠠ | ᠪᠣᠯ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂ ᠬᠤᠶᠠᠷ ᠤᠯᠤᠰ ᠤᠨ | ᠠᠷᠠᠳ ᠲᠦᠮᠡᠨ ᠤ ᠠᠬ᠎ᠠ ᠳᠡᠭᠦᠦ ᠶᠢᠨ ᠨᠥᠬᠦᠷᠯᠡᠯ ᠭᠦᠨ ᠵᠤᠵᠠᠭᠠᠨ ᠶᠤᠮ᠃ ᠳᠤᠮᠳᠠᠳᠤ ᠤᠯᠤᠰ ᠳᠤᠷᠠᠲᠠᠶ᠎ᠠ ᠪᠢᠷᠮᠠ ᠳᠤ | ᠬᠡᠷᠡᠭᠴᠡᠭᠡ ᠪᠦᠬᠦᠢ ᠬᠠᠪᠰᠤᠷᠤᠯᠭ᠎ᠠ ᠬᠠᠩᠭᠠᠵᠤ᠂ ᠭᠠᠮᠰᠢᠭᠳᠠᠭᠰᠠᠨ ᠣᠷᠣᠨ ᠤ ᠠᠷᠠᠳ ᠲᠦᠮᠡᠨ ᠤ ᠡᠷᠲᠡᠬᠡᠨ ᠭᠠᠮᠰᠢᠭ ᠢ | ᠢᠯᠠᠨ ᠳᠠᠪᠠᠵᠤ᠂ ᠭᠡᠷ ᠣᠷᠣᠨ ᠢᠶᠠᠨ ᠳᠠᠭᠢᠨ ᠪᠠᠶᠢᠭᠤᠯᠬᠤ ᠶᠢ ᠳᠡᠮᠵᠢᠨ᠎ᠠ ᠭᠡᠵᠦ ᠢᠯᠡᠳᠬᠡᠪᠡ᠃ | | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠢᠷᠮᠠ ᠳᠤ ᠭᠠᠵᠠᠷ | ᠬᠥᠳᠡᠯᠦᠯᠲᠡ ᠶᠢᠨ ᠭᠠᠮᠰᠢᠭ ᠪᠣᠯᠤᠭᠰᠠᠨ ᠲᠤᠬᠠᠢ ᠮᠢᠨ ᠠᠩ ᠯᠠᠢ ᠳᠤ ᠲᠣᠬᠤᠨᠢᠭᠤᠯᠬᠤ ᠴᠠᠭᠢᠯᠭᠠᠨ ᠴᠢᠮᠡᠭᠡ ᠶᠠᠪᠤᠭᠤᠯᠪᠠ᠃ | | | | | | | | | | | | | | | | | | | | ᠁ |