| | 3 ᠰᠠᠷ᠎ᠠ ᠶᠢᠨ 16 ᠤ ᠡᠳᠦᠷ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠤᠤ ᠯᠠᠨ ᠭᠤᠸᠠᠩ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ | ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠵᠠᠰᠠᠭ ᠤᠨ | ᠣᠷᠳᠣᠨ ᠤ ᠤᠳᠤᠷᠢᠳᠬᠤ ᠪᠠᠭ ᠤᠨ ᠬᠡᠰᠢᠭᠦᠳ ᠬᠤᠷᠠᠯ ᠳᠤ ᠣᠷᠤᠯᠴᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ | ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠣᠷᠤᠯᠴᠠᠪᠠ᠃ | | | ᠬᠤᠷᠠᠯ ᠳᠤ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠬᠠᠳᠠ ᠬᠤᠲᠠ ᠶᠢᠨ | ᠬᠤᠩᠱᠠᠨ ᠲᠣᠭᠤᠷᠢᠭ ᠤᠨ ᠬᠥᠳᠡᠭᠡ ᠲᠤᠰᠬᠤᠨ ᠢ ᠬᠦᠴᠦᠷᠬᠡᠭᠵᠢᠭᠦᠯᠦᠨ ᠮᠠᠨᠳᠤᠭᠤᠯᠬᠤ ᠣᠷᠣᠨ ᠬᠡᠪᠴᠢᠶ᠎ᠡ ᠳᠤ | ᠲᠤᠰᠠᠯᠠᠵᠤ ᠪᠦᠬᠦ ᠲᠠᠯ᠎ᠠ ᠪᠠᠷ ᠬᠦᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠡᠯᠡᠯᠴᠡᠭᠡᠷ ︵ᠬᠢᠨᠡᠨ | ᠵᠥᠪᠯᠡᠬᠦ ᠨᠤᠤᠷᠠᠭ︶︾᠂ ︽ᠬᠤᠩᠱᠠᠨ ᠲᠣᠭᠤᠷᠢᠭ ᠤᠨ ᠭᠤᠷᠪᠠᠳᠤᠭᠠᠷ ᠠᠵᠤ ᠦᠢᠯᠡᠰ ᠢᠶᠠᠷ ᠠᠵᠤ ᠠᠬᠤᠶᠢᠯᠠᠯ ᠢ | ᠬᠠᠪᠰᠤᠷᠤᠨ ᠬᠦᠴᠢᠷᠳᠡᠯ ᠢ ᠨᠠᠮᠬᠠᠳᠬᠠᠬᠤ ᠠᠵᠢᠯᠯᠠᠭᠠᠨ ᠤ ᠬᠡᠷᠡᠭᠵᠢᠭᠦᠯᠬᠦ ᠲᠥᠰᠦᠯ ︵ᠬᠢᠨᠠᠨ ᠵᠥᠪᠯᠡᠬᠦ ᠨᠤᠤᠷᠠᠭ︶︾ | ᠢ ᠬᠢᠨᠠᠨ ᠵᠥᠪᠯᠡᠪᠡ᠃ | | | ᠬᠤᠷᠠᠯ ᠠᠴᠠ ᠴᠢᠬᠤᠯᠠᠴᠢᠯᠠᠭᠰᠠᠨ ᠨᠢ ᠡᠯ᠎ᠡ ᠨᠢᠭᠡᠴᠡ ᠡᠷᠬᠡᠪᠰᠢ ᠪᠠᠶᠢᠳᠠᠯ ᠢᠶᠠᠨ ᠲᠣᠬᠢᠷᠠᠭᠤᠯᠬᠤ ᠶᠢ ᠴᠢᠩᠭ᠎ᠠ | ᠠᠳᠬᠤᠵᠤ᠂ ᠲᠠᠨᠢᠯᠲᠠ ᠪᠠᠨ ᠳᠡᠭᠡᠭᠰᠢᠯᠡᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠬᠦᠴᠦᠨ ᠢᠶᠠᠨ | ᠬᠠᠮᠲᠤᠳᠬᠠᠨ᠂ ᠡᠯ᠎ᠡ ᠲᠦᠷᠦᠯ ᠤᠨ ᠠᠵᠢᠯ ᠢ ᠪᠤᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠪᠦᠷᠢᠳᠬᠡᠯ ᠤᠨ | ᠰᠠᠯᠠᠭ᠎ᠠ ᠮᠦᠴᠢᠷ ᠤᠷᠢᠳᠴᠢᠯᠠᠨ ᠰᠡᠷᠭᠡᠶᠢᠯᠡᠬᠦ ᠬᠢᠨᠠᠯᠲᠠ ᠪᠠᠨ ᠴᠢᠩᠭᠠᠳᠬᠠᠵᠤ᠂ ᠡᠯ᠎ᠡ ᠠᠵᠤ ᠦᠢᠯᠡᠰ ᠤᠨ ᠰᠠᠯᠠᠭ᠎ᠠ | ᠮᠦᠴᠢᠷ ᠤᠬᠠᠮᠰᠠᠷ ᠠᠴᠠ ᠪᠠᠨ ᠢᠳᠡᠪᠬᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠱᠠᠲᠤᠨ ᠤ | ᠡᠯ᠎ᠡ ᠲᠦᠷᠦᠯ ᠤᠨ ᠠᠵᠤ ᠠᠬᠤᠶᠢᠯᠠᠯ ᠳᠤ ᠬᠠᠪᠰᠤᠷᠤᠨ ᠬᠦᠴᠢᠷᠳᠡᠯ ᠢ ᠨᠠᠮᠬᠠᠳᠬᠠᠬᠤ ᠲᠦᠷᠦ ᠶᠢᠨ ᠪᠣᠳᠤᠯᠭ᠎ᠠ ᠶᠢ | ᠭᠦᠢᠴᠡᠳ ᠠᠰᠢᠭᠯᠠᠨ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠨᠡᠮᠡᠭᠳᠡᠭᠦᠯᠵᠦ᠂ ᠡᠭᠦᠨ ᠤ ᠬᠠᠮᠲᠤ | ᠬᠡᠪᠴᠢᠶᠡᠵᠢᠯ ᠠᠴᠠ ᠳᠤᠷᠤᠭᠰᠢᠬᠢ ᠠᠵᠤ ᠠᠬᠤᠶᠢᠯᠠᠯ ᠤᠨ ᠳᠡᠰ ᠳᠡᠪᠰᠢᠬᠦ ᠨᠢᠭᠤᠭᠳᠠᠮᠠᠯ ᠬᠦᠴᠦᠨ ᠲᠠᠢ ᠡᠰᠡᠬᠦ ᠶᠢ | ᠠᠵᠢᠭᠯᠠᠵᠤ ᠬᠢᠨᠠᠨ᠂ ᠬᠠᠤᠯᠢ ᠳᠥᠷᠢᠮ ᠶᠤᠰᠤᠭᠠᠷ ᠪᠦᠷᠢᠳᠬᠡᠯ ᠤᠨ ᠨᠠᠷᠢᠨ ᠳᠠᠩᠰᠠ ᠶᠢ ᠰᠠᠶᠢᠲᠤᠷ ᠬᠢᠵᠦ᠂ ᠥᠷ᠎ᠡ | ᠠᠰᠢᠭ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠬᠡᠷᠡᠭᠲᠡᠢ᠃ ᠥᠷ᠎ᠡ ᠠᠰᠢᠭ ᠢᠶᠠᠨ ᠳᠡᠭᠡᠭᠰᠢᠯᠡᠭᠦᠯᠦᠨ᠂ | ᠠᠷᠠᠯᠵᠢᠶᠠᠴᠢᠨ ᠤᠷᠢᠵᠤ ᠪᠡᠯᠡ ᠲᠠᠲᠠᠬᠤ ᠬᠦᠴᠦᠯᠡᠴᠡ ᠪᠠᠨ ᠴᠢᠩᠭᠠᠳᠬᠠᠬᠤ ᠬᠡᠷᠡᠭᠲᠡᠢ᠃ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠲᠠᠯ᠎ᠠ ᠳᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠥᠪᠯᠡᠯ ᠲᠣᠬᠢᠷᠠᠭᠤᠯᠤᠯᠲᠠ ᠪᠠᠨ | ᠴᠢᠩᠭᠠᠳᠬᠠᠵᠤ᠂ ᠲᠤᠭᠲᠠᠮᠠᠯ ᠬᠤᠭᠤᠴᠠᠭ᠎ᠠ ᠲᠠᠢ ᠠᠬᠢᠴᠠ ᠶᠢ ᠮᠡᠳᠡᠭᠳᠡᠵᠦ᠂ ᠡᠯ᠎ᠡ ᠪᠠᠯᠭᠠᠰᠤ ᠵᠡᠭᠡᠯᠢ ᠰᠠᠯᠠᠭ᠎ᠠ | ᠮᠦᠢᠴᠷ ᠬᠠᠮᠵᠢᠯᠴᠠᠭᠠᠨ ᠤ ᠤᠬᠠᠮᠰᠠᠷ ᠢᠶᠠᠨ ᠪᠠᠲᠤᠵᠢᠭᠤᠯᠵᠤ᠂ ᠭᠠᠷ ᠭᠦᠢᠴᠡᠳᠬᠡᠯ ᠤᠨ ᠭᠦᠢᠴᠡᠳᠬᠡᠬᠦ ᠨᠣᠷᠮ᠎ᠠ᠂ | ᠲᠦᠷᠦᠯ ᠵᠦᠢᠯ ᠤᠨ ᠠᠵᠢᠯ ᠡᠬᠢᠯᠡᠭᠰᠡᠨ ᠨᠣᠷᠮ᠎ᠠ᠂ ᠪᠡᠯᠡ ᠣᠷᠣᠭᠤᠯᠤᠯᠲᠠ ᠶᠢᠨ ᠥᠷ᠎ᠡ ᠠᠰᠢᠭ ᠤᠨ ᠨᠤᠷᠮ᠎ᠠ ᠵᠡᠷᠭᠡ | ᠭᠤᠤᠯᠯᠠᠭᠴᠢ ᠵᠢᠭᠠᠯᠲᠠ ᠶᠢ ᠴᠢᠩᠭ᠎ᠠ ᠠᠳᠬᠤᠵᠤ᠂ ᠡᠷᠲᠡ ᠠᠴᠠ ᠭᠠᠷ ᠤᠷᠤᠨ᠂ ᠤᠬᠠᠮᠰᠠᠷ ᠠᠴᠠ ᠪᠠᠨ ᠢᠳᠡᠪᠬᠢᠲᠡᠢ | ᠦᠢᠯᠡᠴᠢᠯᠡᠵᠦ᠂ ᠭᠠᠵᠠᠷ ᠰᠢᠷᠦᠢ᠂ ᠬᠢᠨᠡᠨ ᠵᠥᠪᠰᠢᠶᠡᠷᠡᠯ ᠵᠡᠷᠭᠡ ᠠᠰᠠᠭᠤᠳᠠᠯ ᠢ ᠬᠠᠮᠵᠢᠯᠴᠠᠨ ᠰᠤᠳᠤᠯᠵᠤ | ᠰᠢᠢᠳᠪᠦᠷᠢᠯᠡᠨ᠂ ᠲᠦᠷᠦᠯ ᠵᠦᠢᠯ ᠤᠨ ᠴᠠᠭ ᠲᠠᠭᠠᠨ ᠠᠵᠢᠯ ᠡᠬᠢᠯᠡᠵᠦ᠂ ᠴᠢᠨᠠᠷ ᠰᠠᠶᠢᠲᠠᠢ ᠭᠦᠢᠴᠡᠳᠬᠡᠬᠦ ᠶᠢ | ᠪᠠᠲᠤᠯᠠᠬᠤ ᠬᠡᠷᠡᠭᠲᠡᠢ᠃ | | | ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2025 ᠣᠨ ᠤ 3 | ᠰᠠᠷ᠎ᠠ ᠶᠢᠨ 17 ᠤ ᠡᠳᠦᠷ |