ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/14
       4 ᠰᠠᠷ᠎ᠠ ᠶᠢᠨ 10 ᠤ ᠡᠳᠦᠷ ᠬᠤᠩᠱᠠᠨ ᠲᠣᠭᠤᠷᠢᠭ ᠤᠨ  ᠨᠠᠮ ᠤᠨ ᠬᠤᠷᠢᠶᠠᠨ ᠤ  ᠳᠡᠳ᠋ ᠱᠦᠵᠢ᠂ ᠲᠣᠭᠤᠷᠢᠭ ᠤᠨ ᠳᠠᠷᠤᠭ᠎ᠠ ᠵᠤᠤ ᠯᠠᠨ ᠭᠤᠸᠠᠩ ᠲᠣᠭᠤᠷᠢᠭ ᠤᠨ ᠵᠠᠰᠠᠭ ᠤᠨ ᠣᠷᠳᠣᠨ ᠤ  2025 ᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠬᠤᠷᠠᠯᠳᠤᠭᠤᠯᠵᠤ᠂  ᠲᠤᠭᠤᠷᠢᠭ ᠤᠨ ᠵᠠᠰᠠᠭ ᠤᠨ ᠣᠷᠳᠣᠨ ᠤ ᠨᠠᠮ ᠤᠨ ᠳᠤᠭᠤᠶᠢᠯᠠᠩ ᠤᠨ ᠭᠡᠰᠢᠭᠦᠳ  ᠬᠤᠷᠠᠯ ᠳᠤ ᠤᠷᠤᠯᠴᠠᠵᠤ᠂  ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠣᠷᠤᠯᠴᠠᠪᠠ᠃        ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠲᠤᠭᠤᠷᠢᠨ ᠪᠠᠶᠢᠴᠠᠭᠠᠯᠲᠠ ᠶᠢᠨ ᠳᠠᠷᠠᠭᠠᠬᠢ ᠴᠡᠭᠴᠡᠯᠡᠨ ᠵᠠᠰᠠᠯᠲᠠ᠂  12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠬᠠᠯᠠᠮᠰᠢᠯ ᠤᠲᠠᠰᠤ ᠪᠠᠷ ᠠᠰᠠᠭᠤᠳᠠᠯ ᠰᠢᠢᠳᠪᠦᠷᠢᠯᠡᠬᠦ᠂  ᠠᠷᠠᠳ ᠤᠨ ᠠᠮᠢᠳᠤᠷᠠᠯ ᠤᠨ ᠪᠣᠳᠠᠲᠤ ᠤᠴᠢᠷ ᠤᠨ ᠲᠦᠷᠦᠯ ᠵᠦᠢᠯ ᠤᠨ ᠠᠬᠢᠴᠠ᠂  ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ᠂  ᠬᠤᠩᠱᠠᠨ ᠲᠣᠭᠤᠷᠢᠭ ᠤᠨ ︽ᠲᠠᠪᠤᠨ ᠶᠡᠭᠡ ᠡᠭᠦᠷᠭᠡ︾  ᠶᠢ ᠨᠠᠶᠢᠳᠠᠪᠤᠷᠢᠵᠢᠭᠤᠯᠬᠤ ᠣᠨ ᠤ ᠡᠭᠦᠷᠭᠡ ᠶᠢᠨ ᠨᠠᠷᠢᠨ ᠳᠠᠩᠰᠠ᠂  ︽ᠬᠤᠩᠱᠠᠨ ᠲᠣᠭᠤᠷᠢᠭ ᠤᠨ ᠤᠢ ᠰᠢᠭᠤᠢ ᠡᠪᠡᠰᠦ ᠮᠣᠳᠣ ᠶᠢ ᠰᠦᠢᠳᠬᠡᠵᠦ ᠬᠠᠤᠯᠢ ᠳᠥᠷᠢᠮ ᠵᠦᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠵᠦ ᠵᠠᠰᠠᠬᠤ ᠡᠭᠦᠷᠭᠡ ᠶᠢᠨ ᠨᠠᠷᠢᠨ ᠳᠠᠩᠰᠠ ︵ᠬᠢᠨᠠᠨ ᠵᠥᠪᠯᠡᠬᠦ ᠨᠤᠤᠷᠠᠭ︶︾  ᠢ ᠬᠢᠨᠠᠨ ᠵᠥᠪᠯᠡᠪᠡ᠃ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠳᠣᠭᠤᠶᠢᠯᠠᠩ ᠤᠨ ᠬᠤᠷᠠᠯ ᠳᠤ ᠲᠣᠭᠤᠷᠢᠭ ᠤᠨ ᠲᠤᠰ ᠱᠠᠲᠤᠨ ᠤ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠪᠢᠴᠢᠭ ᠮᠠᠲ᠋ᠧᠷᠢᠶᠠᠯ ᠢ ᠦᠭᠡᠶᠢᠰᠬᠡᠬᠦ᠂  ᠬᠤᠭ ᠯᠤᠪᠰᠢ ᠶᠢ ᠴᠡᠭᠴᠡᠯᠡᠨ ᠵᠠᠰᠠᠬᠤ ᠵᠡᠷᠭᠡ ᠤᠴᠢᠷ ᠵᠦᠢᠯᠡᠰ ᠢ ᠰᠣᠳᠤᠯᠤᠨ ᠶᠠᠷᠢᠯᠴᠠᠵᠤ᠂  ᠳᠠᠷᠠᠭ᠎ᠠ ᠠᠯᠬᠤᠮ ᠤᠨ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃        ᠬᠤᠷᠠᠯ ᠠᠴᠠ ᠱᠠᠭᠠᠷᠳᠠᠭᠰᠠᠨ ᠨᠢ  ᠂  ᠲᠤᠭᠤᠷᠢᠨ ᠪᠠᠶᠢᠴᠠᠭᠠᠯᠲᠠ ᠶᠢᠨ ᠳᠠᠷᠠᠭᠠᠬᠢ ᠴᠡᠭᠴᠡᠯᠡᠨ ᠵᠠᠰᠠᠯᠲᠠ᠂  ᠣᠷᠴᠢᠨ ᠲᠣᠭᠤᠷᠢᠨ ᠢ ᠬᠠᠮᠠᠭᠠᠯᠠᠬᠤ᠂  ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠡᠯ᠎ᠡ ᠲᠦᠷᠦᠯ ᠤᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠶᠢ ᠦᠨᠡᠨᠬᠦ ᠨᠡᠮᠡᠭᠳᠡᠭᠦᠯᠵᠦ᠂  ᠨᠠᠷᠢᠨ ᠪᠤᠲᠠᠲᠠᠢ ᠠᠷᠭ᠎ᠠ ᠬᠡᠮᠵᠢᠶ᠎ᠡ ᠭᠠᠷᠭᠠᠵᠤ᠂  ᠡᠯ᠎ᠡ ᠲᠦᠷᠦᠯ ᠤᠨ ᠠᠵᠢᠯ ᠤᠨ ᠰᠢᠨ᠎ᠡ ᠪᠦᠲᠦᠮᠵᠢ ᠣᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃  ᠡᠬᠦᠷᠭᠡ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠪᠡᠶᠡᠯᠡᠭᠦᠯᠵᠦ᠂  ︽ᠲᠠᠪᠤᠨ ᠶᠡᠭᠡ ᠡᠭᠦᠷᠭᠡ  ︾  ᠶᠢ ᠣᠨ ᠤ ᠭᠤᠣᠯᠳᠠᠯᠭ᠎ᠠ ᠲᠠᠢ ᠠᠵᠢᠯ ᠲᠠᠢ ᠨᠢᠭᠲᠠ ᠵᠤᠯᠭᠠᠯᠴᠠᠭᠤᠯᠵᠤ᠂  ᠰᠢᠯᠤᠭᠤᠬᠠᠨ ᠰᠢᠢᠳᠪᠦᠷᠢᠯᠡᠵᠦ᠂  ᠪᠤᠳᠠᠲᠠᠢ ᠭᠦᠢᠴᠡᠳᠬᠡᠬᠦ ᠬᠡᠷᠡᠭᠲᠡᠢ᠃  ᠵᠤᠭᠰᠤᠴᠠ ᠪᠠᠨ ᠦᠨᠳᠦᠷᠵᠢᠭᠦᠯᠵᠦ᠂  ᠤᠢ ᠰᠢᠭᠤᠢ ᠡᠪᠡᠰᠦ ᠮᠣᠳᠣ ᠶᠢ ᠰᠦᠢᠳᠬᠡᠵᠦ ᠬᠠᠤᠯᠢ ᠳᠥᠷᠢᠮ ᠢ ᠵᠦᠷᠢᠴᠡᠭᠰᠡᠨ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠬᠦᠴᠦᠨ ᠢᠶᠠᠨ ᠬᠠᠮᠲᠤᠳᠬᠠᠨ ᠢᠳᠡᠪᠬᠢᠲᠡᠢ ᠠᠬᠢᠭᠤᠯᠵᠤ᠂  ᠬᠠᠤᠯᠢ ᠳᠥᠷᠢᠮ ᠶᠤᠰᠤᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂  ᠨᠡᠶᠢᠲᠡᠯᠢᠭ ᠬᠡᠷᠡᠭ ᠢ ᠰᠢᠢᠳᠪᠦᠷᠢᠯᠡᠬᠦ ᠠᠬᠢᠴᠠ ᠪᠠ ᠢᠯᠡᠴᠢᠯᠡᠬᠦ ᠬᠦᠴᠦᠯᠡᠴᠡ ᠪᠠᠨ ᠨᠡᠮᠡᠭᠳᠡᠭᠦᠯᠵᠦ᠂  ᠪᠦᠬᠦ ᠨᠡᠶᠢᠭᠡᠮ ᠢᠶᠠᠷ ᠢᠶᠠᠨ ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠤᠬᠠᠮᠰᠠᠷ ᠢᠶᠠᠨ ᠨᠡᠮᠡᠭᠳᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠪᠦᠬᠦ ᠠᠮᠢᠵᠢᠷᠠᠯ ᠤᠨ ᠬᠦᠴᠦᠨ ᠪᠦᠬᠦᠢ ᠬᠤᠭᠤᠴᠠᠭᠠᠨ ᠤ ᠬᠢᠨᠠᠨ ᠵᠥᠪᠰᠢᠶᠡᠷᠡᠯ ᠤᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂  ᠠᠵᠤ ᠠᠬᠤᠶᠢᠯᠠᠯ ᠳᠤ ᠬᠤᠯᠪᠤᠭᠳᠠᠭᠰᠠᠨ ᠦᠢᠯᠡᠴᠢᠯᠡᠭᠡ ᠶᠢ ᠪᠦᠬᠦ  ᠦᠶᠡᠯᠡᠯ ᠤᠨ ᠬᠤᠭᠤᠴᠠᠭ᠎ᠠ᠂  ᠪᠦᠬᠦ ᠬᠡᠯᠬᠢᠶᠡᠵᠢᠯ ᠳᠤ ᠬᠠᠮᠤᠭ ᠤᠨ ᠶᠡᠭᠡ ᠬᠡᠮᠵᠢᠶᠡᠨ ᠳᠤ ᠠᠵᠤ ᠠᠬᠤᠶᠢᠯᠠᠯ ᠳᠤ ᠠᠰᠢᠭᠲᠠᠢ᠂ ᠠᠷᠠᠳ ᠲᠤ ᠳᠥᠭᠦᠮ ᠦᠵᠡᠭᠦᠯᠬᠦ ᠪᠣᠯᠭᠠᠨ᠂  ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠲᠤᠲᠤᠭᠠᠳᠤ ᠠᠮᠢᠯᠠᠯ ᠤᠨ ᠬᠦᠴᠦᠨ ᠢ ᠬᠦᠭᠵᠢᠭᠡᠬᠦ ᠬᠡᠷᠡᠭᠲᠡᠢ᠃  ᠨᠠᠷᠢᠨ ᠨᠢᠮᠪᠠᠢ ᠪᠠᠶᠢᠷᠢᠯᠠᠭᠤᠯᠵᠤ᠂  ᠪᠠᠴᠢᠮ ᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂  ᠴᠠᠭ ᠠᠭᠤᠷ ᠤᠨ ᠭᠠᠮᠰᠢᠭ ᠬᠠᠪᠤᠷ ᠤᠨ ᠲᠠᠷᠢᠶᠠᠯᠠᠭ᠎ᠠ᠂ ᠲᠦᠬᠦᠭᠡᠷᠦᠮᠵᠢᠲᠦ ᠲᠠᠷᠢᠶᠠᠯᠠᠩ᠂ ᠵᠠᠮ ᠬᠠᠷᠢᠯᠴᠠᠭ᠎ᠠ ᠶᠠᠪᠤᠵᠤ ᠰᠠᠭᠤᠬᠤ᠂ ᠬᠡᠭᠡᠷ᠎ᠡ ᠭᠠᠳᠠᠭ᠎ᠠ ᠠᠶᠦᠯᠭᠦᠢ ᠶᠢ ᠪᠠᠲᠤᠯᠠᠬᠤ ᠵᠡᠷᠭᠡ ᠳᠤ ᠮᠠᠭᠤ ᠪᠠᠷ ᠨᠦᠯᠦᠭᠡᠯᠡᠬᠦ ᠶᠢ ᠰᠠᠶᠢᠲᠤᠷ ᠰᠡᠷᠭᠡᠶᠢᠯᠡᠬᠦ ᠬᠡᠷᠡᠭᠲᠡᠢ᠃ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ      2025 ᠣᠨ ᠤ 04 ᠰᠠᠷ᠎ᠠ ᠶᠢᠨ 14 ᠤ ᠡᠳᠦᠷ
 
ᠢᠷᠡᠯᠲᠡ᠄ ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号