ᠰᠢᠨ᠎ᠡ ᠬᠢᠴᠢᠶᠡᠯ ᠤᠨ ᠦᠬᠡᠷᠡᠴᠢᠯᠡᠯᠳᠡ ᠪᠤᠯ ᠰᠤᠷᠭᠠᠨ ᠬᠦᠮᠦᠵᠢᠯ ᠳᠤ ᠬᠢᠭᠰᠡᠨ ᠨᠢᠭᠡ ᠤᠳᠠᠭᠠᠨ ᠤ ᠬᠦᠨᠵᠡᠬᠡᠢ | ᠦᠬᠡᠷᠡᠴᠢᠯᠡᠯᠳᠡ ᠮᠦᠨ᠃ ᠰᠢᠨ᠎ᠡ ᠬᠢᠴᠢᠶᠡᠯ ᠤᠨ ᠦᠬᠡᠷᠡᠴᠢᠯᠡᠯᠳᠡ ᠶᠢ ᠪᠦᠬᠦ ᠲᠠᠯ᠎ᠠ ᠪᠠᠷ ᠲᠤᠤᠱᠯᠠᠭᠤᠯᠬᠤ ᠪᠤᠯ ᠤᠳᠤᠬᠠᠨ | ᠤ ᠰᠤᠷᠭᠠᠨ ᠬᠦᠮᠦᠵᠢᠯ ᠤᠨ ᠦᠬᠡᠷᠡᠴᠢᠯᠡᠯᠳᠡ ᠶᠢᠨ ᠱᠠᠭᠠᠷᠳᠠᠯᠭ᠎ᠠ ᠪᠦᠬᠡᠳ ᠪᠦᠬᠦᠶᠢᠯᠡ ᠦᠨᠳᠦᠰᠦᠳᠡᠨ ᠤ ᠬᠡᠪ ᠴᠢᠨᠠᠷ ᠢ | ᠲᠡᠭᠡᠭᠰᠢᠯᠡᠬᠦᠯᠬᠦ ᠶᠢᠨ ᠴᠢᠬᠤᠯᠠ ᠬᠡᠷᠡᠭᠴᠡᠭᠡ ᠮᠦᠨ᠃ ᠰᠢᠨ᠎ᠡ ᠬᠢᠴᠢᠶᠡᠯ ᠤᠨ ᠦᠬᠡᠷᠡᠴᠢᠯᠡᠯᠳᠡ ᠨᠢ ᠰᠤᠷᠤᠭᠴᠢᠳ ᠤᠨ | ᠦᠪᠡᠷᠳᠡᠭᠡᠨ ᠰᠤᠷᠬᠤ ᠴᠢᠳᠠᠪᠦᠷᠢ᠂ ᠬᠠᠮᠵᠢᠯᠴᠠᠬᠤ ᠴᠢᠳᠠᠪᠦᠷᠢ᠂ ᠵᠤᠬᠢᠶᠠᠨ ᠪᠠᠶᠢᠭᠤᠯᠬᠤ ᠴᠢᠳᠠᠪᠦᠷᠢ᠂ ᠦᠷᠢᠰᠦᠯᠳᠦᠬᠦ | ᠴᠢᠳᠠᠪᠦᠷᠢ ᠶᠢ ᠲᠡᠭᠡᠭᠰᠢᠯᠡᠭᠦᠨᠬᠦ ᠳᠤ ᠭᠤᠤᠯ ᠬᠦᠴᠦ ᠪᠠᠨ ᠲᠠᠯᠪᠢᠵᠦ ᠪᠤᠢ᠃ ᠡᠨᠡ ᠨᠢ ᠶᠠᠭ ᠤᠳᠤ ᠶᠢᠨ ᠴᠠᠭ ᠦᠶ᠎ᠡ ᠶᠢᠨ | ᠤᠨᠴᠠᠯᠢᠭ᠂ ᠲᠡᠯᠡᠬᠡᠢ ᠨᠡᠶᠢᠳᠡ ᠶᠢᠨ ᠬᠦᠭᠵᠢᠯᠳᠡ ᠠᠴᠠ ᠰᠤᠷᠭᠠᠨ ᠬᠦᠮᠦᠵᠢᠯ ᠳᠤ ᠲᠠᠯᠪᠢᠵᠦ ᠪᠠᠶᠢᠭ᠎ᠠ ᠴᠢᠳᠠᠪᠦᠷᠢᠳᠠᠨ | ᠬᠦᠮᠦᠵᠢᠬᠦᠯᠬᠦ ᠱᠠᠭᠠᠷᠳᠠᠯᠭ᠎ᠠ ᠳᠤ ᠨᠡᠶᠢᠴᠡᠭᠰᠡᠨ ᠶᠤᠮ᠃ ᠤᠳᠤᠬᠠᠨ ᠤ ᠰᠤᠷᠭᠠᠨ ᠬᠦᠮᠦᠵᠢᠯ ᠨᠢ ᠰᠢᠯᠭᠠᠯᠳᠠ ᠶᠢ ᠠᠷᠭᠠᠴᠠᠬᠤ | ᠰᠤᠷᠭᠠᠨ ᠬᠦᠮᠦᠵᠢᠯ ᠤᠨ ᠱᠠᠳᠤᠨ ᠠᠴᠠ ᠨᠢᠭᠡᠨᠳᠡ ᠰᠢᠯᠵᠢᠵᠦ ᠬᠡᠪ ᠴᠢᠨᠠᠷ ᠤᠨ ᠰᠤᠷᠭᠠᠨ ᠬᠦᠮᠦᠵᠢᠯ ᠤᠨ ᠱᠠᠳᠤᠨ ᠳᠤ | ᠤᠷᠤᠵᠦ᠂ ᠵᠦᠪᠬᠡᠨ ᠮᠡᠳᠡᠯᠭᠡ ᠤᠯᠠᠮᠵᠢᠯᠠᠬᠤ ᠶᠢ ᠴᠢᠬᠤᠯᠠᠴᠢᠯᠠᠵᠦ ᠪᠠᠶᠢᠭᠰᠠᠨ ᠠᠴᠠ ᠪᠠᠨ ᠰᠤᠷᠤᠭᠴᠢᠳ ᠤᠨ ᠡᠯ᠎ᠡ ᠲᠠᠯ᠎ᠠ | ᠶᠢᠨ ᠴᠢᠳᠠᠪᠦᠷᠢ ᠶᠢ ᠬᠦᠮᠦᠵᠢᠬᠦᠯᠬᠦ ᠲᠡᠶᠢᠰᠢ ᠬᠠᠨᠳᠤᠵᠠᠢ᠃ ᠤᠯᠠᠮᠵᠢᠯᠠᠯᠳᠤ ᠰᠤᠷᠭᠠᠨ ᠬᠦᠮᠦᠵᠢᠯ ᠳᠤ ᠪᠠᠭᠰᠢ ᠶᠢᠨ ᠪᠠᠶᠢᠷᠢ | ᠰᠠᠭᠤᠷᠢ ᠶᠢ ᠬᠠᠷᠢᠴᠠᠯᠠᠰᠢᠬᠦᠢ ᠶᠡᠬᠡᠰᠬᠡᠨ᠂ ᠪᠠᠭᠰᠢ ᠨᠢ ᠤᠳᠤᠷᠢᠳᠤᠭᠴᠢ᠂ ᠵᠠᠬᠢᠷᠤᠭᠴᠢ ᠶᠢᠨ ᠪᠠᠶᠢᠷᠢᠨ ᠳᠤ ᠪᠠᠶᠢᠵᠦ᠂ | ᠰᠤᠷᠤᠭᠴᠢᠳ ᠶᠡᠷᠦᠨᠢ ᠲᠡᠳ᠋ᠯᠡᠬᠦ ᠪᠠᠶᠢᠷᠢᠨ ᠳᠤ ᠤᠷᠤᠰᠢᠳᠠᠭ᠃ ᠰᠢᠯᠠᠭᠠᠯᠳᠠ ᠶᠢ ᠠᠷᠭᠠᠴᠠᠬᠤ ᠰᠤᠷᠭᠠᠨ ᠬᠦᠮᠦᠵᠢᠯ ᠤᠨ | ᠨᠦᠯᠦᠭᠡᠨ ᠲᠤᠤᠷ᠎ᠠ ᠰᠤᠷᠤᠭᠴᠢᠳ ᠵᠦᠪᠬᠡᠨ ︽ᠪᠢᠴᠢᠭ ᠰᠤᠷᠬᠤ ᠮᠠᠰᠢᠨ︾ ᠲᠡᠳᠦᠢ ᠪᠤᠯᠳᠠᠭ᠃ ᠡᠨᠡ ᠪᠤᠯ ᠦᠩᠭᠡᠷᠡᠭᠰᠡᠨ | ᠤ ᠰᠤᠷᠭᠠᠨ ᠬᠦᠮᠦᠵᠢᠯ ᠤᠨ ᠨᠢᠭᠡ ᠶᠡᠭᠡ ᠠᠯᠳᠠᠰᠢ ᠶᠤᠮ᠃ ᠤᠤᠯ ᠤᠨ ᠵᠦᠪᠯᠡᠯᠳᠦ ᠶᠢᠨ ᠰᠤᠷᠭᠠᠨ ᠬᠦᠮᠦᠵᠢᠯᠳᠡᠨ | ᠰᠤᠬᠤᠮᠯᠢᠨᠰᠺᠢ᠄ ︽ᠰᠤᠷᠭᠠᠨ ᠬᠦᠮᠦᠵᠢᠬᠦᠯᠬᠦ ᠮᠡᠷᠭᠡᠵᠢᠯ ᠪᠤᠯ ᠪᠠᠭᠰᠢ ᠰᠤᠷᠤᠭᠴᠢ ᠶᠢᠨ ᠤᠶᠤᠨ ᠰᠡᠳᠬᠢᠯᠭᠡ ᠶᠢᠨ | ᠬᠠᠷᠢᠯᠴᠠᠭᠠᠨ ᠤ ᠨᠠᠶᠢᠷᠠᠮᠳᠠᠭᠤ ᠤᠷᠴᠢᠨ ᠠᠬᠤᠢ ᠶᠢ ᠪᠤᠢ ᠪᠤᠯᠭᠠᠬᠤ ᠶᠠᠪᠤᠳᠠᠯ ᠪᠤᠯᠤᠨ᠎ᠠ︾ ᠭᠡᠵᠦ ᠬᠡᠯᠡᠭᠰᠡᠨ ᠶᠤᠮ᠃ ᠪᠠᠭᠰᠢ | ᠠᠴᠠ ᠰᠤᠷᠤᠭᠴᠢᠳ ᠤᠨ ᠲᠤᠳᠤᠭᠠᠳᠤ ᠶᠢᠷᠳᠢᠨᠴᠦ ᠶᠢᠨ ᠴᠤᠩᠬᠤ ᠶᠢ ᠦᠨᠡᠨᠬᠦ ᠨᠡᠭᠡᠭᠡᠵᠦ᠂ ᠰᠤᠷᠤᠭᠴᠢᠳ ᠤᠨ ᠢᠳᠡᠭᠡᠯ | ᠪᠢᠰᠢᠷᠡᠯ ᠪᠠ ᠬᠦᠨᠳᠦᠳᠭᠡᠯ ᠢ ᠤᠯᠤᠮᠠᠨᠵᠢᠨ ᠰᠠᠶ᠋ᠢ ᠪᠠᠭᠰᠢ ᠰᠤᠷᠤᠭᠴᠢ ᠶᠢᠨ ᠬᠠᠷᠢᠴᠠᠭᠠᠨ ᠤ ᠪᠠᠳᠤ ᠰᠠᠭᠤᠷᠢ ᠶᠢ ᠲᠠᠯᠪᠢᠵᠦ | ᠴᠢᠳᠠᠳᠠᠭ᠃ ᠰᠢᠨ᠎ᠡ ᠬᠢᠴᠢᠶᠡᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠨᠢ ᠰᠤᠷᠤᠭᠴᠢᠳ ᠢᠶᠠᠷ ᠭᠤᠤᠯ ᠴᠤᠭᠴᠠ ᠪᠤᠯᠭᠠᠵᠦ | ᠪᠠᠭᠰᠢ ᠭᠤᠤᠯᠳᠠᠭᠤ ᠵᠢᠯᠤᠭᠤᠳᠬᠤ ᠦᠢᠯᠡᠳᠦᠯ ᠦᠵᠡᠭᠦᠯᠳᠡᠭ᠂ ᠲᠡᠭᠦᠨ ᠤ ᠭᠤᠤᠯ ᠬᠠᠷᠠᠯᠳᠠ ᠶᠢ ︽ᠠᠩ ᠤᠨ ᠮᠢᠬ᠎ᠠ | ᠦᠭᠬᠦ ᠪᠠᠷ ᠠᠪᠠ ᠶᠢᠨ ᠠᠷᠭ᠎ᠠ ᠵᠢᠭᠠᠨ᠎ᠠ︾ ᠭᠡᠳᠡᠭ ᠵᠦᠢᠷ ᠰᠡᠴᠡᠨ ᠦᠬᠡ ᠪᠠᠷ ᠬᠤᠷᠢᠶᠠᠩᠭᠤᠶᠢᠯᠠᠵᠦ ᠪᠤᠯᠤᠨ᠎ᠠ᠃ ᠲᠠᠷᠤᠢ | ᠰᠤᠷᠤᠭᠴᠢᠳ ᠲᠤ ᠮᠡᠳᠡᠯᠭᠡ ᠤᠯᠠᠮᠵᠢᠯᠠᠬᠤ ᠳᠤ ᠮᠡᠳᠡᠯᠭᠡ ᠰᠤᠷᠬᠤ ᠠᠷᠭ᠎ᠠ ᠶᠢ ᠨᠢ ᠵᠢᠭᠠᠨ᠎ᠠ᠃ | ᠨᠢᠭᠡ᠂ ᠰᠢᠨ᠎ᠡ ᠬᠢᠴᠢᠶᠡᠯ ᠤᠨ ᠦᠭᠡᠷᠡᠴᠢᠯᠡᠯᠳᠡ ᠶᠢᠨ ᠭᠤᠤᠯ ᠡᠬᠦᠷᠭᠡ ᠨᠢ ᠰᠤᠷᠤᠭᠴᠢᠳ ᠢ ᠰᠤᠷᠭᠠᠭᠤᠯᠢ ᠳᠤ | ᠪᠠᠶᠢᠬᠤ ᠬᠤᠭᠤᠴᠠᠭᠠᠨ ᠳᠤ ᠵᠤᠬᠢᠬᠤ ᠬᠡᠮᠵᠢᠶᠡᠨ ᠤ ᠮᠡᠳᠡᠯᠭᠡ ᠶᠢᠨ ᠪᠦᠳᠦᠴᠡ᠂ ᠤᠶᠤᠨ ᠤ ᠴᠢᠳᠠᠪᠤᠷᠢ ᠶᠢᠨ ᠪᠦᠳᠦᠴᠡ | ᠲᠠᠢ ᠪᠤᠯᠭᠠᠬᠤ ᠪᠠᠷ ᠪᠠᠷᠠᠬᠤ ᠦᠬᠡᠢ᠂ ᠬᠤᠶᠢᠰᠢᠳᠡ ᠦᠷᠭᠦᠯᠵᠢᠯᠡᠨ ᠰᠤᠷᠤᠯᠴᠠᠵᠦ ᠴᠢᠳᠠᠬᠤ᠂ ᠦᠪᠡᠷᠳᠡᠭᠡᠨ ᠰᠤᠷᠬᠤ | ᠴᠢᠳᠠᠪᠦᠷᠢ ᠲᠠᠢ ᠪᠤᠯᠭᠠᠨ ᠬᠦᠮᠦᠵᠢᠬᠦᠯᠦᠨ᠎ᠡ᠃ ᠪᠠᠭᠰᠢ ᠨᠠᠷ ᠵᠢᠭᠠᠨ ᠰᠤᠷᠭᠠᠬᠤ ᠭᠤᠤᠯ ᠬᠦᠴᠦ ᠪᠠᠨ ᠬᠢᠴᠢᠶᠡᠯ ᠲᠦᠰᠦᠪᠯᠡᠬᠦ | ᠳᠤ ᠲᠠᠯᠪᠢᠵᠦ ᠬᠢᠴᠢᠶᠡᠯ ᠤᠨ ᠭᠤᠷᠮᠤᠰᠤᠨ ᠬᠠᠷᠠᠯᠳᠠ ᠪᠠᠨ ᠲᠤᠭᠳᠠᠭᠠᠵᠦ᠂ ᠭᠤᠤᠯᠳᠠᠯᠭ᠎ᠠ ᠬᠦᠴᠢᠷᠳᠡᠯᠭᠡ ᠪᠠᠨ | ᠲᠤᠳᠤᠷᠬᠠᠶᠢᠯᠠᠭᠰᠠᠨ ᠤᠷᠢᠳᠠᠯ ᠲᠤᠤᠷ᠎ᠠ᠂ ᠰᠤᠷᠤᠯᠴᠠᠬᠤ ᠠᠭᠤᠯᠭ᠎ᠠ ᠪᠠᠨ ᠬᠡᠷᠬᠢᠨ ᠵᠤᠬᠢᠰᠳᠠᠢ ᠡᠰᠭᠡᠨ ᠪᠠᠶᠢᠷᠢᠰᠢᠭᠤᠯᠵᠦ᠂ | ᠰᠤᠷᠤᠭᠴᠢ ᠶᠢᠨ ᠬᠦᠯᠢᠶᠡᠨ ᠠᠪᠬᠤ ᠬᠢᠷᠢ ᠬᠡᠮᠵᠢᠶᠡᠨ ᠳᠤ ᠨᠡᠶᠢᠴᠡᠭᠰᠡᠨ᠂ ᠪᠡᠶᠡᠯᠡᠬᠦᠯᠵᠦ ᠴᠢᠳᠠᠬᠤ ᠠᠵᠢᠯᠯᠠᠭᠠᠨ ᠪᠤᠯᠭᠠᠨ | ᠬᠤᠪᠢᠷᠠᠭᠤᠯᠬᠤ ᠳᠤ ᠲᠠᠷᠢᠬᠢ ᠰᠢᠪᠬᠠᠪᠠᠯ ᠵᠦᠢᠳᠠᠢ︕ ᠤᠨᠴᠠᠭᠠᠶᠢᠯᠠᠨ ᠰᠤᠷᠤᠭᠴᠢᠳ ᠢ ᠰᠤᠷᠤᠯᠴᠠᠬᠤ ᠶᠠᠪᠤᠴᠠ ᠳᠤ | ᠬᠠᠷᠢᠯᠴᠠᠨ ᠬᠠᠪᠰᠤᠷᠤᠯᠴᠠᠵᠦ ᠬᠠᠷᠢᠯᠴᠠᠨ ᠵᠤᠷᠢᠭᠵᠢᠭᠤᠯᠬᠤ ᠪᠠᠷ ᠲᠠᠮᠵᠢᠨ᠂ ᠲᠡᠳᠡᠨ ᠤ ᠦᠭᠡᠳᠡᠯᠡᠨ ᠲᠠᠪᠰᠢᠬᠤ ᠬᠦᠰᠡᠯ᠂ | ᠠᠮᠵᠢᠯᠳᠠ ᠤᠯᠬᠤ ᠤᠮᠤᠭᠰᠢᠯ᠂ ᠬᠤᠪᠢ ᠨᠡᠮᠡᠷᠢ᠂ ᠦᠨ᠎ᠡ ᠦᠷᠳᠡᠭ ᠢᠶᠠᠨ ᠲᠠᠨᠢᠵᠦ ᠢᠯᠡᠷᠡᠭᠦᠯᠬᠦ᠂ ᠰᠠᠶᠢᠨ ᠰᠠᠶᠢᠬᠠᠨ | ᠬᠦᠰᠡᠯ ᠡᠷᠡᠮᠡᠯᠵᠡᠯ᠂ ᠦᠵᠡᠯᠳᠡ ᠲᠠᠨᠢᠯᠳᠠ ᠲᠠᠢ ᠪᠤᠯᠭᠠᠨ ᠬᠠᠮᠳᠤ ᠨᠡᠶᠢᠳᠡᠴᠢ ᠤᠬᠠᠮᠰᠠᠷ᠂ ᠦᠪᠡᠷ ᠤᠨ ᠦᠷᠳᠡᠭ ᠤᠨ | ᠦᠵᠡᠯᠳᠡ ᠪᠠᠨ ᠲᠡᠭᠡᠭᠰᠢᠯᠡᠭᠦᠯᠬᠦ ᠳᠤ ᠨᠢ ᠨᠡᠩ ᠬᠦᠴᠦ ᠲᠠᠯᠪᠢᠬᠤ ᠬᠡᠷᠡᠭᠳᠠᠢ᠃ | ᠬᠤᠶᠠᠷ᠂ ᠰᠢᠨ᠎ᠡ ᠬᠢᠴᠢᠶᠡᠯ ᠤᠨ ᠦᠬᠡᠷᠡᠴᠢᠯᠡᠯᠳᠡ ᠶᠢᠨ ᠱᠠᠭᠠᠷᠳᠠᠯᠭ᠎ᠠ ᠪᠠᠷ ᠦᠷ᠎ᠡ ᠠᠰᠢᠭᠳᠤ ᠬᠦᠳᠡᠯᠭᠡᠭᠡᠨ ᠢ | ᠵᠤᠬᠢᠶᠠᠨ ᠪᠠᠶᠢᠭᠤᠯᠬᠤ᠃ ᠰᠢᠨ᠎ᠡ ᠬᠢᠴᠢᠶᠡᠯ ᠤᠨ ᠦᠬᠡᠷᠡᠴᠢᠯᠡᠯᠳᠡ ᠨᠢ ᠦᠩᠭᠡᠷᠡᠭᠰᠡᠨ ᠤ ᠲᠡᠷᠡᠬᠦ ᠲᠠᠭᠤ ᠴᠢᠮᠡᠭᠡ ᠦᠬᠡᠢ᠂ | ᠴᠢᠩᠭ᠎ᠠ ᠲᠦᠪᠯᠡᠭᠦᠨ ᠠᠭᠤᠷ ᠠᠮᠢᠰᠬᠤᠯ ᠤᠨ ᠲᠤᠤᠷ᠎ᠠ ᠪᠠᠭᠰᠢ ᠶᠢᠨ ᠲᠠᠰᠤᠷᠠᠯ ᠦᠬᠡᠢ ᠨᠤᠷᠰᠢᠬᠤ ᠶᠢ ᠠᠩᠬᠠᠷᠤᠨ | ᠰᠤᠨᠤᠰᠴᠦ ᠪᠠᠶᠢᠭᠰᠠᠨ ᠠᠴᠠ ᠪᠠᠨ ᠨᠢᠭᠡᠨᠳᠡ ᠬᠦᠷ ᠬᠦᠭᠵᠢᠶᠡᠨ ᠲᠠᠢ ᠠᠭᠤᠷ ᠠᠮᠢᠰᠬᠤᠯ ᠢᠶᠠᠷ ᠪᠢᠯᠬᠠᠭᠰᠠᠨ ᠬᠢᠴᠢᠶᠡᠯ ᠤᠨ | ᠲᠠᠩᠬᠢᠮ ᠳᠤ ᠪᠠᠭᠰᠢ ᠨᠢ ᠴᠦᠬᠡᠨ ᠶᠠᠷᠢᠵᠦ᠂ ᠰᠤᠷᠤᠭᠴᠢ ᠨᠢ ᠬᠦᠳᠡᠯᠭᠡᠭᠡᠨ ᠬᠢᠳᠡᠯ ᠲᠠᠢ᠂ ᠤᠯᠠᠨ ᠶᠠᠷᠢᠵᠦ᠂ ᠠᠷᠪᠢᠨ ᠢ | ᠲᠤᠷᠰᠢᠬᠤ ᠶᠢ ᠴᠢᠬᠤᠯᠠᠴᠢᠯᠠᠬᠤ ᠪᠤᠯᠵᠠᠢ᠃ ᠭᠡᠪᠡᠴᠦ ᠡᠨᠡᠬᠦ ᠰᠤᠷᠬᠤ ᠬᠦᠳᠡᠯᠭᠡᠭᠡᠨ ᠨᠢ ᠨᠢᠭᠡᠮᠦᠰᠦᠨ ᠬᠡᠳᠦ ᠴᠢᠮᠡᠭᠯᠡᠵᠦ | ᠶᠠᠩᠵᠦ ᠭᠠᠷᠭᠠᠭᠰᠠᠨ ᠬᠡᠢ ᠬᠠᠭᠤᠷᠮᠠᠭ ᠬᠦᠳᠡᠯᠭᠡᠭᠡᠨ ᠪᠢᠰᠢ᠂ ᠬᠠᠷᠢᠨ ᠬᠠᠪᠰᠤᠷᠤᠯᠴᠠᠬᠤ ᠴᠢᠬᠤᠯᠠ ᠲᠠᠢ ᠪᠤᠯ | ᠬᠠᠮᠵᠢᠯᠴᠠᠭᠤᠯᠵᠦ᠂ ᠬᠡᠯᠪᠡᠷᠢ ᠶᠢ ᠭᠠᠭᠴᠠ ᠬᠦᠭᠡᠭᠡᠴᠡᠯᠳᠦᠬᠦ ᠶᠠᠪᠤᠳᠠᠯ ᠪᠢᠰᠢ᠃ ︽ᠦᠩᠭᠡᠨ ᠲᠡᠭᠡᠷ᠎ᠡ ᠪᠠᠨ ᠬᠦᠭᠵᠢᠶᠡᠨ | ᠲᠠᠢ ᠶᠢ ᠦᠨᠡᠨ ᠬᠦ ᠰᠤᠷᠤᠯᠴᠠᠵᠠᠢ ᠭᠡᠵᠦ ᠪᠤᠤ ᠢᠳᠡᠭᠡ᠂ ᠠᠯᠠᠭ᠎ᠠ ᠤᠯᠠᠨ ᠲᠠᠰᠢᠵᠦ ᠯᠠ ᠪᠠᠶᠢᠪᠠᠯ ᠶᠡᠭᠡ ᠬᠦᠷᠢᠶᠡᠯᠡᠵᠦ | ᠪᠠᠶᠢᠨ᠎ᠠ ᠭᠡᠵᠦ ᠪᠤᠤ ᠢᠳᠡᠭᠡ᠂ ᠴᠢᠮᠡᠭᠡ ᠦᠬᠡᠢ ᠰᠠᠭᠤᠭᠠᠳ ᠪᠤᠳᠤᠯᠬᠢᠯᠠᠬᠤ ᠶᠢ ᠴᠢᠬᠤᠯᠠ ᠦᠬᠡᠢ ᠬᠡᠮᠡᠨ ᠪᠤᠤ ᠰᠠᠨᠠ︾ | ᠭᠡᠵᠦ ᠵᠠᠷᠢᠮ ᠰᠤᠷᠭᠠᠨ ᠬᠦᠮᠦᠵᠢᠯᠳᠡᠨ ᠶᠠᠷᠢᠵᠦ ᠦᠩᠭᠡᠷᠡᠭᠰᠡᠨ ᠪᠠᠶᠢᠨ᠎ᠠ᠃ ᠡᠶᠢᠮᠦ ᠠᠴᠠ᠂ ᠡᠨᠡᠬᠦ ᠰᠤᠷᠬᠤ ᠬᠦᠳᠡᠯᠭᠡᠭᠡᠨ ᠨᠢ | ᠰᠤᠷᠤᠭᠴᠢ ᠶᠢᠨ ᠪᠤᠳᠠᠳᠠᠢ ᠲᠠᠢ ᠬᠠᠮᠤᠭ ᠲᠤᠬᠢᠷᠠᠯᠴᠠᠭᠰᠠᠨ ᠬᠡᠯᠪᠡᠷᠢ ᠶᠢ ᠰᠤᠩᠭᠤᠵᠦ᠂ ᠬᠠᠮᠤᠭ ᠰᠠᠶᠢᠨ ᠦᠷ᠎ᠡ ᠪᠦᠳᠦᠮᠵᠢ | ᠶᠢ ᠲᠡᠮᠡᠴᠡᠨ ᠤᠯᠬᠤ ᠪᠠᠷ ᠴᠢᠷᠮᠠᠶᠢᠭᠰᠠᠨ ᠪᠠᠶᠢᠬᠤ ᠬᠡᠷᠡᠭᠳᠠᠢ᠃ ᠡᠬᠦᠨ ᠳᠤ ᠪᠠᠭᠰᠢ ᠠᠴᠠ ᠬᠦᠳᠦᠯᠦᠨ ᠵᠢᠯᠤᠭᠤᠳᠬᠤ | ᠦᠢᠯᠡᠳᠦᠯ ᠢᠶᠠᠨ ᠬᠦᠢᠴᠡᠳ ᠪᠠᠳᠠᠷᠠᠭᠤᠯᠵᠦ᠂ ᠪᠠᠶᠠᠷ ᠬᠦᠷ ᠲᠠᠢ ᠪᠠᠷ ᠰᠤᠷᠤᠯᠴᠠᠭᠤᠯᠬᠤ ᠪᠤᠯ ᠬᠢᠴᠢᠶᠡᠯ ᠤᠨ ᠦᠷ᠎ᠡ ᠠᠰᠢᠭ | ᠢ ᠲᠡᠭᠡᠭᠰᠢᠯᠡᠬᠦᠯᠬᠦ ᠶᠢᠨ ᠵᠠᠩᠭᠢᠯᠠᠭ᠎ᠠ ᠪᠤᠯᠤᠨ᠎ᠠ᠃ ᠰᠢᠨ᠎ᠡ ᠬᠢᠴᠢᠶᠡᠯ ᠤᠨ ᠪᠠᠷᠢᠮᠵᠢᠶ᠎ᠠ ᠳᠤ ᠬᠢᠴᠢᠶᠡᠯ ᠤᠨ ᠲᠠᠩᠬᠢᠮ ᠢ ᠬᠦᠷ | ᠬᠦᠭᠵᠢᠶᠡᠨ ᠲᠠᠢ᠂ ᠰᠤᠷᠤᠭᠴᠢᠳ ᠢ ᠪᠠᠶᠠᠷ ᠪᠠᠶᠠᠰᠤᠯ ᠲᠠᠢ ᠲᠠᠷᠤᠭᠠᠰᠤ ᠦᠬᠡᠢ ᠰᠤᠷᠤᠯᠴᠠᠭᠤᠯᠤᠨ᠂ ᠰᠤᠷᠤᠯᠴᠠᠯᠭ᠎ᠠ ᠶᠢᠨ | ᠵᠢᠩᠬᠢᠨᠢ ᠬᠠᠪᠤ ᠴᠡᠩᠬᠡᠯ ᠢ ᠰᠤᠷᠤᠭᠴᠢ ᠪᠤᠯᠭᠠᠨ ᠳᠤ ᠬᠦᠷᠳᠡᠭᠡᠬᠦ ᠬᠡᠷᠡᠭᠳᠠᠢ ᠭᠡᠵᠦ ᠴᠢᠬᠤᠯᠠᠴᠢᠯᠠᠭᠰᠠᠨ ᠪᠠᠶᠢᠳᠠᠭ᠃ | ᠭᠤᠷᠪᠠ᠂ ᠰᠢᠨ᠎ᠡ ᠬᠢᠴᠢᠶᠡᠯ ᠤᠨ ᠦᠬᠡᠷᠡᠴᠢᠯᠡᠯᠳᠡ ᠨᠢ ᠪᠦᠬᠦ ᠰᠤᠷᠤᠭᠴᠢᠳ ᠲᠤ ᠬᠠᠨᠳᠤᠭᠰᠠᠨ ᠪᠠᠶᠢᠬᠤ ᠬᠡᠷᠡᠭᠳᠠᠢ᠃ | ᠡᠨᠡ ᠨᠢ ᠬᠡᠯᠡᠬᠦ ᠳᠤ ᠠᠮᠠᠷ ᠪᠤᠯᠪᠠᠴᠦ ᠬᠢᠬᠦ ᠳᠤ ᠬᠦᠴᠢᠷ ᠪᠠᠶᠢᠳᠠᠭ᠃ ᠡᠶᠢᠮᠦ ᠠᠴᠠ᠂ ᠶᠠᠭᠤᠨ ᠤ ᠤᠷᠢᠳ ᠪᠠᠭᠰᠢ | ᠪᠤᠯᠤᠭᠰᠠᠳ ᠰᠤᠷᠤᠭᠴᠢᠳ ᠢᠶᠠᠨ ᠨᠠᠷᠢᠯᠢᠭ ᠰᠠᠶᠢᠨ ᠦᠢᠯᠠᠭᠠᠭᠰᠠᠨ ᠰᠠᠭᠤᠷᠢᠨ ᠲᠡᠭᠡᠷ᠎ᠡ᠄ ︵1︶ ᠰᠤᠷᠤᠭᠴᠢ ᠪᠦᠬᠦᠨ ᠢ | ᠬᠠᠷᠠᠭᠠᠯᠵᠠᠨ᠎ᠠ︔ ︵2︶ ᠰᠤᠷᠤᠭᠴᠢ ᠶᠢᠨ ᠤᠷᠮ᠎ᠠ ᠪᠠ ᠰᠡᠳᠬᠢᠯᠭᠡ ᠶᠢ ᠬᠠᠷᠠᠭᠠᠯᠵᠠᠨ᠎ᠠ︔ ︵3︶ ᠰᠤᠷᠤᠭᠴᠢ ᠶᠢᠨ | ᠴᠢᠳᠠᠪᠦᠷᠢ ᠶᠢᠨ ᠯᠤᠳᠤ ᠶᠡᠭᠡ ᠲᠠᠯᠳᠠ ᠬᠦᠴᠦᠨ ᠢ ᠲᠠᠳᠠᠨ ᠭᠠᠷᠭᠠᠨ᠎ᠠ᠃ ᠡᠨᠡ ᠨᠢ ᠪᠠᠭᠰᠢ ᠶᠢᠨ ᠲᠤᠰ ᠪᠡᠶ᠎ᠡ ᠶᠢᠨ ᠬᠡᠪ | ᠪᠤᠯᠪᠠᠰᠤᠷᠠᠯ ᠲᠠᠢ ᠰᠢᠭᠤᠳ ᠬᠤᠯᠪᠤᠭᠳᠠᠬᠤ ᠲᠤᠯᠠ ᠵᠢᠭᠠᠨ ᠰᠤᠷᠭᠠᠬᠤ ᠶᠠᠪᠤᠴᠠ ᠳᠤ ᠪᠠᠨ ᠤᠯᠠᠨ ᠲᠠᠯᠠᠳᠤ᠂ ᠬᠠᠮᠤᠭ ᠤᠨ | ᠨᠠᠷᠢᠯᠢᠭ ᠪᠤᠳᠠᠳᠤ ᠠᠵᠢᠯᠯᠠᠭᠠᠨ ᠢ ᠰᠠᠨᠠᠭᠠᠴᠢᠯᠠᠭ᠎ᠠ ᠲᠠᠢ ᠦᠷᠨᠢᠬᠦᠯᠵᠦ᠂ ᠪᠠᠭᠰᠢ ᠪᠠ ᠰᠤᠷᠤᠭᠴᠢ ᠶᠢᠨ ᠬᠠᠷᠢᠴᠠᠭ᠎ᠠ ᠶᠢ ᠰᠢᠨ᠎ᠡ | ᠮᠠᠶ᠋ᠢᠭ ᠤᠨ ᠬᠡᠪ ᠪᠤᠯᠪᠠᠰᠤᠷᠠᠯ ᠲᠠᠢ ᠠᠭᠤᠷ ᠠᠮᠢᠰᠬᠤᠯᠳᠤ ᠤᠷᠴᠢᠨ ᠲᠤᠭᠤᠷᠢᠨ ᠪᠤᠯᠭᠠᠨ ᠦᠬᠡᠷᠡᠴᠢᠯᠡᠵᠦ᠂ ᠰᠤᠷᠤᠭᠴᠢᠳ | ᠪᠤᠯ ︽ᠬᠦᠭᠵᠢᠯᠳᠡ ᠳᠠᠬᠢ ᠬᠦᠮᠦᠨ᠂ ᠤᠨᠴᠠᠭᠠᠢ ᠬᠦᠮᠦᠨ᠂ ᠪᠡᠶ᠎ᠡ ᠪᠠᠨ ᠲᠠᠭᠠᠭᠠᠭᠰᠠᠨ ᠤᠳᠬ᠎ᠠ ᠠᠭᠤᠯᠭ᠎ᠠ ᠲᠠᠢ ᠬᠦᠮᠦᠨ︾ | ᠭᠡᠳᠡᠭ ᠢ ᠵᠦᠪ ᠲᠠᠨᠢᠬᠤ ᠨᠢ ᠲᠦᠢᠯ ᠤᠨ ᠴᠢᠬᠤᠯᠠ ᠶᠤᠮ ᠂ ᠰᠤᠷᠤᠭᠴᠢ ᠪᠦᠬᠦᠨ ᠤ ᠲᠠᠪᠠᠭᠤᠯᠢᠭ ᠲᠠᠯ᠎ᠠ᠂ ᠨᠢᠭᠤᠭᠳᠠᠮᠠᠯ | ᠬᠦᠴᠦᠨ ᠢ ᠲᠠᠶᠢᠴᠢᠯᠠᠬᠤ ᠮᠦᠷᠳᠡᠭᠡᠨ ᠦᠪᠡᠷᠮᠢᠴᠡ ᠴᠢᠨᠠᠷ ᠢ ᠪᠠᠳᠠᠷᠠᠭᠤᠯᠬᠤ ᠬᠡᠷᠡᠭᠳᠠᠢ᠃ ᠢᠩᠬᠢᠪᠡᠯ ᠰᠠᠶ᠋ᠢ ᠤᠳᠤᠬᠠᠨ ᠤ | ᠬᠢᠴᠢᠶᠡᠯ ᠤᠨ ᠦᠬᠡᠷᠡᠴᠢᠯᠡᠯᠳᠡ ᠶᠢᠨ ᠪᠦᠬᠦᠯᠢ ᠴᠤᠭᠴᠠᠳᠤ ᠴᠢᠨᠠᠷ ᠢ ᠠᠳᠬᠤᠵᠦ᠂ ᠬᠡᠪ ᠴᠢᠨᠠᠷ ᠤᠨ ᠰᠤᠷᠭᠠᠨ ᠬᠦᠮᠦᠵᠢᠯ | ᠤᠨ ᠵᠤᠷᠢᠯᠭ᠎ᠠ ᠳᠤ ᠬᠦᠷᠴᠦ ᠲᠡᠶᠢᠯᠦᠨ᠎ᠡ᠂ ᠤᠳᠤᠬᠢ ᠨᠡᠶᠢᠬᠡᠮ ᠤᠨ ᠬᠡᠷᠡᠭᠴᠡᠭᠡ ᠪᠦᠬᠦᠨ ᠳᠤ ᠲᠤᠬᠢᠷᠠᠭᠰᠠᠨ ᠴᠢᠳᠠᠪᠦᠷᠢᠳᠠᠨ | ᠢ ᠬᠦᠮᠦᠵᠢᠬᠦᠯᠬᠦ ᠳᠤ ᠦᠨᠡᠨᠬᠦ ᠦᠢᠯᠡᠴᠢᠯᠡᠵᠦ ᠴᠢᠳᠠᠨ᠎ᠠ᠃ ᠡᠶᠢᠮᠦ ᠠᠴᠠ ︽ᠰᠤᠷᠤᠭᠴᠢ ᠨᠢᠭᠡᠪᠦᠷᠢ ᠶᠢᠨ ᠬᠦᠭᠵᠢᠯᠳᠡ ᠶᠢᠨ | ᠲᠦᠯᠦᠭᠡ︾ ᠭᠡᠳᠡᠭ ᠪᠤᠯ ᠰᠢᠨ᠎ᠡ ᠬᠢᠴᠢᠶᠡᠯ ᠤᠨ ᠭᠤᠤᠯ ᠴᠢᠮᠦᠭᠡ ᠮᠦᠨ᠃ | ᠲᠦᠷᠪᠡ᠂ ᠰᠤᠷᠤᠭᠴᠢ ᠪᠠᠨ ᠦᠢᠯᠡᠭᠠᠵᠦ᠂ ᠰᠤᠷᠤᠭᠴᠢ ᠪᠠᠨ ᠬᠠᠶᠢᠷᠠᠯᠠᠨ᠂ ᠲᠡᠳᠡᠨ ᠤ ᠦᠪᠡᠷ ᠢ ᠪᠠᠨ | ᠬᠦᠨᠳᠦᠳᠬᠡᠭᠦ ᠰᠡᠳᠬᠢᠯᠭᠡ ᠶᠢ ᠬᠦᠨᠳᠦᠳᠬᠡᠭᠦ ᠬᠡᠷᠡᠭᠳᠠᠢ᠃ ᠪᠠᠭᠰᠢ ᠰᠤᠷᠤᠭᠴᠢ ᠡᠷᠬᠡ ᠲᠡᠭᠰᠢ᠂ ᠠᠷᠠᠳᠴᠢᠯᠠᠯ ᠲᠠᠢ᠂ ᠡᠶ᠎ᠡ | ᠵᠤᠬᠢᠴᠠᠩᠭᠤᠢ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠢ ᠪᠤᠢ ᠪᠤᠯᠭᠠᠬᠤ ᠪᠤᠯ ᠬᠢᠴᠢᠶᠡᠯ ᠤᠨ ᠦᠷ᠎ᠡ ᠠᠰᠢᠭ ᠢ | ᠲᠡᠭᠡᠭᠰᠢᠯᠡᠬᠦᠯᠬᠦ ᠶᠢᠨ ᠰᠠᠭᠤᠷᠢ ᠶᠤᠮ᠃ ᠰᠢᠨ᠎ᠡ ᠬᠢᠴᠢᠶᠡᠯ ᠤᠨ ᠦᠬᠡᠷᠡᠴᠢᠯᠡᠯᠳᠡ ᠳᠤ ᠪᠠᠭᠰᠢ ᠰᠤᠷᠤᠭᠴᠢ ᠡᠷᠬᠡ ᠲᠡᠭᠰᠢ᠂ | ᠡᠶ᠎ᠡ ᠵᠤᠬᠢᠴᠠᠩᠭᠤᠢ ᠪᠠᠶᠢᠬᠤ ᠶᠢ ᠲᠤᠯᠭᠠᠮ᠎ᠠ ᠱᠠᠭᠠᠷᠳᠠᠵᠦ ᠪᠤᠢ᠃ ︽ᠬᠠᠶᠢᠷ᠎ᠠ ᠦᠬᠡᠢ ᠪᠤᠯ ᠰᠤᠷᠭᠠᠨ ᠬᠦᠮᠦᠵᠢᠯ ᠪᠠᠶᠢᠬᠤ | ᠦᠬᠡᠢ︾ ᠶᠤᠮ᠃ ᠰᠤᠷᠤᠭᠴᠢᠳ ᠢ ᠬᠠᠶᠢᠷᠠᠯᠠᠬᠤ ᠭᠡᠪᠡᠯ ᠵᠠᠪᠠᠯ ᠰᠤᠷᠤᠭᠴᠢᠳ ᠢ ᠬᠦᠨᠳᠦᠳᠬᠡᠨ᠂ ᠲᠡᠳᠡᠨ ᠢ ᠢᠳᠡᠭᠡᠵᠦ᠂ | ᠲᠡᠳᠡᠨ ᠢ ᠦᠢᠯᠠᠭᠠᠨ᠂ ᠢᠳᠡᠪᠬᠢᠳᠠᠢ ᠮᠦᠷᠳᠡᠭᠡᠨ ᠬᠦᠳᠡᠯᠦᠩᠭᠦᠢ ᠪᠠᠷ ᠲᠡᠳᠡᠨ ᠲᠠᠢ ᠦᠢᠷᠠᠳᠤᠨ᠂ ᠲᠡᠳᠡᠨ ᠤ ᠦᠨᠡᠨ | ᠰᠡᠳᠬᠢᠯ ᠤᠨ ᠨᠠᠶᠢᠵᠠ ᠪᠤᠯᠬᠤ ᠬᠡᠷᠡᠭᠳᠠᠢ᠃ | ᠲᠠᠪᠤ᠂ ᠰᠤᠷᠤᠭᠴᠢᠳ ᠤᠨ ᠪᠦᠳᠦᠭᠡᠯᠴᠢ ᠴᠢᠳᠠᠪᠦᠷᠢ᠂ ᠰᠢᠨ᠎ᠡ ᠶᠢ ᠡᠭᠦᠳᠬᠦ ᠴᠢᠳᠠᠪᠦᠷᠢ ᠶᠢ ᠬᠦᠮᠦᠵᠢᠬᠦᠯᠬᠦ ᠪᠤᠯ | ᠬᠢᠴᠢᠶᠡᠯ ᠤᠨ ᠦᠷ᠎ᠡ ᠠᠰᠢᠭ ᠢ ᠲᠡᠭᠡᠭᠰᠢᠯᠡᠬᠦᠯᠬᠦ ᠶᠢᠨ ᠵᠤᠷᠢᠯᠭ᠎ᠠ ᠮᠦᠨ᠃ ᠰᠤᠨᠢᠷᠬᠠᠯᠳᠠᠢ ᠠᠰᠠᠭᠤᠯᠳᠠ ᠪᠠᠷ ᠰᠤᠷᠤᠭᠴᠢᠳ | ᠤᠨ ᠤᠷᠮᠠᠰ ᠢ ᠲᠠᠶᠢᠴᠢᠯᠠᠵᠦ᠂ ᠰᠡᠳᠬᠢᠬᠦᠢ ᠶᠢ ᠬᠦᠭᠵᠢᠬᠦᠯᠦᠨ᠂ ᠬᠤᠯᠪᠤᠨ ᠪᠤᠳᠤᠯᠳᠠ ᠶᠢ ᠠᠬᠢᠭᠤᠯᠵᠦ᠂ ᠮᠡᠳᠡᠯᠭᠡ | ᠴᠢᠳᠠᠪᠦᠷᠢ ᠶᠢ ᠬᠦᠮᠦᠵᠢᠬᠦᠯᠬᠦ ᠵᠤᠷᠢᠯᠭ᠎ᠠ ᠳᠤ ᠪᠠᠨ ᠬᠦᠷᠬᠦ ᠶᠢ ᠰᠢᠨ᠎ᠡ ᠬᠢᠴᠢᠶᠡᠯ ᠤᠨ ᠪᠠᠷᠢᠮᠵᠢᠶ᠎ᠠ ᠳᠤ ᠴᠢᠬᠤᠯᠠᠴᠢᠯᠠᠵᠠᠢ᠃ | ᠵᠦᠪᠬᠡᠨ ᠪᠠᠭᠰᠢ ᠠᠴᠠ ᠠᠰᠠᠭᠤᠯᠳᠠ ᠲᠤᠷᠠᠳᠬᠤ ᠪᠢᠰᠢ᠂ ᠰᠤᠷᠤᠭᠴᠢᠳ ᠤᠨ ᠴᠢᠯᠦᠭᠡᠳᠠᠢ ᠠᠰᠠᠭᠤᠯᠳᠠ ᠲᠤᠷᠠᠳᠬᠤ ᠶᠢ | ᠵᠤᠷᠢᠭᠵᠢᠭᠤᠯᠬᠤ ᠪᠦᠭᠡᠳ ᠨᠡᠩ ᠴᠤ ᠲᠡᠳᠡᠨ ᠤ ᠠᠰᠠᠭᠤᠳᠠᠯ ᠰᠡᠢᠳᠪᠦᠷᠢᠯᠡᠬᠦ ᠶᠢ ᠬᠦᠬᠢᠬᠦᠯᠦᠨ᠎ᠡ᠃ ᠠᠮᠧᠷᠢᠺᠠ ᠶᠢᠨ | ᠰᠤᠷᠭᠠᠨ ᠬᠦᠮᠦᠵᠢᠯᠳᠡᠨ ᠪᠦᠯᠦᠺ ︽ᠵᠢᠭᠠᠨ ᠰᠤᠷᠭᠠᠬᠤ ᠬᠠᠮᠤᠭ ᠤᠨ ᠬᠦᠨ ᠨᠠᠷᠢᠨ ᠤᠷᠠᠯᠢᠭ ᠪᠤᠯ ᠰᠤᠷᠤᠭᠴᠢᠳ ᠢ ᠬᠤᠪᠢ | ᠪᠠᠷ ᠨᠢ ᠠᠰᠠᠭᠤᠯᠳᠠ ᠲᠤᠷᠠᠳᠤᠭᠤᠯᠤᠨᠠ︾ ᠭᠡᠵᠦ ᠬᠡᠯᠡᠭᠰᠡᠨ ᠶᠤᠮ᠃ ᠠᠰᠠᠭᠤᠳᠠᠯ ᠲᠤᠷᠠᠳᠬᠤ ᠨᠢ ᠠᠰᠠᠭᠤᠳᠠᠯ ᠢ ᠵᠠᠳᠠᠯᠵᠦ | ᠂ ᠠᠰᠠᠭᠤᠳᠠᠯ ᠢ ᠰᠡᠢᠳᠪᠦᠷᠢᠯᠡᠬᠦ ᠶᠢᠨ ᠤᠷᠢᠳᠠᠯ ᠪᠦᠭᠡᠳ ᠰᠠᠭᠤᠷᠢ ᠶᠤᠮ᠃ ᠠᠯᠳᠠᠷᠳᠤ ᠹᠢᠽᠢᠺ ᠤᠨ ᠤᠬᠠᠭᠠᠨᠳᠠᠨ ᠶᠠᠩ | ᠵᠧᠨ ᠨᠢᠩ ᠫᠷᠤᠹᠧᠰᠰᠤᠷ᠄ ︽ᠲᠤᠮᠳᠠᠳᠤ ᠤᠯᠤᠰ ᠤᠨ ᠰᠤᠷᠤᠭᠴᠢᠳ ᠤᠨ ᠰᠤᠷᠤᠯᠭ᠎ᠠ ᠶᠢᠨ ᠬᠢᠷᠢ ᠪᠦᠳᠦᠮᠵᠢ ᠨᠢ ᠨᠡᠶᠢᠳᠡᠮ | ᠳᠤ ᠪᠠᠨ ᠰᠠᠶᠢᠨ᠃ ᠭᠡᠪᠡᠴᠦ ᠲᠡᠳᠡᠨ ᠤ ᠬᠠᠮᠤᠭ ᠤᠨ ᠬᠦᠷᠦᠯᠴᠡᠬᠦ ᠦᠬᠡᠢ ᠲᠠᠯ᠎ᠠ ᠨᠢ ᠠᠰᠠᠭᠤᠯᠳᠠ ᠳᠤᠷᠠᠳᠬᠤ ᠳᠤ ᠪᠠᠨ | ᠴᠢᠳᠠᠮᠠᠭᠠᠢ ᠪᠤᠰᠤ᠂ ᠪᠦᠳᠦᠭᠡᠯᠴᠢ ᠵᠤᠷᠢᠭ ᠰᠠᠨᠠᠭ᠎ᠠ ᠲᠤᠳᠠᠮᠠᠭ︾ ᠭᠡᠵᠦ ᠶᠠᠷᠢᠭᠰᠠᠨ ᠪᠠᠶᠢᠳᠠᠭ᠃ ᠡᠶᠢᠮᠦ ᠠᠴᠠ᠂ | ᠰᠤᠷᠤᠭᠴᠢᠳ ᠤᠨ ︽ᠶᠠᠭᠠᠬᠢᠵᠦ ᠠᠰᠠᠭᠤᠬᠤ︾ ᠲᠡᠭᠡᠷ᠎ᠡ ᠬᠦᠴᠦ ᠪᠠᠨ ᠲᠠᠯᠪᠢᠵᠦ᠂ ︽ᠠᠰᠠᠭᠤᠯᠳᠠ ᠶᠢ ᠬᠡᠷᠬᠢᠨ ᠰᠡᠳᠬᠢᠬᠦ | ︾ ᠶᠢ ᠵᠢᠯᠤᠭᠤᠳᠤᠨ᠂ ᠰᠤᠷᠤᠭᠴᠢᠳ ᠤᠨ ᠪᠦᠳᠦᠭᠡᠯᠴᠢ ᠴᠢᠳᠠᠪᠦᠷᠢ ᠪᠠ ᠰᠢᠨ᠎ᠡ ᠶᠢ ᠡᠭᠦᠳᠬᠦ ᠴᠢᠳᠠᠪᠦᠷᠢ ᠶᠢ ᠴᠢᠷᠮᠠᠶᠢᠨ | ᠲᠡᠭᠡᠭᠰᠢᠯᠡᠬᠦᠯᠬᠦ ᠴᠢᠬᠤᠯᠠᠳᠠᠢ᠃ | ᠶᠡᠷᠦᠩᠬᠡᠶᠢᠯᠡᠪᠡᠯ᠂ ᠰᠢᠨ᠎ᠡ ᠬᠢᠴᠢᠶᠡᠯ ᠤᠨ ᠦᠬᠡᠷᠡᠴᠢᠯᠡᠯᠳᠡ ᠶᠢᠨ ᠶᠠᠪᠤᠴᠠ ᠳᠤ᠂ ᠪᠤᠯᠤᠯᠴᠠᠭ᠎ᠠ ᠪᠦᠬᠦᠢ ᠤᠯᠠᠨ | ᠵᠦᠢᠯ ᠤᠨ ᠬᠡᠯᠪᠡᠷᠢ ᠪᠠᠷ ᠲᠡᠳᠡᠨ ᠳᠤ ᠬᠦᠷᠳᠡᠪᠡᠰᠦ ᠵᠤᠬᠢᠬᠤ ᠮᠡᠳᠡᠯᠭᠡ ᠶᠢ ᠬᠦᠷᠳᠡᠭᠡᠬᠦ ᠮᠦᠷᠳᠡᠭᠡᠨ ᠲᠡᠳᠡᠨ ᠤ ᠪᠦᠳᠦᠬᠡᠯᠴᠢ | ᠴᠢᠳᠠᠪᠦᠷᠢ᠂ ᠨᠢᠭᠤᠭᠳᠠᠮᠠᠯ ᠬᠦᠴᠦᠨ ᠢ ᠬᠦᠢᠴᠡᠳ ᠨᠡᠭᠡᠭᠡᠬᠦ ᠬᠡᠷᠡᠭᠳᠠᠢ᠃ ᠡᠨᠡ ᠪᠤᠯ ᠰᠢᠨ᠎ᠡ ᠴᠠᠭ ᠦᠶ᠎ᠡ ᠶᠢᠨ ᠪᠠᠭᠰᠢ ᠨᠠᠷ | ᠤᠨ ᠲᠦᠯᠬᠢᠵᠦ ᠪᠤᠯᠤᠰᠢ ᠦᠬᠡᠢ ᠬᠠᠷᠢᠭᠤᠴᠠᠯᠭ᠎ᠠ ᠪᠤᠯᠤᠨ᠎ᠠ᠃ ᠪᠢᠳᠡ ᠵᠦᠪᠬᠡᠨ ᠰᠤᠷᠤᠭᠴᠢᠳ ᠤᠨ ᠭᠤᠷᠪᠠᠨ ᠵᠢᠯ ᠤᠨ | ᠰᠤᠷᠤᠯᠭ᠎ᠠ ᠳᠤ ᠬᠠᠷᠢᠭᠤᠴᠠᠬᠤ ᠪᠢᠰᠢ᠂ ᠬᠠᠷᠢᠨ ᠭᠤᠴᠢᠨ ᠵᠢᠯ ᠤᠨ ᠲᠠᠷᠠᠭᠠᠬᠢ ᠨᠡᠶᠢᠭᠡᠮ ᠨᠡᠶᠢᠳᠡ ᠳᠤ ᠶᠠᠮᠠᠷ ᠬᠤᠪᠢ ᠨᠡᠮᠡᠷᠢ | ᠲᠠᠢ ᠬᠦᠮᠦᠨ ᠢ ᠬᠦᠮᠦᠵᠢᠬᠦᠯᠬᠦ ᠪᠤᠯ ᠰᠠᠶ᠋ᠢ ᠮᠠᠨ ᠤ ᠵᠢᠩᠬᠢᠨᠢ ᠵᠤᠷᠢᠯᠭ᠎ᠠ ᠪᠠᠶᠢᠬᠤ ᠶᠤᠰᠤᠳᠠᠢ᠃ | |