| | | | | | ᠯᠢ ᠴᠢᠶᠠᠩ ᠪᠣᠯᠤᠨ ᠡᠨᠡᠳᠭᠡᠭ ᠤᠨ ᠶᠡᠷᠦᠩᠬᠡᠶ ᠰᠠᠶᠢᠳ ᠮᠦᠸᠧᠳᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ | ᠶᠠᠪᠤᠭᠤᠯᠵᠠᠢ | | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 1 ᠤ ᠴᠠᠬᠢᠯᠭᠠᠨ ᠮᠡᠳᠡᠭᠡ 4 ᠰᠠᠷ᠎ᠠ ᠶᠢᠨ 1 ᠤ ᠡᠳᠦᠷ᠂ | ᠤᠯᠤᠰ ᠤᠨ ᠲᠡᠷᠢᠭᠦᠯᠡᠭᠴᠢ ᠰᠢ ᠶᠢᠨ ᠫᠢᠩ ᠪᠣᠯᠤᠨ ᠡᠨᠡᠳᠭᠡᠭ ᠤᠨ ᠶᠡᠷᠦᠩᠬᠡᠶᠢᠯᠡᠭᠴᠢ ᠮᠥᠸᠧᠷᠮᠦ᠋ ᠬᠠᠷᠢᠯᠴᠠᠨ ᠪᠠᠶᠠᠷ ᠤᠨ | ᠴᠠᠬᠢᠯᠭᠠᠨ ᠴᠢᠮᠡᠭᠡ ᠶᠠᠪᠤᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠣᠶ ᠶᠢ ᠪᠡᠯᠭᠡᠯᠡᠪᠡ᠃ | | ᠰᠢ ᠶᠢᠨ ᠫᠢᠩ᠂ ᠳᠤᠮᠳᠠᠳᠤ ᠤᠯᠤᠰ ᠪᠣᠯᠤᠨ ᠡᠨᠡᠳᠭᠡᠭ ᠴᠥᠮ ᠡᠷᠲᠡᠨ ᠤ ᠪᠣᠯᠪᠠᠰᠤᠨ ᠤᠯᠤᠰ᠂ ᠬᠥᠭᠵᠢᠵᠦ | ᠪᠠᠶᠢᠭ᠎ᠠ ᠲᠤᠮᠤ ᠤᠯᠤᠰ ᠮᠥᠨ᠂ ︽ᠪᠦᠬᠦ ᠪᠥᠮᠪᠥᠷᠴᠡᠭ ᠤᠨ ᠬᠦᠭᠵᠢᠵᠦ ᠪᠠᠶᠢᠭ᠎ᠠ ᠤᠯᠤᠰ ᠤᠳ︾ ᠤᠨ ᠴᠢᠬᠤᠯᠠ | ᠪᠦᠷᠢᠯᠳᠦᠬᠦᠨ ᠮᠦᠨ ᠪᠠᠶᠢᠵᠤ᠂ ᠪᠦᠷ ᠲᠤᠰ ᠲᠤᠰ ᠤᠨ ᠢᠶᠠᠨ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ | ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠃ ᠬᠠᠷᠢᠯᠴᠠᠨ ᠳᠡᠮᠵᠢᠯᠴᠡᠵᠦ ᠠᠮᠵᠢᠯᠲᠠ ᠪᠦᠲᠦᠮᠵᠢ ᠣᠯᠬᠤ | ᠬᠠᠨᠢᠲᠠᠨ ᠪᠤᠯᠵᠤ᠂ ︽ᠯᠣᠣ ᠵᠠᠭᠠᠨ ᠬᠠᠮᠲᠤ ᠪᠠᠷ ᠪᠥᠵᠢᠭᠯᠡᠬᠦ︾ ᠶᠢ ᠪᠡᠶᠡᠯᠡᠭᠦᠯᠬᠦ ᠪᠣᠯ ᠬᠤᠶᠠᠷ ᠲᠠᠯ᠎ᠠ ᠶᠢᠨ ᠵᠥᠪ | ᠰᠣᠩᠭᠤᠯᠲᠠ ᠮᠥᠨ᠂ ᠬᠤᠶᠠᠷ ᠤᠯᠤᠰ ᠪᠣᠯᠤᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ | ᠪᠦᠷᠢᠮᠦᠰᠦᠨ ᠨᠡᠶᠢᠴᠡᠨ᠎ᠡ ᠭᠡᠳᠡᠭ ᠢ ᠳᠤᠮᠳᠠᠳᠤ ᠡᠨᠡᠳᠭᠡᠭ ᠤᠨ ᠬᠠᠷᠢᠯᠴᠠᠭᠠᠨ ᠤ ᠬᠥᠭᠵᠢᠯᠲᠡ ᠶᠢᠨ ᠶᠠᠪᠤᠴᠠ ᠬᠠᠷᠠᠭᠤᠯᠵᠤ | ᠪᠠᠶᠢᠨ᠎ᠠ᠃ ᠬᠤᠶᠠᠷ ᠲᠠᠯ᠎ᠠ ᠪᠠᠷ ᠢᠶᠠᠨ ᠪᠠᠶᠢᠯᠳᠤᠬᠤ ᠪᠤᠳᠤᠯᠭ᠎ᠠ ᠶᠢᠨ ᠦᠨᠳᠦᠷᠴᠡ ᠪᠣᠯᠤᠨ ᠠᠯᠤᠰ ᠬᠡᠳᠤ ᠶᠢᠨ | ᠬᠠᠷᠠᠭᠠᠰᠤ ᠠᠴᠠ ᠳᠤᠮᠳᠠᠳᠤ ᠡᠨᠡᠳᠭᠡᠭ ᠤᠨ ᠬᠠᠷᠢᠯᠴᠠᠭ᠎ᠠ ᠳᠤ ᠬᠠᠨᠳᠤᠬᠤ ᠪᠠ ᠲᠡᠭᠦᠨ ᠢ ᠰᠢᠢᠳᠪᠦᠷᠢᠯᠡᠵᠦ᠂ ᠬᠥᠷᠰᠢ | ᠵᠡᠷᠭᠡᠯᠡᠳᠡᠭᠡ ᠲᠤᠮᠤ ᠤᠯᠤᠰ ᠤᠨ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠬᠠᠷᠢᠯᠴᠠᠨ ᠢᠲᠡᠭᠡᠯᠴᠡᠵᠦ ᠬᠠᠷᠢᠯᠴᠠᠨ ᠠᠰᠢᠭᠲᠠᠢ | ᠪᠠᠶᠢᠬᠤ᠂ ᠬᠠᠮᠲᠤ ᠪᠠᠷ ᠬᠥᠭᠵᠢᠬᠦ ᠬᠠᠷᠢᠯᠴᠠᠭᠠᠨ ᠤ ᠵᠠᠮ ᠢ ᠬᠠᠮᠲᠤ ᠪᠠᠷ ᠰᠦᠪᠡᠭᠴᠢᠯᠡᠵᠦ᠂ ᠳᠡᠯᠡᠬᠡᠢ ᠶᠢᠨ ᠤᠯᠠᠨ | ᠲᠦᠢᠯᠵᠢᠯᠲᠡ ᠪᠣᠯᠤᠨ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯ ᠢ ᠬᠠᠮᠲᠤ ᠪᠠᠷ ᠠᠬᠢᠭᠤᠯᠪᠠᠯ ᠵᠣᠬᠢᠨ᠎ᠠ ᠭᠡᠵᠦ | ᠵᠢᠭᠠᠵᠤ ᠭᠠᠷᠭᠠᠪᠠ᠃ | | ᠰᠢ ᠶᠢᠨ ᠫᠢᠩ᠂ ᠪᠢ ᠳᠤᠷᠠᠲᠠᠶ᠎ᠠ ᠶᠡᠷᠦᠩᠬᠡᠶᠢᠯᠡᠭᠴᠢ ᠠᠪᠠᠭ᠋ᠠᠢ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ | ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠪᠠᠶᠢᠯᠳᠤᠬᠤ | ᠪᠤᠳᠤᠯᠭ᠎ᠠ ᠶᠢᠨ ᠢᠲᠡᠭᠡᠯᠴᠡᠭᠡ ᠪᠠᠨ ᠨᠡᠮᠡᠭᠳᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠴᠢᠬᠤᠯᠠ ᠶᠡᠭᠡ ᠳᠡᠯᠡᠬᠡᠢ ᠶᠢᠨ ᠬᠡᠷᠡᠭ ᠶᠠᠪᠤᠳᠠᠯ ᠳᠠᠬᠢ ᠤᠯᠤᠯᠴᠠᠭ᠎ᠠ ᠵᠣᠬᠢᠴᠠᠭᠤᠯᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ | ᠡᠨᠡᠳᠭᠡᠭ ᠤᠨ ᠬᠢᠯᠢ ᠬᠢᠵᠠᠭᠠᠷ ᠣᠷᠣᠨ ᠤ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠰᠠᠶᠢᠲᠤᠷ ᠬᠠᠮᠠᠭᠠᠯᠠᠵᠤ᠂ | ᠳᠤᠮᠳᠠᠳᠤ ᠡᠨᠡᠳᠭᠡᠭ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ ᠬᠥᠭᠵᠢᠬᠦ ᠶᠢ ᠠᠬᠢᠭᠤᠯᠵᠤ᠂ | ᠳᠡᠯᠡᠬᠡᠢ ᠶᠢᠨ ᠡᠩᠬᠡ ᠲᠠᠶᠢᠪᠤᠩ ᠬᠥᠭᠵᠢᠯ ᠴᠡᠴᠡᠭᠯᠡᠯ ᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠭᠡᠵᠦ | ᠴᠢᠬᠤᠯᠠᠴᠢᠯᠠᠪᠠ᠃ | | ᠮᠥᠸᠧᠷᠮᠦ᠋᠂ ᠡᠨᠡᠳᠭᠡᠭ ᠪᠣᠯᠤᠨ ᠳᠤᠮᠳᠠᠳᠤ ᠤᠯᠤᠰ ᠪᠣᠯ ᠬᠥᠷᠰᠢ ᠵᠡᠷᠭᠡᠯᠡᠳᠡᠭᠡ ᠬᠤᠶᠠᠷ ᠲᠤᠮᠤ ᠤᠯᠤᠰ ᠪᠠᠶᠢᠵᠤ᠂ | ᠪᠦᠬᠦ ᠪᠥᠮᠪᠥᠷᠴᠡᠭ ᠤᠨ ᠭᠤᠷᠪᠠᠨ ᠤ ᠨᠢᠭᠡ ᠬᠤᠪᠢ ᠶᠢᠨ ᠬᠥᠮᠦᠨ ᠠᠮᠠ ᠲᠠᠢ ᠶᠤᠮ᠃ ᠲᠣᠭᠲᠠᠭᠤᠨ᠂ ᠵᠢᠱᠢᠵᠦ ᠪᠤᠯᠬᠤᠶᠢᠴᠠ | ᠪᠦᠭᠡᠳ ᠨᠥᠬᠦᠷᠰᠡᠭ ᠬᠤᠶᠠᠷ ᠲᠠᠯ᠎ᠠ ᠶᠢᠨ ᠬᠠᠷᠢᠯᠴᠠᠭ᠎ᠠ ᠨᠢ ᠬᠤᠶᠠᠷ ᠤᠯᠤᠰ ᠪᠣᠯᠤᠨ ᠳᠡᠯᠡᠬᠡᠶ ᠳ᠋ᠠᠬᠢᠨ ᠳᠤ ᠠᠵᠠ ᠵᠢᠷᠭᠠᠯ | ᠠᠪᠴᠢᠷᠠᠬᠤ ᠪᠤᠯᠤᠨ᠎ᠠ᠃ ᠪᠢᠳᠠ ᠡᠨᠡᠳᠭᠡᠭ ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠪᠠᠷ ᠠᠵᠠ | ᠲᠣᠬᠢᠶᠠᠯ ᠪᠣᠯᠭᠠᠵᠤ᠂ ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠬᠥᠭᠵᠢᠯᠲᠡ ᠶᠢ ᠬᠠᠮᠲᠤ ᠪᠠᠷ | ᠠᠬᠢᠭᠤᠯᠤᠶ᠎ᠠ ᠭᠡᠵᠦ ᠢᠯᠡᠳᠭᠡᠪᠡ᠃ | | ᠲᠤᠰ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠪᠣᠯᠤᠨ ᠡᠨᠡᠳᠭᠡᠭ ᠤᠨ | ᠶᠡᠷᠦᠩᠬᠡᠢ ᠰᠠᠶᠢᠳ ᠮᠦᠸᠧᠳᠢ ᠬᠠᠷᠢᠯᠴᠠᠨ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ᠃ ᠯᠢ ᠴᠢᠶᠠᠩ᠂ ᠳᠤᠮᠳᠠᠳᠤ ᠤᠯᠤᠰ | ᠳᠤᠷᠠᠲᠠᠶ᠎ᠠ ᠡᠨᠡᠳᠭᠡᠭ ᠤᠨ ᠬᠢᠨ ᠲᠠᠢ ᠬᠠᠮᠲᠤ ᠪᠠᠷ ᠴᠢᠷᠮᠠᠶᠢᠵᠤ᠂ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 75 | ᠵᠢᠯ ᠤᠨ ᠤᠢ ᠪᠠᠷ ᠠᠵᠠ ᠲᠣᠬᠢᠶᠠᠯ ᠪᠣᠯᠭᠠᠵᠤ᠂ ᠪᠠᠶᠢᠯᠳᠤᠬᠤ ᠪᠤᠳᠤᠯᠭ᠎ᠠ ᠶᠢᠨ ᠢᠲᠡᠭᠡᠯᠴᠡᠭᠡ ᠪᠠᠨ ᠲᠠᠰᠤᠷᠠᠯᠳᠠ ᠦᠭᠡᠢ | ᠨᠡᠮᠡᠭᠳᠡᠭᠦᠯᠵᠦ᠂ ᠡᠯ᠎ᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ᠂ ᠬᠢᠯᠢ ᠶᠢᠨ ᠵᠠᠭᠠᠭ ᠤᠨ ᠠᠰᠠᠭᠤᠳᠠᠯ ᠢ | ᠵᠣᠬᠢᠰᠲᠠᠢ ᠰᠢᠢᠳᠪᠦᠷᠢᠯᠡᠵᠦ᠂ ᠬᠤᠶᠠᠷ ᠤᠯᠤᠰ ᠤᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠵᠠᠮ ᠢᠶᠠᠷ ᠤᠷᠤᠭᠰᠢ | ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠦᠨ᠎ᠡ ᠭᠡᠵᠦ | ᠢᠯᠡᠳᠭᠡᠪᠡ᠃ | | ᠮᠦᠸᠧᠳᠢ᠂ ᠡᠨᠡᠳᠭᠡᠭ ᠪᠣᠯᠤᠨ ᠳᠤᠮᠳᠠᠳᠤ ᠤᠯᠤᠰ ᠪᠣᠯ ᠡᠷᠲᠡᠨ ᠤ ᠬᠤᠶᠠᠷ ᠶᠡᠭᠡ ᠪᠣᠯᠪᠠᠰᠤᠨ ᠤᠯᠤᠰ ᠪᠠᠶᠢᠵᠤ᠂ | ᠬᠥᠮᠦᠨ ᠲᠥᠷᠥᠯᠬᠢᠲᠡᠨ ᠤ ᠲᠡᠦᠬᠡ ᠶᠢ ᠡᠭᠦᠳᠦᠨ ᠪᠦᠲᠦᠭᠡᠬᠦ ᠠᠬᠢᠴᠠ ᠳᠤ ᠴᠢᠬᠤᠯᠠ ᠦᠢᠯᠡᠳᠦᠯ ᠦᠵᠡᠭᠦᠯᠪᠡ᠂ | ᠣᠳᠣᠬᠠᠨ ᠳᠤ ᠡᠩᠬᠡ ᠲᠠᠶᠢᠪᠤᠩ ᠪᠣᠯᠤᠨ ᠬᠥᠭᠵᠢᠯᠲᠡ ᠶᠢ ᠠᠬᠢᠭᠤᠯᠬᠤ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ | ᠡᠨᠡᠳᠭᠡᠭ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠨᠢ ᠳᠡᠯᠡᠬᠡᠢ ᠶᠢᠨ ᠬᠥᠭᠵᠢᠯ ᠴᠡᠴᠡᠭᠯᠡᠯ ᠲᠣᠭᠲᠠᠭᠤᠨ ᠳᠤ | ᠠᠰᠢᠭᠲᠠᠢ ᠪᠠᠷ ᠪᠠᠷᠠᠬᠤ ᠦᠭᠡᠢ ᠳᠡᠯᠡᠬᠡᠢ ᠶᠢᠨ ᠤᠯᠠᠨ ᠲᠦᠢᠯᠵᠢᠯᠲᠡ ᠶᠢ ᠪᠡᠶᠡᠯᠡᠭᠦᠯᠬᠦ ᠳᠤ ᠴᠦ ᠠᠰᠢᠭᠲᠠᠢ ᠶᠤᠮ᠃ ᠡᠨᠡᠳᠭᠡᠭ | ᠳᠤᠮᠳᠠᠳᠤ ᠶᠢᠨ ᠬᠠᠷᠢᠯᠴᠠᠭ᠎ᠠ ᠪᠠᠶᠢᠭᠤᠯᠤᠭᠰᠠᠨ 75 ᠵᠢᠯ ᠤᠨ ᠤᠢ ᠨᠢ ᠬᠤᠶᠠᠷ ᠤᠯᠤᠰ ᠤᠨ ᠬᠠᠷᠢᠯᠴᠠᠭ᠎ᠠ ᠡᠷᠡᠭᠦᠯ | ᠲᠣᠭᠲᠠᠭᠤᠨ ᠬᠥᠭᠵᠢᠯᠲᠡ ᠶᠢᠨ ᠱᠠᠲᠤᠨ ᠳᠤ ᠣᠷᠣᠬᠤ ᠶᠢ ᠬᠦᠳᠦᠯᠦᠨ ᠳᠠᠭᠠᠭᠤᠯᠬᠤ ᠪᠣᠯᠤᠨ᠎ᠠ ᠭᠡᠵᠦ ᠢᠯᠡᠳᠭᠡᠪᠡ᠃ | | | | | | | | | | | | | | | | | | | | ᠁ |