| | 6 ᠰᠠᠷ᠎ᠠ ᠶᠢᠨ 16 ᠤ ᠡᠳᠦᠷ ᠬᠤᠩᠱᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠣᠣ ᠯᠠᠨ ᠭᠤᠸᠠᠩ ᠬᠤᠩᠱᠠᠨ ᠲᠣᠭᠤᠷᠢᠭ ᠤᠨ ᠳᠤᠯᠤᠳᠤᠭᠠᠷ ᠤᠳᠠᠭᠠᠨ ᠤ ᠪᠠᠶᠢᠩᠭᠤ ᠶᠢᠨ | ᠬᠤᠷᠠᠯ ᠪᠠ ᠳᠤᠯᠤᠳᠤᠭᠠᠷ ᠤᠳᠠᠭᠠᠨ ᠤ ᠨᠠᠮ ᠤᠨ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ | ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠳᠣᠭᠤᠶᠢᠯᠠᠩ ᠤᠨ ᠬᠡᠰᠢᠭᠦᠳ ᠬᠤᠷᠠᠯ ᠳᠤ ᠤᠷᠤᠯᠴᠠᠵᠤ᠂ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠣᠷᠣᠯᠴᠠᠪᠠ᠃ | | | ᠲᠣᠭᠤᠷᠢᠭ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠲᠣᠭᠤᠷᠢᠨ ᠪᠠᠶᠢᠴᠠᠭᠠᠯᠲᠠ ᠶᠢᠨ | ᠳᠠᠷᠠᠭᠠᠬᠢ ᠴᠡᠭᠴᠡᠯᠡᠨ ᠵᠠᠰᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠱᠠᠪᠳᠠᠨ ᠪᠠᠶᠢᠴᠠᠭᠠᠯᠲᠠ᠂ | ᠤᠯᠠᠨ ᠲᠥᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠠᠯ ᠤᠨ ᠠᠰᠠᠭᠤᠳᠠᠯ ᠢ ᠲᠥᠪᠯᠡᠷᠡᠭᠦᠯᠦᠨ ᠵᠠᠰᠠᠬᠤ | ᠂ ᠠᠵᠤ ᠠᠬᠤᠢ ᠶᠢᠨ ᠣᠷᠴᠢᠯ ᠢ ᠬᠢᠨᠠᠨ ᠰᠢᠯᠭᠠᠵᠤ ᠤᠷᠢᠳᠴᠢᠯᠠᠨ ᠰᠡᠷᠭᠡᠶᠢᠯᠡᠬᠦ ᠵᠡᠷᠭᠡ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠤᠨᠤᠰᠴᠤ᠂ ︽ᠬᠤᠩᠱᠠᠨ ᠲᠣᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ | ᠤᠳᠤᠷᠢᠳᠬᠤ ᠪᠠᠭ ᠤᠨ ᠭᠡᠰᠢᠭᠦᠳ ᠤᠨ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠷᠢᠨ ᠳᠠᠩᠰᠠ ︵ | ᠬᠢᠨᠠᠨ ᠵᠥᠪᠯᠡᠬᠦ ᠨᠤᠤᠷᠠᠭ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃ ᠲᠣᠭᠤᠷᠢᠭ ᠤᠨ ᠵᠠᠰᠠᠭ ᠤᠨ | ᠣᠷᠳᠣᠨ ᠤ ᠨᠠᠮ ᠤᠨ ᠳᠣᠭᠤᠶᠢᠯᠠᠩ ᠤᠨ ᠬᠤᠷᠠᠯ ᠳᠤ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡᠨ ᠤ | ᠪᠠᠶᠢᠭᠤᠯᠤᠯᠲᠠ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠲᠣᠭᠤᠷᠢᠭ ᠢ ᠪᠦᠲᠦᠭᠡᠨ ᠪᠠᠶᠢᠭᠤᠯᠬᠤ ᠵᠡᠷᠭᠡ ᠠᠵᠢᠯ ᠢ ᠰᠤᠳᠤᠯᠤᠨ ᠶᠠᠷᠢᠯᠴᠠᠵᠤ᠂ ︽ᠬᠤᠩᠱᠠᠨ ᠲᠣᠭᠤᠷᠢᠭ ᠤᠨ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠰᠤᠷᠤᠯᠴᠠᠯᠭ᠎ᠠ ᠬᠦᠮᠦᠵᠢᠯ ᠤᠨ ᠪᠠᠶᠢᠳᠠᠯ ᠢ ᠪᠠᠶᠢᠴᠠᠭᠠᠵᠤ | ᠠᠰᠠᠭᠤᠳᠠᠯ ᠤᠨ ᠨᠠᠷᠢᠨ ᠳᠠᠩᠰᠠ ᠶᠢ ᠪᠠᠶᠢᠭᠤᠯᠬᠤ ᠵᠢᠴᠢ ᠲᠥᠪᠯᠡᠷᠡᠭᠦᠯᠦᠨ ᠴᠡᠭᠴᠡᠯᠡᠬᠦ ᠳᠠᠩᠰᠠ ᠡᠪᠬᠡᠮᠡᠯ ᠢ | ᠪᠠᠶᠢᠭᠤᠯᠬᠤ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠳᠠᠷᠠᠭ᠎ᠠ ᠠᠯᠬᠤᠮ ᠤᠨ ᠭᠤᠣᠯᠳᠠᠯᠭ᠎ᠠ ᠲᠠᠢ | ᠠᠵᠢᠯ ᠢ ᠪᠠᠶᠢᠷᠢᠯᠠᠭᠤᠯᠪᠠ᠃ | | | ᠬᠤᠷᠠᠯ ᠠᠴᠠ ᠴᠢᠬᠤᠯᠠᠴᠢᠯᠠᠭᠰᠠᠨ ᠨᠢ ᠂ ᠲᠤᠭᠤᠷᠢᠨ ᠪᠠᠶᠢᠴᠠᠭᠠᠯᠲᠠ ᠶᠢᠨ ᠳᠠᠷᠠᠭᠠᠬᠢ ᠴᠡᠭᠴᠡᠯᠡᠨ ᠵᠠᠰᠠᠯᠲᠠ | ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠱᠠᠪᠳᠠᠨ ᠪᠠᠶᠢᠴᠠᠭᠠᠯᠲᠠ ᠶᠢᠨ ᠬᠡᠷᠡᠭ ᠢ ᠰᠢᠢᠳᠪᠦᠷᠢᠯᠡᠬᠦ | ᠵᠡᠷᠭᠡ ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠮᠦᠷᠳᠡᠨ ᠬᠢᠨᠠᠵᠤ᠂ ᠴᠡᠭᠴᠡᠯᠡᠨ ᠵᠠᠰᠠᠬᠤ | ᠱᠠᠭᠠᠷᠳᠠᠯᠭ᠎ᠠ ᠪᠠᠷ ᠬᠠᠷᠢᠭᠤ ᠲᠤᠰᠬᠠᠭᠰᠠᠨ ᠤᠴᠢᠷ ᠵᠦᠢᠯᠡᠰ ᠢ ᠴᠢᠩᠭ᠎ᠠ ᠠᠳᠬᠤᠵᠤ ᠲᠦᠷᠭᠡᠪᠴᠢᠯᠡᠨ ᠵᠠᠰᠠᠵᠤ | ᠴᠡᠭᠴᠡᠯᠡᠨ᠂ ᠪᠤᠳᠠᠲᠠᠢ ᠦᠨᠡᠨ ᠭᠦᠢᠴᠡᠳᠬᠡᠵᠦ᠂ ᠡᠯ᠎ᠡ ᠲᠦᠷᠦᠯ ᠤᠨ ᠠᠵᠢᠯ ᠢ ᠪᠤᠳᠠᠲᠠᠢ ᠳᠤ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠪᠤᠳᠠᠲᠤ ᠤᠴᠢᠷ ᠤᠨ ᠲᠥᠷᠦᠯ | ᠵᠦᠢᠯ ᠤᠨ ᠪᠠᠶᠢᠭᠤᠯᠤᠯᠲᠠ ᠶᠢ ᠲᠥᠷᠭᠡᠪᠴᠢᠯᠡᠨ ᠠᠬᠢᠭᠤᠯᠵᠤ᠂ ᠲᠤᠭᠲᠠᠭᠰᠠᠨ ᠬᠤᠭᠤᠴᠠᠭᠠᠨ ᠳᠠᠭᠠᠨ | ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ᠃ ᠠᠶᠦᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ᠂ | ᠡᠭᠦᠷᠭᠡ ᠶᠢᠨ ᠨᠠᠷᠢᠨ ᠳᠠᠩᠰᠠ ᠶᠢᠨ ᠭᠤᠣᠯᠳᠠᠯᠭ᠎ᠠ ᠶᠢ ᠠᠵᠢᠯ ᠤᠨ ᠶᠠᠪᠤᠴᠠ ᠭᠤᠭᠴᠤᠭ᠎ᠠ ᠪᠦᠬᠦᠨ ᠳᠤ ᠠᠭᠤᠰᠬᠠᠵᠤ᠂ | ᠡᠳᠦᠷ ᠲᠤᠲᠤᠮ ᠤᠨ ᠠᠵᠢᠯ ᠳᠤ ᠠᠭᠤᠰᠬᠠᠨ᠂ ᠡᠯ᠎ᠡ ᠲᠦᠷᠦᠯ ᠤᠨ ᠠᠶᠦᠯᠬᠦᠢ ᠶᠢᠨ ᠠᠳᠡᠯ ᠡᠭᠦᠰᠬᠦ ᠶᠢ ᠡᠷᠡᠰ | ᠰᠡᠷᠭᠡᠶᠢᠯᠡᠬᠦ ᠬᠡᠷᠡᠭᠲᠡᠢ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠲᠦᠷᠦᠯ ᠤᠨ | ᠠᠵᠢᠯ ᠢ ᠪᠤᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠰᠤᠩᠭᠤᠨ ᠲᠤᠮᠢᠯᠠᠬᠤ ᠠᠵᠢᠯ ᠢ ᠵᠣᠬᠢᠶᠠᠨ ᠪᠠᠶᠢᠭᠤᠯᠵᠤ | ᠬᠡᠷᠡᠭᠵᠢᠭᠦᠯᠦᠨ᠂ ᠨᠡᠶᠢᠭᠡᠮ ᠲᠣᠭᠤᠷᠢᠭ ᠤᠨ ᠠᠵᠢᠯᠲᠠᠨ ᠤ ᠰᠠᠭᠤᠭᠠᠯᠢ ᠠᠷᠠᠳ ᠲᠤ ᠦᠢᠯᠡᠴᠢᠯᠡᠬᠦ ᠤᠬᠠᠮᠰᠠᠷ ᠪᠠ | ᠪᠤᠳᠠᠲᠠᠢ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠦᠨᠳᠦᠰᠦᠲᠡᠨ ᠤ | ᠪᠦᠯᠬᠦᠮᠳᠡᠯ ᠳᠠᠪᠰᠢᠯᠲᠠ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠦᠨᠳᠦᠰᠦᠨ ᠱᠠᠲᠤᠨ ᠤ ᠴᠡᠭᠴᠡᠯᠡᠨ | ᠵᠠᠰᠠᠯᠲᠠ ᠶᠢ ᠭᠦᠨᠵᠡᠭᠡᠢ ᠠᠭᠤᠰᠤᠯᠴᠠᠭᠤᠯᠵᠤ᠂ ᠰᠤᠷᠲᠠᠯᠴᠢᠯᠠᠭ᠎ᠠ ᠤᠬᠠᠭᠤᠯᠭ᠎ᠠ ᠶᠢᠨ ᠬᠦᠮᠦᠵᠢᠯ ᠢ ᠠᠮᠢᠳᠤᠷᠠᠯ ᠳᠤ | ᠤᠶᠢᠷᠠᠲᠤᠭᠤᠯᠵᠤ᠂ ᠦᠭᠡᠷᠡᠴᠢᠯᠡᠨ ᠵᠠᠰᠠᠯᠲᠠ ᠨᠢ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ᠃ | ᠰᠤᠷᠤᠯᠴᠠᠯᠭ᠎ᠠ ᠬᠦᠮᠦᠵᠢᠯ ᠤᠨ ᠪᠠᠶᠢᠳᠠᠯ ᠢ ᠪᠠᠶᠢᠴᠠᠭᠠᠭᠰᠠᠨ ᠨᠠᠷᠢᠨ ᠳᠠᠩᠰᠠ ᠲᠠᠢ ᠬᠠᠷᠠᠭᠠᠯᠵᠠᠭᠤᠯᠵᠤ᠂ ᠥᠪᠡᠷᠲᠡᠭᠡᠨ | ᠪᠠᠶᠢᠴᠠᠭᠠᠵᠤ ᠥᠪᠡᠷᠲᠡᠭᠡᠨ ᠵᠠᠯᠠᠷᠠᠭᠤᠯᠬᠤ ᠶᠢ ᠪᠠᠶᠢᠩᠭᠤᠵᠢᠭᠤᠯᠵᠤ᠂ ᠪᠤᠷᠤᠭᠤ ᠪᠠᠶᠢᠪᠠᠯ ᠵᠠᠰᠠᠵᠤ ᠵᠠᠯᠠᠷᠠᠭᠤᠯᠬᠤ | ᠬᠡᠷᠡᠭᠲᠡᠢ᠃ | | | ᠬᠤᠩᠱᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠰᠦᠯᠵᠢᠶ᠎ᠡ 2025 ᠣᠨ ᠤ 6 ᠰᠠᠷ᠎ᠠ ᠶᠢᠨ 18 ᠤ ᠡᠳᠦᠷ | | | | | | | | | | | | | | | | | | | | | | ᠁ |