| 2015 ᠤᠨ ᠤ 1 ᠰᠠᠷ᠎ᠠ ᠶᠢᠨ 22 ᠤ ᠡᠳᠦᠷ ᠤᠯᠠᠠᠭᠠᠨᠬᠠᠲᠠ ᠬᠤᠲᠠ ᠶᠢᠨ ᠬᠤᠩ ᠱᠠᠨ | ᠲᠤᠭᠤᠷᠢᠭ ᠤᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠳᠦᠷᠪᠡᠳᠦᠭᠡᠷ ᠬᠤᠷᠠᠯᠳᠤᠭᠠᠨ ᠳᠡᠭᠡᠷ᠎ᠡ | | ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠠᠷᠤᠭ᠎ᠠ ᠯᠢᠨ ᠵᠢᠩ ᠬᠤᠸᠠ | ᠲᠦᠯᠦᠭᠡᠯᠡᠭᠴᠢᠳ ᠡ᠄ | ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠵᠦ ᠶᠡᠭᠡ ᠬᠤᠷᠠᠯ ᠳᠤ | ᠠᠵᠢᠯ ᠤᠨ ᠮᠡᠳᠡᠭᠦᠯᠦᠯᠲᠡ ᠬᠢᠶ᠎ᠡ᠂ ᠬᠢᠨᠡᠨ ᠵᠦᠪᠯᠡᠬᠦ ᠪᠤᠯᠪᠠᠤ᠂ ᠲᠡᠭᠦᠨᠴᠢᠯᠡᠨ ᠲᠤᠭᠤᠷᠢᠭ ᠤᠨ ᠤᠯᠤᠰ ᠲᠦᠷᠦ ᠶᠢᠨ | ᠵᠦᠪᠯᠡᠯᠭᠡᠨ ᠤ ᠬᠡᠰᠢᠭᠦᠳ ᠪᠤᠯᠤᠨ ᠬᠤᠷᠠᠯ ᠳᠤ ᠰᠤᠯᠨ ᠤᠷᠤᠯᠴᠠᠭᠰᠡᠳ ᠰᠠᠨᠠᠯ ᠢᠶᠠᠨ ᠲᠤᠷᠠᠳᠤᠭᠠᠷᠠᠢ᠃ | ᠨᠢᠭᠡ᠂ 2014 ᠤᠨ ᠤ ᠠᠵᠢᠯ ᠤᠨ ᠡᠷᠬᠢᠴᠡᠭᠦᠯᠦᠯ | 2014 ᠤᠨ ᠳᠤ᠂ ᠬᠤᠷᠸ᠎ᠠ ᠠᠵᠤ ᠠᠬᠤᠢ ᠤᠷᠤᠭᠤᠳᠠᠬᠤ ᠳᠠᠷᠤᠯᠲᠠ ᠶᠡᠬᠡᠰᠴᠦ᠂ ᠬᠦᠴᠢᠷ | ᠪᠡᠷᠬᠡ ᠵᠦᠷᠢᠴᠡᠯ ᠮᠦᠷᠭᠦᠯᠳᠦᠭᠡᠨ ᠤᠯᠠᠰᠢᠷᠠᠭᠰᠠᠨ ᠪᠤᠳᠤᠯᠢᠶᠠᠨᠲᠠᠢ ᠪᠠᠶᠢᠳᠠᠯ ᠲᠤᠤᠷ᠎ᠠ᠂ ᠪᠢᠳᠠ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠳᠦᠷᠪᠡᠳᠦᠭᠡᠷ ᠪᠦᠭᠦᠳᠡ | ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠦᠪᠡᠷᠳᠡᠭᠡᠨ | ᠵᠠᠰᠠᠬᠤ ᠤᠷᠤᠨ ᠤ ︿︿8337﹀﹀ ᠭᠦᠭᠵᠢᠯᠲᠡ ᠶᠢᠨ ᠰᠡᠳᠬᠢᠮᠵᠢ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠦᠷᠢᠵᠢᠭᠤᠯᠵᠦ᠂ ᠲᠤᠭᠲᠠᠭᠤᠨ ᠳᠤᠮᠳᠠ ᠤᠷᠤᠭᠰᠢᠯᠠᠨ ᠳᠠᠪᠰᠢᠵᠦ᠂ ᠦᠭᠡᠷᠡᠴᠢᠯᠡᠯᠲᠡ ᠶᠢᠨ ᠰᠢᠨ᠎ᠡ ᠶᠢ | ᠡᠭᠦᠳᠦᠨ ᠂ ᠪᠦᠬᠦ ᠵᠢᠯ ᠤᠨ ᠡᠯ᠎ᠡ ᠲᠦᠷᠦᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ | ᠪᠡᠶᠡᠯᠡᠭᠦᠯᠦᠨ ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠦᠷᠭᠦᠯᠵᠢᠯᠡᠬᠦᠶᠢᠴᠡ ᠡᠷᠡᠭᠦᠯ | ᠬᠦᠭᠵᠢᠯᠲᠡ ᠶᠢ ᠪᠡᠶᠡᠯᠡᠭᠦᠯᠵᠡᠢ ᠃ ᠪᠠᠷᠤᠭᠯᠠᠪᠠᠯ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠭᠡᠢ | ᠦᠷᠲᠡᠭ 288 ᠳ᠋ᠦᠩᠰᠢᠭᠤᠷ ᠲᠦᠭᠦᠷᠢᠭ ᠢ ᠪᠠᠶᠠᠯᠠᠭᠦᠯᠵᠦ ᠂ 8% ᠪᠠᠷ ᠨᠡᠮᠡᠭᠳᠡᠵᠡᠢ︔ ᠤᠯᠠᠨ ᠨᠡᠶᠢᠲᠡ | ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 20 ᠳ᠋ᠦᠩᠰᠢᠭᠤᠷ ᠲᠦᠭᠦᠷᠢᠭ ᠂ 10. | 2% ᠢᠶᠠᠷ ᠨᠡᠮᠡᠭᠳᠡᠵᠡᠢ ︔ ᠪᠦᠬᠦ ᠨᠡᠶᠢᠭᠡᠮ ᠤᠨ ᠳᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ | 224 ᠳ᠋ᠦᠩᠰᠢᠭᠤᠷ ᠲᠦᠭᠦᠷᠢᠭ ᠂ 16.3% ᠪᠠᠷ ᠨᠡᠮᠡᠭᠳᠡᠵᠡᠢ ︔ ᠨᠡᠶᠢᠭᠡᠮ ᠤᠨ ᠬᠡᠷᠡᠭᠯᠡᠭᠡᠨ ᠤ ᠵᠦᠢᠯ | ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 119 ᠳ᠋ᠦᠩᠰᠢᠭᠤᠷ ᠲᠦᠭᠦᠷᠢᠭ ᠂ 13% ᠪᠠᠷ | ᠨᠡᠮᠡᠭᠳᠡᠵᠡᠢ ︔ ᠬᠤᠲᠠ ᠪᠠᠯᠭᠠᠰᠤ ᠪᠤᠯᠤᠨ ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ | ᠤᠨ ᠬᠦᠮᠦᠨ ᠳᠤᠮᠳᠠᠴᠢ ᠶᠢᠨ ᠤᠷᠤᠯᠭ᠎ᠠ 25877 ᠲᠦᠭᠦᠷᠢᠭ ᠪᠠ 13980 ᠲᠦᠭᠦᠷᠢᠭ ᠂ 10% | ᠪᠠ 13% ᠪᠠᠷ ᠨᠡᠮᠡᠭᠳᠡᠵᠡᠢ ᠃ | ︵ᠨᠢᠭᠡ ︶ ᠬᠦᠴᠦᠨ ᠢᠶᠠᠨ ᠲᠦᠪᠯᠡᠷᠡᠭᠦᠯᠦᠨ ᠪᠦᠲᠦᠴᠡ ᠶᠢ ᠲᠤᠬᠢᠷᠠᠭᠤᠯᠤᠨ ᠬᠡᠯᠪᠡᠷᠢ ᠶᠢᠨ | ᠬᠤᠪᠢᠷᠠᠯᠲᠠ ᠶᠢ ᠠᠬᠢᠭᠤᠯᠵᠤ ᠂ ᠠᠵᠤ ᠠᠬᠤᠢ ᠶᠢᠨ ᠴᠢᠨᠠᠷ ᠴᠢᠨᠰᠠᠭ᠎ᠠ ᠮᠡᠳᠡᠭᠳᠡᠮ᠎ᠡ ᠳᠡᠭᠡᠭᠰᠢᠯᠡᠪᠡ ᠃ | ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠬᠦᠭᠵᠢᠯᠲᠡ ᠶᠢ ᠠᠬᠢᠭᠤᠯᠬᠤ ᠲᠦᠷᠦ ᠶᠢᠨ | ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠤᠨ ᠬᠤᠷᠤᠭᠳᠠᠯ ᠢ | ᠪᠠᠭᠠᠰᠬᠠᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠠᠬᠢᠭᠤᠯᠵᠤ ᠂ ᠦᠢᠯᠡᠳᠪᠦᠷᠢᠯᠡᠯ ᠢ ᠦᠷᠭᠡᠳᠬᠡᠨ ᠂ | ᠬᠡᠪᠴᠢᠶᠡᠵᠢᠯ ᠠᠴᠠ ᠳᠡᠭᠡᠭᠰᠢᠬᠢ ᠠᠵᠦ ᠦᠢᠯᠡᠳᠪᠦᠷᠢ ᠶᠢᠨ ᠠᠵᠤ ᠠᠬᠤᠶᠢᠯᠠᠯ 10 ᠶᠢ ᠰᠢᠨ᠎ᠡ ᠪᠠᠷ ᠨᠡᠮᠡᠭᠳᠡᠭᠦᠯᠵᠦ | ᠂ ᠶᠡᠷᠦᠩᠬᠡᠢ ᠲᠤᠭ᠎ᠠ ᠨᠢ 69 ᠡᠷᠦᠬᠡ ᠳᠤ ᠬᠦᠷᠴᠦ ᠂ ᠬᠡᠪᠴᠢᠶᠠᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠤᠨ ᠦᠷᠲᠡᠭ ᠪᠠᠷᠤᠭ 9% ᠪᠠᠷ ᠨᠡᠮᠡᠭᠳᠡᠵᠡᠢ ︔ ᠦᠩᠭᠡᠲᠦ ᠲᠡᠮᠦᠷᠯᠢᠭ | ᠰᠤᠳᠤᠯᠬᠤ ᠬᠦᠷᠢᠶᠡᠯᠡᠩ ᠪᠠ ᠴᠢᠩᠬᠤᠸᠠ ᠶᠡᠭᠡ ᠰᠤᠷᠭᠠᠭᠤᠯᠢ ᠶᠢᠨ ᠬᠤᠤ ᠺᠧ ᠰᠢᠨ᠎ᠡ ᠡᠨᠧᠷᠭᠢ ᠶᠢᠨ | ᠮᠠᠰᠢᠨ ᠲᠡᠷᠭᠡ ᠰᠤᠳᠤᠯᠬᠤ ᠲᠦᠪ ᠢ ᠵᠤᠬᠢᠶᠠᠨ ᠪᠠᠶᠢᠭᠤᠯᠤᠨ ᠡᠵᠡᠩᠨᠡᠵᠦ ᠂ ᠱᠠᠩᠬᠠᠢ ᠶᠢᠨ ᠰᠢᠨ᠎ᠡ | ᠬᠤᠸᠠ ᠯᠢᠶᠠᠨ ᠪᠠ ᠸᠠᠨ ᠽᠧ ᠡᠮ ᠦᠢᠯᠡᠳᠬᠦ ᠪᠦᠯᠦᠭᠯᠡᠯ ᠢ ᠲᠠᠬᠢᠨ ᠪᠠᠶᠢᠭᠤᠯᠬᠤ ᠶᠢ ᠪᠠᠶᠠᠯᠠᠭᠦᠯᠦᠨ ᠂ | ᠪᠡᠭᠡᠵᠢᠩ ᠤᠨ ᠰᠠᠢ ᠯᠢᠨ ᠲᠠᠢ ᠪᠤᠯᠤᠨ ᠷᠦᠩ ᠵᠢᠢ ᠲᠠᠩ ᠡᠮ ᠤᠨ ᠦᠢᠯᠡᠰ ᠬᠠᠮᠵᠢᠯᠴᠠᠭ᠎ᠠ ᠪᠠᠨ | ᠭᠦᠨᠵᠡᠭᠡᠶᠢᠷᠡᠭᠦᠯᠦᠨ ᠂ 7 ᠡᠮ ᠡᠮᠨᠡᠯᠭᠡ ᠂ ᠨᠡᠬᠡᠮᠡᠯ ᠤᠨ ᠠᠵᠦ ᠠᠬᠤᠶᠢᠯᠠᠯ《 ᠬᠤᠲᠠ ᠠᠴᠠ ᠤᠬᠤᠷᠢᠨ | ᠬᠦᠷᠢᠶᠡᠯᠡᠩ ᠳᠤ ᠤᠷᠤᠵᠤ 》᠂ ᠬᠤᠤ ᠺᠧ ᠰᠢᠨ᠎ᠡ ᠡᠨᠧᠷᠭᠢ ᠶᠢᠨ ᠮᠠᠰᠢᠨ ᠲᠡᠷᠭᠡ ᠦᠢᠯᠡᠳᠪᠦᠷᠢᠯᠡᠬᠦ | ᠰᠠᠭᠤᠷᠢᠨ ᠭᠠᠵᠠᠷ ᠤᠨ ᠨᠢᠭᠡᠳᠦᠭᠡᠷ ᠬᠤᠭᠤᠴᠠᠭ᠎ᠠ ᠪᠤᠯᠤᠨ ᠲᠦᠸᠧ ᠵᠢᠶᠠ ᠡᠯᠧᠺᠲᠷᠣᠨ ᠰᠤᠷᠠᠭ ᠵᠠᠩᠭᠢ | ᠶᠢᠨ ᠰᠠᠭᠤᠷᠢᠨ ᠤ ᠨᠢᠭᠡᠳᠦᠭᠡᠷ ᠬᠤᠭᠤᠴᠠᠭ᠎ᠠ ᠲᠤᠭᠲᠠᠭᠰᠡᠨ ᠬᠤᠭᠤᠴᠠᠭᠠᠨ ᠳᠤ ᠪᠠᠷᠢᠯᠭ᠎ᠠ ᠲᠠᠭᠤᠰᠪᠠ︔ | ᠠᠵᠤ ᠠᠬᠤᠢ ᠶᠢᠨ ᠨᠡᠭᠡᠭᠡᠯᠲᠡ ᠶᠢᠨ ᠤᠷᠤᠨ ᠢ ᠳᠡᠰ ᠳᠡᠪᠰᠢᠭᠦᠯᠭᠦ ᠪᠠ ᠲᠠᠷᠢᠶᠠᠯᠠᠩ ᠤᠨ | ᠪᠦᠲᠦᠭᠡᠭᠳᠡᠭᠦᠨ ᠤ ᠦᠢᠯᠡᠰ ᠤᠨ ᠬᠦᠷᠢᠶᠡᠯᠡᠩ ᠢ ᠦᠷᠭᠡᠳᠬᠡᠬᠦ ᠠᠵᠢᠯ ᠡᠮᠬᠢ ᠵᠢᠷᠦᠮ ᠲᠠᠢ ᠠᠬᠢᠵᠦ᠂ | ᠠᠵᠤ ᠦᠢᠯᠡᠰ ᠤᠨ ᠨᠢᠭᠲᠠᠷᠠᠯ ᠤᠨ ᠴᠢᠳᠠᠪᠤᠷᠢ ᠤᠯᠠᠮ ᠨᠢᠭᠡ ᠠᠯᠬᠤᠮ ᠨᠡᠮᠡᠭᠳᠡᠵᠠᠢ ᠃ 《 ᠨᠢᠭᠡ ᠲᠡᠩᠭᠡᠯᠢᠭ | ᠤᠯᠠᠨ ᠴᠡᠭ ᠂ ᠬᠤᠶᠠᠷ ᠤᠷᠤᠨ ᠬᠤᠶᠠᠷ ᠪᠦᠰᠡ》 ᠶᠢᠨ ᠠᠷᠠᠯᠵᠢᠶ᠎ᠠ ᠬᠤᠳᠠᠯᠳᠤᠭᠠᠨ ᠤ ᠦᠢᠯᠡᠰ ᠤᠨ | ᠪᠠᠶᠢᠷᠢᠰᠢᠭᠤᠯᠤᠯᠲᠠ ᠶᠢ ᠲᠦᠷᠭᠡᠳᠬᠡᠨ ᠪᠠᠶᠢᠭᠤᠯᠵᠤ ᠂ ᠯᠦᠩ ᠲᠧᠩ ᠤᠯᠠᠨ ᠤᠯᠤᠰ ᠤᠨ ᠠᠭᠤᠳᠠᠮ | ᠲᠠᠯᠠᠪᠠᠢ ᠶᠢ ᠪᠠᠷᠢᠯᠭ᠎ᠠ ᠡᠬᠢᠯᠡᠨ ᠪᠦᠲᠦᠭᠡᠨ ᠪᠠᠶᠢᠭᠤᠯᠵᠤ ᠂ ᠸᠠᠨ ᠶᠤᠸᠠᠢ ᠬᠤᠲᠠ ᠶᠢᠨ ᠠᠭᠤᠳᠠᠮ | ᠲᠠᠯᠠᠪᠠᠢ ᠶᠢᠨ ᠭᠤᠤᠯ ᠴᠤᠭᠴᠠ ᠶᠢᠨ ᠤᠷᠤᠢ ᠶᠢ ᠪᠢᠲᠡᠭᠦᠮᠵᠢᠯᠡᠵᠦ᠂ ᠬᠠᠩ ᠢᠦᠢ ᠬᠤᠳᠠᠯᠳᠤᠭᠠᠨ ᠤ | ᠶᠠᠪᠤᠳᠠᠯ ᠤᠨ ᠲᠤᠮᠤ ᠠᠰᠠᠷ ᠂ ᠸᠠᠨ ᠳ᠋ᠠ ᠪᠠᠷᠠᠭ᠎ᠠ ᠬᠤᠳᠠᠯᠳᠤᠨ ᠠᠪᠬᠤ ᠲᠦᠪ ᠂ ᠮᠧᠩ ᠳ᠋ᠦᠩ | ᠨᠤᠤᠯᠤᠭᠤᠷ ᠤᠨ ᠬᠤᠲᠠ ᠪᠦᠬᠦ ᠲᠠᠯ᠎ᠠ ᠪᠠᠷ ᠠᠵᠢᠯ ᠡᠬᠢᠯᠡᠨ ᠂ ᠮᠦᠩᠭᠦᠨ ᠭᠦᠢᠯᠭᠡᠭᠡ ᠪᠠᠷᠠᠭᠠᠨ ᠤ | ᠭᠦᠢᠯᠭᠡᠭᠡᠨ ᠤ ᠭᠠᠷᠠᠮ ᠂ ᠡᠭᠦᠯᠡᠨ ᠪᠤᠳᠤᠯᠲᠠ ᠶᠢᠨ ᠨᠡᠪᠴᠢᠯᠲᠠ ᠶᠢᠨ ᠭᠦᠷᠢᠶᠡᠯᠡᠩ ᠂ ᠬᠤᠩ ᠱᠠᠨ ᠰᠤᠶᠤᠯ | ᠵᠤᠭᠠᠴᠠᠯ ᠤᠨ ᠠᠷᠠᠯᠵᠢᠶ᠎ᠠ ᠬᠤᠳᠠᠯᠳᠤᠭᠠᠨ ᠤ ᠬᠤᠲᠠ ᠂ ᠳ᠋ᠣᠣ ᠭᠦ᠋ ᠡᠮᠦᠨ᠎ᠡ ᠠᠭᠤᠯᠠᠨ ᠤ ᠠᠮᠢ | ᠠᠬᠤᠢ ᠵᠤᠭᠠᠴᠠᠯ ᠤᠨ ᠬᠤᠳᠠᠯᠳᠤᠭᠠᠨ ᠤ ᠶᠠᠪᠤᠳᠠᠯ ᠤᠨ ᠲᠤᠭᠤᠷᠢᠭ ᠬᠤᠭᠤᠴᠠᠭ᠎ᠠ ᠬᠤᠪᠢᠶᠠᠨ ᠠᠵᠢᠯ | ᠡᠬᠢᠯᠡᠵᠠᠢ ︔ ᠪᠠᠷᠠᠭᠠᠨ ᠤ ᠭᠦᠢᠯᠭᠡᠭᠡᠨ ᠤ ᠭᠦᠷᠢᠶᠡᠯᠡᠩ ᠲᠤᠭᠤᠷᠢᠭ 330 ᠳ᠋ᠦᠩᠰᠢᠭᠤᠷ ᠲᠦᠭᠦᠷᠢᠭ ᠤᠨ | ᠰᠤᠯᠢᠯᠴᠠᠭᠠᠨ ᠤ ᠦᠷᠲᠡᠭ ᠢ ᠪᠡᠶᠡᠯᠡᠭᠦᠯᠵᠦ ᠂ ᠭᠠᠶᠢᠯᠢ ᠶᠢᠨ ᠤᠷᠤᠯᠭ᠎ᠠ 8.5 ᠳ᠋ᠦᠩᠰᠢᠭᠤᠷ ᠲᠦᠭᠦᠷᠢᠭ᠂ | ᠡᠮᠦᠨ᠎ᠡ ᠬᠡᠰᠡᠭ ᠤᠨ ᠦᠢᠯᠡᠴᠢᠯᠡᠭᠡᠨ ᠤ ᠦᠢᠯᠡᠰ ᠤᠨ ᠤᠷᠤᠨ ᠪᠤᠷᠤᠯᠠᠭᠤᠯᠤᠯᠲᠠ ᠶᠢᠨ ᠤᠷᠤᠯᠭ᠎ᠠ 16 | ᠳ᠋ᠦᠩᠰᠢᠭᠤᠷ ᠲᠦᠭᠦᠷᠢᠭ ᠢ ᠪᠡᠶᠡᠯᠡᠭᠦᠯᠦᠨ ᠂ ᠭᠠᠶᠢᠯᠢ ᠶᠢᠨ ᠤᠷᠤᠯᠭ᠎ᠠ 4500 ᠲᠦᠮᠡᠨ ᠲᠦᠭᠦᠷᠢᠭ ᠃ | ᠤᠳᠤ ᠦᠶ᠎ᠡ ᠶᠢᠨ ᠲᠠᠷᠢᠶᠠᠯᠠᠩ ᠳᠤᠭᠲᠠᠭᠤᠨ ᠬᠦᠭᠵᠢᠵᠦ ᠂ ᠲᠦᠬᠦᠭᠡᠷᠦᠮᠵᠢᠲᠦ ᠲᠠᠷᠢᠶᠠᠯᠠᠩ ᠪᠠ | ᠤᠨᠴᠠᠯᠢᠭᠲᠤ ᠬᠤᠸᠠᠷ ᠴᠡᠴᠡᠭ ᠵᠢᠮᠢᠰ ᠤᠨ ᠲᠠᠯᠠᠪᠠᠢ 1200 ᠮᠦ ᠂ ᠡᠯᠳᠡᠪ ᠵᠦᠢᠯ ᠤᠨ ᠤᠷᠭᠠᠨᠢᠭ | ᠬᠤᠯᠢᠮᠠᠭ ᠠᠮᠤ ᠶᠢᠨ ᠲᠠᠯᠠᠪᠠᠢ 1000 ᠮᠦ ᠂ ᠡᠷᠳᠡᠨᠢ ᠰᠢᠰᠢ ᠶᠢᠨ ᠪᠦᠷᠭᠦᠪᠴᠢ ᠶᠢᠨ ᠲᠤᠤᠷ᠎ᠠ | ᠲᠤᠰᠤᠯᠭᠠᠨ ᠤᠰᠤᠯᠠᠬᠤ ᠲᠠᠯᠠᠪᠠᠢ ᠶᠢ 1.1 ᠲᠦᠮᠡᠨ ᠮᠦ ᠰᠢᠨ᠎ᠠ ᠪᠠᠷ ᠨᠡᠮᠡᠭᠳᠡᠭᠦᠯᠪᠡ︔ ᠲᠠᠷᠢᠴᠢᠶᠠᠳ ᠤᠨ | ᠲᠤᠰᠬᠠᠶᠢᠵᠢᠭᠰᠡᠨ ᠬᠤᠷᠰᠢᠶᠠᠵᠢᠯ ᠪᠤᠯᠤᠨ ᠲᠠᠷᠢᠶᠠᠯᠠᠩ ᠤᠨ ᠦᠢᠯᠡᠰ ᠤᠨ ᠲᠤᠯᠤᠭᠠᠶᠢᠯᠠᠭᠴᠢ ᠠᠵᠤ | ᠠᠬᠤᠶᠢᠯᠠᠯ ᠲᠤᠰᠪᠤᠷᠢ 97 ᠪᠠ 91 ᠡᠷᠦᠬᠡ ᠳᠤ ᠭᠦᠷᠪᠡ ᠃ | ︵ᠬᠤᠶᠠᠷ︶ ᠭᠤᠶᠢᠪᠢᠰᠢ ᠦᠭᠡᠢ ᠪᠠᠷ ᠦᠭᠡᠷᠡᠴᠢᠯᠡᠯᠲᠡ ᠶᠢ ᠠᠳᠬᠤᠨ ᠂ ᠨᠡᠭᠡᠭᠡᠯᠲᠡ ᠶᠢ | ᠠᠬᠢᠭᠤᠯᠵᠤ ᠂ ᠬᠦᠭᠵᠢᠯᠲᠡ ᠤᠨ ᠠᠮᠢᠵᠢᠷᠠᠯ ᠤᠨ ᠬᠦᠴᠦᠨ ᠪᠦᠳᠦᠮᠵᠢᠲᠠᠢ ᠨᠡᠮᠡᠭᠳᠡᠵᠡᠢ ᠃ ᠵᠠᠰᠠᠭ ᠤᠨ | ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠤᠭᠲᠠᠭᠤᠨ ᠢᠶᠠᠷ ᠠᠬᠢᠭᠤᠯᠤᠨ ᠂ ᠲᠤᠭᠤᠷᠢᠭ | ᠤᠨ ᠪᠤᠳᠠᠳᠤ ᠪᠠᠶᠢᠳᠠᠯ ᠤᠨᠴᠠᠯᠢᠭ ᠲᠠᠢ ᠤᠶᠠᠯᠳᠤᠭᠤᠯᠵᠤ ᠂ ᠰᠢᠨᠵᠢᠯᠡᠬᠦ ᠤᠬᠠᠭᠠᠨᠴᠢ ᠪᠠᠷ | ᠦᠭᠡᠷᠡᠴᠢᠯᠡᠯᠲᠡ ᠶᠢᠨ ᠲᠦᠰᠦᠯ ᠢ ᠲᠤᠭᠲᠠᠭᠠᠪᠠ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠤᠨ | ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠳᠡᠭᠡᠷ᠎ᠡ ᠱᠠᠲᠤᠨ ᠤ ᠳᠤᠷᠤᠭᠰᠢ | ᠪᠠᠭᠤᠯᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯᠡᠰ ᠤᠨ 44 ᠵᠤᠷᠪᠤᠰ ᠢ ᠤᠷᠤᠭᠰᠢᠲᠠᠢ | ᠦᠷᠭᠦᠯᠵᠢᠯᠡᠭᠦᠯᠵᠦ ᠂ ᠲᠤᠭᠤᠷᠢᠭ ᠤᠨ ᠳᠡᠰ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ | ᠢ ᠪᠠᠶᠢᠭᠤᠯᠵᠤ ᠂ 28 ᠰᠠᠯᠠᠭ᠎ᠠ ᠮᠦᠴᠢᠷ ᠤᠨ 157 ᠦᠢᠯᠡᠴᠢᠯᠡᠭᠡᠨ ᠤ ᠵᠦᠢᠯᠡᠰ ᠢ ᠤᠷᠤᠭᠤᠯᠤᠨ | ᠭᠦᠢᠴᠡᠳᠬᠡᠭᠦ ᠪᠤᠯᠭᠠᠪᠠ᠃ ᠦᠢᠯᠡᠳᠪᠦᠷᠢ ᠬᠤᠳᠠᠯᠳᠤᠭᠠᠨ ᠤ ᠳᠠᠩᠰᠠᠯᠠᠯᠲᠠ ᠶᠢᠨ ᠳᠦᠷᠢᠮ ᠤᠨ | ᠦᠭᠡᠷᠡᠴᠢᠯᠡᠯᠲᠡ ᠶᠢ ᠠᠬᠢᠭᠤᠯᠤᠨ ᠂ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠪᠡᠶᠡᠴᠢ | ᠴᠤᠭᠴᠠ 2900 ᠭᠠᠷᠤᠢ ᠪᠠᠶᠢᠵᠤ ᠂ ᠪᠦᠬᠦ ᠲᠤᠭᠤᠷᠢᠭ ᠤᠨ ᠵᠠᠬ᠎ᠠ ᠳᠡᠯᠭᠡᠭᠦᠷ ᠤᠨ ᠪᠡᠶᠡᠴᠢ ᠴᠤᠭᠴᠠ | 2.5 ᠲᠦᠮᠡᠨ ᠡᠷᠦᠬᠡ ᠶᠢ ᠳᠠᠪᠠᠵᠠᠢ ᠃ ᠲᠤᠰᠠᠯᠠᠮᠵᠢ ᠶᠢᠨ ᠪᠠᠳᠤᠯᠠᠭᠠᠲᠦ ᠵᠢᠭᠡᠯᠡᠯᠭᠡ ᠂ ᠪᠠᠷᠢᠴᠠᠭ᠎ᠠ ᠦᠭᠡᠢ | ᠬᠤᠯᠪᠤᠭᠠᠯᠠᠨ ᠪᠠᠳᠤᠯᠠᠬᠤ ᠵᠢᠭᠡᠯᠡᠯᠭᠡ ᠂ ᠠᠵᠤ ᠠᠬᠤᠶᠢᠯᠠᠯ ᠤᠨ ᠬᠠᠷᠢᠯᠴᠠᠨ ᠪᠠᠳᠤᠯᠠᠬᠤ ᠵᠢᠭᠡᠯᠡᠯᠭᠡ ᠪᠠᠷ | ᠭᠤᠤᠯᠳᠠᠯᠭ᠎ᠠ ᠪᠤᠯᠭᠠᠭᠰᠠᠨ ᠵᠠᠰᠠᠭ ᠪᠠᠩᠬᠢ ᠠᠵᠤ ᠠᠬᠤᠶᠢᠯᠠᠯ ᠬᠤᠷᠰᠢᠭᠰᠠᠨ ᠲᠠᠪᠴᠠᠩ ᠢ ᠢᠳᠡᠪᠬᠢᠲᠡᠢ | ᠪᠠᠶᠢᠭᠤᠯᠤᠨ᠂ ᠵᠢᠭᠡᠯᠡᠯᠭᠡ ᠶᠢᠨ ᠲᠦᠭᠰᠢᠭᠦᠷᠢ ᠶᠢ ᠨᠦᠬᠦᠪᠦᠷᠢᠯᠡᠬᠦ ᠲᠤᠭᠳᠠᠯᠴᠠᠭ᠎ᠠ ᠶᠢ ᠪᠠᠶᠢᠭᠤᠯᠤᠨ ᠂ | ᠾᠦᠢ ᠹᠧᠩ ᠳᠠᠭᠠᠭᠠᠨ ᠪᠠᠳᠤᠯᠠᠬᠤ ᠺᠤᠮᠫᠠᠨᠢ ᠶᠢ ᠵᠤᠬᠢᠶᠠᠨ ᠪᠠᠶᠢᠭᠤᠯᠵᠤ ᠂ ᠨᠡᠶᠢᠲᠡ ᠶᠢᠨ ᠪᠤᠰᠤ ᠠᠵᠤ | ᠠᠬᠤᠶᠢᠯᠠᠯ ᠤᠨ ᠭᠦᠷᠦᠩᠭᠡ ᠠᠭᠤᠰᠬᠠᠬᠤ ᠳᠤ ᠭᠦᠴᠢᠷ ᠠᠰᠠᠭᠤᠳᠠᠯ ᠢ ᠪᠦᠳᠦᠮᠵᠢᠲᠡᠢ ᠰᠢᠢᠳᠪᠦᠷᠢᠯᠡᠪᠡ᠃ | ᠨᠡᠭᠡᠭᠡᠯᠲᠡ ᠶᠢ ᠪᠦᠭᠦ ᠲᠠᠯ᠎ᠠ ᠪᠠᠷ ᠦᠷᠭᠡᠳᠬᠡᠵᠦ᠂ ᠤᠯᠠᠨ ᠠᠷᠭ᠎ᠠ ᠵᠠᠮ ᠢᠶᠠᠷ ᠬᠤᠳᠠᠯᠳᠤᠭᠠᠴᠢᠨ ᠤᠷᠢᠵᠦ ᠪᠡᠯᠨ | ᠲᠠᠲᠠᠵᠦ᠂ ᠪᠦᠭᠦ ᠵᠢᠯ ᠳᠤ 100 ᠳ᠋ᠦᠩᠰᠢᠭᠤᠷ ᠲᠦᠭᠦᠷᠢᠭ ᠤᠨ ᠪᠡᠯᠨ ᠲᠠᠲᠠᠵᠦ᠂ 11.1% ᠪᠠᠷ ᠨᠡᠮᠡᠭᠳᠡᠵᠦ᠂ | ᠨᠤᠮᠤᠬᠠᠨ ᠲᠠᠯᠠᠢ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠂ ᠰᠢᠶᠠᠩᠭᠠᠩ ᠤᠨ ᠪᠤᠤ ᠢ | ᠪᠦᠯᠦᠭᠯᠡᠯ ᠂ ᠺᠥᠷᠢᠶᠠ ᠤᠯᠤᠰ ᠤᠨ SK ᠪᠦᠯᠦᠭᠯᠡᠯ ᠤᠨ ᠬᠠᠷᠢᠶᠠᠲᠤ ᠴᠠᠬᠢᠯᠭᠠᠨ ᠬᠤᠯᠪᠤᠭᠠᠨ ᠤ | ᠺᠤᠮᠫᠠᠨᠢ ᠵᠡᠷᠭᠡ ᠲᠤᠮᠤ ᠠᠵᠤ ᠠᠬᠤᠶᠢᠯᠠᠯ ᠲᠠᠢ ᠬᠤᠷᠰᠢᠬᠤ ᠬᠡᠯᠡᠯᠴᠡᠭᠡᠷ ᠳᠤᠭᠲᠠᠵᠤ ᠂ ᠵᠦᠩ ᠭᠤᠸᠠᠨ | ᠼᠦᠨ ᠤ ᠬᠠᠢ ᠳ᠋ᠢᠶᠠᠨ ᠬᠦᠷᠢᠶᠡᠯᠡᠩ ᠤᠨ ᠤᠯᠠᠭᠠᠨᠬᠠᠳᠠ ᠬᠤᠪᠢᠶᠠᠷᠢ ᠬᠦᠷᠢᠶᠡᠯᠡᠩ ᠤᠨ ᠭᠤᠤᠯ | ᠴᠤᠭᠴᠠᠲᠤ ᠬᠦᠷᠢᠶᠡᠯᠡᠩ ᠲᠤᠭᠤᠷᠢᠭ ᠮᠠᠨ ᠤ ᠲᠤᠭᠤᠷᠢᠭ ᠲᠤ ᠰᠭᠤᠷᠢᠰᠢᠪᠠ ︔ ᠲᠦᠷᠦᠯ ᠵᠦᠢᠯ ᠢ | ᠠᠬᠢᠭᠤᠯᠬᠤ ᠬᠦᠴᠦᠯᠡᠴᠡ ᠪᠠᠨ ᠨᠡᠮᠡᠭᠳᠡᠭᠦᠯᠦᠨ ᠂ ᠲᠦᠷᠦᠯ ᠵᠦᠢᠯ ᠢ ᠠᠬᠢᠭᠤᠯᠬᠤ ᠪᠠᠶᠢᠭᠤᠯᠤᠮᠵᠢ ᠶᠢ | ᠲᠦᠭᠦᠷᠵᠢᠭᠦᠯᠵᠦ᠂ 100 ᠲᠦᠮᠡᠨ ᠲᠦᠭᠦᠷᠢᠭ ᠠᠴᠠ ᠳᠡᠭᠡᠭᠰᠢ ᠠᠵᠢᠯ ᠡᠬᠢᠯᠡᠭᠰᠡᠨ ᠭᠤᠤᠯᠳᠠᠯᠭ᠎ᠠ ᠲᠠᠢ | ᠲᠦᠷᠦᠯ ᠵᠦᠢᠯ 204 ᠪᠠᠶᠢᠵᠤ ᠂ 215 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ | ᠪᠡᠶᠡᠯᠡᠭᠦᠯᠦᠨ ᠂ ᠲᠦᠷᠦᠯ ᠵᠦᠢᠯ ᠤᠨ ᠠᠷᠠᠯᠵᠢᠶᠠᠴᠢᠨ ᠤᠷᠢᠬᠤ 《221》 ᠢᠨᠵᠧᠨᠧᠷᠢᠩ ᠢ ᠪᠦᠬᠦ | ᠲᠠᠯ᠎ᠠ ᠪᠠᠷ ᠪᠡᠶᠡᠯᠡᠭᠦᠯᠵᠡᠢ ᠃ | ︵ᠭᠤᠷᠪᠠ ︶ ᠠᠷᠭ᠎ᠠ ᠪᠦᠬᠦᠨ ᠢ ᠰᠦᠪᠡᠭᠴᠢᠯᠡᠨ ᠳᠤᠲᠠᠭᠤ ᠪᠠᠨ ᠨᠦᠬᠦᠪᠦᠷᠢᠯᠡᠵᠦ ᠂ | ᠨᠢᠭᠡᠲᠦᠯᠲᠡᠢ ᠲᠦᠯᠦᠪᠯᠡᠬᠦ ᠶᠢ ᠠᠬᠢᠭᠤᠯᠤᠨ ᠂ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠪᠠ ᠃ 5.6 ᠲᠡᠭᠰᠢ ᠳᠦᠷᠪᠡᠯᠵᠢᠨ ᠺᠢᠯᠤᠮᠧᠲᠷ ᠲᠢᠶᠧ ᠨᠠᠨ ᠲᠦᠭᠦᠮ ᠪᠦᠲᠦᠴᠡᠲᠦ | ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠶᠢ ᠡᠬᠢᠯᠡᠭᠦᠯᠵᠦ ᠂ ᠪᠦᠬᠦ ᠬᠡᠪᠴᠢᠶ᠎ᠡ ᠨᠢ 7300 | ᠡᠷᠦᠬᠡ ᠂ 144 ᠠᠵᠤ ᠠᠬᠤᠶᠢᠯᠠᠯ ᠢ ᠬᠠᠮᠤᠷᠴᠤ ᠂ ᠲᠦᠰᠦᠪᠯᠡᠨ ᠪᠤᠳᠤᠭᠰᠡᠨ ᠵᠠᠰᠠᠭ ᠤᠨ ᠤᠷᠳᠤᠨ ᠤ | ᠪᠡᠯᠡ ᠤᠷᠤᠭᠤᠯᠤᠯᠲᠠ ᠪᠠᠷᠤᠭ 56 ᠳ᠋ᠦᠩᠰᠢᠭᠤᠷ ᠲᠦᠭᠦᠷᠢᠭ᠃ 《 ᠳᠦᠭᠦᠮ ᠪᠦᠲᠦᠴᠡᠲᠦ ᠤᠷᠤᠨ | ᠰᠠᠭᠤᠴᠠ ᠶᠢᠨ ᠰᠠᠭᠤᠭᠠᠯᠢ ᠠᠷᠠᠳ ᠢ ᠭᠤᠷᠪᠠᠨ ᠵᠢᠯ ᠤᠨ ᠲᠤᠳᠤᠷ᠎ᠠ ᠰᠢᠨ᠎ᠡ ᠰᠠᠭᠤᠴᠠ ᠳᠤ ᠨᠡᠭᠦᠯᠭᠡᠬᠦ | 》 ᠶᠡᠷᠦᠩᠬᠡᠢ ᠰᠠᠶᠢᠳ ᠤᠨ ᠵᠢᠭᠠᠪᠤᠷᠢ ᠶᠢᠨ ᠵᠤᠷᠢᠭ ᠰᠠᠨᠠᠭ᠎ᠠ ᠪᠠᠷ᠂《 ᠨᠢᠭᠡ ᠵᠢᠯ ᠳᠤ ᠶᠡᠭᠡ | ᠬᠤᠪᠢᠷᠠᠯᠲᠠ ᠭᠠᠷᠭᠠᠨ ᠂ ᠭᠤᠷᠪᠠᠨ ᠵᠢᠯ ᠳᠤ ᠪᠦᠬᠦᠨ ᠢ ᠪᠡᠶᠡᠯᠡᠭᠦᠯᠬᠦ 》 ᠠᠵᠢᠯ ᠤᠨ ᠬᠠᠷᠠᠯᠲᠠ | ᠶᠤᠰᠤᠭᠠᠷ ᠂ ᠭᠤᠤᠯ ᠬᠡᠰᠡᠭ ᠤᠨ 3500 ᠡᠷᠦᠬᠡ ᠶᠢᠨ ᠰᠠᠭᠤᠭᠠᠯᠢ ᠠᠷᠠᠳ ᠂ 72 ᠠᠵᠤ ᠠᠬᠤᠶᠢᠯᠠᠯ | ᠤᠨ ᠭᠡᠷ ᠪᠠᠶᠢᠰᠢᠩ ᠢ ᠬᠤᠷᠢᠶᠠᠨ ᠲᠠᠲᠠᠪᠤᠷᠢᠯᠠᠬᠤ ᠵᠠᠭᠤᠨ ᠡᠳᠦᠷ ᠤᠨ ᠠᠵᠢᠯᠯᠠᠭ᠎ᠠ ᠦᠷᠨᠢᠭᠦᠯᠵᠡᠢ︔ | ᠪᠦᠬᠦ ᠵᠢᠯ ᠤᠨ ᠬᠤᠷᠠᠮᠳᠤᠭᠤᠯᠤᠭᠰᠠᠨ ᠪᠡᠯᠡ ᠮᠦᠩᠭᠦ 13.7 ᠳ᠋ᠦᠩᠰᠢᠭᠤᠷ ᠂ ᠨᠡᠭᠦᠯᠭᠡᠨ | ᠰᠢᠯᠵᠢᠭᠦᠯᠦᠭᠰᠡᠨ ᠰᠠᠭᠤᠭᠠᠯᠢ ᠠᠷᠠᠳ 3231 ᠡᠷᠦᠬᠡ ᠂ ᠬᠤᠷᠢᠶᠠᠨ ᠲᠠᠲᠠᠪᠤᠷᠢᠯᠠᠭᠰᠠᠨ ᠠᠵᠤ | ᠠᠬᠤᠶᠢᠯᠠᠯ 27 ᠪᠠᠶᠢᠨ᠎ᠠ ︔ ᠠᠵᠢᠯ ᠡᠬᠢᠯᠡᠭᠰᠡᠨ ᠂ ᠡᠭᠡᠭᠦᠯᠦᠨ ᠲᠦᠪᠬᠢᠨᠡᠭᠦᠯᠦᠭᠰᠡᠨ ᠭᠡᠷ ᠪᠠᠶᠢᠰᠢᠩ | 1700 ᠢᠵᠢ 15 ᠲᠦᠮᠡᠨ ᠲᠡᠭᠰᠢ ᠳᠦᠷᠪᠡᠯᠵᠢᠨ ᠮᠧᠲᠷ ︔ ᠨᠢᠩ ᠯᠠᠨ ᠡᠮᠦᠨ᠎ᠡ ᠵᠠᠮ ᠢ ᠡᠬᠢᠯᠡᠨ | ᠪᠦᠲᠦᠭᠡᠨ ᠪᠠᠶᠢᠭᠤᠯᠵᠤ ᠂ ᠦᠨᠳᠦᠷ ᠬᠦᠴᠦᠳᠡᠯᠲᠦ ᠴᠠᠬᠢᠯᠭᠠᠨ ᠤᠲᠠᠰᠤᠨ ᠱᠤᠭᠤᠮ ᠢ ᠭᠠᠳᠠᠭᠰᠢ 5.2 | ᠺᠢᠯᠤᠮᠧᠲᠷ ᠰᠢᠯᠵᠢᠭᠦᠯᠵᠡᠢ ᠃ ᠴᠢᠶᠤᠤ ᠪᠸᠢ ᠪᠦᠯᠭᠦᠮ ᠤᠨ ᠨᠢᠭᠡᠳᠦᠭᠡᠷ ᠬᠤᠭᠤᠴᠠᠭᠠᠨ ᠤ ᠭᠤᠤᠯ | ᠤᠷᠤᠨ ᠤ ᠦᠭᠡᠷᠡᠴᠢᠯᠡᠯᠲᠡ ᠶᠢ ᠪᠠᠶᠠᠯᠠᠭᠦᠯᠵᠦ᠂ ᠵᠠᠰᠠᠭ ᠵᠠᠬᠢᠷᠭᠠᠨ ᠤ ᠲᠦᠪ ᠤᠮᠡᠷᠠᠰᠢ ᠰᠢᠯᠵᠢᠨ ᠢᠷᠡᠵᠡᠢ | ᠃ ᠳ᠋ᠦᠩ ᠴᠧᠩ ᠂ ᠨᠢᠭᠡᠳᠦᠭᠡᠷ ᠪᠠᠷᠠᠭᠤᠨ ᠵᠡᠭᠡᠯᠢ ᠂ ᠳ᠋ᠦᠩ ᠨᠠᠨ ᠭᠤᠸᠠᠨ ᠵᠡᠷᠭᠡ ᠬᠠᠭᠤᠴᠢᠨ | ᠬᠤᠲᠠ ᠶᠢᠨ ᠲᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠲᠦᠷᠦᠯ ᠵᠦᠢᠯ | ᠤᠨ ᠠᠬᠢᠴᠠ ᠤᠷᠤᠭᠰᠢᠲᠠᠢ ᠃ 4.6 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ ᠂ | ᠴᠢᠯᠦᠭᠡᠯᠡᠯᠲᠡ ᠵᠡᠭᠡᠯᠢ ᠶᠢᠨ ᠪᠠᠷᠠᠭᠤᠨ ᠬᠡᠰᠡᠭ ᠂ ᠳ᠋ᠠᠪᠠᠨ ᠵᠠᠮ ᠤᠨ ᠡᠮᠦᠨ᠎ᠡ ᠬᠡᠰᠡᠭ ᠂ ᠨᠦᠬᠦᠷᠯᠡᠯ ᠶᠡᠭᠡ | ᠬᠦᠭᠦᠷᠭᠡ ᠵᠢᠴᠢ ᠬᠤᠯᠪᠤᠭᠠᠰᠤ ᠱᠤᠭᠤᠮ ᠤᠨ ᠪᠠᠷᠢᠯᠭ᠎ᠠ ᠲᠠᠭᠤᠰᠤᠨ ᠲᠡᠷᠭᠡ ᠨᠡᠪᠲᠡᠷᠡᠵᠡᠢ ᠂ 306 | ᠤᠯᠤᠰ ᠤᠨ ᠵᠠᠮ ᠢ ᠦᠷᠭᠡᠳᠬᠡᠬᠦ ᠦᠭᠡᠷᠡᠴᠢᠯᠡᠯᠲᠡ ᠪᠤᠯᠤᠨ ᠹᠦ᠋ ᠯᠦᠩ ᠢᠯᠴᠢ ᠴᠠᠬᠢᠯᠭᠠᠨ ᠤ | ᠭᠠᠷᠤᠯᠲᠠ ᠲᠠᠢ ᠨᠢ ᠬᠤᠯᠪᠤᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠡᠬᠢᠯᠡᠵᠦ ᠂ ᠵᠡᠭᠦᠨ | ᠰᠤᠯᠪᠢᠴᠠᠲᠤ ᠬᠦᠭᠦᠷᠭᠡ ᠪᠠ ᠭᠠᠩ ᠲᠢᠶᠧ ᠵᠡᠭᠦᠨ ᠵᠡᠭᠡᠯᠢ ᠶᠢᠨ ᠬᠠᠭᠤᠷᠠᠢ ᠭᠤᠤᠯ ᠤᠨ ᠬᠦᠭᠦᠷᠭᠡ ᠶᠢ | ᠪᠠᠬᠢᠵᠢᠭᠦᠯᠵᠦ ᠂ 11 ᠵᠤᠷᠪᠤᠰ ᠵᠡᠭᠡᠯᠢ ᠭᠤᠳᠤᠮᠵᠢ ᠶᠢ ᠴᠡᠭᠴᠡᠯᠡᠨ ᠵᠠᠰᠠᠪᠠ︔ ᠢᠯᠴᠢ ᠬᠠᠩᠭᠠᠬᠤ᠂ ᠤᠰᠤ | ᠭᠠᠳᠠᠭᠰᠢᠯᠠᠭᠤᠯᠬᠤ ᠬᠤᠭᠤᠯᠠᠢ 23 ᠺᠢᠯᠤᠮᠧᠲᠷ ᠵᠠᠰᠠᠨ ᠦᠭᠡᠷᠡᠴᠢᠯᠡᠵᠦ ᠨᠡᠪᠲᠡᠷᠡᠭᠦᠯᠪᠡ︔ 129 ᠰᠠᠭᠤᠷᠢ ᠬᠤᠭ | ᠨᠤᠪᠰᠢ ᠶᠢᠨ ᠦᠷᠲᠡᠭᠡ ᠵᠢᠴᠢ ᠨᠡᠶᠢᠲᠡ ᠶᠢᠨ ᠵᠤᠷᠯᠤᠩ ᠢ ᠵᠠᠰᠠᠨ ᠰᠡᠯᠪᠢᠵᠡᠢ ︔ ᠭᠤᠤᠯ ᠳᠡᠳ᠋ ᠵᠠᠮ | ᠱᠤᠭᠤᠮ ᠤᠨ ᠵᠠᠮ ᠤᠨ ᠳ᠋ᠧᠩ ᠢ ᠪᠦᠬᠦᠨ ᠢ ᠡᠨᠧᠷᠬᠢ ᠠᠷᠪᠢᠯᠠᠬᠤ ᠮᠠᠶ᠋ᠢᠭ ᠤᠨ ᠪᠤᠯᠭᠠᠨ | ᠬᠤᠪᠢᠷᠠᠭᠤᠯᠬᠤ ᠶᠢ ᠪᠠᠶᠠᠯᠠᠭᠦᠯᠵᠠᠢ ᠃ ᠦᠵᠡᠰᠬᠦᠯᠡᠩᠲᠦ ᠬᠦᠳᠡᠭᠡ ᠲᠤᠰᠬᠤᠨ ᠢ ᠪᠦᠲᠦᠭᠡᠨ ᠪᠠᠶᠢᠭᠤᠯᠬᠤ | ᠪᠠᠷᠢᠮᠵᠢᠶ᠎ᠠ ᠶᠤᠰᠤᠭᠠᠷ ᠂ 7600 ᠭᠠᠷᠤᠢ ᠲᠦᠮᠡᠨ ᠲᠦᠭᠦᠷᠢᠭ ᠤᠨ ᠪᠡᠯᠡ ᠮᠦᠩᠭᠦ ᠶᠢ ᠴᠤᠮᠬᠠᠳᠬᠠᠵᠦ᠂ | 11 ᠲᠤᠰᠬᠤᠨ ᠤ 《 ᠠᠷᠪᠠ ᠶᠢ ᠨᠡᠶᠢᠳᠡᠮ ᠪᠦᠷᠬᠦᠭᠦᠯᠬᠦ 》ᠢᠨᠵᠧᠨᠧᠷᠢᠩ ᠢ ᠠᠮᠵᠢᠯᠲᠠ ᠲᠠᠢ | ᠪᠡᠶᠡᠯᠡᠭᠦᠯᠵᠦ ᠂ 3.2 ᠲᠦᠮᠡᠨ ᠬᠦᠮᠦᠨ ᠠᠰᠢᠭ ᠬᠦᠷᠲᠡᠨ ᠂ ᠬᠦᠳᠡᠭᠡ ᠲᠤᠰᠬᠤᠨ ᠤ ᠦᠢᠯᠡᠳᠪᠦᠷᠢᠯᠡᠯ | ᠠᠮᠢᠳᠤᠷᠠᠯ ᠤᠨ ᠨᠦᠬᠦᠴᠡᠯ ᠮᠡᠳᠡᠭᠳᠡᠬᠦᠶᠢᠴᠡ ᠰᠠᠶᠢᠵᠢᠷᠠᠵᠠᠢ ᠃ | ︵ᠳᠦᠷᠪᠡ︶ ᠪᠦᠬᠦ ᠬᠦᠴᠦᠨ ᠢᠶᠠᠷ ᠬᠠᠮᠢᠶᠠᠷᠤᠯᠲᠠ ᠶᠢ ᠴᠢᠩᠭᠠᠳᠬᠠᠨ ᠂ ᠳᠤᠭᠲᠠᠭᠤᠨ ᠢ | ᠪᠠᠳᠤᠯᠠᠵᠤ ᠂ ᠬᠤᠲᠠ ᠶᠢᠨ ᠤᠷᠴᠢᠨ ᠲᠤᠭᠤᠷᠢᠨ ᠰᠠᠭᠤᠷᠢᠰᠢᠬᠤ ᠳᠤ ᠲᠠᠭᠠᠯᠠᠮᠵᠢᠲᠠᠢ ᠡᠶ᠎ᠡ ᠵᠤᠬᠢᠴᠠᠩᠭᠤᠢ | ᠪᠤᠯᠪᠠ ᠃ ᠪᠦᠬᠦ ᠤᠯᠤᠰ ᠤᠨ ᠪᠤᠯᠪᠠᠰᠤᠨ ᠬᠤᠲᠠ ᠶᠢᠨ ᠴᠤᠭᠴᠠᠯᠠᠯᠲᠠ ᠶᠢᠨ ᠲᠤᠭᠤᠷᠢᠨ ᠳᠤ ᠂ | 2700 ᠲᠦᠮᠡᠨ ᠲᠦᠭᠦᠷᠢᠭ ᠤᠨ ᠪᠡᠯᠡ ᠤᠷᠤᠭᠤᠯᠤᠨ ᠂ ᠬᠤᠲᠠ ᠶᠢᠨ ᠳᠦᠷᠢ ᠲᠦᠷᠬᠦ ᠂ ᠤᠷᠴᠢᠨ | ᠲᠤᠭᠤᠷᠢᠨ ᠤ ᠡᠷᠡᠭᠦᠯ ᠬᠠᠮᠠᠭᠠᠯᠠᠯ ᠪᠠ ᠵᠠᠮ ᠬᠠᠷᠢᠯᠴᠠᠭᠠᠨ ᠤ ᠡᠮᠬᠢ ᠲᠢᠭᠯᠢᠮ ᠢ ᠴᠡᠭᠴᠡᠯᠡᠬᠦ ᠠᠵᠢᠯᠯᠠᠭ᠎ᠠ | ᠦᠷᠨᠢᠭᠦᠯᠵᠦ ᠂ ᠳᠤᠷ᠎ᠠ ᠲᠠᠪᠠ ᠪᠠᠷ ᠪᠠᠶᠢᠭᠤᠯᠤᠭᠰᠠᠨ 600 ᠭᠠᠷᠤᠢ ᠭᠠᠵᠠᠷ ᠢ ᠪᠠᠶᠢᠴᠠᠭᠠᠨ | ᠰᠢᠢᠳᠪᠦᠷᠢᠯᠡᠵᠦ ᠂ 30 ᠭᠠᠷᠤᠢ ᠲᠦᠮᠡᠨ ᠲᠤᠨ ᠬᠤᠭ ᠯᠤᠪᠰᠢ ᠶᠢ ᠴᠡᠪᠡᠷᠯᠡᠨ ᠠᠷᠢᠯᠭᠠᠵᠤ ᠂ 2 ᠲᠦᠮᠡ | ᠢᠯᠡᠭᠦᠦ ᠤᠷᠴᠢᠨ ᠲᠤᠭᠤᠷᠢᠨ ᠤ ᠬᠠᠤᠯᠢ ᠳᠦᠷᠢᠮ ᠢ ᠵᠦᠷᠢᠴᠡᠭᠰᠡᠨ ᠠᠵᠢᠯᠯᠠᠭ᠎ᠠ ᠶᠢ ᠬᠤᠷᠢᠭᠯᠠᠨ | ᠵᠤᠭᠰᠤᠭᠠᠵᠠᠢ ︔ 3 ᠬᠡᠰᠡᠭ ᠦᠷᠭᠦᠯᠵᠢ ᠲᠦᠭᠵᠢᠷᠡᠳᠡᠭ ᠵᠠᠮ ᠤᠨ ᠠᠭᠤᠯᠵᠠᠷ ᠢ ᠨᠡᠪᠲᠡᠷᠡᠭᠦᠯᠦᠨ ᠂ ᠵᠠᠮ | ᠬᠠᠷᠢᠯᠴᠠᠭᠠᠨ ᠤ ᠲᠤᠬᠢᠶᠠᠨ ᠳ᠋ᠧᠩ 19 ᠪᠦᠯᠦᠭ ᠤᠭᠰᠠᠷᠠᠵᠤ ᠂ ᠬᠠᠯᠬᠠᠪᠴᠢ ᠬᠡᠷᠡᠰᠬᠡ 4000 ᠮᠧᠲᠷ ᠂ | ᠵᠠᠮ ᠬᠠᠷᠢᠯᠴᠠᠭᠠᠨ ᠤ ᠢᠯᠡᠷᠬᠡᠶᠢᠯᠡᠯ ᠵᠢᠷᠤᠭᠠᠰᠤ 6 ᠲᠦᠮᠡᠨ ᠲᠡᠭᠰᠢ ᠳᠦᠷᠪᠡᠯᠵᠢᠨ ᠮᠧᠲᠷ | ᠲᠤᠬᠢᠷᠠᠭᠤᠯᠪᠠ᠃ 《 ᠨᠢᠭᠡ ᠲᠤᠭᠤᠷᠢᠯ ᠬᠤᠶᠠᠷ ᠱᠤᠭᠤᠮ ᠂ ᠬᠤᠶᠠᠷ ᠠᠭᠤᠯᠠ ᠳᠦᠷᠪᠡᠨ ᠭᠤᠤᠯ 》 ᠢᠶᠠᠷ | ᠭᠤᠤᠯᠳᠠᠯᠭ᠎ᠠ ᠪᠣᠯᠭᠠᠨ ᠂ 9000 ᠲᠦᠮᠡᠨ ᠲᠦᠭᠦᠷᠢᠭ ᠪᠡᠯᠡ ᠤᠷᠤᠭᠤᠯᠵᠤ ᠂ ᠵᠠᠰᠠᠮᠠᠯ ᠵᠠᠮ ᠤᠨ | ᠬᠤᠶᠠᠷ ᠬᠠᠵᠠᠭᠤ ᠂ ᠲᠦᠪ ᠬᠤᠲᠠ ᠲᠤᠭᠤᠷᠢᠭ᠂ ᠠᠵᠤ ᠦᠢᠯᠡᠰ ᠤᠨ ᠬᠦᠷᠢᠶᠡᠯᠡᠩ ᠲᠤᠭᠤᠷᠢᠭ ᠵᠢᠴᠢ | ᠲᠤᠰᠬᠤᠨ ᠤ ᠨᠤᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ ᠂ ᠪᠦᠬᠦ ᠵᠢᠯ ᠤᠨ ᠰᠢᠨ᠎ᠡ ᠪᠠᠷ | ᠨᠡᠮᠡᠭᠳᠡᠭᠰᠡᠨ ᠨᠤᠭᠤᠭᠠᠷᠠᠭᠤᠯᠤᠯᠲᠠ ᠶᠢᠨ ᠲᠠᠯᠠᠪᠠᠢ 2900 ᠮᠦ ᠂ ᠪᠦᠬᠦ ᠲᠤᠭᠤᠷᠢᠭ ᠤᠨ ᠤᠢ ᠰᠢᠭᠤᠢ | ᠶᠢᠨ ᠪᠦᠷᠬᠦᠴᠡ ᠶᠢᠨ ᠨᠤᠷᠮ᠎ᠠ ᠪᠠ ᠨᠤᠭᠤᠭᠠᠷᠠᠭᠤᠯᠤᠯᠲᠠ ᠶᠢᠨ ᠪᠦᠷᠬᠦᠴᠡ ᠶᠢᠨ ᠨᠤᠷᠮ᠎ᠠ ᠲᠤᠰᠪᠤᠷᠢ 30. | 5% ᠪᠠ 38.86% ᠪᠤᠯᠤᠨ ᠳᠡᠭᠡᠭᠰᠢᠯᠡᠵᠦ ᠂ ᠬᠦᠮᠦᠨ ᠳᠤᠮᠳᠠᠴᠢ ᠶᠢᠨ ᠴᠡᠴᠡᠷᠯᠢᠭ ᠤᠨ | ᠨᠤᠭᠤᠭᠠᠷᠠᠭᠤᠯᠤᠯᠲᠠ ᠶᠢᠨ ᠲᠠᠯᠠᠪᠠᠢ 12.07 ᠲᠡᠭᠰᠢ ᠳᠦᠷᠪᠡᠯᠵᠢᠨ ᠮᠧᠲᠷ ᠬᠦᠷᠴᠡᠢ ︔ ᠬᠦᠨᠳᠦ | ᠨᠤᠴᠢᠲᠠᠢ ᠪᠤᠬᠢᠷᠳᠦᠯ ᠪᠦᠬᠦᠢ ᠠᠵᠤ ᠠᠬᠤᠶᠢᠯᠠᠯ ᠤᠨ ᠬᠦᠬᠦᠷ ᠦᠭᠡᠶᠢᠲᠡᠭᠦᠯᠦᠨ ᠨᠢᠲᠷᠤ᠋ ᠦᠭᠡᠶᠢᠲᠡᠭᠦᠯᠬᠦ | ᠦᠭᠡᠷᠡᠴᠢᠯᠡᠯᠲᠡ᠂ ᠤᠭᠢᠶᠠᠯᠭ᠎ᠠ ᠶᠢᠨ ᠨᠠᠭᠦᠷᠡᠰᠦ ᠰᠢᠲᠠᠭᠠᠬᠤ ᠭᠦᠸᠧᠯᠤ ᠶᠢ ᠤᠰᠠᠳᠬᠠᠬᠤ ᠵᠡᠷᠭᠡ ᠠᠭᠠᠷ | ᠮᠠᠨᠳᠠᠯ ᠤᠨ ᠤᠷᠴᠢᠨ ᠲᠤᠭᠤᠷᠢᠨ ᠢ ᠲᠤᠰᠬᠠᠢ ᠲᠦᠷᠦᠯ ᠢᠶᠠᠷ ᠴᠡᠭᠴᠡᠯᠡᠨ ᠵᠠᠰᠠᠬᠤ ᠶᠢ ᠦᠷᠨᠢᠭᠦᠯᠵᠦ ᠂ | ᠠᠭᠠᠷ ᠮᠠᠨᠳᠠᠯ ᠤᠨ ᠴᠢᠨᠠᠷ ᠴᠢᠨᠰᠠᠭ᠎ᠠ ᠤᠯᠠᠮ ᠨᠢᠭᠡ ᠠᠯᠬᠤᠮ ᠰᠠᠶᠢᠵᠢᠷᠠᠵᠠᠢ ︔ ᠦᠢᠯᠡᠳᠪᠦᠷᠢᠯᠡᠯ ᠢ | ᠵᠤᠭᠰᠤᠭᠠᠨ ᠦᠢᠯᠡᠳᠪᠦᠷᠢᠯᠡᠯ ᠢ ᠬᠢᠵᠠᠭᠠᠷᠯᠠᠬᠤ ᠂ ᠬᠤᠭ ᠲᠤᠭᠤᠰᠤ ᠳᠡᠭᠳᠡᠭᠦ ᠶᠢ ᠬᠠᠮᠢᠶᠠᠷᠤᠨ ᠡᠵᠡᠮᠳᠡᠬᠦ ᠂ | ᠡᠰᠢ ᠰᠦᠷᠡᠯ ᠰᠢᠲᠠᠭᠠᠬᠤ ᠶᠢ ᠬᠤᠷᠢᠭᠯᠠᠬᠤ ᠂ ᠠᠯᠪᠠᠨ ᠤ ᠲᠡᠷᠭᠡ ᠶᠢ ᠵᠤᠭᠰᠤᠭᠠᠬᠤ ᠵᠡᠷᠭᠡ ᠠᠷᠭ᠎ᠠ | ᠬᠡᠮᠵᠢᠶ᠎ᠡ ᠠᠪᠴᠤ ᠂ APEC ᠬᠤᠷᠠᠯᠳᠤᠭᠠᠨ ᠤ ᠬᠤᠭᠤᠴᠠᠭᠠᠨ ᠳᠠᠬᠢ ᠠᠭᠠᠷ ᠮᠠᠨᠳᠠᠯ ᠤᠨ ᠴᠢᠨᠠᠷ | ᠴᠢᠨᠰᠠᠭ᠎ᠠ ᠶᠢ ᠪᠠᠳᠤᠯᠠᠬᠤ ᠡᠭᠦᠷᠭᠡ ᠶᠢ ᠠᠮᠵᠢᠯᠲᠠ ᠲᠠᠢ ᠪᠡᠶᠡᠯᠡᠭᠦᠯᠵᠡᠢ ᠃ ᠨᠡᠶᠢᠭᠡᠮ ᠲᠤᠭᠤᠷᠢᠭ ᠤᠨ | ᠪᠦᠲᠦᠭᠡᠨ ᠪᠠᠶᠢᠭᠤᠯᠤᠯᠲᠠ ᠶᠢᠨ ᠤᠨ ᠤ ᠠᠵᠢᠯᠯᠠᠭᠠᠨ ᠦᠷᠨᠢᠭᠦᠯᠵᠦ ᠂ 《 ᠨᠢᠭᠡ ᠵᠦᠪᠯᠡᠯ ᠨᠢᠭᠡ | ᠦᠷᠳᠡᠭᠡ ᠤᠯᠠᠨ ᠰᠠᠭᠤᠴᠠ ᠨᠢᠭᠡ ᠦᠷᠦᠭᠡ 》 ᠵᠡᠭᠡᠯᠢ ᠭᠤᠳᠤᠮᠵᠢ ᠨᠡᠶᠢᠭᠡᠮ ᠲᠤᠭᠤᠷᠢᠭ ᠤᠨ | ᠬᠠᠮᠢᠶᠠᠷᠤᠯᠲᠠ ᠶᠢᠨ ᠰᠢᠰᠲ᠋ᠧᠮ ᠤᠨ ᠦᠭᠡᠷᠡᠴᠢᠯᠡᠯᠲᠡ ᠶᠢ ᠠᠬᠢᠭᠤᠯᠤᠨ ᠂ ᠨᠠᠰᠤᠲᠠᠶᠢᠴᠤᠳ ᠤᠨ ᠬᠤᠭᠤᠯᠠᠨ | ᠰᠢᠷᠡᠭᠡ ᠪᠠ ᠰᠠᠭᠤᠭᠠᠯᠢ ᠠᠷᠠᠳ ᠤᠨ ᠠᠮᠢᠳᠤᠷᠠᠯ ᠤᠨ ᠪᠠᠭᠠᠷ ᠢᠶᠠᠷ ᠠᠴᠢᠶᠠᠯᠠᠭᠴᠢ ᠪᠤᠯᠭᠠᠭᠰᠡᠨ ᠵᠠᠰᠠᠭ | ᠤᠨ ᠤᠷᠳᠤᠨ ᠨᠡᠶᠢᠭᠡᠮ ᠤᠨ ᠨᠠᠰᠤᠳᠠᠨ ᠢ ᠠᠰᠠᠷᠠᠬᠤ ᠦᠢᠯᠡᠴᠢᠯᠡᠭᠡ ᠶᠢ ᠬᠤᠳᠠᠯᠳᠤᠨ ᠠᠪᠬᠤ ᠶᠢ | ᠬᠡᠷᠡᠭᠵᠢᠭᠦᠯᠵᠦ᠂ ᠰᠢᠨ᠎ᠡ ᠪᠠᠷ ᠨᠡᠮᠡᠭᠳᠡᠭᠰᠡᠨ ᠪᠠᠷᠢᠮᠵᠢᠶᠠᠵᠢᠭᠤᠯᠤᠭᠰᠠᠨ ᠪᠠ ᠰᠢᠯᠢᠳᠡᠭᠵᠢᠭᠦᠯᠦᠭᠰᠡᠨ ᠨᠡᠶᠢᠭᠡᠮ | ᠲᠤᠭᠤᠷᠢᠭ 10 ᠳᠤ ᠭᠦᠷᠪᠡ ︔ ᠪᠦᠬᠦ ᠤᠯᠤᠰ ᠤᠨ ᠪᠤᠯᠪᠠᠰᠤᠨ ᠬᠤᠲᠠ ᠶᠢᠨ ᠪᠦᠲᠦᠭᠡᠨ ᠪᠠᠶᠢᠭᠤᠯᠤᠯᠲᠠ | ᠶᠢᠨ ᠠᠵᠢᠯ ᠢ ᠪᠦᠬᠦ ᠬᠦᠴᠦᠨ ᠢᠶᠠᠷ ᠦᠷᠨᠢᠭᠦᠯᠵᠦ ᠂ ᠨᠡᠶᠢᠭᠡᠮ ᠤᠨ ᠪᠤᠯᠪᠠᠰᠤᠨ ᠤ ᠬᠡᠮᠵᠢᠶ᠎ᠡ ᠤᠯᠠᠮ | ᠨᠢᠭᠡ ᠠᠯᠬᠤᠮ ᠳᠡᠭᠡᠭᠰᠢᠯᠡᠵᠡᠢ ︔ ᠪᠠᠶᠠᠴᠢᠯᠡᠭᠰᠡᠨ ᠨᠡᠶᠢᠭᠡᠮ ᠤᠨ ᠠᠮᠤᠷ ᠢ ᠬᠠᠮᠠᠭᠠᠯᠠᠬᠤ ᠰᠡᠷᠭᠡᠶᠢᠯᠡᠨ | ᠡᠵᠡᠮᠳᠡᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠬᠠᠤᠯᠢ ᠵᠦᠷᠢᠴᠡᠨ ᠶᠠᠯ᠎ᠠ | ᠬᠢᠭᠰᠡᠨ ᠠᠵᠢᠯᠯᠠᠭ᠎ᠠ ᠳᠤ ᠬᠦᠨᠳᠦ ᠴᠤᠬᠢᠯᠲᠠ ᠦᠭᠴᠦ ᠂ ᠠᠮᠤᠷ ᠢ ᠬᠠᠮᠠᠭᠠᠯᠠᠬᠤ ᠡᠮᠬᠢ ᠲᠢᠭᠯᠢᠮ | ᠦᠷᠭᠦᠯᠵᠢᠯᠡᠨ ᠰᠠᠶᠢᠨ ᠡᠷᠬᠢᠯᠲᠠ ᠲᠠᠢ ᠪᠤᠯᠵᠦ᠂ ᠠᠮᠤᠷ ᠲᠠᠶᠢᠪᠦᠩ ᠬᠤᠩ ᠱᠠᠨ ᠤ ᠪᠠᠶᠢᠭᠤᠯᠤᠯᠲᠠ | ᠢᠯᠡᠷᠬᠡᠢ ᠪᠦᠲᠦᠮᠵᠢ ᠤᠯᠵᠠᠢ ︔ ᠬᠠᠤᠯᠢ ᠂ ᠵᠠᠷᠭᠤ ᠂ ᠵᠠᠬᠢᠳᠠᠯ ᠰᠤᠷᠪᠤᠯᠵᠢᠯᠠᠭ᠎ᠠ ᠳᠤ ᠬᠤᠯᠪᠤᠭᠳᠠᠭᠰᠠᠨ | ᠦᠭᠡᠷᠡᠴᠢᠯᠡᠯᠲᠡ ᠶᠢ ᠶᠡᠭᠡ ᠬᠦᠴᠦᠨ ᠢᠶᠠᠷ ᠠᠬᠢᠭᠤᠯᠤᠨ ᠂ ᠠᠷᠠᠳ ᠤᠯᠠᠨ ᠤ ᠭᠤᠮᠤᠳᠠᠯ ᠲᠤᠭᠠᠴᠢᠯ | ᠤᠨ ᠦᠢᠯᠡᠴᠢᠯᠡᠭᠡᠨ ᠤ ᠲᠦᠪ ᠢ ᠲᠤᠷᠰᠢᠨ ᠪᠠᠶᠢᠭᠤᠯᠵᠤ ᠂ ᠵᠠᠬᠢᠲᠠᠯ ᠰᠤᠷᠪᠤᠯᠵᠢᠯᠠᠭ᠎ᠠ ᠶᠢᠨ ᠵᠠᠭᠤᠨ ᠡᠳᠦᠷ | ᠤᠨ ᠪᠤᠭᠤᠮᠲᠠ ᠰᠢᠪᠳᠤᠯᠠᠬᠤ ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠭᠦᠯᠦᠨ ᠂ ᠳᠠᠷᠣᠭᠳᠠᠭᠰᠡᠨ | ᠵᠠᠬᠢᠲᠠᠯ ᠰᠤᠷᠪᠤᠯᠵᠢᠯᠠᠭ᠎ᠠ ᠶᠢᠨ 124 ᠬᠡᠷᠡᠭ ᠢ ᠨᠠᠮᠳᠠᠭᠤᠯᠵᠠᠢ ︔ ᠢᠳᠡᠭᠡᠨ ᠡᠮ ᠤᠨ ᠵᠦᠢᠯ ᠤᠨ ᠠᠮᠤᠷ | ᠲᠦᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠠᠢ ︔ ᠠᠶᠤᠯᠭᠦᠢ ᠦᠢᠯᠡᠳᠪᠦᠷᠢᠯᠡᠯ ᠤᠨ ᠬᠠᠤᠯᠢ | ᠴᠠᠭᠠᠵᠠ ᠬᠠᠤᠯᠢ ᠲᠤᠭᠲᠠᠭᠠᠯ ᠢ ᠴᠢᠩᠭ᠎ᠠ ᠬᠡᠷᠡᠭᠵᠢᠭᠦᠯᠦᠨ ᠂ ᠲᠤᠤᠷᠵᠢᠭᠰᠡᠨ ᠮᠠᠶ᠋ᠢᠭ ᠤᠨ ᠪᠠᠶᠢᠴᠠᠭᠠᠨ | ᠴᠡᠭᠴᠡᠯᠡᠯᠲᠡ ᠶᠢ ᠦᠷᠨᠢᠭᠦᠯᠵᠦ ᠂ ᠪᠦᠬᠦ ᠲᠤᠭᠤᠷᠢᠭ ᠲᠤ ᠬᠦᠨᠳᠦ ᠤᠨᠴᠠ ᠶᠡᠭᠡ ᠠᠶᠦᠯᠭᠦᠢ | ᠦᠢᠯᠡᠳᠪᠦᠷᠢᠯᠡᠯ ᠤᠨ ᠬᠡᠷᠡᠭ ᠶᠠᠪᠤᠳᠠᠯ ᠭᠠᠷᠤᠭᠰᠡᠨ ᠦᠭᠡᠢ ᠃ | ︵ᠲᠠᠪᠤ︶ ᠤᠯᠠᠨ ᠠᠷᠭ᠎ᠠ ᠮᠠᠶ᠋ᠢᠭ ᠢᠶᠠᠷ ᠠᠷᠠᠳ ᠤᠨ ᠠᠮᠢᠳᠤᠷᠠᠯ ᠢ ᠬᠠᠷᠠᠭᠠᠯᠵᠠᠨ ᠪᠤᠶᠠᠨ | ᠬᠡᠰᠢᠭ ᠨᠡᠮᠡᠭᠳᠡᠭᠦᠯᠵᠦ ᠂ ᠠᠷᠠᠳ ᠤᠨ ᠠᠮᠢᠳᠤᠷᠠᠯ ᠦᠷᠭᠦᠯᠵᠢᠯᠡᠨ ᠰᠠᠶᠢᠵᠢᠷᠠᠵᠠᠢ ᠃ ᠵᠢᠷᠭᠤᠭᠠᠨ ᠶᠡᠭᠡ | ᠠᠷᠠᠳ ᠤᠨ ᠠᠮᠢᠳᠤᠷᠠᠯ ᠤᠨ ᠢᠨᠵᠧᠨᠧᠷᠢᠩ ᠢ ᠯᠠᠪᠳᠠᠭᠤᠨ ᠪᠠᠳᠤᠲᠠᠢ ᠠᠬᠢᠭᠤᠯᠤᠨ ᠂ ᠡᠳ᠋ ᠤᠨ ᠵᠠᠰᠠᠭ | ᠤᠨ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠠᠬᠢ ᠵᠠᠷᠤᠯᠭ᠎ᠠ 19.8 ᠳ᠋ᠦᠩᠰᠢᠭᠤᠷ | ᠲᠦᠭᠦᠷᠢᠭ ᠬᠦᠷᠴᠦ ᠂ ᠡᠳ᠋ ᠤᠨ ᠵᠠᠰᠠᠭ ᠤᠨ ᠶᠡᠷᠦᠩᠬᠡᠢ ᠵᠠᠷᠤᠯᠭ᠎ᠠ ᠶᠢᠨ 76% ᠶᠢ ᠡᠵᠡᠯᠡᠪᠡ᠃ ᠦᠢᠯᠡᠰ | ᠴᠤᠭᠴᠠᠯᠠᠬᠤ ᠮᠠᠶ᠋ᠢᠭ ᠤᠨ ᠬᠤᠲᠠ ᠶᠢ ᠢᠳᠡᠪᠬᠢᠲᠡᠢ ᠪᠦᠲᠦᠭᠡᠨ ᠪᠠᠶᠢᠭᠤᠯᠵᠤ ᠂ ᠰᠢᠨ᠎ᠡ ᠪᠠᠷ | ᠨᠡᠮᠡᠭᠳᠡᠭᠰᠡᠨ ᠬᠤᠲᠠ ᠪᠠᠯᠭᠠᠰᠤᠨ ᠤ ᠠᠵᠢᠯ ᠤᠯᠤᠭᠰᠠᠳ 9266 ᠬᠦᠮᠦᠨ ᠳᠤ ᠭᠦᠷᠪᠡ ᠃ ᠬᠤᠲᠠ | ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠲᠠᠭᠠᠭᠳᠬᠠᠯ ᠤᠨ ᠪᠦᠷᠬᠦᠴᠡ 80% ᠬᠦᠷᠴᠦ ᠂ | ᠲᠠᠷᠢᠶᠠᠨ ᠭᠠᠵᠠᠷ ᠢᠶᠠᠨ ᠠᠯᠳᠠᠭᠰᠠᠨ ᠲᠠᠷᠢᠶᠠᠴᠢᠳ ᠤᠨ ᠨᠠᠰᠤᠵᠢᠯ ᠤᠨ ᠲᠠᠭᠠᠭᠳᠬᠠᠯ ᠳᠤ | ᠤᠷᠤᠯᠴᠠᠭᠰᠡᠳ 8718 ᠬᠦᠮᠦᠨ ᠪᠠᠶᠢᠵᠤ ᠂ 《 ᠲᠠᠪᠤᠨ ᠲᠠᠭᠠᠭᠳᠬᠠᠯ 》 ᠳᠤ ᠤᠷᠤᠯᠴᠠᠭᠰᠠᠳ ᠤᠨ | ᠴᠡᠪᠡᠷ ᠨᠡᠮᠡᠭᠳᠡᠯ 4097 ᠬᠦᠮᠦᠨ ︔ ᠰᠢᠨ᠎ᠡ ᠬᠦᠳᠡᠭᠡ ᠲᠤᠰᠬᠤᠨ ᠤ ᠬᠤᠷᠰᠢᠭᠰᠠᠨ ᠪᠡᠯᠡ | ᠴᠤᠭᠯᠠᠭᠤᠯᠤᠭᠰᠡᠨ ᠪᠠᠷᠢᠮᠵᠢᠶ᠎ᠠ ᠶᠢ 340 ᠲᠦᠭᠦᠷᠢᠭ ᠠᠴᠠ 380 ᠲᠦᠭᠦᠷᠢᠭ ᠪᠤᠯᠤᠨ ᠳᠡᠭᠡᠭᠰᠢᠯᠡᠭᠦᠯᠵᠦ ᠂ | ᠬᠤᠲᠠ ᠪᠠᠯᠭᠠᠰᠤᠨ ᠤ ᠠᠵᠢᠯᠳᠠᠨ ᠠᠵᠢᠯᠴᠢᠨ ᠤ ᠡᠮ ᠡᠮᠨᠡᠯᠭᠡ ᠶᠢᠨ ᠲᠠᠭᠠᠳᠬᠠᠯ ᠤᠨ ᠬᠠᠮᠤᠭ ᠳᠡᠭᠡᠳᠦ | ᠲᠦᠯᠦᠪᠦᠷᠢᠯᠡᠭᠦ ᠲᠤᠭ᠎ᠠ ᠬᠡᠮᠵᠢᠶ᠎ᠡ ᠪᠠ ᠰᠢᠨ᠎ᠡ ᠬᠤᠷᠰᠢᠭᠰᠠᠨ ᠡᠮᠨᠡᠯᠭᠡ ᠶᠢᠨ ᠶᠡᠭᠡ ᠡᠪᠡᠳᠴᠢᠨ ᠤ ᠨᠦᠬᠦᠪᠦᠷᠢ | ᠶᠢᠨ ᠳᠡᠭᠡᠷ᠎ᠡ ᠬᠢᠵᠠᠭᠠᠷ ᠪᠦᠷ 25 ᠲᠦᠮᠡᠨ ᠲᠦᠭᠦᠷᠢᠭ ᠠᠴᠠ 30 ᠲᠦᠮᠡᠨ ᠲᠦᠭᠦᠷᠢᠭ ᠪᠤᠯᠭᠠᠨ | ᠳᠡᠭᠡᠭᠰᠢᠯᠡᠭᠦᠯᠵᠠᠢ ︔ ᠬᠤᠲᠠ ᠬᠦᠳᠡᠭᠡ ᠶᠢᠨ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ | 460 ᠲᠦᠭᠦᠷᠢᠭ ᠪᠠ ᠵᠢᠯ ᠪᠦᠷᠢ 3390 ᠲᠦᠭᠦᠷᠢᠭ ᠠᠴᠠ ᠲᠤᠰᠪᠤᠷᠢ 490 ᠲᠦᠭᠦᠷᠢᠭ ᠪᠠ | 3690 ᠲᠦᠭᠦᠷᠢᠭ ᠪᠤᠯᠭᠠᠨ ᠳᠡᠭᠡᠭᠰᠢᠯᠡᠭᠦᠯᠵᠠᠢ ︔ ᠠᠵᠤ ᠠᠬᠤᠶᠢᠯᠠᠯ ᠤᠨ ᠠᠵᠢᠯ ᠠᠴᠠ ᠪᠠᠨ | ᠠᠮᠠᠷᠠᠭᠰᠠᠳ ᠂ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯᠳᠠᠨ ᠪᠤᠯᠤᠨ ᠨᠡᠶᠢᠭᠡᠮ ᠲᠤᠭᠤᠷᠢᠭ | ᠤᠨ ᠠᠵᠢᠯᠳᠠᠨ ᠳᠤ ᠰᠠᠷ᠎ᠠ ᠪᠦᠷᠢ ᠲᠡᠭᠰᠢᠳᠬᠡᠭᠡᠳ ᠲᠤᠰᠪᠤᠷᠢ 164 ᠲᠦᠭᠦᠷᠢᠭ ᠂ 190 ᠲᠦᠭᠦᠷᠢᠭ ᠪᠠ | 251 ᠲᠦᠭᠦᠷᠢᠭ ᠨᠠᠮᠠᠵᠦ ᠤᠯᠭᠤᠵᠠᠢ ︔ ᠲᠤᠤᠷ᠎ᠠ ᠤᠷᠤᠯᠭ᠎ᠠ ᠲᠠᠢ ᠡᠷᠦᠬᠡ ᠪᠦᠷᠢ ᠳᠤ ᠲᠤᠯᠠᠭᠠᠯᠭ᠎ᠠ | ᠶᠢᠨ ᠨᠦᠬᠦᠪᠦᠷᠢ 600 ᠲᠦᠭᠦᠷᠢᠭ ᠤᠯᠭᠤᠵᠠᠢ ︔ ᠬᠠᠭᠤᠴᠢᠨ ᠵᠢᠵᠢᠭ ᠲᠤᠭᠤᠷᠢᠭ ᠤᠨ ᠦᠭᠡᠷᠡᠴᠢᠯᠡᠨ | ᠪᠠᠶᠢᠭᠤᠯᠤᠯᠲᠠ 51 ᠲᠦᠮᠡᠨ ᠲᠡᠭᠰᠢ ᠳᠦᠷᠪᠡᠯᠵᠢᠨ ᠮᠧᠲᠷ ᠢ ᠬᠡᠷᠡᠭᠵᠢᠭᠦᠯᠦᠨ ᠂ ᠠᠵᠢᠯ ᠡᠬᠢᠯᠡᠭᠰᠡᠨ | ᠪᠤᠶᠤ ᠠᠵᠢᠯ ᠰᠡᠷᠭᠦᠭᠡᠭᠰᠡᠨ ᠪᠠᠳᠤᠯᠠᠭ᠎ᠠ ᠶᠢᠨ ᠴᠢᠨᠠᠷᠲᠠᠢ ᠤᠷᠤᠨ ᠰᠠᠭᠤᠴᠠ 37.6 ᠲᠦᠮᠡᠨ ᠲᠡᠭᠰᠢ | ᠳᠦᠷᠪᠡᠯᠵᠢᠨ ᠮᠧᠲᠷ ᠲᠤ ᠭᠦᠷᠪᠡ᠃ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠲᠡᠩᠴᠡᠭᠦᠷᠢᠲᠡᠢ | ᠲᠤᠬᠢᠷᠠᠭᠤᠯᠤᠯᠲᠠ ᠶᠢ ᠠᠬᠢᠭᠤᠯᠤᠨ ᠂ ᠢᠯᠡ ᠪᠠᠷ ᠡᠯᠰᠡᠨ ᠤᠷᠢᠨ ᠬᠡᠷᠡᠭᠯᠡᠭᠰᠡᠨ ᠪᠠᠭᠰᠢ 165 ᠨᠡᠷ᠎ᠡ | ᠪᠠᠶᠢᠵᠦ᠂ ᠬᠦᠳᠡᠭᠡ ᠲᠤᠰᠬᠤᠨ ᠵᠢᠴᠢ ᠪᠠᠭᠤᠷᠠᠢ ᠰᠤᠷᠭᠠᠭᠤᠯᠢ ᠨᠤᠭᠤᠳ ᠲᠤ 90 ᠨᠡᠷ᠎ᠡ ᠪᠠᠭᠰᠢ ᠲᠤᠬᠢᠷᠠᠭᠤᠯᠵᠤ | ᠂ 1500 ᠲᠦᠮᠡᠨ ᠲᠦᠭᠦᠷᠢᠭ ᠤᠨ ᠵᠢᠭᠠᠨ ᠰᠤᠷᠭᠠᠯᠲᠠ ᠶᠢᠨ ᠲᠦᠬᠦᠭᠡᠷᠦᠮᠵᠢ ᠨᠦᠬᠦᠪᠦᠷᠢᠯᠡᠵᠡᠢ ︔ ᠬᠤᠩ | ᠮᠢᠶᠤᠤ ᠽᠢ ᠳᠤᠮᠳᠠᠳᠤ ᠰᠤᠷᠭᠠᠭᠤᠯᠢ ᠶᠢᠨ ᠬᠤᠭᠤᠯᠠᠨ ᠭᠡᠷ ᠪᠠᠶᠢᠷᠢ ᠶᠢᠨ ᠠᠰᠠᠷ ᠂ ᠸᠧᠨ ᠵᠦᠩ | ᠪᠠᠯᠭᠠᠰᠤᠨ ᠤ ᠲᠦᠪ ᠬᠡᠦᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠵᠤ ᠲᠠᠭᠤᠰᠬᠠᠨ ᠂ 8 | ᠰᠤᠷᠭᠠᠭᠤᠯᠢ ᠶᠢᠨ ᠪᠠᠷᠢᠮᠵᠢᠶᠠᠵᠢᠭᠤᠯᠤᠭᠰᠡᠨ ᠰᠦᠯᠢᠶᠤᠤ ᠭᠤᠮ ᠲᠠᠮᠢᠷ ᠤᠨ ᠲᠠᠯᠠᠪᠤᠷ ᠤᠨ ᠪᠦᠲᠦᠭᠡᠨ | ᠪᠠᠶᠢᠭᠤᠯᠤᠯᠲᠠ ᠶᠢ ᠪᠠᠶᠠᠯᠡᠭᠦᠯᠵᠠᠢ︔ ᠰᠢᠨ᠎ᠡ ᠨᠢᠭᠡ ᠡᠭᠡᠯᠵᠢ ᠶᠢᠨ ᠰᠤᠷᠬᠤ ᠨᠠᠰᠤᠨ ᠠᠴᠠ ᠡᠮᠦᠨᠡᠬᠢ | ᠰᠤᠷᠭᠠᠨ ᠬᠦᠮᠦᠵᠢᠯ ᠤᠨ ᠭᠤᠷᠪᠠᠨ ᠵᠢᠯ ᠤᠨ ᠲᠦᠯᠦᠪᠯᠡᠭᠡ ᠶᠢ ᠡᠬᠢᠯᠡᠭᠦᠯᠪᠡ︔ ᠤᠯᠠᠭᠠᠨᠬᠠᠳᠠ | ᠳᠦᠷᠪᠡᠳᠦᠭᠡᠷ ᠳᠤᠮᠳᠠᠳᠤ ᠰᠤᠷᠭᠠᠭᠤᠯᠢ ᠶᠢᠨ ᠳᠡᠭᠡᠳᠦ ᠰᠢᠯᠭᠠᠯᠲᠠ ᠶᠢᠨ 600 ᠬᠤᠪᠢ ᠠᠴᠠ ᠳᠡᠭᠡᠭᠰᠢᠬᠢ | ᠬᠦᠮᠦᠨ ᠤ ᠲᠤᠭ᠎ᠠ ᠰᠢᠨ᠎ᠡ ᠳᠡᠮᠳᠡᠭᠯᠡᠯ ᠡᠭᠦᠳᠴᠡᠢ ᠃ ᠤᠯᠤᠰ ᠤᠨ ᠴᠢᠬᠤᠯᠠ ᠶᠡᠭᠡ ᠪᠠ ᠦᠨᠳᠦᠰᠦᠨ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠷᠦᠯ ᠵᠦᠢᠯ ᠢ ᠴᠢᠩᠭ᠎ᠠ ᠨᠢᠮᠪᠠᠢ | ᠲᠤᠤᠱᠯᠠᠭᠤᠯᠤᠨ ᠂ ᠦᠨᠳᠦᠰᠦᠨ ᠡᠮᠳᠦ ᠪᠤᠳᠠᠰ ᠤᠨ ᠳᠦᠷᠢᠮ ᠪᠠ ᠦᠨᠳᠦᠰᠦᠨ ᠱᠠᠳᠤᠨ ᠤ ᠡᠷᠬᠢᠯᠲᠠ | ᠶᠢᠨ ᠰᠢᠨ᠎ᠡ ᠳᠤᠭᠳᠠᠯᠴᠠᠭ᠎ᠠ ᠶᠢ ᠲᠡᠭᠦᠯᠳᠡᠷᠵᠢᠭᠦᠯᠵᠡᠢ ︔ ᠬᠤᠶᠠᠳᠤᠭᠠᠷ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠠᠰᠠᠷ ᠂ ᠲᠦᠯᠦᠪᠯᠡᠭᠡᠲᠦ ᠦᠷᠡᠵᠢᠯ ᠤᠨ ᠦᠢᠯᠡᠴᠢᠯᠡᠭᠡᠨ ᠤ ᠦᠷᠳᠡᠭᠡ᠂ ᠬᠤᠩ ᠮᠢᠶᠤᠤ | ᠽᠢ ᠭᠠᠵᠠᠷ ᠤᠷᠤᠨ ᠤ ᠡᠮᠨᠡᠯᠭᠡ ᠶᠢᠨ ᠬᠤᠷᠢᠶ᠎ᠠ ᠪᠠ 2 ᠰᠠᠭᠤᠷᠢ ᠨᠡᠶᠢᠭᠡᠮ ᠲᠤᠭᠤᠷᠢᠭ ᠤᠨ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠦᠪ ᠢ ᠪᠠᠶᠢᠭᠤᠯᠪᠠ᠃ 《 ᠨᠢᠭᠡ ᠭᠠᠭᠴᠠ ᠬᠤᠶᠠᠷ ᠬᠡᠦᠬᠡᠳ | ᠠᠪᠬᠤ 》 ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠡᠨᠳᠦᠯᠡᠭᠰᠡᠨ | ᠬᠦᠮᠦᠨ ᠠᠮᠠ ᠶᠢᠨ ᠴᠢᠨᠠᠷ ᠤᠨ ᠢᠯᠭᠠᠯ ᠤᠨ ᠬᠠᠷᠢᠴᠠᠯ ᠲᠠᠷᠠᠭᠠᠯᠠᠨ ᠭᠤᠷᠪᠠᠨ ᠵᠢᠯ ᠲᠤᠷᠤᠭᠰᠢᠯᠠᠵᠠᠢ᠃ | ᠡᠯ ᠳ᠋ᠤᠤ ᠵᠢᠩ ᠽᠢ ᠪᠠᠭᠤᠷᠢ ᠶᠢᠨ ᠠᠪᠤᠷᠠᠯᠲᠠ ᠶᠢᠨ ᠴᠢᠨᠠᠷᠲᠠᠢ ᠬᠠᠮᠠᠭᠠᠯᠠᠯᠲᠠ ᠶᠢ ᠪᠡᠶᠡᠯᠡᠭᠦᠯᠵᠡᠢ᠃ | ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠲᠠᠮᠢᠷ ᠤᠨ ᠴᠤᠭᠯᠠᠭᠠᠨ ᠤ | ᠬᠤᠯᠪᠤᠭᠳᠠᠯ ᠪᠦᠬᠦᠢ ᠤᠷᠤᠯᠳᠤᠭᠠᠨ ᠮᠦᠷᠦᠶᠢᠴᠡᠭᠡᠨ ᠢ ᠠᠮᠵᠢᠯᠲᠠ ᠲᠠᠢ ᠡᠷᠬᠢᠯᠡᠨ ᠶᠠᠪᠤᠭᠳᠠᠭᠤᠯᠵᠠᠢ ᠃ | ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ᠂ ᠪᠢᠳᠠ ᠨᠠᠮ ᠤᠨ ᠤᠯᠠᠨ ᠲᠦᠮᠡᠨᠴᠢ | ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠯᠠᠪᠳᠠᠭᠤᠨ ᠪᠠᠳᠤᠲᠠᠢ ᠦᠷᠨᠢᠭᠦᠯᠵᠦ ᠂ | ᠬᠦᠴᠦᠨ ᠢᠶᠠᠨ ᠲᠦᠪᠯᠡᠷᠡᠭᠦᠯᠦᠨ 《 ᠳᠦᠷᠪᠡᠨ ᠰᠤᠷᠲᠠᠯ》 ᠢ ᠴᠡᠭᠴᠡᠯᠡᠨ ᠂ ᠵᠠᠰᠠᠭ ᠵᠠᠬᠢᠷᠭᠠᠨ ᠤ | ᠪᠠᠶᠢᠭᠤᠯᠭ᠎ᠠ ᠪᠤᠯᠤᠨ ᠺᠠᠳ᠋ᠷ ᠤᠨ ᠬᠡᠪ ᠰᠤᠷᠲᠠᠯ ᠮᠡᠳᠡᠭᠳᠡᠮ᠎ᠡ ᠰᠠᠶᠢᠵᠢᠷᠠᠵᠤ᠂ ᠵᠠᠰᠠᠭ ᠵᠠᠬᠢᠷᠭᠠᠨ ᠤ ᠴᠢᠳᠠᠮᠵᠢ | ᠪᠠ ᠦᠢᠯᠡᠴᠢᠯᠡᠭᠡᠨ ᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠡᠢ ᠃ ᠠᠷᠠᠳ ᠤᠨ ᠲᠦᠯᠦᠭᠡᠯᠡᠭᠴᠢᠳ | ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠦᠪᠯᠡᠯᠭᠡᠨ ᠤ | ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠭᠦᠯᠢᠶᠠᠵᠦ ᠂ ᠨᠡᠶᠢᠭᠡᠮ ᠤᠨ ᠬᠢᠨᠠᠯᠲᠠ | ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ ᠂ ᠪᠦᠬᠦ ᠵᠢᠯ ᠳᠤ ᠠᠷᠠᠳ ᠤᠨ ᠲᠦᠯᠦᠭᠡᠯᠡᠭᠴᠢᠳ | ᠤᠨ ᠰᠠᠨᠠᠯ ᠰᠠᠨᠠᠭᠤᠯᠭ᠎ᠠ 100 ᠬᠤᠪᠢ ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠤᠨ | ᠰᠠᠨᠠᠯ ᠲᠤᠷᠠᠳᠤᠯᠭ᠎ᠠ 107 ᠬᠤᠪᠢ ᠶᠢ ᠬᠦᠯᠢᠶᠡᠨ ᠠᠪᠴᠤ ᠭᠦᠢᠴᠡᠳᠬᠡᠨ᠂ ᠰᠠᠯᠠᠭ᠎ᠠ ᠮᠦᠴᠢᠷ ᠤᠨ | ᠲᠦᠰᠦᠪ ᠂ ᠲᠦᠰᠦᠪ ᠤᠨ ᠭᠦᠢᠴᠡᠳᠬᠡᠯ ᠪᠠ 《 ᠠᠯᠪᠠᠨ ᠤ ᠭᠤᠷᠪᠠᠨ》 ᠵᠠᠷᠤᠳᠠᠯ ᠤᠨ ᠲᠦᠰᠦᠪ ᠂ | ᠲᠦᠰᠦᠪ ᠤᠨ ᠭᠦᠢᠴᠡᠳᠬᠡᠯ ᠢ ᠪᠦᠬᠦ ᠲᠠᠯ᠎ᠠ ᠪᠠᠷ ᠢᠯᠡ ᠨᠡᠶᠢᠲᠡᠯᠡᠵᠡᠢ ᠃ ᠤᠯᠤᠰ ᠤᠨ ᠪᠠᠳᠤᠯᠠᠨ | ᠬᠠᠮᠠᠭᠠᠯᠠᠯᠲᠠ ᠶᠢᠨ ᠬᠦᠮᠦᠵᠢᠯ᠂ ᠡᠷᠦᠬᠡ ᠶᠢᠨ ᠴᠡᠷᠢᠭ ᠤᠨ ᠪᠡᠯᠡᠳᠬᠡᠯ ᠠᠯᠪᠠ ᠪᠠ ᠬᠤᠶᠠᠷ ᠢ ᠭᠦᠷᠢᠶᠡᠯᠡᠵᠦ | ᠬᠠᠮᠳᠦᠪᠡᠷ ᠪᠠᠶᠢᠭᠤᠯᠬᠤ ᠶᠢ ᠪᠠᠳᠤᠳᠠᠢ ᠠᠬᠢᠭᠤᠯᠤᠨ᠂ ᠦᠨᠳᠦᠰᠦᠲᠠᠨ ᠱᠠᠰᠢᠨ ᠰᠤᠷᠲᠠᠬᠤᠨ ᠂ ᠬᠢᠨᠠᠨ | ᠪᠤᠳᠤᠯᠲᠠ ᠂ ᠲᠤᠭ᠎ᠠ ᠪᠦᠷᠢᠳᠬᠡᠯ ᠂ ᠳᠠᠩᠰᠠ ᠡᠪᠬᠡᠮᠡᠯ᠂ ᠠᠬᠠᠮᠠᠳ ᠺᠠᠳ᠋ᠷ᠂ ᠬᠤᠶᠢᠴᠢ ᠦᠶ᠎ᠡ ᠶᠢ | ᠬᠠᠯᠠᠮᠵᠢᠯᠠᠬᠤ ᠂ ᠵᠡᠮᠳᠡᠭᠴᠦᠳ ᠢ ᠬᠠᠯᠠᠮᠵᠢᠯᠠᠬᠤ ᠵᠡᠷᠭᠡ ᠠᠵᠢᠯ ᠰᠢᠨ᠎ᠡ ᠠᠬᠢᠯᠲᠠ ᠲᠠᠢ ᠪᠤᠯᠵᠠᠢ ᠃ ᠡᠭᠦᠨ | ᠤ ᠵᠡᠷᠭᠡᠪᠡᠷ᠂ ᠨᠢᠭᠡ ᠪᠦᠯᠦᠭ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠪᠠᠰᠠ ᠰᠢᠨ᠎ᠡ | ᠰᠢᠪᠳᠤᠯᠤᠯᠲᠠ ᠲᠠᠢ ᠪᠤᠯᠵᠠᠢ ᠃ ᠤᠯᠠᠭᠠᠨᠬᠠᠳᠠ ᠭᠠᠶᠢᠯᠢ ᠪᠠᠳᠤᠯᠠᠬᠤ ᠪᠠᠷᠠᠭᠠᠨ ᠤ ᠭᠦᠢᠯᠭᠡᠭᠡᠨ ᠤ ᠲᠦᠪ | ᠪᠢᠲᠡᠭᠦᠮᠵᠢᠯᠡᠨ ᠠᠵᠢᠯ ᠡᠬᠢᠯᠠᠵᠠᠢ︔ ᠤᠯᠤᠰ ᠤᠨ ᠦᠷᠭᠦᠯᠵᠢᠯᠡᠬᠦᠶᠢᠴᠡ ᠬᠦᠭᠵᠢᠯᠲᠡ ᠶᠢᠨ ᠲᠤᠷᠰᠢᠯᠲᠠ ᠶᠢᠨ | ᠤᠷᠤᠨ ᠢ ᠪᠦᠲᠦᠭᠡᠨ ᠪᠠᠶᠢᠭᠤᠯᠬᠤ ᠠᠵᠢᠯ ᠠᠩᠬᠠᠨ ᠤ ᠬᠢᠨᠠᠯᠲᠠ ᠶᠢ ᠦᠩᠭᠡᠷᠡᠭᠦᠯᠪᠡ ︔ ᠮᠠᠨ ᠤ | ᠲᠤᠭᠤᠷᠢᠭ ᠨᠢ ᠤᠯᠤᠰ ᠤᠨ ᠦᠨᠳᠦᠰᠦᠨ ᠱᠠᠳᠤᠨ ᠤ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ | ᠦᠭᠡᠷᠡᠴᠢᠯᠡᠯᠲᠡ ᠶᠢᠨ ᠭᠤᠤᠯᠳᠠᠯᠭ᠎ᠠ ᠲᠠᠢ ᠬᠠᠷᠢᠯᠴᠠᠬᠤ ᠴᠡᠭ ᠪᠠ ᠦᠪᠡᠷᠳᠡᠭᠡᠨ ᠵᠠᠰᠠᠬᠤ ᠤᠷᠤᠨ ᠤ | ᠦᠵᠡᠰᠬᠦᠯᠡᠩᠲᠦ ᠬᠦᠳᠡᠭᠡ ᠲᠤᠰᠬᠤᠨ ᠤ ᠭᠤᠤᠯᠳᠠᠯᠭ᠎ᠠ ᠲᠠᠢ ᠠᠬᠢᠭᠤᠯᠤᠯᠲᠠ ᠶᠢᠨ ᠬᠤᠰᠢᠭᠤ ᠰᠢᠶᠠᠨ ᠤ | ᠡᠩᠨᠡᠭᠡᠨ ᠳᠤ ᠠᠮᠵᠢᠯᠲᠠ ᠲᠠᠢ ᠪᠠᠷ ᠳᠠᠪᠰᠢᠨ ᠤᠷᠤᠭᠰᠠᠨ ᠪᠠᠶᠢᠨ᠎ᠠ ︔ ᠵᠤᠤ ᠤᠳᠠ ᠬᠠᠭᠤᠴᠢᠨ ᠠᠵᠤ | ᠦᠢᠯᠡᠳᠪᠦᠷᠢ ᠶᠢᠨ ᠲᠤᠭᠤᠷᠢᠭ《 ᠪᠦᠬᠦ ᠤᠯᠤᠰ ᠤᠨ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠢ | ᠲᠤᠬᠢᠷᠠᠭᠤᠯᠤᠨ ᠦᠭᠡᠷᠡᠴᠢᠯᠡᠬᠦ ᠲᠦᠯᠦᠪᠵᠢᠭᠦᠯᠭᠡ》 ᠳᠤ ᠤᠷᠤᠪᠠ ︔ ᠠᠵᠤ ᠠᠬᠤᠢ ᠶᠢᠨ ᠨᠡᠭᠡᠭᠡᠯᠲᠡ ᠶᠢᠨ | ᠤᠷᠤᠨ ᠤᠯᠤᠰ ᠤᠨ ᠲᠤᠤᠷ᠎ᠠ ᠨᠡᠭᠦᠷᠡᠰᠦᠲᠦ᠋ᠷᠦᠭᠴᠢᠲᠦ ᠠᠵᠤ ᠦᠢᠯᠡᠳᠪᠦᠷᠢ ᠶᠢᠨ ᠬᠦᠷᠢᠶᠡᠯᠡᠩ ᠤᠨ | ᠲᠤᠷᠰᠢᠯᠲᠠ ᠶᠢᠨ ᠴᠡᠭ ᠪᠣᠯᠵᠤ᠂ ᠪᠠᠷᠠᠭᠠᠨ ᠭᠦᠢᠯᠭᠡᠭᠡᠨ ᠤ ᠭᠦᠷᠢᠶᠡᠯᠡᠩ ᠲᠤᠭᠤᠷᠢᠭ ᠦᠪᠡᠷᠳᠡᠭᠡᠨ ᠵᠠᠰᠠᠬᠤ | ᠤᠷᠤᠨ ᠤ ᠳᠡᠰ ᠤᠨ ᠦᠢᠯᠡᠴᠢᠯᠡᠭᠡᠨ ᠤ ᠦᠢᠯᠡᠰ ᠤᠨ ᠴᠤᠭᠯᠠᠷᠠᠯ ᠤᠨ ᠲᠤᠭᠤᠷᠢᠭ ᠪᠤᠯᠵᠤ ᠂ | ᠲᠠᠷᠢᠶᠠᠯᠠᠩ ᠤᠨ ᠪᠦᠲᠦᠭᠡᠭᠳᠡᠭᠦᠨ ᠤ ᠠᠵᠤ ᠦᠢᠯᠡᠰ ᠤᠨ ᠬᠦᠷᠢᠶᠡᠯᠡᠩ ᠦᠪᠡᠷᠳᠡᠭᠡᠨ ᠵᠠᠰᠠᠬᠤ ᠤᠷᠤᠨ ᠤ | ᠳᠡᠰ ᠤᠨ ᠲᠠᠷᠢᠶᠠᠯᠠᠩ ᠮᠠᠯᠵᠢᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠪᠠ | ᠵᠢᠵᠢᠭ ᠠᠵᠤ ᠠᠬᠤᠶᠢᠯᠠᠯ ᠤᠨ ᠦᠢᠯᠡᠰ ᠪᠦᠲᠦᠭᠡᠬᠦ ᠵᠢᠱᠢᠶ᠎ᠡ ᠦᠵᠡᠭᠦᠯᠬᠦ ᠰᠠᠭᠤᠷᠢᠨ ᠪᠤᠯᠤᠭᠰᠠᠨ ᠪᠠᠶᠢᠨ᠎ᠠ | ︔ ᠡᠭᠦᠯᠡᠨ ᠪᠤᠳᠤᠯᠲᠠ ᠶᠢᠨ ᠨᠡᠪᠴᠢᠯᠲᠡ ᠶᠢᠨ ᠰᠠᠭᠤᠷᠢᠨ ᠤᠯᠤᠰ ᠤᠨ ᠳᠡᠰ ᠤᠨ ᠦᠢᠯᠡᠰ | ᠪᠦᠲᠦᠭᠡᠬᠦ ᠨᠡᠪᠴᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠳᠡᠰ ᠤᠨ | ᠰᠢᠨᠵᠢᠯᠡᠭᠡ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠯᠲᠡ ᠶᠢᠨ ᠮᠠᠰᠢᠨ ᠪᠠ ᠦᠪᠡᠷᠳᠡᠭᠡᠨ ᠵᠠᠰᠠᠬᠤ | ᠤᠷᠤᠨ ᠤ ᠳᠡᠰ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠲᠤᠷᠰᠢᠯᠲᠠ ᠶᠢᠨ ᠴᠡᠭ | ᠪᠤᠯᠤᠨ ᠳᠡᠰ ᠳᠡᠪᠰᠢᠵᠠᠢ᠃ ᠡᠳᠡᠭᠡᠷ ᠠᠮᠵᠢᠯᠲᠠ ᠶᠢ ᠤᠯᠤᠭᠰᠠᠨ ᠨᠢ ᠬᠤᠲᠠ ᠶᠢᠨ ᠨᠠᠮ ᠤᠨ ᠬᠤᠷᠢᠶ᠎ᠠ | ᠂ ᠵᠠᠰᠠᠭ ᠤᠨ ᠤᠷᠳᠤᠨ ᠪᠠ ᠲᠤᠭᠤᠷᠢᠭ ᠤᠨ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ | ᠶᠢᠨ ᠦᠷ᠎ᠡ ᠳ᠋ᠦᠩ ᠮᠦᠨ ᠂ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ | ᠪᠠ ᠤᠯᠤᠰ ᠲᠦᠷᠦ ᠶᠢᠨ ᠵᠦᠪᠯᠡᠯᠭᠡᠨ ᠤ ᠪᠦᠬᠦ ᠬᠦᠴᠦᠨ ᠢᠶᠠᠷ ᠳᠡᠮᠵᠢᠭᠰᠡᠨ ᠤ ᠦᠷ᠎ᠡ ᠳ᠋ᠦᠩ ᠮᠦᠨ | ᠂ ᠨᠡᠩ ᠴᠦ ᠪᠦᠬᠦ ᠲᠤᠭᠤᠷᠢᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠤ ᠬᠠᠮᠲᠤ ᠶᠢᠨ | ᠴᠢᠷᠮᠠᠶᠢᠯᠭ᠎ᠠ ᠶᠢᠨ ᠦᠷ᠎ᠡ ᠳ᠋ᠦᠩ ᠪᠤᠯᠤᠨ᠎ᠠ ᠃ ᠠᠳᠡ ᠂ ᠪᠢ ᠲᠤᠭᠤᠷᠢᠭ ᠤᠨ ᠠᠷᠠᠳ ᠤᠨ ᠵᠠᠰᠠᠭ | ᠤᠨ ᠤᠷᠳᠤᠨ ᠢ ᠲᠦᠯᠦᠭᠡᠯᠡᠨ ᠂ ᠪᠦᠬᠦ ᠲᠤᠭᠤᠷᠢᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠂ | ᠬᠤᠩ ᠱᠠᠨ ᠲᠤᠭᠤᠷᠢᠭ ᠤᠨ ᠬᠦᠭᠵᠢᠯᠲᠡ ᠶᠢ ᠬᠠᠯᠠᠮᠵᠢᠯᠠᠵᠦ ᠳᠡᠮᠵᠢᠭᠰᠡᠨ ᠨᠦᠬᠦᠳ ᠂ ᠨᠠᠶᠢᠵᠠ ᠨᠠᠷ | ᠲᠤ ᠂ ᠴᠢᠩ ᠰᠡᠳᠬᠢᠯ ᠤᠨ ᠬᠦᠨᠳᠦᠳᠬᠡᠯ ᠲᠠᠯᠠᠷᠬᠠᠯ ᠢᠶᠠᠨ ᠳᠡᠪᠰᠢᠭᠦᠯᠦᠶ᠎ᠡ ︕ | ᠠᠮᠵᠢᠯᠲᠠ ᠪᠠᠨ ᠨᠤᠲᠠᠯᠠᠬᠤ ᠶᠢᠨ ᠬᠠᠮᠲᠤ ᠂ ᠬᠦᠭᠵᠢᠯᠲᠡ ᠶᠢᠨ ᠶᠠᠪᠤᠴᠠ ᠳᠤ ᠪᠠᠭ᠎ᠠ ᠪᠤᠰᠤ | ᠬᠦᠴᠢᠷ ᠪᠡᠷᠬᠡᠰᠢᠶᠡᠯ ᠪᠠ ᠠᠰᠠᠭᠤᠳᠠᠯ ᠤᠷᠤᠰᠢᠵᠤ ᠪᠠᠶᠢᠭ᠎ᠠ ᠶᠢ ᠪᠢᠳᠡ ᠰᠡᠷᠭᠡᠭ ᠢᠶᠠᠷ ᠲᠠᠨᠢᠵᠦ ᠤᠯᠪᠠ ᠂ | ᠭᠤᠤᠯ ᠨᠢ᠄ ᠬᠤᠷᠸ᠎ᠠ ᠠᠵᠤ ᠠᠬᠤᠢ ᠶᠢᠨ ᠪᠠᠶᠢᠳᠠᠯ ᠤᠨ ᠨᠦᠯᠦᠭᠡ ᠪᠠᠷ ᠬᠡᠰᠡᠭ ᠪᠦᠯᠦᠭ ᠠᠵᠢᠯ | ᠲᠦᠷᠦᠯ ᠤᠨ ᠵᠠᠬ᠎ᠠ ᠳᠡᠯᠭᠡᠭᠦᠷ ᠤᠨ ᠱᠠᠭᠠᠷᠳᠠᠯᠭ᠎ᠠ ᠦᠷᠭᠦᠯᠵᠢᠯᠡᠨ ᠳᠤᠷᠤᠭᠰᠢᠯᠠᠵᠤ ᠂ ᠳᠤᠭᠲᠠᠭᠤᠨ | ᠨᠡᠮᠡᠭᠳᠡᠯ ᠤᠨ ᠳᠠᠷᠤᠯᠲᠠ ᠨᠡᠯᠢᠶᠡᠳ ᠶᠡᠭᠡ ᠪᠠᠶᠢᠭᠰᠠᠭᠠᠷ ︔ ᠠᠵᠤ ᠦᠢᠯᠡᠰ ᠤᠨ ᠪᠦᠲᠦᠴᠡ ᠶᠢᠨ | ᠴᠢᠨᠠᠷᠲᠠᠢ ᠵᠦᠷᠢᠴᠡᠯ ᠲᠤᠪᠤᠶᠢᠮ᠎ᠠ ᠪᠠᠶᠢᠵᠦ᠂ ᠰᠢᠨ᠎ᠡ ᠪᠠᠷ ᠬᠦᠭᠵᠢᠭᠰᠡᠨ ᠠᠵᠤ ᠦᠢᠯᠡᠰ ᠪᠠ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠲᠡ ᠶᠢ ᠪᠠᠰᠠ ᠲᠦᠷᠭᠡᠳᠬᠡᠬᠦ ᠴᠢᠬᠤᠯᠠᠲᠠᠢ ︔ | ᠲᠦᠷᠦᠯ ᠵᠦᠢᠯ ᠤᠨ ᠨᠦᠭᠡᠴᠡ ᠬᠦᠷᠦᠯᠴᠡᠬᠦ ᠦᠭᠡᠢ ᠂ ᠲᠤᠮᠤ ᠲᠦᠷᠦᠯ ᠵᠦᠢᠯ ᠂ ᠰᠢᠨ᠎ᠡ ᠲᠦᠷᠦᠯ | ᠵᠦᠢᠯ ᠂ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠦᠨᠳᠦᠷ ᠲᠦᠷᠦᠯ ᠵᠦᠢᠯ ᠴᠦᠭᠡᠨ ᠂ ᠪᠡᠯᠡ | ᠤᠷᠤᠭᠤᠯᠤᠯᠲᠠ ᠶᠢᠨ ᠨᠡᠮᠡᠭᠳᠡᠯ ᠢ ᠪᠠᠳᠤᠯᠠᠬᠤ ᠬᠦᠴᠢᠷᠳᠠᠯ ᠤᠯᠠᠮ ᠨᠢᠭᠡ ᠠᠯᠬᠤᠮ ᠨᠡᠮᠡᠭᠳᠡᠵᠡᠢ ︔ | ᠬᠤᠲᠠ ᠪᠠᠯᠭᠠᠰᠤᠨ ᠤ ᠨᠢᠭᠡ ᠴᠤᠭᠴᠠᠵᠢᠭᠰᠡᠨ ᠬᠦᠭᠵᠢᠯᠲᠡ ᠶᠢ ᠨᠢᠭᠡᠲᠦᠯᠲᠡᠢ ᠲᠦᠯᠦᠪᠵᠢᠭᠦᠯᠵᠦ ᠂ ᠬᠤᠲᠠ | ᠶᠢᠨ ᠳᠦᠭᠦᠮ ᠪᠦᠲᠦᠴᠡᠲᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠡᠭᠦᠷᠭᠡ ᠮᠦᠨ ᠬᠦ | ᠬᠦᠴᠢᠷ ᠪᠡᠷᠬᠡᠰᠢᠶᠡᠯ ᠲᠠᠢ ᠂ ᠪᠡᠯᠡ ᠮᠦᠩᠭᠦᠨ ᠤ ᠪᠠᠳᠤᠯᠠᠭ᠎ᠠ ᠪᠠ ᠵᠢᠭᠡᠯᠡᠯᠭᠡ ᠶᠢᠨ ᠲᠦᠭᠰᠢᠭᠦᠷᠢ ᠶᠢᠨ | ᠰᠡᠷᠭᠡᠶᠢᠯᠡᠯᠲᠡ ᠶᠢᠨ ᠠᠵᠢᠯ ᠢ ᠴᠢᠩᠭᠠᠳᠬᠠᠬᠤ ᠴᠢᠬᠤᠯᠠᠲᠠᠢ ︔ ᠵᠠᠰᠠᠭ ᠤᠨ ᠤᠷᠳᠤᠨ ᠤ ᠴᠢᠳᠠᠮᠵᠢ | ᠶᠢᠨ ᠬᠤᠪᠢᠷᠠᠯᠲᠠ ᠲᠦᠢᠯᠪᠦᠷᠢᠲᠡᠢ ᠪᠤᠰᠤ ᠂ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠂ | ᠶᠡᠷᠦᠩᠬᠡᠶᠢᠯᠡᠭᠰᠡᠨ ᠨᠡᠶᠢᠭᠡᠮ ᠤᠨ ᠵᠠᠰᠠᠯᠲᠠ ᠪᠠ ᠤᠯᠠᠨ ᠨᠡᠶᠢᠲᠡ ᠶᠢᠨ ᠦᠢᠯᠡᠴᠢᠯᠡᠭᠡᠨ ᠤ ᠬᠢᠷᠢ | ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ︔ ᠬᠡᠰᠡᠭ ᠭᠠᠵᠠᠷ ᠤᠷᠤᠨ ᠪᠠ ᠰᠠᠯᠠᠭ᠎ᠠ ᠮᠦᠴᠢᠷ ᠤᠨ | ᠨᠠᠶᠢᠳᠠᠪᠦᠷᠢᠵᠢᠭᠤᠯᠤᠯᠲᠠ ᠶᠢ ᠠᠳᠬᠤᠬᠤ ᠬᠦᠴᠦᠯᠡᠴᠡ ᠬᠦᠷᠦᠯᠴᠡᠬᠦ ᠦᠭᠡᠢ ᠂ ᠬᠡᠰᠡᠭ ᠺᠠᠳ᠋ᠷ ᠤᠨ | ᠬᠠᠷᠢᠭᠤᠴᠠᠯᠭ᠎ᠠ ᠶᠢᠨ ᠤᠬᠠᠮᠰᠠᠷ ᠪᠠ ᠡᠭᠦᠷᠭᠡᠯᠡᠬᠦ ᠤᠬᠠᠮᠰᠠᠷ ᠲᠤᠳᠠᠮᠠᠭ ᠂ ᠠᠮᠵᠢᠯᠲᠠ ᠲᠠᠢ ᠠᠵᠢᠯᠯᠠᠭ᠎ᠠ ᠦᠭᠡᠢ | ᠂ ᠦᠷ᠎ᠡ ᠪᠦᠲᠦᠮᠵᠢ ᠳᠤᠤᠷ᠎ᠠ ᠵᠡᠷᠭᠡ ᠦᠵᠡᠭᠳᠡᠯ ᠮᠦᠨ ᠬᠦ ᠤᠷᠤᠰᠢᠭᠰᠠᠭᠠᠷ ᠃ ᠡᠳᠡᠭᠡᠷ ᠠᠰᠠᠭᠤᠳᠠᠯ | ᠢ ᠪᠢᠳᠠ ᠵᠠᠪᠠᠯ ᠳᠡᠭᠡᠳᠦ ᠬᠡᠮᠵᠢᠶ᠎ᠠ ᠪᠠᠷ ᠴᠢᠬᠤᠯᠠᠴᠢᠯᠠᠵᠤ ᠂ ᠠᠰᠠᠭᠤᠳᠠᠯ ᠠᠴᠠ ᠵᠠᠶᠢᠯᠠᠬᠤ ᠦᠭᠡᠢ ᠂ | ᠵᠤᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠂ ᠲᠡᠦᠬᠡᠨ ᠳᠤ ᠬᠠᠷᠢᠭᠤᠴᠠᠨ᠂ ᠠᠷᠠᠳ ᠲᠦᠮᠡᠨ ᠳᠤ | ᠬᠠᠷᠢᠭᠤᠴᠠᠬᠤ ᠤᠪᠤᠷ ᠢᠶᠠᠷ ᠂ ᠪᠦᠳᠦᠮᠵᠢᠲᠡᠢ ᠠᠷᠭ᠎ᠠ ᠬᠡᠮᠵᠢᠶ᠎ᠡ ᠠᠪᠴᠤ ᠨᠠᠷᠢᠨ ᠬᠢᠨᠠᠮᠠᠭᠠᠢ | ᠰᠢᠢᠳᠪᠦᠷᠢᠯᠡᠨ᠎ᠡ ᠃ | ᠬᠤᠶᠠᠷ ᠂ 2015 ᠤᠨ ᠤ ᠭᠤᠤᠯ ᠠᠵᠢᠯ | 2015 ᠤᠨ ᠪᠤᠯ ᠦᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠠᠩᠭᠢᠯᠠᠭ᠎ᠠ ᠶᠢᠨ | ᠵᠢᠯ ᠂ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠡᠬᠢᠯᠡᠯᠲᠡ ᠶᠢᠨ ᠵᠢᠯ | ᠃ ᠮᠦᠨ ᠴᠦ 《 ᠠᠷᠪᠠᠨ ᠬᠤᠶᠠᠳᠤᠭᠠᠷ ᠲᠠᠪᠤᠨ ᠵᠢᠯ 》 ᠤᠨ ᠲᠦᠯᠦᠪᠵᠢᠭᠦᠯᠭᠡ ᠶᠢ ᠪᠦᠬᠦ ᠲᠠᠯ᠎ᠠ ᠪᠠᠷ | ᠪᠡᠶᠡᠯᠡᠭᠦᠯᠬᠦ ᠡᠴᠦᠰ ᠤᠨ ᠵᠢᠯ ᠪᠤᠯᠤᠨ᠎ᠠ ᠃ ᠲᠤᠰ ᠵᠢᠯ ᠤᠨ ᠠᠵᠢᠯ ᠢ ᠰᠠᠶᠢᠳᠤᠷ ᠬᠢᠬᠦ ᠨᠢ ᠬᠦᠨᠳᠦ | ᠴᠢᠬᠤᠯᠠ ᠠᠴᠢ ᠬᠤᠯᠪᠤᠭᠳᠠᠯ ᠲᠠᠢ ᠃ ᠤᠳᠤᠬᠠᠨ ᠳᠤ ᠂ ᠮᠠᠨ ᠤ ᠤᠯᠤᠰ ᠤᠨ ᠠᠵᠤ ᠠᠬᠤᠢ ᠶᠢᠨ | ᠬᠦᠭᠵᠢᠯᠲᠡ ᠨᠢᠭᠡᠨᠲᠡ ᠨᠡᠮᠡᠭᠳᠡᠯ ᠤᠨ ᠬᠤᠷᠳᠤᠴᠠ ᠶᠢᠨ ᠳᠡᠰ ᠢᠶᠠᠨ ᠰᠤᠯᠢᠬᠤ᠂ ᠪᠦᠲᠦᠴᠡ ᠶᠢᠨ ᠬᠡᠯᠪᠡᠷᠢ ᠶᠢᠨ | ᠬᠤᠪᠢᠷᠠᠯᠲᠠ ᠪᠠ ᠬᠦᠳᠡᠯᠭᠡᠭᠴᠢ ᠬᠦᠴᠦᠨ ᠤ ᠬᠤᠪᠢᠷᠠᠯᠲᠠ ᠶᠢᠨ ᠰᠢᠨ᠎ᠡ ᠬᠡᠪ ᠪᠠᠶᠢᠳᠠᠯ ᠳᠤ ᠤᠷᠤᠭᠰᠠᠨ | ᠪᠠᠶᠢᠨ᠎ᠠ ᠃ ᠪᠢᠳᠡ ᠦᠵᠡᠯ ᠰᠠᠨᠠᠭᠠᠨ ᠳᠡᠭᠡᠷ᠎ᠡ ᠪᠠᠨ ᠰᠢᠨ᠎ᠡ ᠬᠡᠪ ᠪᠠᠶᠢᠳᠠᠯ ᠢ ᠭᠦᠨ ᠭᠦᠨᠵᠡᠭᠡᠢ | ᠲᠠᠨᠢᠵᠤ ᠤᠶᠢᠯᠠᠭᠠᠨ ᠂ ᠦᠷᠭᠦᠯᠵᠢᠯᠡᠨ ᠭᠦᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠭᠦᠭᠵᠢᠭᠦᠯᠬᠦ᠂ | ᠵᠤᠬᠢᠴᠠᠩᠭᠤᠢ ᠭᠦᠭᠵᠢᠭᠦᠯᠬᠦ ᠪᠠ ᠡᠶ᠎ᠡ ᠵᠤᠬᠢᠴᠠᠯ ᠲᠠᠢ ᠭᠦᠭᠵᠢᠭᠦᠯᠬᠦ ᠬᠠᠮᠳᠦ ᠶᠢᠨ ᠲᠠᠨᠢᠯᠲᠠ ᠶᠢ | ᠨᠢᠭᠲᠠᠷᠠᠭᠤᠯᠤᠨ᠎ᠠ ︔ ᠨᠡᠩ ᠴᠦ ᠦᠢᠯᠡ ᠠᠵᠢᠯᠯᠠᠭ᠎ᠠ ᠳᠡᠭᠡᠷ᠎ᠡ ᠪᠠᠨ ᠰᠠᠨᠠᠭᠠᠴᠢᠯᠠᠭ᠎ᠠ ᠠᠴᠠ ᠪᠠᠨ ᠰᠢᠨ᠎ᠡ | ᠬᠡᠪ ᠪᠠᠶᠢᠳᠠᠯ ᠳᠤ ᠵᠤᠬᠢᠴᠠᠵᠤ ᠂ ᠮᠠᠨ ᠤ ᠲᠤᠭᠤᠷᠢᠭ ᠤᠨ ᠡᠳᠦᠷ ᠢᠷᠡᠬᠦᠶ᠎ᠡ ᠪᠤᠯᠪᠠᠰᠤᠷᠠᠩᠭᠤᠢ ᠪᠤᠯᠵᠤ | ᠪᠠᠶᠢᠭ᠎ᠠ ᠠᠵᠤ ᠦᠢᠯᠡᠰ ᠤᠨ ᠬᠦᠭᠵᠢᠯᠲᠡ ᠶᠢᠨ ᠲᠠᠪᠴᠠᠩ᠂ ᠠᠯᠬᠤᠮ ᠠᠯᠬᠤᠮ ᠢᠶᠠᠷ ᠲᠡᠭᠦᠯᠳᠡᠷᠵᠢᠵᠦ | ᠪᠠᠶᠢᠭ᠎ᠠ ᠤᠯᠠᠨ ᠨᠡᠶᠢᠲᠡ ᠶᠢᠨ ᠰᠠᠭᠤᠷᠢ ᠲᠦᠬᠦᠭᠡᠷᠦᠮᠵᠢ ᠂ ᠳᠠᠪᠠᠭᠤᠯᠢᠭ ᠤᠷᠤᠨ ᠪᠠᠶᠢᠷᠢ ᠶᠢᠨ ᠨᠦᠬᠦᠴᠡᠯ | ᠂ ᠳᠦᠭᠦᠮ ᠲᠦᠲᠡ ᠵᠠᠮ ᠬᠠᠷᠢᠯᠴᠠᠭ᠎ᠠ ᠲᠤᠤᠷ ᠰᠦᠯᠵᠢᠶ᠎ᠡ ᠪᠠ ᠰᠢᠯᠢᠳᠡᠭ ᠰᠠᠶᠢᠨ ᠪᠡᠯᠡ ᠤᠷᠤᠭᠤᠯᠤᠯᠲᠠ | ᠶᠢᠨ ᠤᠷᠴᠢᠨ ᠲᠤᠭᠤᠷᠢᠨ ᠢ ᠭᠦᠢᠴᠠᠳ ᠰᠠᠶᠢᠨ ᠠᠰᠢᠭᠯᠠᠨ ᠂ ᠨᠡᠩ ᠶᠡᠭᠡ ᠰᠦᠰᠦ ᠵᠤᠷᠢᠭ ᠪᠤᠯᠤᠨ | ᠡᠷᠴᠢ ᠬᠦᠴᠦᠨ ᠢᠶᠠᠷ ᠬᠦᠭᠵᠢᠯᠲᠡ ᠶᠢᠨ ᠬᠡᠯᠪᠡᠷᠢ ᠶᠢᠨ ᠬᠤᠪᠢᠷᠠᠯᠲᠠ ᠶᠢᠨ ᠳᠡᠰ ᠳᠡᠪᠰᠢᠬᠦ᠂ ᠴᠢᠨᠡᠷ ᠢ | ᠳᠡᠭᠡᠭᠰᠢᠯᠡᠭᠦᠯᠦᠨ ᠠᠰᠢᠭ ᠢ ᠨᠡᠮᠡᠭᠳᠡᠭᠦᠯᠭᠦ ᠰᠢᠨ᠎ᠡ ᠲᠡᠭᠲᠡᠷ ᠲᠤ ᠠᠯᠬᠤᠨ ᠤᠷᠤᠬᠤ ᠶᠢ ᠠᠬᠢᠭᠤᠯᠤᠨ᠎ᠠ᠃ ᠡᠨᠡ ᠵᠢᠯ | ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ ᠄ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠂ ᠳᠦᠷᠪᠡᠳᠦᠭᠡᠷ | ᠪᠦᠭᠦᠲᠠ ᠬᠤᠷᠠᠯ ᠤᠨ ᠵᠤᠷᠢᠭ ᠰᠠᠨᠠᠭ᠎ᠠ ᠪᠠᠷ ᠵᠢᠯᠦᠭᠤᠳᠤᠯᠭ᠎ᠠ ᠪᠤᠯᠭᠠᠨ ᠂ ᠲᠤᠭᠤᠷᠢᠭ ᠤᠨ ᠨᠠᠮ ᠤᠨ | ᠬᠤᠷᠢᠶᠠᠨ ᠤ ᠲᠤᠯᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠭᠦ ᠬᠡᠰᠢᠭᠦᠳ ᠤᠨ ᠬᠤᠷᠠᠯᠳᠤᠭᠠᠨ | ᠤ ᠲᠤᠬᠢᠷᠠᠭᠤᠯᠤᠯᠲᠠ ᠪᠠᠶᠢᠷᠢᠯᠠᠭᠤᠯᠤᠯᠲᠠ ᠶᠤᠰᠤᠭᠠᠷ ᠂ ᠳᠤᠭᠲᠠᠭᠤᠨ ᠤ ᠳᠤᠮᠳᠠ ᠤᠷᠤᠭᠰᠢᠯᠠᠬᠤ ᠠᠵᠢᠯ | ᠤᠨ ᠶᠡᠷᠦᠩᠭᠡᠢ ᠭᠤᠤᠯ ᠰᠠᠨᠠᠭ᠎ᠠ ᠶᠢ ᠪᠠᠷᠢᠮᠲᠠᠯᠠᠵᠤ ᠂ ᠰᠠᠨᠠᠭᠠᠴᠢᠯᠠᠭ᠎ᠠ ᠠᠴᠠ ᠪᠠᠨ ᠠᠵᠤ ᠠᠬᠤᠢ ᠶᠢᠨ | ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠵᠤᠬᠢᠴᠠᠵᠤ᠂《 ᠨᠡᠭᠡᠭᠡᠯᠲᠡᠲᠡᠢ ᠪᠠᠷ ᠰᠢᠨ᠎ᠡ ᠶᠢ ᠡᠭᠦᠳᠦᠨ ᠂ | ᠦᠢᠯᠡᠳᠪᠦᠷᠢ ᠬᠤᠳᠠᠯᠳᠤᠭ᠎ᠠ ᠶᠢ ᠲᠠᠶᠢᠴᠢᠯᠠᠨ ᠂ ᠬᠤᠲᠠ ᠬᠦᠳᠡᠭᠡ ᠶᠢ ᠨᠢᠭᠡᠲᠦᠯᠲᠡᠢ ᠲᠦᠯᠦᠪᠵᠢᠭᠦᠯᠵᠦ | ᠂ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ 》 ᠬᠦᠭᠵᠢᠯᠲᠡ ᠶᠢᠨ ᠰᠡᠳᠬᠢᠮᠵᠢ ᠶᠢ ᠦᠷᠭᠦᠯᠵᠢᠯᠡᠨ | ᠬᠡᠷᠡᠭᠵᠢᠭᠦᠯᠵᠦ ᠂ ᠦᠭᠡᠷᠡᠴᠢᠯᠡᠯᠲᠡ ᠶᠢᠨ ᠰᠢᠨ᠎ᠡ ᠡᠭᠦᠳᠦᠯᠲᠡ ᠶᠢᠨ ᠰᠢᠨ᠎ᠡ ᠰᠡᠳᠬᠢᠴᠡ ᠪᠠᠷ ᠠᠮᠢᠵᠢᠷᠠᠯ | ᠤᠨ ᠬᠦᠴᠦᠨ ᠢ ᠨᠡᠮᠡᠭᠳᠡᠭᠦᠯᠵᠦ ᠂ ᠪᠦᠲᠦᠴᠡ ᠶᠢ ᠲᠤᠬᠢᠷᠠᠭᠤᠯᠬᠤ ᠰᠢᠨ᠎ᠡ ᠠᠮᠵᠢᠯᠲᠠ ᠪᠠᠷ ᠳᠡᠰ | ᠳᠡᠪᠰᠢᠬᠦ ᠶᠢ ᠠᠬᠢᠭᠤᠯᠤᠨ ᠂ ᠬᠤᠲᠠ ᠬᠦᠳᠡᠭᠡ ᠶᠢ ᠨᠢᠭᠡᠲᠦᠯᠲᠡᠢ ᠲᠦᠯᠦᠪᠵᠢᠭᠦᠯᠬᠦ ᠰᠢᠨ᠎ᠡ ᠠᠷᠭ᠎ᠠ | ᠬᠡᠮᠵᠢᠶ᠎ᠡ ᠪᠠᠷ ᠲᠡᠩᠴᠡᠭᠦᠷᠢ ᠶᠢ ᠠᠬᠢᠭᠤᠯᠵᠤ ᠂ ᠠᠷᠠᠳ ᠤᠨ ᠠᠮᠢᠳᠤᠷᠠᠯ ᠢ ᠰᠠᠶᠢᠵᠢᠷᠠᠭᠤᠯᠤᠭᠰᠠᠨ ᠰᠢᠨ᠎ᠡ | ᠦᠷ᠎ᠡ ᠪᠦᠲᠦᠭᠡᠯ ᠢᠶᠠᠷ ᠪᠤᠶᠠᠨ ᠬᠡᠰᠢᠭ ᠢ ᠨᠡᠮᠡᠭᠳᠡᠭᠦᠯᠬᠦ ᠳᠤ ᠭᠦᠴᠦᠯᠡᠵᠦ᠂ ᠬᠠᠤᠯᠢ ᠶᠤᠰᠤᠭᠠᠷ ᠨᠡᠶᠢᠭᠡᠮ ᠤᠨ | ᠶᠡᠷᠦᠩᠬᠡᠶᠢᠯᠡᠭᠰᠡᠨ ᠵᠠᠰᠠᠯᠲᠠ ᠪᠠ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ | ᠴᠢᠩᠭᠠᠳᠬᠠᠵᠤ ᠂ ᠠᠵᠤ ᠠᠬᠤᠢ ᠶᠢᠨ ᠦᠷᠭᠦᠯᠵᠢᠯᠡᠬᠦᠶᠢᠴᠡ ᠡᠷᠡᠭᠦᠯ ᠬᠦᠭᠵᠢᠯᠲᠡ ᠂ ᠨᠡᠶᠢᠭᠡᠮ ᠤᠨ | ᠲᠤᠭᠲᠠᠭᠤᠨ ᠡᠶ᠎ᠡ ᠵᠤᠬᠢᠴᠠᠯ ᠢ ᠴᠢᠷᠮᠠᠶᠢᠨ ᠠᠬᠢᠭᠤᠯᠤᠨ᠎ᠠ ᠃ ᠭᠤᠤᠯ ᠵᠢᠱᠢᠭᠰᠡᠨ ᠬᠠᠷᠠᠯᠲᠠ ᠪᠤᠯ ᠄ ᠭᠠᠵᠠᠷ | ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠨᠡᠮᠡᠭᠳᠡᠯ ᠢ 8% ᠤᠷᠴᠢᠮ᠂ ᠤᠯᠠᠨ ᠨᠡᠶᠢᠲᠡ | ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢᠨ ᠨᠡᠮᠡᠭᠳᠡᠯ ᠢ 8% ᠤᠷᠴᠢᠮ᠂ ᠪᠦᠬᠦ | ᠨᠡᠶᠢᠭᠡᠮ ᠤᠨ ᠳᠤᠭᠲᠠᠮᠠᠯ ᠬᠦᠷᠦᠩᠭᠡ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠢ 13% ᠤᠷᠴᠢᠮ ᠂ | ᠨᠡᠶᠢᠭᠡᠮ ᠤᠨ ᠬᠡᠷᠡᠭᠯᠡᠭᠡᠨ ᠤ ᠡᠳ᠋ ᠤᠨ ᠵᠢᠵᠢᠭᠯᠡᠨ ᠬᠤᠳᠠᠯᠳᠤᠬᠤ ᠶᠡᠷᠦᠩᠬᠡᠢ ᠬᠡᠮᠵᠢᠶᠡᠨ ᠤ ᠨᠡᠮᠡᠭᠳᠡᠯ ᠢ | 11% ᠤᠷᠴᠢᠮ ᠂ ᠬᠤᠲᠠ ᠪᠠᠯᠭᠠᠰᠤ ᠪᠠ ᠬᠦᠳᠡᠭᠡ ᠲᠤᠰᠬᠤᠨ ᠤ ᠪᠠᠶᠢᠩᠭᠤ ᠶᠢᠨ ᠰᠠᠭᠤᠭᠠᠯᠢ ᠠᠷᠠᠳ | ᠤᠨ ᠬᠦᠮᠦᠨ ᠳᠤᠮᠳᠠᠴᠢ ᠶᠢᠨ ᠡᠵᠡᠮᠳᠡᠵᠦ ᠪᠣᠯᠬᠤ ᠤᠷᠤᠯᠭ᠎ᠠ 10% ᠪᠠ 11% ᠤᠷᠴᠢᠮ ᠨᠡᠮᠡᠭᠳᠡᠭᠦᠯᠦᠨ᠎ᠠ | ᠃ ᠳᠡᠭᠡᠷ᠎ᠡ ᠲᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ ᠂ ᠲᠤᠤᠷᠠᠬᠢ ᠠᠵᠢᠯ ᠤᠳ ᠢ | ᠪᠦᠬᠦ ᠬᠦᠴᠦᠨ ᠢᠶᠠᠷ ᠰᠠᠶᠢᠲᠤᠷ ᠬᠢᠨ᠎ᠡ ᠄ | ︵ᠨᠢᠭᠡ︶ ᠦᠭᠡᠷᠡᠴᠢᠯᠡᠯᠲᠡ ᠶᠢᠨ ᠪᠤᠭᠤᠮᠲᠠ ᠰᠢᠪᠲᠤᠯᠬᠤ ᠪᠠ ᠰᠢᠨ᠎ᠡ ᠶᠢ ᠡᠭᠦᠳᠬᠦ | ᠭᠦᠳᠡᠯᠭᠡᠭᠴᠢ ᠭᠦᠴᠦᠨ ᠢ ᠭᠦᠴᠦᠲᠡᠢ ᠠᠳᠬᠤᠨ ᠂ ᠪᠡᠯᠡ ᠤᠷᠤᠭᠤᠯᠤᠯᠲᠠ ᠶᠢᠨ ᠲᠠᠲᠠᠬᠤ ᠴᠢᠳᠠᠪᠤᠷᠢ ᠶᠢ | ᠴᠢᠩᠭᠠᠳᠬᠠᠨ᠎ᠠ ᠃ | ᠠᠵᠤ ᠠᠬᠤᠢ ᠶᠢᠨ ᠪᠠᠶᠢᠭᠤᠯᠤᠮᠵᠢ ᠪᠠ ᠵᠠᠰᠠᠭ ᠵᠠᠬᠢᠷᠭᠠᠨ ᠤ ᠪᠠᠶᠢᠭᠤᠯᠤᠮᠵᠢ ᠢᠶᠠᠷ ᠭᠤᠤᠯᠳᠠᠯᠭ᠎ᠠ | ᠪᠤᠯᠭᠠᠭᠰᠠᠨ ᠦᠭᠡᠷᠡᠴᠢᠯᠡᠯᠲᠡ ᠶᠢ ᠯᠠᠪᠳᠠᠭᠤᠨ ᠪᠠᠳᠤᠳᠠᠢ ᠠᠬᠢᠭᠤᠯᠤᠨ᠎ᠠ᠃ ᠦᠢᠯᠡᠳᠪᠦᠷᠢ ᠬᠤᠳᠠᠯᠳᠤᠭᠠᠨ ᠤ | ᠳᠠᠩᠰᠠᠯᠠᠯᠲᠠ ᠶᠢᠨ ᠳᠦᠷᠢᠮ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠡᠮᠦᠨᠡᠬᠢ ᠬᠢᠨᠠᠨ | ᠵᠦᠪᠰᠢᠶᠡᠷᠡᠯ ᠤᠨ ᠵᠦᠢᠯᠡᠰ ᠢ ᠴᠡᠪᠡᠷᠯᠡᠨ ᠲᠤᠬᠢᠷᠠᠭᠤᠯᠵᠤ ᠂ 《 ᠤᠷᠢᠳᠠᠪᠠᠷ ᠦᠨᠡᠮᠯᠡᠯ ᠤᠯᠭᠤᠵᠤ ᠳᠠᠷᠠᠭ᠎ᠠ | ᠨᠢ ᠵᠦᠪᠰᠢᠶᠡᠷᠡᠭᠦ》 ᠶᠢ《 ᠤᠷᠢᠳᠠᠪᠠᠷ ᠵᠦᠪᠰᠢᠶᠡᠷᠡᠵᠦ ᠳᠠᠷᠠᠭ᠎ᠠ ᠨᠢ ᠦᠨᠡᠮᠯᠡᠯ ᠤᠯᠭᠤᠬᠤ 》 ᠪᠤᠯᠭᠠᠨ | ᠦᠭᠡᠷᠡᠴᠢᠯᠡᠨ ᠂ ᠪᠦᠬᠦ ᠠᠷᠠᠳ ᠤᠨ ᠦᠢᠯᠡᠰ ᠪᠦᠲᠦᠭᠡᠬᠦ ᠤᠷᠮᠠᠰᠢᠯ ᠢ ᠵᠤᠷᠢᠭᠵᠢᠭᠤᠯᠤᠨ᠎ᠠ ︔ ᠪᠠᠭ᠎ᠠ | ᠵᠢᠵᠢᠭ ᠠᠵᠤ ᠠᠬᠤᠶᠢᠯᠠᠯ ᠤᠨ ᠢᠲᠡᠭᠡᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ ᠂ ᠮᠦᠩᠭᠦᠨ ᠭᠦᠢᠯᠭᠡᠭᠡᠨ ᠤ ᠦᠢᠯᠡᠴᠢᠯᠡᠭᠡᠨ ᠤ ᠤᠷᠴᠢᠨ ᠲᠤᠭᠤᠷᠢᠨ | ᠢ ᠰᠢᠯᠢᠳᠡᠭᠵᠢᠭᠦᠯᠵᠦ ᠂ ᠪᠠᠭ᠎ᠠ ᠵᠢᠵᠢᠭ ᠠᠵᠦ ᠠᠬᠤᠶᠢᠯᠠᠯ ᠤᠨ ᠪᠡᠯᠡ ᠠᠭᠤᠰᠬᠠᠬᠤ ᠳᠤ ᠬᠦᠴᠢᠷ᠂ ᠪᠡᠯᠡ | ᠠᠭᠤᠰᠬᠠᠬᠤ ᠳᠤ ᠦᠨᠡᠲᠡᠢ ᠪᠠᠶᠢᠳᠠᠭ ᠪᠤᠭᠤᠮᠢ ᠶᠢ ᠨᠡᠪᠳᠡᠷᠡᠭᠦᠯᠵᠦ᠂ ᠪᠠᠭ᠎ᠠ ᠵᠢᠵᠢᠭ ᠠᠵᠤ ᠠᠬᠤᠶᠢᠯᠠᠯ ᠢ | ᠡᠷᠬᠡ ᠲᠡᠭᠰᠢ ᠦᠷᠢᠰᠦᠯᠳᠦᠭᠡᠨ ᠤ ᠳᠤᠮᠳᠠ ᠦᠰᠦᠨ ᠪᠤᠵᠠᠭᠠᠶᠢᠷᠠᠭᠤᠯᠵᠤ ᠂ ᠨᠡᠩ ᠤᠯᠠᠨ ᠠᠵᠤ ᠠᠬᠤᠢ | ᠶᠢᠨ ᠦᠰᠦᠯᠲᠡ ᠶᠢᠨ ᠴᠡᠭ ᠪᠠ ᠠᠵᠢᠯ ᠤᠯᠭᠤᠯᠲᠠ ᠶᠢᠨ ᠳᠠᠶᠢᠴᠢᠯᠠᠯᠲᠠ ᠶᠢᠨ ᠴᠡᠭ ᠢ ᠪᠤᠢ ᠪᠤᠯᠭᠠᠨ᠎ᠠ | ︔ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶᠠᠨ ᠤ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ | ᠬᠤᠩ ᠱᠠᠨ ᠬᠦᠳᠡᠭᠡ ᠲᠤᠰᠬᠤᠨ ᠤ ᠢᠳᠡᠭᠡᠮᠵᠢ ᠶᠢᠨ ᠬᠤᠷᠰᠢᠶ᠎ᠠ ᠶᠢᠨ ᠬᠦᠳᠡᠭᠡ ᠲᠤᠰᠬᠤᠨ ᠤ | ᠬᠤᠳᠠᠯᠳᠤᠭᠠᠨ ᠤ ᠪᠠᠩᠬᠢ ᠲᠠᠰᠢ ᠬᠤᠪᠢᠷᠠᠬᠤ ᠶᠢ ᠠᠬᠢᠭᠤᠯᠤᠨ᠎ᠠ︔ ᠬᠦᠳᠡᠭᠡ ᠲᠤᠰᠬᠤᠨ ᠤ ᠭᠠᠵᠠᠷ | ᠰᠢᠷᠤᠢ ᠶᠢ ᠳᠠᠭᠠᠭᠠᠴᠢᠯᠠᠨ ᠡᠵᠡᠩᠨᠡᠬᠦ ᠡᠷᠬᠡ ᠶᠢ ᠨᠤᠳᠠᠯᠠᠬᠤ ᠳᠠᠩᠰᠠᠯᠠᠯᠲᠠ ᠶᠢ ᠦᠷᠨᠢᠭᠦᠯᠵᠦ ᠂ ᠬᠦᠳᠡᠭᠡ | ᠲᠤᠰᠬᠤᠨ ᠤ ᠬᠠᠮᠳᠦ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠤᠷᠤᠨ ᠰᠠᠭᠤᠴᠠ | ᠶᠢᠨ ᠬᠡᠷᠡᠭᠯᠡᠬᠦ ᠭᠠᠵᠠᠷ ᠤᠨ ᠡᠷᠬᠡ ᠶᠢ ᠨᠤᠳᠠᠯᠠᠬᠤ ᠳᠠᠩᠰᠠᠯᠠᠯᠲᠠ ᠶᠢ ᠪᠡᠶᠡᠯᠡᠭᠦᠯᠦᠨ᠎ᠡ ᠃ ᠵᠠᠰᠠᠭ ᠤᠨ | ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠂ ᠲᠠᠷᠢᠶᠠᠯᠠᠩ ᠤᠨ ᠤᠰᠤᠨ ᠠᠰᠢᠭᠯᠠᠯᠲᠠ ᠂ ᠰᠤᠶᠤᠯ ᠲᠠᠮᠢᠷ ᠂ ᠵᠠᠬ᠎ᠠ | ᠳᠡᠯᠭᠡᠬᠦᠷ ᠤᠨ ᠬᠢᠨᠠᠨ ᠬᠠᠮᠢᠶᠠᠷᠤᠯᠲᠠ ᠵᠡᠷᠭᠡ ᠬᠦᠷᠢᠶ᠎ᠡ ᠬᠡᠪᠴᠢᠶᠡᠨ ᠤ ᠪᠠᠶᠢᠭᠤᠯᠤᠮᠵᠢ ᠪᠠ ᠴᠢᠳᠠᠮᠵᠢ ᠶᠢ | ᠴᠤᠮᠬᠠᠳᠬᠠᠬᠤ ᠶᠢ ᠪᠡᠶᠡᠯᠡᠭᠦᠯᠦᠨ᠎ᠡ ︔ ᠠᠵᠢᠯ ᠦᠢᠯᠡᠰ ᠤᠨ ᠨᠢᠭᠡᠴᠡ ᠶᠢᠨ ᠲᠦᠷᠦᠯ ᠬᠤᠪᠢᠶᠠᠬᠤ | ᠦᠭᠡᠷᠡᠴᠢᠯᠡᠯᠲᠡ ᠶᠢ ᠳᠤᠭᠲᠠᠭᠤᠨ ᠠᠬᠢᠭᠤᠯᠵᠤ ᠂ ᠬᠠᠤᠯᠢ ᠶᠢᠨ ᠡᠷᠬᠡᠲᠡᠨ ᠢᠶᠠᠷ ᠵᠠᠰᠠᠬᠤ ᠪᠦᠳᠦᠴᠡ ᠪᠣᠯᠤᠨ | ᠬᠠᠮᠢᠶᠠᠷᠴᠤ ᠭᠦᠢᠴᠡᠳᠬᠡᠭᠦ ᠶᠢ ᠰᠠᠯᠭᠠᠬᠤ ᠪᠠᠷ ᠭᠤᠤᠯᠳᠠᠯᠭ᠎ᠠ ᠪᠤᠯᠭᠠᠭᠰᠠᠨ ᠠᠵᠢᠯ ᠦᠢᠯᠡᠰ ᠤᠨ ᠨᠢᠭᠡᠴᠡ | ᠶᠢᠨ ᠬᠠᠮᠢᠶᠠᠷᠤᠯᠲᠠ ᠶᠢᠨ ᠰᠢᠨ᠎ᠡ ᠳᠤᠭᠲᠠᠴᠠ ᠶᠢ ᠰᠦᠪᠡᠭᠴᠢᠯᠡᠨ᠎ᠡ︔ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠤᠨ ᠳᠦᠷᠢᠮ ᠤᠨ ᠦᠭᠡᠷᠡᠴᠢᠯᠡᠯᠲᠡ ᠶᠢ ᠲᠦᠷᠭᠡᠳᠬᠡᠨ ᠂ ᠵᠠᠰᠠᠭ ᠤᠨ ᠡᠷᠬᠡ ᠶᠢ | ᠰᠢᠯᠦᠭᠤᠳᠬᠠᠬᠤ ᠠᠵᠢᠯ ᠢ ᠰᠠᠶᠢᠲᠤᠷ ᠬᠢᠵᠦ ᠂ ᠡᠷᠬᠡ ᠶᠢᠨ ᠨᠠᠷᠢᠨ ᠳᠠᠩᠰᠠ ᠂ ᠬᠠᠷᠢᠭᠤᠴᠠᠯᠭ᠎ᠠ ᠶᠢᠨ ᠨᠠᠷᠢᠨ | ᠳᠠᠩᠰᠠ ᠪᠠ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠠᠯᠢ ᠲᠦᠷᠭᠡᠨ ᠢᠶᠠᠷ ᠢᠯᠡ ᠨᠡᠶᠢᠲᠡᠯᠡᠨ᠎ᠡ ︔ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ ᠬᠠᠮᠢᠶᠠᠷᠤᠯᠲᠠ ᠶᠢᠨ ᠲᠤᠭᠲᠠᠴᠠ ᠶᠢ | ᠲᠡᠭᠦᠯᠳᠡᠷᠵᠢᠭᠦᠯᠦᠨ ᠂ ᠬᠢᠨᠠᠨ ᠵᠦᠪᠰᠢᠶᠡᠷᠡᠬᠦ ᠠᠯᠬᠤᠮ ᠳᠠᠷᠠᠭ᠎ᠠ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ | ᠤ ᠬᠢᠨᠠᠨ ᠵᠦᠪᠰᠢᠶᠡᠷᠡᠯ ᠤᠨ ᠵᠦᠢᠯᠡᠰ ᠤᠨ ︽ᠤᠷᠤᠭᠤᠯᠪᠠᠰᠤ ᠵᠤᠬᠢᠬᠤ ᠶᠢ ᠨᠢ ᠡᠷᠬᠡᠪᠰᠢ ᠤᠷᠤᠭᠤᠯᠵᠦ︾ ᠂ | ᠲᠤᠭᠲᠠᠴᠠ ᠠᠴᠠ ᠭᠠᠳᠠᠭᠤᠷ ᠤᠷᠴᠢᠬᠤ ᠪᠠ ᠤᠯᠠᠨ ᠲᠠᠯ᠎ᠠ ᠪᠠᠷ ᠭᠦᠢᠴᠡᠳᠬᠡᠭᠦ ᠶᠢ ᠰᠡᠷᠭᠡᠶᠢᠯᠡᠨ᠎ᠡ ︔ | ᠠᠯᠪᠠᠨ ᠶᠠᠪᠤᠳᠠᠯ ᠤᠨ ᠺᠠᠷᠲ ᠤᠨ ᠦᠭᠡᠷᠡᠴᠢᠯᠡᠯᠲᠡ ᠶᠢ ᠰᠦᠪᠡᠭᠴᠢᠯᠡᠨ ᠂ ᠠᠯᠪᠠᠨ ᠤ ᠮᠠᠰᠢᠨ ᠤ | ᠳᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠦᠨ᠎ᠠ︔ ᠡᠳ᠋ ᠤᠨ ᠵᠠᠰᠠᠭ ᠤᠨ ᠲᠦᠰᠦᠪ ᠤᠨ | ᠬᠠᠮᠢᠶᠠᠷᠤᠯᠲᠠ ᠶᠢ ᠴᠢᠩᠭᠠᠳᠬᠠᠨ ᠂ ᠳᠦᠷᠢᠮᠵᠢᠭᠰᠡᠨ ᠢᠯᠡ ᠲᠤᠳᠤ ᠤᠳᠤ ᠦᠶ᠎ᠡ ᠶᠢᠨ ᠲᠦᠰᠦᠪ ᠤᠨ | ᠳᠦᠷᠢᠮ ᠢ ᠪᠠᠶᠢᠭᠤᠯᠤᠨ᠎ᠠ ︔ ᠤᠯᠤᠰ ᠤᠨ ᠦᠮᠴᠢᠯᠡᠯᠲᠦ ᠡᠳ᠋ ᠬᠦᠷᠦᠩᠭᠡ ᠶᠢ ᠪᠦᠬᠦ ᠲᠠᠯ᠎ᠠ ᠪᠠᠷ | ᠴᠡᠭᠴᠡᠯᠡᠨ ᠂ ᠰᠢᠰᠲ᠋ᠧᠮᠴᠢᠯᠡᠭᠰᠡᠨ ᠨᠢᠭᠡᠲᠦᠯᠲᠡᠢ ᠬᠠᠮᠢᠶᠠᠷᠤᠯᠲᠠ ᠶᠢ ᠬᠡᠷᠡᠭᠵᠢᠭᠦᠯᠦᠨ᠎ᠡ ︔ ᠵᠠᠰᠠᠭ ᠤᠨ | ᠤᠷᠳᠤᠨ ᠤ ᠵᠢᠭᠡᠯᠡᠯᠭᠡ ᠶᠢᠨ ᠠᠵᠢᠯᠯᠠᠭ᠎ᠠ ᠶᠢ ᠳᠦᠷᠢᠮᠵᠢᠭᠦᠯᠵᠦ ᠂ ᠵᠢᠭᠡᠯᠡᠯᠭᠡ ᠶᠢᠨ ᠲᠦᠭᠰᠢᠭᠦᠷᠢ ᠶᠢ | ᠰᠡᠷᠭᠡᠶᠢᠯᠡᠨ ᠡᠵᠡᠮᠳᠡᠨ᠎ᠡ᠃ | ᠰᠢᠨ᠎ᠡ ᠶᠢ ᠡᠭᠦᠳᠬᠦ ᠭᠦᠳᠡᠯᠭᠡᠭᠴᠢ ᠭᠦᠴᠦᠨ ᠤ ᠬᠦᠭᠵᠢᠯᠲᠡ ᠶᠢᠨ ᠠᠯᠬᠤᠴᠠ ᠪᠠᠨ | ᠲᠦᠷᠭᠡᠳᠬᠡᠨ᠎ᠡ ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠤᠷᠤᠭᠤᠯᠤᠯᠲᠠ ᠶᠢᠨ ᠬᠦᠴᠦᠯᠡᠴᠡ | ᠪᠠᠨ ᠨᠡᠮᠡᠭᠳᠡᠭᠦᠯᠦᠨ ᠂ ᠰᠢᠨ᠎ᠡ ᠶᠢ ᠡᠭᠦᠳᠬᠦ ᠲᠤᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠶᠢ ᠡᠭᠦᠳᠬᠦ | ᠤᠷᠴᠢᠨ ᠲᠤᠭᠤᠷᠢᠨ ᠢ ᠰᠢᠯᠢᠳᠡᠭᠵᠢᠭᠦᠯᠦᠨ ᠂ ᠤᠯᠤᠰ ᠤᠨ ᠦᠷᠭᠦᠯᠵᠢᠯᠡᠬᠦᠶᠢᠴᠡ ᠬᠦᠭᠵᠢᠯᠲᠡ ᠶᠢᠨ | ᠲᠤᠷᠰᠢᠯᠲᠠ ᠶᠢᠨ ᠤᠷᠤᠨ ᠤ ᠡᠩᠨᠡᠭᠡᠨ ᠳᠤ ᠤᠷᠤᠬᠤ ᠪᠠᠷ ᠴᠢᠷᠮᠠᠶᠢᠨ᠎ᠠ᠃ ᠠᠵᠤ ᠠᠬᠤᠶᠢᠯᠠᠯ ᠤᠨ | ᠮᠡᠷᠭᠡᠵᠢᠯ ᠤᠨ ᠰᠢᠨ᠎ᠡ ᠶᠢ ᠡᠭᠦᠳᠬᠦ ᠭᠤᠤᠯᠯᠠᠭᠴᠢ ᠦᠢᠯᠡᠳᠦᠯ ᠢ ᠴᠢᠩᠭᠠᠳᠬᠠᠨ ᠂ ᠡᠨᠧᠷᠭᠢ ᠠᠷᠪᠢᠯᠠᠨ | ᠬᠤᠷᠤᠭᠳᠠᠯ ᠢ ᠪᠠᠭᠠᠰᠬᠠᠬᠤ ᠂ ᠨᠡᠷᠡᠲᠦ ᠲᠡᠮᠳᠡᠭᠲᠦ ᠴᠢᠨᠠᠷ ᠴᠢᠨᠰᠠᠭ᠎ᠠ ᠪᠠᠷ ᠭᠤᠤᠯᠳᠠᠯᠭ᠎ᠠ ᠪᠤᠯᠭᠠᠵᠤ ᠂ | ᠳᠤᠮᠳᠠᠴᠢ ᠦᠩᠭᠡ ᠶᠢᠨ ᠴᠠᠶᠢᠷ ᠤᠨ ᠦᠢᠯᠡᠰ ᠂ ᠰᠠᠢ ᠯᠢᠨ ᠲᠠᠢ ᠡᠮ ᠤᠨ ᠦᠢᠯᠡᠰ ᠂ ᠳ᠋ᠠᠨ ᠯᠦᠩ | ᠡᠮ ᠤᠨ ᠦᠢᠯᠡᠰ ᠂ ᠲᠢᠶᠠᠨ ᠴᠢ ᠡᠮ ᠤᠨ ᠦᠢᠯᠡᠳᠪᠦᠷᠢ ᠂ ᠳ᠋ᠦᠩ ᠯᠢ ᠨᠤᠤᠯᠤᠭᠤᠷ ᠤᠨ ᠦᠢᠯᠡᠰ ᠂ | ᠶᠠᠨ ᠪᠠᠩ ᠭᠦᠸᠧᠯᠦ ᠵᠡᠷᠭᠡ ᠠᠵᠤ ᠠᠬᠤᠶᠢᠯᠠᠯ ᠢ ᠵᠤᠷᠢᠭᠵᠢᠭᠤᠯᠵᠤ ᠂ ᠦᠪᠡᠷᠲᠡᠭᠡᠨ ᠡᠵᠡᠨ | ᠮᠡᠳᠡᠭᠰᠡᠨ ᠮᠡᠳᠡᠯᠭᠡ ᠶᠢᠨ ᠦᠮᠴᠢ ᠶᠢᠨ ᠡᠷᠬᠡ ᠲᠠᠢ ᠰᠢᠨ᠎ᠡ ᠭᠠᠷ ᠤᠷᠠᠯᠠᠯ ᠂ ᠰᠢᠨ᠎ᠡ ᠪᠦᠲᠦᠭᠡᠭᠳᠡᠭᠦᠨ | ᠢ ᠬᠦᠴᠦᠨ ᠢᠶᠠᠨ ᠲᠦᠪᠯᠡᠷᠡᠭᠦᠯᠦᠨ ᠬᠦᠭᠵᠢᠭᠦᠯᠦᠨ᠎ᠡ ᠃ ᠤᠳᠤ ᠦᠶ᠎ᠡ ᠶᠢᠨ ᠲᠤᠨᠤᠭᠯᠠᠯ ᠦᠢᠯᠡᠳᠬᠦ ᠂ | ᠰᠢᠨ᠎ᠡ ᠡᠨᠧᠷᠭᠢ ᠵᠡᠷᠭᠡ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠬᠦᠭᠵᠢᠯᠲᠡ ᠶᠢᠨ ᠬᠡᠷᠡᠭᠴᠡᠭᠡ | ᠶᠢᠨ ᠲᠤᠭᠤᠷᠢᠨ ᠳᠤ ᠂ ᠦᠢᠯᠡᠳᠪᠦᠷᠢᠯᠡᠬᠦ ᠂ ᠰᠤᠷᠬᠤ ᠂ ᠰᠤᠳᠤᠯᠬᠤ ᠬᠠᠷᠢᠯᠴᠠᠨ ᠤᠶᠠᠯᠳᠤᠭᠰᠠᠨ | ᠬᠠᠮᠵᠢᠯᠴᠠᠭᠠᠠᠨ ᠤ ᠰᠢᠨ᠎ᠡ ᠡᠭᠦᠳᠤᠯᠲᠡ ᠶᠢ ᠴᠢᠩᠭᠠᠳᠬᠠᠨ ᠂ ᠦᠪᠡᠷᠳᠡᠭᠡᠨ ᠵᠠᠰᠠᠬᠤ ᠤᠷᠤᠨ ᠤ ᠰᠢᠨ᠎ᠡ | ᠬᠡᠯᠪᠡᠷᠢ ᠶᠢᠨ ᠰᠢᠨᠵᠢᠯᠡᠭᠡ ᠮᠡᠷᠭᠡᠵᠢᠯ ᠤᠨ ᠰᠤᠳᠤᠯᠤᠨ ᠭᠦᠭᠵᠢᠭᠦᠯᠬᠦ ᠪᠠᠶᠢᠭᠤᠯᠤᠮᠵᠢ ᠶᠢᠨ ᠳᠡᠳᠬᠦᠮᠵᠢ ᠶᠢᠨ | ᠮᠦᠩᠭᠦ ᠪᠠ ᠴᠢᠬᠤᠯᠨ ᠶᠡᠭᠡ ᠰᠢᠨᠵᠢᠯᠡᠭᠡ ᠮᠡᠷᠭᠡᠵᠢᠯ ᠤᠨ ᠲᠤᠰᠬᠠᠢ ᠲᠦᠷᠦᠯ ᠤᠨ ᠪᠡᠯᠡ ᠮᠦᠩᠭᠦ ᠶᠢ | ᠭᠦᠢᠴᠡᠳ ᠠᠰᠢᠭᠯᠠᠵᠤ ᠂ ᠴᠢᠩᠬᠤᠸᠠ ᠶᠡᠭᠡ ᠰᠤᠷᠭᠠᠭᠤᠯᠢ ᠶᠢᠨ ᠬᠤᠤ ᠺᠧ ᠰᠢᠨ᠎ᠡ ᠡᠨᠧᠷᠭᠢ ᠶᠢᠨ | ᠮᠠᠰᠢᠨ ᠲᠡᠷᠭᠡ ᠰᠤᠳᠤᠯᠤᠨ ᠦᠢᠯᠡᠳᠬᠦ ᠲᠦᠪ ᠂ ᠲᠦᠸᠧ ᠵᠢᠶᠠ ᠡᠯᠧᠺᠲᠷᠦᠨ ᠰᠤᠷᠠᠭ ᠵᠠᠩᠭᠢ ᠶᠢᠨ | ᠦᠢᠯᠡᠰ ᠤᠨ ᠰᠠᠭᠤᠷᠢᠨ ᠤ ᠰᠤᠳᠤᠯᠤᠨ ᠨᠡᠭᠡᠭᠡᠬᠦ ᠲᠦᠪ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ ᠂ ᠰᠤᠳᠤᠯᠭᠠᠨ ᠤ ᠦᠷ᠎ᠡ ᠪᠦᠲᠦᠭᠡᠯ ᠤᠨ ᠬᠦᠷᠦᠩᠭᠡᠴᠢᠯᠡᠬᠦ ᠪᠠ ᠠᠵᠤ ᠦᠢᠯᠡᠰᠵᠢᠬᠦ ᠶᠢ | ᠲᠦᠷᠭᠡᠳᠬᠡᠨ᠎ᠡ ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠤᠯᠠᠨ ᠨᠡᠶᠢᠲᠡ ᠶᠢᠨ | ᠦᠢᠯᠡᠴᠢᠯᠡᠭᠡᠨ ᠤ ᠴᠢᠳᠠᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ ᠂ ᠦᠩᠭᠡᠲᠦ ᠲᠡᠮᠦᠷᠯᠢᠭ | ᠤᠨ ᠰᠤᠳᠤᠯᠤᠯ ᠤᠨ ᠬᠦᠷᠢᠶᠡᠯᠡᠩ ᠂ ᠬᠡᠶᠢᠰᠪᠦᠷᠢ ᠰᠢᠨᠵᠢᠯᠡᠬᠦ ᠤᠬᠠᠭᠠᠨ ᠤ ᠬᠦᠷᠢᠶᠡᠯᠡᠩ ᠂ | ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠦᠪ ᠪᠠ ᠳᠤᠮᠳᠠ ᠪᠠᠭ᠎ᠠ ᠠᠵᠤ ᠠᠬᠤᠶᠢᠯᠠᠯ ᠤᠨ | ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠵᠡᠷᠭᠡ ᠰᠢᠨ᠎ᠡ ᠶᠢ ᠡᠭᠦᠳᠬᠦ ᠠᠴᠢᠶᠠᠯᠠᠭᠴᠢ ᠶᠢᠨ | ᠡᠷᠬᠢᠯᠲᠠ ᠶᠢᠨ ᠲᠤᠭᠲᠠᠴᠠ ᠶᠢ ᠲᠡᠭᠦᠯᠳᠡᠷᠵᠢᠭᠦᠯᠵᠦ ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ | ᠬᠦᠭᠵᠢᠯᠲᠡ ᠶᠢᠨ ᠱᠠᠭᠠᠷᠳᠠᠯᠭ᠎ᠠ ᠶᠢ ᠬᠠᠩᠭᠠᠨ᠎ᠠ ᠃ ᠲᠠᠸᠠᠷ ᠤᠨ ᠲᠡᠮᠳᠡᠭ ᠤᠨ ᠪᠠᠶᠢᠯᠳᠤᠬᠤ ᠪᠤᠳᠤᠯᠭ᠎ᠠ | ᠶᠢ ᠨᠠᠶᠢᠳᠠᠪᠤᠷᠢᠵᠢᠭᠤᠯᠬᠤ ᠬᠦᠴᠦᠯᠡᠴᠡ ᠪᠠᠨ ᠴᠢᠩᠭᠠᠳᠬᠠᠨ ᠂ ᠨᠡᠩ ᠤᠯᠠᠨ ᠠᠵᠤ ᠠᠬᠤᠶᠢᠯᠠᠯ ᠤᠨ | ᠪᠠᠶ᠎ᠠ ᠪᠠᠨ ᠳᠠᠭᠠᠭᠠᠭᠰᠡᠨ ᠨᠡᠷᠡᠲᠦ ᠲᠡᠮᠳᠡᠭᠲᠦ᠂ ᠨᠡᠷᠡᠲᠦ ᠲᠠᠸᠠᠷ ᠤᠨ ᠲᠡᠮᠳᠡᠭ ᠪᠠ ᠠᠯᠳᠠᠷᠲᠦ ᠲᠡᠮᠳᠡᠭ ᠡᠭᠦᠳᠦᠨ | ᠪᠦᠲᠦᠭᠡᠬᠦ ᠶᠢ ᠳᠡᠮᠵᠢᠨ᠎ᠠ ᠃ ᠠᠵᠤ ᠦᠢᠯᠡᠰ ᠤᠨ ᠪᠠᠷᠢᠮᠵᠢᠶᠠᠵᠢᠬᠤ ᠠᠵᠢᠯ ᠢ ᠠᠬᠢᠭᠤᠯᠤᠨ ᠂ | ᠭᠤᠤᠯᠳᠠᠯᠭ᠎ᠠ ᠲᠠᠢ ᠳᠠᠪᠠᠭᠤᠯᠢᠭ ᠠᠵᠤ ᠠᠬᠤᠶᠢᠯᠠᠯ ᠤᠨ ᠤᠯᠤᠰ ᠤᠨ ᠪᠠᠷᠢᠮᠵᠢᠶ᠎ᠠ ᠪᠠ ᠠᠵᠢᠯ ᠲᠦᠷᠦᠯ | ᠤᠨ ᠪᠠᠷᠢᠮᠵᠢᠶ᠎ᠠ ᠲᠤᠭᠲᠠᠭᠠᠯ ᠳᠤ ᠤᠷᠤᠯᠴᠠᠬᠤ ᠶᠢ ᠵᠣᠷᠢᠭᠵᠢᠭᠤᠯᠵᠤ᠂ ᠮᠡᠷᠭᠡᠵᠢᠯ ᠤᠨ ᠲᠤᠰᠬᠠᠶᠢᠵᠢᠯᠲᠠ᠂ | ᠲᠤᠰᠬᠠᠢ ᠠᠰᠢᠭ ᠤᠨ ᠪᠠᠷᠢᠮᠵᠢᠶᠠᠵᠢᠯᠲᠠ᠂ ᠪᠠᠷᠢᠮᠵᠢᠶᠠᠵᠢᠭᠰᠡᠨ ᠠᠵᠦ ᠦᠢᠯᠡᠰᠵᠢᠭᠦᠯᠦᠯᠲᠠ ᠂ ᠠᠵᠤ ᠦᠢᠯᠡᠰ | ᠤᠨ ᠵᠠᠬ᠎ᠠ ᠳᠡᠯᠭᠡᠭᠦᠷᠵᠢᠯᠲᠡ ᠶᠢ ᠠᠬᠢᠭᠤᠯᠤᠨ᠎ᠠ ᠃ | ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠦᠴᠦᠯᠡᠨ | ᠠᠳᠬᠤᠨ᠎ᠠ ᠃ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠤᠭᠲᠠᠭᠤᠨ ᠨᠡᠮᠡᠭᠳᠡᠯ ᠂ ᠬᠡᠯᠪᠡᠷᠢ | ᠶᠢᠨ ᠬᠤᠪᠢᠷᠠᠯᠲᠠ ᠪᠠ ᠠᠷᠠᠳ ᠤᠨ ᠠᠮᠢᠳᠤᠷᠠᠯ ᠢ ᠬᠠᠷᠠᠭᠠᠯᠵᠠᠬᠤ ᠶᠢᠨ ᠴᠢᠬᠤᠯᠠ ᠠᠳᠬᠤᠴᠠ ᠪᠤᠯᠭᠠᠨ ᠂ | ᠪᠡᠯᠡ ᠤᠷᠤᠭᠤᠯᠤᠯᠲᠠ ᠶᠢᠨ ᠴᠢᠭᠯᠡᠯ ᠢ ᠡᠵᠡᠮᠳᠡᠵᠦ᠂ ᠪᠡᠯᠡ ᠤᠷᠤᠭᠤᠯᠤᠯᠲᠠ ᠶᠢᠨ ᠪᠦᠲᠦᠴᠡ ᠶᠢ | ᠰᠢᠯᠢᠳᠡᠭᠵᠢᠭᠦᠯᠦᠨ ᠂ ᠪᠡᠯᠡ ᠤᠷᠤᠭᠤᠯᠤᠯᠲᠠ ᠠᠴᠠ ᠠᠵᠤ ᠠᠬᠤᠢ ᠳᠤ ᠦᠵᠡᠭᠦᠯᠬᠦ ᠳᠠᠶᠢᠴᠢᠯᠠᠬᠤ ᠦᠢᠯᠡᠳᠦᠯ | ᠢ ᠦᠷᠭᠦᠯᠵᠢᠯᠡᠨ ᠪᠠᠳᠠᠷᠠᠭᠤᠯᠤᠨ᠎ᠠ ᠃ ᠪᠡᠯᠡ ᠤᠷᠤᠭᠤᠯᠤᠯᠲᠠ ᠶᠢᠨ ᠤᠷᠴᠢᠨ ᠲᠤᠭᠤᠷᠢᠨ ᠢ ᠤᠯᠠᠮ | ᠨᠢᠭᠡ ᠠᠯᠬᠤᠮ ᠰᠠᠶᠢᠵᠢᠷᠠᠭᠤᠯᠤᠨ ᠂ ᠠᠵᠤ ᠠᠬᠤᠶᠢᠯᠠᠯ ᠳᠠᠬᠢ ᠲᠠᠭᠠᠯᠲᠠ ᠦᠢᠯᠡᠴᠢᠯᠡᠭᠡ ᠪᠠᠨ | ᠴᠢᠩᠭᠠᠳᠬᠠᠵᠤ᠂ ᠠᠵᠤ ᠠᠬᠤᠶᠢᠯᠠᠯ ᠤᠨ ᠪᠡᠯᠡ ᠤᠷᠤᠭᠤᠯᠤᠯᠲᠠ ᠶᠢᠨ ᠢᠳᠡᠭᠡᠯ ᠢ ᠪᠠᠳᠤᠵᠢᠭᠤᠯᠤᠨ᠎ᠠ ᠃ | ᠭᠤᠤᠯᠳᠠᠯᠭ᠎ᠠ ᠲᠠᠢ ᠠᠵᠤ ᠦᠢᠯᠡᠰ ᠤᠨ ᠬᠦᠭᠵᠢᠯᠲᠡ ᠶᠢᠨ ᠰᠠᠭᠤᠷᠢ ᠮᠦᠩᠭᠦ ᠶᠢ ᠰᠦᠪᠡᠭᠴᠢᠯᠡᠨ | ᠪᠠᠶᠢᠭᠤᠯᠵᠦ ᠂ ᠪᠡᠯᠡ ᠤᠷᠤᠭᠤᠯᠤᠯᠲᠠ ᠶᠢ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠦᠨᠳᠦᠷ ᠂ | ᠲᠤᠤᠷ᠎ᠠ ᠨᠡᠭᠦᠷᠡᠰᠦᠳᠦ᠋ᠷᠦᠭᠴᠢᠲᠦ ᠂ ᠪᠤᠬᠢᠷᠳᠤᠯ ᠦᠭᠡᠢ ᠂ ᠤᠷᠴᠢᠯᠲᠤ ᠂ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠵᠡᠷᠭᠡ ᠠᠵᠦ ᠦᠢᠯᠡᠰ ᠲᠤ ᠬᠡᠯᠪᠡᠶᠢᠬᠦ ᠶᠢ ᠭᠦᠳᠦᠯᠦᠨ ᠵᠢᠯᠦᠭᠤᠳᠤᠨ᠎ᠠ᠃ ᠨᠡᠶᠢᠭᠡᠮ | ᠤᠨ ᠬᠦᠷᠦᠩᠭᠡ ᠶᠢᠨ ᠢᠳᠡᠪᠬᠢ ᠴᠢᠨᠠᠷ ᠢ ᠭᠦᠢᠴᠡᠳ ᠲᠠᠶᠢᠴᠢᠯᠠᠨ ᠂ ᠵᠤᠬᠢᠰ ᠲᠠᠢ ᠠᠰᠢᠭ ᠬᠦᠷᠲᠡᠬᠦ | ᠤᠷᠢᠳᠠᠴᠢ ᠬᠤᠭᠤᠴᠠᠭ᠎ᠠ ᠶᠢ ᠭᠦᠢᠴᠡᠳ ᠦᠯᠡᠳᠡᠭᠡᠵᠦ᠂ ᠨᠡᠶᠢᠭᠡᠮ ᠤᠨ ᠬᠦᠷᠦᠩᠭᠡ ᠶᠢ ᠰᠠᠭᠤᠷᠢ | ᠲᠦᠬᠦᠭᠡᠷᠦᠮᠵᠢ ᠂ ᠬᠦᠷᠢᠶᠡᠯᠡᠩ ᠲᠤᠭᠤᠷᠢᠭ ᠤᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠠᠵᠢᠯ | ᠦᠢᠯᠡᠰ ᠵᠡᠷᠭᠡ ᠬᠦᠷᠢᠶ᠎ᠠ ᠬᠡᠪᠴᠢᠶᠠᠨ ᠳᠤ ᠲᠠᠲᠠᠨ ᠤᠷᠤᠭᠤᠯᠵᠤ ᠂ ᠭᠦᠷᠦᠩᠭᠡ ᠠᠭᠤᠰᠬᠠᠬᠤ ᠵᠠᠮ | ᠰᠤᠪᠠᠭ ᠤᠨ ᠤᠯᠠᠨ ᠡᠰᠢᠴᠢᠯᠡᠬᠦ ᠶᠢ ᠠᠬᠢᠭᠤᠯᠤᠨ᠎ᠠ ᠃ ᠳᠡᠭᠡᠳᠦ ᠱᠠᠳᠤᠨ ᠤ ᠲᠦᠷᠦ ᠶᠢᠨ ᠪᠤᠳᠤᠯᠭ᠎ᠠ | ᠶᠢᠨ ᠤᠳᠤᠷᠢᠳᠤᠮᠵᠢ ᠶᠢ ᠤᠨᠤᠪᠴᠢᠲᠠᠢ ᠡᠵᠡᠮᠳᠡᠵᠦ᠂ ᠨᠡᠪᠲᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠨ ᠂ | ᠨᠡᠩ ᠤᠯᠠᠨ ᠳᠡᠭᠡᠷ᠎ᠡ ᠱᠠᠳᠤᠨ ᠤ ᠪᠡᠯᠡ ᠤᠷᠤᠭᠤᠯᠤᠯᠲᠠ ᠶᠢ ᠢᠳᠡᠪᠬᠢᠲᠡᠢ ᠲᠡᠮᠡᠴᠡᠨ ᠤᠯᠬᠤ ᠪᠠᠷ | ᠴᠢᠷᠮᠠᠶᠢᠨ᠎ᠠ ᠃ ᠦᠷᠭᠦᠯᠵᠢᠯᠡᠨ ᠭᠦᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠬᠦ ᠠᠴᠠ ᠡᠭᠦᠰᠴᠦ ᠂ 《 | ᠠᠷᠪᠠᠨ ᠭᠤᠷᠪᠠᠳᠤᠭᠠᠷ ᠲᠠᠪᠤᠨ ᠵᠢᠯ 》 ᠤᠨ ᠲᠦᠯᠦᠪᠵᠢᠭᠦᠯᠭᠡ ᠶᠢ ᠨᠠᠶᠢᠷᠠᠭᠤᠯᠬᠤ ᠲᠠᠢ ᠤᠶᠠᠯᠳᠤᠭᠤᠯᠵᠤ᠂ | ᠨᠢᠭᠡ ᠪᠦᠯᠦᠭ ᠬᠢᠵᠠᠭᠠᠷᠯᠠᠯ ᠤᠨ ᠪᠤᠭᠤᠮᠢ ᠶᠢ ᠰᠢᠪᠲᠤᠯᠬᠤ᠂ ᠠᠵᠦ ᠦᠢᠯᠡᠰ ᠤᠨ ᠪᠦᠳᠦᠴᠡ ᠶᠢ ᠲᠤᠬᠢᠷᠠᠭᠤᠯᠬᠤ | ᠪᠠ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠬᠤ ᠲᠦᠷᠦᠯ ᠤᠨ ᠲᠦᠷᠦᠯ ᠵᠦᠢᠯ ᠢ ᠴᠠᠭ ᠢ ᠠᠮᠵᠢᠨ | ᠰᠡᠳᠦᠨ ᠤᠬᠠᠭᠠᠯᠠᠨ᠎ᠠ︔ ᠭᠤᠤᠯ ᠬᠤᠲᠠ ᠲᠤᠭᠤᠷᠢᠭ ᠤᠨ ᠤᠷᠤᠨ ᠪᠠᠶᠢᠷᠢ᠂ ᠴᠢᠳᠠᠪᠦᠷᠢᠲᠡᠨ ᠪᠠ ᠲᠠᠪᠴᠠᠩ ᠵᠡᠷᠭᠡ | ᠬᠠᠷᠢᠴᠠᠩᠭᠤᠢ ᠳᠠᠪᠠᠭᠤᠯᠢᠭ ᠢ ᠤᠯᠠᠮ ᠨᠢᠭᠡ ᠠᠯᠬᠤᠮ ᠴᠢᠯᠦᠭᠡᠲᠡᠢ ᠲᠠᠯᠪᠢᠵᠦ᠂ ᠤᠯᠠᠭᠠᠨᠬᠠᠲᠠ ᠶᠢᠨ ᠭᠠᠶᠢᠯᠢ | ᠪᠠᠳᠤᠯᠠᠬᠤ ᠪᠠᠷᠠᠭᠠᠨ ᠤ ᠭᠦᠢᠯᠭᠡᠭᠡᠨ ᠤ ᠲᠦᠪ᠂ ᠡᠭᠦᠯᠡᠨ ᠪᠤᠳᠤᠯᠲᠠ ᠶᠢᠨ ᠨᠡᠪᠴᠢᠯᠲᠠ ᠶᠢᠨ ᠭᠦᠷᠢᠶᠡᠯᠡᠩ ᠂ | ᠦᠢᠯᠡᠳᠪᠦᠷᠢᠯᠡᠯ ᠤᠨ ᠴᠢᠨᠡᠷᠲᠡᠢ ᠦᠢᠯᠡᠴᠢᠯᠡᠭᠡᠨ ᠤ ᠤᠷᠤᠨ᠂ ᠵᠦᠩ ᠭᠤᠸᠠᠨ ᠼᠦᠨ ᠤ ᠬᠠᠢ ᠳ᠋ᠢᠶᠠᠨ ᠭᠦᠷᠢᠶᠡᠯᠡᠩ | ᠤᠨ ᠤᠯᠠᠭᠠᠨᠬᠠᠲᠠ ᠬᠤᠪᠢᠶᠠᠷᠢ ᠭᠦᠷᠢᠶᠡᠯᠡᠩ᠂ ᠠᠵᠦ ᠠᠬᠤᠢ ᠶᠢᠨ ᠨᠡᠭᠡᠭᠡᠨ ᠭᠦᠭᠵᠢᠭᠦᠯᠦᠯᠲᠠ ᠶᠢᠨ ᠤᠷᠤᠨ ᠤ ᠲᠦᠪ | ᠬᠤᠳᠠᠯᠳᠤᠭᠠᠨ ᠤ ᠶᠠᠪᠤᠳᠠᠯ ᠤᠨ ᠤᠷᠤᠨ᠂ ᠲᠡᠷᠢᠶᠡᠯᠡᠩ ᠤᠨ ᠪᠦᠳᠦᠭᠡᠭᠳᠡᠭᠦᠨ ᠤ ᠠᠵᠦ ᠦᠢᠯᠡᠰ ᠤᠨ ᠭᠦᠷᠢᠶᠡᠯᠡᠩ | ᠲᠤᠭᠤᠷᠢᠭ ᠤᠨ ᠭᠤᠷᠪᠠᠳᠤᠭᠠᠷ ᠬᠤᠭᠤᠴᠠᠭ᠎ᠠ᠂ ᠬᠠᠭᠤᠴᠢᠨ ᠬᠤᠲᠠ ᠶᠢᠨ ᠳᠦᠭᠦᠮ ᠪᠦᠳᠦᠴᠡᠳᠦ ᠤᠷᠤᠨ ᠰᠠᠭᠤᠴᠠ | ᠶᠢ ᠦᠭᠡᠷᠡᠴᠢᠯᠡᠨ ᠪᠠᠶᠢᠭᠤᠯᠬᠤ ᠵᠡᠷᠭᠡ ᠰᠢᠨ᠎ᠡ ᠬᠡᠯᠪᠡᠷᠢ ᠶᠢᠨ ᠲᠠᠪᠴᠠᠩ ᠪᠠ ᠠᠴᠢᠶᠠᠯᠠᠪᠤᠷᠢ ᠳᠤ ᠲᠦᠰᠢᠭᠯᠡᠨ᠂ ᠨᠡᠩ | ᠤᠯᠠᠨ ᠨᠡᠷᠡᠲᠦ ᠠᠵᠦ ᠠᠬᠤᠶᠢᠯᠡᠯ ᠤᠨ ᠮᠡᠨ ᠤ ᠲᠤᠭᠤᠷᠢᠭ ᠲᠤ ᠪᠡᠯᠨ ᠤᠷᠤᠭᠤᠯᠤᠨ ᠭᠦᠭᠵᠢᠨ ᠮᠠᠨᠳᠤᠬᠤ ᠶᠢ | ᠲᠠᠲᠠᠨ᠎ᠠ᠃ ᠪᠦᠬᠦ ᠵᠢᠯ ᠳᠤ 110 ᠳ᠋ᠦᠩᠰᠢᠭᠤᠷ ᠲᠦᠭᠦᠷᠢᠭ ᠪᠡᠯᠨ ᠲᠠᠲᠠᠵᠦ᠂ 10% ᠨᠡᠮᠡᠭᠳᠡᠭᠦᠯᠬᠦ ᠪᠠᠷ | ᠴᠢᠷᠮᠠᠶᠢᠨ᠎ᠡ᠃ | ︵ᠬᠤᠶᠠᠷ︶ ᠠᠵᠦ ᠦᠢᠯᠡᠰ ᠤᠨ ᠪᠦᠳᠦᠴᠡ ᠶᠢᠨ ᠲᠤᠬᠢᠷᠠᠭᠤᠯᠤᠯᠲᠠ ᠶᠢᠨ ᠰᠢᠯᠢᠳᠡᠭᠵᠢᠭᠦᠯᠦᠯᠲᠠ ᠶᠢ | ᠠᠬᠢᠭᠤᠯᠵᠦ᠂ ᠠᠵᠦ ᠦᠢᠯᠡᠰ ᠤᠨ ᠳᠡᠰ ᠳᠠᠪᠬᠤᠷᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠠ | ᠰᠢᠨ᠎ᠡ ᠬᠡᠯᠪᠡᠷᠢ ᠶᠢᠨ ᠠᠵᠦ ᠦᠢᠯᠡᠳᠪᠦᠷᠢᠵᠢᠯᠲᠠ ᠶᠢᠨ ᠠᠬᠢᠴᠠ ᠶᠢ ᠠᠬᠢᠭᠤᠯᠤᠨ᠎ᠠ᠃ ᠲᠤᠭᠲᠠᠭᠤᠨ | ᠨᠡᠮᠡᠭᠳᠡᠯ ᠪᠠ ᠪᠦᠳᠦᠴᠡ ᠶᠢᠨ ᠲᠤᠬᠢᠷᠠᠭᠤᠯᠤᠯᠲᠠ ᠶᠢᠨ ᠬᠤᠤᠰ ᠴᠢᠭᠯᠡᠯ ᠤᠨ ᠠᠬᠢᠭᠤᠯᠤᠯᠲᠠ ᠶᠢ ᠪᠠᠷᠢᠮᠳᠠᠯᠠᠵᠦ᠂ | ᠲᠤᠭᠲᠠᠭᠤᠨ ᠨᠡᠮᠡᠭᠳᠡᠯ ᠤᠨ ᠳᠤᠮᠳᠠ ᠠᠵᠦ ᠦᠢᠯᠡᠰ ᠤᠨ ᠳᠡᠰ ᠳᠡᠪᠰᠢᠬᠦ ᠶᠢ ᠴᠢᠩᠭᠠᠳᠬᠠᠵᠦ᠂ ᠳᠡᠰ ᠳᠡᠪᠰᠢᠬᠦ | ᠳᠤᠮᠳᠠ ᠨᠡᠮᠡᠭᠳᠡᠯ ᠢ ᠪᠠᠶᠠᠯᠠᠭᠦᠯᠵᠦ᠂ ᠤᠳᠤ ᠦᠶ᠎ᠡ ᠶᠢᠨ ᠠᠵᠦ ᠦᠢᠯᠡᠳᠪᠦᠷᠢ ᠶᠢᠨ ᠰᠢᠰᠲ᠋ᠧᠮ ᠢ ᠲᠦᠷᠭᠡᠳᠬᠡᠨ | ᠪᠠᠶᠢᠭᠤᠯᠤᠨ᠎ᠠ᠃ ᠪᠠᠩᠬᠢ ᠠᠵᠦ ᠠᠬᠤᠶᠢᠯᠡᠯ ᠤᠨ ᠵᠤᠯᠭᠠᠯᠳᠤᠯ᠂ ᠲᠦᠷᠦ ᠶᠢᠨ ᠪᠤᠳᠤᠯᠭ᠎ᠠ ᠶᠢᠨ ᠵᠤᠯᠭᠠᠯᠳᠤᠯ᠂ | ᠠᠵᠢᠯᠴᠢᠨ ᠬᠡᠷᠡᠭᠯᠡᠬᠦ ᠵᠤᠯᠭᠠᠯᠳᠤᠯ ᠢ ᠭᠦᠨᠵᠡᠭᠡᠢ ᠦᠷᠨᠢᠭᠦᠯᠵᠦ᠂ ᠠᠵᠦ ᠠᠬᠤᠶᠢᠯᠡᠯ ᠢ ᠬᠠᠪᠰᠤᠷᠤᠨ ᠠᠵᠦ ᠠᠬᠤᠢ | ᠶᠢᠨ ᠤᠷᠤᠭᠤᠳᠠᠬᠤ ᠳᠠᠷᠤᠯᠲᠠ ᠶᠢ ᠠᠷᠭᠠᠴᠠᠨ᠎ᠠ᠃ ᠤᠯᠠᠮᠵᠢᠯᠠᠯᠲᠦ ᠠᠵᠦ ᠦᠢᠯᠡᠰ ᠤᠨ ᠨᠢᠭᠤᠭᠳᠠᠮᠠᠯ ᠭᠦᠴᠦᠨ ᠢ | ᠠᠭᠤᠳᠠᠯᠯᠠᠨ ᠦᠷ᠎ᠡ ᠠᠰᠢᠭ ᠢ ᠨᠡᠮᠡᠭᠳᠡᠭᠦᠯᠬᠦ ᠳᠤ ᠭᠦᠴᠦᠯᠡᠨ᠂ ᠶᠤᠸᠠᠨ ᠯᠢᠶᠠᠨ ᠪᠤᠯᠤᠳ ᠲᠡᠮᠦᠷ ᠤᠨ ᠴᠠᠬᠢᠭᠤᠷᠲᠦ | ᠪᠤᠯᠤᠳ᠂ ᠪᠦᠰᠡᠯᠢᠭ ᠪᠤᠯᠤᠳ ᠵᠡᠷᠭᠡ ᠰᠢᠷᠢᠰ ᠪᠦᠳᠦᠭᠡᠭᠳᠡᠭᠦᠨ ᠤ ᠳᠡᠰ ᠳᠡᠪᠰᠢᠬᠦ ᠲᠦᠷᠦᠯ ᠵᠦᠢᠯ ᠢ ᠬᠡᠷᠡᠭᠵᠢᠭᠦᠯᠵᠦ | ᠂ ᠹᠦ᠋ ᠯᠦᠩ ᠢᠯᠴᠢ ᠴᠠᠬᠢᠯᠭᠠᠨ ᠤ ᠭᠠᠷᠤᠯᠲᠠ ᠲᠠᠢ ᠨᠢ ᠬᠤᠯᠪᠤᠬᠤ ᠲᠦᠷᠦᠯ ᠵᠦᠢᠯ ᠢ ᠲᠦᠷᠭᠡᠳᠬᠡᠨ ᠪᠠᠶᠢᠭᠤᠯᠵᠦ᠂ | ᠲᠡᠮᠦᠷᠯᠢᠭ ᠬᠠᠶᠢᠯᠤᠭᠤᠯᠬᠤ᠂ ᠡᠨᠧᠷᠭᠢ ᠶᠢᠨ ᠠᠵᠦ ᠦᠢᠯᠡᠰ ᠤᠨ ᠴᠢᠨᠡᠷ ᠢ ᠳᠡᠭᠡᠭᠰᠢᠯᠡᠭᠦᠯᠵᠦ ᠬᠤᠷᠤᠭᠳᠠᠯ ᠢ | ᠪᠠᠭᠠᠰᠬᠠᠬᠤ ᠶᠢ ᠠᠬᠢᠭᠤᠯᠤᠨ᠎ᠠ︔ ᠳ᠋ᠠᠨ ᠯᠦᠩ ᠡᠮ ᠤᠨ ᠦᠢᠯᠡᠰ᠂ ᠮᠧᠩ ᠰᠢᠨ ᠡᠮ ᠦᠢᠯᠡᠳᠬᠦ᠂ ᠠᠢ ᠺᠧ ᠡᠮ | ᠦᠢᠯᠡᠳᠬᠦ᠂ ᠤᠯᠠᠭᠠᠨᠬᠠᠲᠠ ᠡᠮ ᠦᠢᠯᠡᠳᠬᠦ᠂ ᠬᠤᠸ᠋ᠨ ᠶᠤᠸᠠᠨ ᠨᠤᠤᠰᠤᠨ ᠦᠢᠯᠡᠰ ᠵᠡᠷᠭᠡ ︽ᠬᠤᠲᠠ ᠠᠴᠠ | ᠤᠬᠤᠷᠢᠨ ᠭᠦᠷᠢᠶᠡᠯᠡᠩ ᠲᠤᠭᠤᠷᠢᠭ ᠲᠤ ᠤᠷᠤᠭᠰᠡᠨ︾ ᠠᠵᠦ ᠠᠬᠤᠶᠢᠯᠡᠯ ᠤᠨ ᠪᠠᠷᠢᠯᠭ᠎ᠠ ᠳᠠᠭᠤᠰᠤᠨ ᠲᠤᠷᠰᠢᠨ | ᠦᠢᠯᠡᠳᠪᠦᠷᠢᠯᠡᠬᠦ ᠶᠢ ᠠᠬᠢᠭᠤᠯᠵᠦ᠂ ᠵᠤᠤ ᠤᠳᠠ ᠬᠤᠨᠢᠨ ᠨᠤᠯᠤᠤᠷ ᠪᠠ ᠳ᠋ᠠᠯᠢᠶᠠᠨ ᠤ ᠶᠤᠸᠠᠨ ᠰᠢᠨ ᠢ ᠴᠤᠮᠬᠠᠳᠬᠠᠨ | ᠵᠠᠬ᠎ᠠ ᠳᠤ ᠭᠠᠷᠬᠤ ᠶᠢ ᠠᠬᠢᠭᠤᠯᠵᠦ᠂ ᠳ᠋ᠦᠩ ᠷᠦᠩ ᠪᠦᠯᠦᠭᠯᠡᠯ ᠤᠨ ᠪᠦᠭᠦ ᠠᠵᠦ ᠦᠢᠯᠡᠰ ᠤᠨ ᠬᠡᠯᠬᠢᠶ᠎ᠡ ᠶᠢᠨ | ᠭᠦᠭᠵᠢᠯᠲᠠ ᠶᠢ ᠠᠬᠢᠭᠤᠯᠵᠦ᠂ ᠲᠢᠶᠠᠨ ᠴᠢ ᠡᠮ ᠦᠢᠯᠡᠳᠬᠦ᠂ ᠺᠠᠢ ᠯᠠᠨ ᠬᠤᠨᠢᠨ ᠨᠤᠯᠤᠤᠷ᠂ ᠸᠧᠢ ᠰᠢᠨ ᠬᠤᠨᠢᠨ | ᠨᠤᠯᠤᠤᠷ ᠵᠡᠷᠭᠡ ᠠᠵᠦ ᠠᠬᠤᠶᠢᠯᠡᠯ ᠤᠨ ᠬᠡᠪᠴᠢᠶ᠎ᠡ ᠪᠠᠨ ᠦᠷᠭᠡᠳᠬᠡᠭᠦ ᠶᠢ ᠳᠡᠮᠵᠢᠵᠦ᠂ ᠠᠵᠦ ᠠᠬᠤᠶᠢᠯᠡᠯ ᠤᠨ ᠭᠤᠤᠯ | ᠴᠦᠮ᠎ᠡ ᠦᠷᠢᠰᠦᠯᠳᠦᠬᠦ ᠭᠦᠴᠦᠨ ᠢ ᠳᠡᠭᠡᠭᠰᠢᠯᠡᠭᠦᠯᠦᠨ᠎ᠠ︔ ᠺᠠᠩ ᠠᠪᠤᠭᠠᠢ ᠶᠢᠨ ᠡᠷᠦᠳᠡᠰᠦᠨ ᠪᠤᠳᠠᠰᠳᠦ ᠤᠰᠤ᠂ | ᠱᠢ ᠯᠧ ᠺᠠᠩ ᠤᠨᠴᠠᠯᠢᠭᠲᠦ ᠢᠳᠡᠭᠡᠨ ᠵᠡᠷᠭᠡ 11 ᠲᠡᠷᠢᠶᠡᠯᠡᠩ ᠮᠠᠯ ᠠᠵᠦ ᠠᠬᠤᠢ ᠶᠢᠨ ᠪᠦᠳᠦᠭᠡᠭᠳᠡᠭᠦᠨ ᠢ ᠨᠠᠷᠢᠯᠢᠭ | ᠪᠤᠯᠪᠠᠰᠤᠷᠠᠭᠤᠯᠬᠤ ᠲᠦᠷᠦᠯ ᠵᠦᠢᠯ ᠢ ᠰᠠᠶᠢᠳᠦᠷ ᠠᠳᠬᠤᠵᠦ᠂ ᠪᠡᠭᠡᠵᠢᠩ ᠤᠨ ᠱᠦᠨ ᠰᠢᠨ᠂ ᠠᠨᠾᠦ᠋ᠢ ᠶᠢᠨ ᠴᠢᠶᠠ | ᠴᠢᠶᠠ ᠵᠡᠷᠭᠡ ᠢᠳᠡᠭᠡᠨ ᠪᠤᠯᠪᠠᠰᠤᠷᠠᠭᠤᠯᠬᠤ ᠲᠤᠯᠤᠭᠠᠶᠢᠯᠠᠭᠴᠢ ᠠᠵᠦ ᠠᠬᠤᠶᠢᠯᠡᠯ ᠢ ᠭᠦᠴᠦᠯᠡᠨ ᠲᠠᠳᠠᠨ ᠤᠷᠤᠭᠤᠯᠵᠦ᠂ | ᠲᠡᠷᠢᠶᠡᠯᠡᠩ ᠮᠠᠯ ᠠᠵᠦ ᠠᠬᠤᠢ ᠶᠢᠨ ᠪᠦᠳᠦᠭᠡᠭᠳᠡᠭᠦᠨ ᠢ ᠪᠤᠯᠪᠠᠰᠤᠷᠠᠭᠤᠯᠬᠤ ᠠᠵᠦ ᠦᠢᠯᠡᠰ ᠤᠨ ᠬᠡᠪᠴᠢᠶᠡᠵᠢᠯᠲᠠ᠂ | ᠨᠡᠷᠡᠲᠦ ᠲᠡᠮᠳᠡᠭᠵᠢᠯᠲᠠ ᠶᠢ ᠠᠬᠢᠭᠤᠯᠤᠨ᠎ᠠ᠃ ᠰᠢᠨ᠎ᠡ ᠪᠠᠷ ᠬᠦᠭᠵᠢᠭᠰᠡᠨ ᠠᠵᠦ ᠦᠢᠯᠡᠰ ᠤᠨ ᠭᠦᠴᠦᠷᠬᠡᠭᠵᠢᠨ | ᠪᠤᠵᠠᠭᠠᠶᠢᠷᠠᠬᠤ ᠳᠤ ᠭᠦᠴᠦᠯᠡᠵᠦ᠂ ᠬᠤᠤ ᠺᠧ ᠰᠢᠨ᠎ᠡ ᠡᠨᠧᠷᠬᠢ ᠶᠢᠨ ᠮᠠᠰᠢᠨ ᠲᠡᠷᠬᠡ ᠶᠢᠨ ᠦᠢᠯᠡᠳᠪᠦᠷᠢᠯᠡᠯ ᠤᠨ | ᠰᠠᠭᠤᠷᠢᠨ ᠭᠠᠵᠠᠷ᠂ ᠵᠢᠶᠠ ᠲᠦᠸᠧ ᠡᠯᠧᠺᠲᠷᠤᠨ ᠰᠤᠷᠠᠭ ᠵᠠᠩᠬᠢ ᠶᠢᠨ ᠠᠵᠦ ᠦᠢᠯᠡᠰ ᠤᠨ ᠰᠠᠭᠤᠷᠢᠨ ᠭᠠᠵᠠᠷ᠂ | ᠵᠢᠶᠠ ᠯᠦᠩ ᠰᠢᠨ᠎ᠡ ᠮᠠᠲ᠋ᠧᠷᠢᠶᠠᠯ᠂ ᠶᠠᠨ ᠪᠠᠩ A ᠳᠡᠰ ᠤᠨ ᠭᠦᠸᠧᠯᠦ ᠵᠡᠷᠭᠡ ᠲᠤᠨᠤᠭᠯᠠᠯ ᠦᠢᠯᠡᠳᠬᠦ ᠠᠵᠦ | ᠦᠢᠯᠡᠰ ᠤᠨ ᠲᠦᠷᠦᠯ ᠵᠦᠢᠯ ᠢ ᠰᠠᠶᠢᠳᠦᠷ ᠠᠳᠬᠤᠵᠦ᠂ ᠵᠢᠯ ᠤᠨ ᠳᠤᠳᠤᠷ᠎ᠠ ᠰᠢᠨ᠎ᠡ ᠡᠨᠧᠷᠬᠢ ᠶᠢᠨ ᠮᠠᠰᠢᠨ ᠲᠡᠷᠭᠡ | 1 ᠲᠦᠮᠨ᠂ ᠰᠢᠩᠭᠡᠨ ᠲᠠᠯᠠᠰᠳᠦ ᠦᠵᠦᠭᠦᠯᠦᠭᠦᠷ 2000 ᠲᠦᠮᠡᠨ ᠰᠠᠭᠤᠷᠢ ᠦᠢᠯᠡᠳᠪᠦᠷᠢᠯᠡᠵᠦ᠂ ᠲᠤᠨᠤᠭᠯᠠᠯ | ᠦᠢᠯᠡᠳᠬᠦ ᠦᠢᠯᠡᠰ ᠢ ᠠᠵᠦ ᠦᠢᠯᠡᠳᠪᠦᠷᠢ ᠶᠢᠨ ᠠᠵᠦ ᠠᠬᠤᠢ ᠶᠢᠨ ᠰᠢᠨ᠎ᠡ ᠭᠦᠳᠡᠯᠭᠡᠭᠦᠷ ᠪᠤᠯᠭᠠᠨ᠎ᠠ᠃ ᠵᠠᠰᠠᠭ ᠤᠨ | ᠤᠷᠳᠤᠨ ᠪᠠ ᠨᠡᠶᠢᠭᠡᠮ ᠤᠨ ᠭᠦᠷᠦᠩᠭᠡ ᠶᠢᠨ ᠬᠠᠮᠳᠤᠷᠠᠯᠴᠠᠭ᠎ᠠ ᠶᠢᠨ ︵PPP︶ ᠵᠠᠭᠪᠤᠷ ᠢ ᠬᠡᠷᠡᠭᠯᠡᠨ᠂ ᠨᠤᠮᠤᠬᠠᠨ | ᠳᠠᠯᠠᠢ ᠶᠢᠨ ᠪᠦᠳᠦᠭᠡᠨ ᠪᠠᠶᠢᠭᠤᠯᠤᠯᠲᠠ ᠶᠢᠨ ᠪᠦᠯᠦᠭᠯᠡᠯ ᠲᠠᠢ ᠬᠤᠷᠰᠢᠨ᠂ ᠠᠵᠦ ᠦᠢᠯᠡᠳᠪᠦᠷᠢ ᠶᠢᠨ ᠭᠦᠷᠢᠶᠡᠯᠡᠩ | ᠲᠤᠭᠤᠷᠢᠭ ᠤᠨ ᠢᠵᠢ ᠪᠦᠷᠢᠳᠦᠭᠰᠡᠨ ᠰᠠᠭᠤᠷᠢ ᠲᠦᠭᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠵᠦ | ᠠᠬᠤᠢ ᠶᠢᠨ ᠨᠡᠭᠡᠭᠡᠯᠲᠠ ᠶᠢᠨ ᠤᠷᠤᠨ ᠤ ᠲᠦᠪ ᠬᠤᠳᠠᠯᠳᠤᠭᠠᠨ ᠤ ᠶᠠᠪᠤᠳᠠᠯ ᠤᠨ ᠲᠤᠭᠤᠷᠢᠭ᠂ ᠦᠢᠯᠡᠳᠪᠦᠷᠢᠯᠡᠯ ᠤᠨ | ᠴᠢᠨᠡᠷᠲᠡᠢ ᠦᠢᠯᠡᠴᠢᠯᠡᠭᠡᠨ ᠤ ᠲᠤᠭᠤᠷᠢᠭ ᠪᠠ ᠲᠡᠷᠢᠶᠡᠯᠡᠩ ᠤᠨ ᠪᠦᠳᠦᠭᠡᠭᠳᠡᠭᠦᠨ ᠤ ᠠᠵᠦ ᠦᠢᠯᠡᠰ ᠤᠨ ᠭᠦᠷᠢᠶᠡᠯᠡᠩ | ᠲᠤᠭᠤᠷᠢᠭ ᠤᠨ ᠢᠵᠢ ᠪᠦᠷᠢᠳᠦᠭᠰᠡᠨ ᠬᠤᠳᠠᠯᠳᠤᠭᠠᠨ ᠤ ᠶᠠᠪᠤᠳᠠᠯ ᠤᠨ ᠲᠤᠭᠤᠷᠢᠭ ᠤᠨ ᠪᠦᠳᠦᠭᠡᠨ ᠪᠠᠶᠢᠭᠤᠯᠤᠯᠲᠠ | ᠶᠢ ᠢᠵᠢᠯ ᠠᠯᠬᠤᠮ ᠢᠶᠠᠷ ᠠᠬᠢᠭᠤᠯᠵᠦ᠂ ᠴᠢᠳᠠᠯ ᠴᠢᠳᠠᠮᠵᠢ ᠨᠡᠶᠢᠯᠡᠭᠰᠡᠨ᠂ ᠲᠦᠭᠦᠭᠡᠷᠦᠮᠵᠢ ᠪᠦᠷᠢᠨ ᠲᠦᠭᠦᠷ | ᠤᠳᠤᠬᠢᠴᠢᠯᠠᠭᠰᠡᠨ ᠠᠵᠦ ᠦᠢᠯᠡᠰ ᠤᠨ ᠲᠦᠪᠯᠡᠷᠡᠭᠰᠡᠨ ᠤᠷᠤᠨ ᠢ ᠭᠦᠴᠦᠯᠡᠨ ᠡᠭᠦᠳᠦᠨ ᠪᠠᠶᠢᠭᠤᠯᠤᠨ᠎ᠠ︔ ᠠᠵᠦ | ᠠᠬᠤᠢ ᠶᠢᠨ ᠨᠡᠭᠡᠭᠡᠯᠲᠠ ᠶᠢᠨ ᠤᠷᠤᠨ ᠢ ᠤᠯᠤᠰ ᠤᠨ ᠳᠡᠰ ᠤᠨ ᠨᠡᠭᠡᠭᠡᠯᠲᠠ ᠶᠢᠨ ᠤᠷᠤᠨ ᠤ ᠡᠩᠨᠡᠭᠡᠨ ᠳᠤ | ᠤᠷᠤᠭᠤᠯᠬᠤ ᠪᠠᠷ ᠴᠢᠷᠮᠠᠶᠢᠨ᠎ᠠ᠃ | ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ | ᠳᠡᠪᠰᠢᠭᠦᠯᠬᠦ ︽521︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠎ᠠ᠃ ᠤᠨᠴᠠᠯᠢᠭᠲᠦ᠂ ᠤᠯᠠᠨ ᠶᠠᠩᠵᠦᠲᠦ | ᠬᠡᠷᠡᠭᠯᠡᠭᠡᠨ ᠢ ᠠᠭᠠᠵᠢᠮ ᠢᠶᠠᠷ ᠭᠤᠤᠯ ᠤᠷᠤᠰᠬᠠᠯ ᠲᠡᠰᠢ ᠬᠤᠪᠢᠷᠠᠬᠤ ᠬᠠᠨᠳᠦᠰᠢ ᠶᠢ ᠡᠵᠡᠮᠳᠡᠨ᠂ ᠭᠠᠶᠢᠯᠢ ᠪᠠᠳᠤᠯᠠᠬᠤ | ᠪᠠᠷᠠᠭᠠᠨ ᠤ ᠭᠦᠢᠯᠭᠡᠭᠡᠨ ᠤ ᠲᠦᠪ᠂ ᠡᠭᠦᠯᠡᠨ ᠪᠤᠳᠤᠯᠲᠠ ᠶᠢᠨ ᠲᠦᠪ ᠲᠠᠪᠴᠠᠩ᠂ ᠤᠷᠤᠨ ᠪᠦᠰᠡ ᠶᠢᠨ ᠴᠢᠨᠡᠷᠲᠡᠢ | ᠪᠠᠷᠠᠭᠠᠨ ᠭᠦᠢᠯᠭᠡᠭᠡᠨ ᠤ ᠲᠤᠤᠷ ᠰᠦᠯᠵᠢᠶ᠎ᠡ᠂ ᠤᠯᠠᠨ ᠡᠰᠢᠴᠢᠯᠡᠭᠰᠡᠨ ᠮᠦᠩᠭᠦᠨ ᠭᠦᠢᠯᠭᠡᠭᠡᠨ ᠤ ᠦᠢᠯᠡᠴᠢᠯᠡᠭᠡᠨ ᠤ | ᠰᠢᠰᠲ᠋ᠧᠮ ᠪᠠ ᠤᠷᠤᠭᠰᠢᠯᠠᠨ ᠳᠠᠪᠰᠢᠭᠰᠡᠨ ᠠᠵᠦ ᠠᠬᠤᠶᠢᠯᠡᠯ ᠤᠨ ᠡᠩᠨᠡᠭᠡ ᠶᠢᠨ ᠲᠠᠪᠤᠨ ᠶᠡᠭᠡ ᠭᠦᠳᠡᠯᠭᠡᠭᠴᠢ | ᠭᠦᠴᠦᠨ ᠤ ᠡᠯᠧᠮᠧᠨ᠋ᠲ ᠢ ᠶᠡᠷᠦᠩᠭᠡᠶᠢᠯᠡᠨ ᠬᠡᠷᠡᠭᠯᠡᠵᠦ᠂ ᠤᠯᠤᠰ ᠤᠨ ᠳᠤᠳᠤᠭᠠᠳᠦ ᠪᠠ ᠤᠯᠤᠰ ᠤᠨ ᠭᠠᠳᠠᠭᠠᠳᠦ᠂ | ᠪᠤᠳᠠᠳᠦ ᠴᠤᠭᠴᠠ ᠪᠠ ᠲᠤᠤᠷ ᠳᠡᠭᠡᠷᠡᠬᠢ ᠬᠤᠶᠠᠷ ᠲᠦᠷᠦᠯ ᠤᠨ ᠵᠠᠬ᠎ᠠ ᠳᠡᠯᠭᠡᠭᠦᠷ ᠤᠨ ᠬᠠᠷᠢᠯᠴᠠᠨ ᠬᠤᠯᠪᠤᠭᠠᠯᠠᠨ | ᠨᠡᠪᠳᠡᠷᠡᠯᠴᠡᠭᠦ ᠶᠢ ᠠᠬᠢᠭᠤᠯᠵᠦ᠂ ᠦᠪᠦᠷ ᠮᠤᠩᠭᠤᠯ ᠤᠨ ᠵᠡᠭᠦᠨ ᠬᠡᠰᠡᠭ ᠤᠨ ᠭᠠᠵᠠᠷ ᠤᠷᠤᠨ ᠤ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠭᠦ ᠡᠨᠡᠬᠦ ᠬᠠᠷᠠᠯᠲᠠ ᠶᠢ ᠲᠡᠷᠢᠭᠦᠯᠡᠨ ᠪᠠᠶᠠᠯᠠᠭᠦᠯᠦᠨ᠎ᠠ᠃ ᠡᠨᠡᠬᠦ ᠪᠠᠶᠢᠯᠳᠤᠬᠤ ᠪᠤᠳᠤᠯᠭ᠎ᠠ | ᠶᠢᠨ ᠲᠤᠭᠤᠷᠢᠨ ᠳᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ | ᠳᠡᠰ ᠳᠡᠪᠰᠢᠭᠦ ᠳᠤᠮᠳᠠ ᠤᠷᠲᠦ ᠬᠤᠭᠤᠴᠠᠭᠠᠨ ᠤ ᠲᠦᠯᠦᠪᠵᠢᠭᠦᠯᠭᠡ ᠪᠠ ᠬᠡᠷᠡᠭᠵᠢᠭᠦᠯᠬᠦ ᠲᠦᠰᠦᠯ ᠢ ᠠᠯᠢ ᠲᠦᠷᠭᠡᠨ | ᠢᠶᠠᠷ ᠲᠤᠭᠲᠠᠭᠠᠵᠦ᠂ ᠪᠠᠶᠢᠷᠢᠰᠢᠯᠲᠠ ᠶᠢᠨ ᠰᠢᠯᠢᠳᠡᠭᠵᠢᠯ᠂ ᠪᠦᠳᠦᠴᠡ ᠶᠢᠨ ᠲᠤᠬᠢᠷᠠᠭᠤᠯᠤᠯᠲᠠ ᠪᠠ ᠠᠵᠦ ᠦᠢᠯᠡᠰ | ᠤᠨ ᠪᠠᠶᠢᠳᠠᠯ ᠤᠨ ᠳᠡᠰ ᠳᠡᠭᠡᠭᠰᠢᠯᠡᠬᠦ ᠭᠤᠷᠪᠠᠨ ᠵᠦᠢᠯ ᠤᠨ ᠭᠤᠤᠯᠳᠠᠯᠭ᠎ᠠ ᠲᠠᠢ ᠡᠭᠦᠷᠭᠡ ᠶᠢ ᠶᠡᠭᠡ ᠭᠦᠴᠦᠨ ᠢᠶᠠᠷ | ᠠᠬᠢᠭᠤᠯᠤᠨ᠎ᠠ᠃ ᠪᠠᠶᠢᠷᠢᠰᠢᠯ ᠤᠨ ᠰᠢᠯᠢᠳᠡᠭᠵᠢᠯ ᠳᠡᠭᠡᠷ᠎ᠡ ᠦᠷᠭᠦᠯᠵᠢᠯᠡᠨ ︽ᠨᠢᠭᠡ ᠲᠡᠩᠭᠡᠯᠢᠭ ᠤᠯᠠᠨ ᠴᠢᠭ᠂ ᠬᠤᠶᠠᠷ | ᠤᠷᠤᠨ ᠬᠤᠶᠠᠷ ᠪᠦᠰᠡ︾ ᠶᠢᠨ ᠭᠦᠭᠵᠢᠯᠲᠠ ᠶᠢᠨ ᠪᠠᠶᠢᠷᠢᠰᠢᠭᠤᠯᠤᠯᠲᠠ ᠶᠢ ᠪᠠᠬᠢᠵᠢᠭᠦᠯᠵᠦ᠂ ᠲᠠᠸᠠᠷ ᠤᠨ ᠵᠠᠬ᠎ᠠ ᠶᠢᠨ | ᠰᠢᠰᠲ᠋ᠧᠮ ᠪᠠ ᠤᠳᠤ ᠦᠶ᠎ᠡ ᠶᠢᠨ ᠰᠠᠭᠤᠭᠠᠯᠢ ᠠᠷᠠᠳ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠠ᠃ | ᠵᠢᠯ ᠤᠨ ᠳᠤᠳᠤᠷ᠎ᠡ ᠪᠠᠷᠠᠭᠠᠨ ᠤ ᠭᠦᠢᠯᠭᠡᠭᠡᠨ ᠤ ᠲᠤᠭᠤᠷᠢᠭ ᠢ ᠤᠯᠤᠰ ᠤᠨ ᠳᠡᠰ ᠤᠨ ᠤᠳᠤ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠲᠦᠪᠯᠡᠷᠡᠭᠰᠡᠨ ᠤᠷᠤᠨ ᠪᠠ ᠦᠢᠯᠡᠴᠢᠯᠡᠭᠡᠨ ᠤ ᠦᠢᠯᠡᠰ ᠤᠨ ᠦᠭᠡᠷᠡᠴᠢᠯᠡᠯᠲᠡ ᠶᠢᠨ | ᠰᠢᠨ᠎ᠡ ᠶᠢ ᠡᠭᠦᠳᠭᠦ ᠲᠤᠷᠰᠢᠯᠲᠠ ᠶᠢᠨ ᠴᠢᠭ ᠲᠤ ᠳᠡᠪᠰᠢᠨ ᠤᠷᠤᠭᠤᠯᠬᠤ ᠪᠠᠷ ᠴᠢᠷᠮᠡᠶᠢᠨ᠎ᠡ᠃ ᠪᠦᠳᠦᠴᠡ ᠶᠢᠨ | ᠲᠤᠬᠢᠷᠠᠭᠤᠯᠤᠯᠲᠠ ᠳᠡᠭᠡᠷ᠎ᠡ᠂ ᠰᠢᠨ᠎ᠡ ᠬᠡᠯᠪᠡᠷᠢ ᠶᠢᠨ ᠦᠢᠯᠡᠴᠢᠯᠡᠭᠡᠨ ᠤ ᠦᠢᠯᠡᠰ ᠤᠨ ᠬᠠᠷᠢᠴᠠᠯ ᠢ ᠤᠯᠠᠮ | ᠳᠡᠭᠡᠭᠰᠢᠯᠡᠭᠦᠯᠵᠦ᠂ ᠠᠵᠦ ᠦᠢᠯᠡᠰ ᠤᠨ ᠪᠦᠳᠦᠴᠡ ᠶᠢᠨ ᠰᠢᠯᠢᠳᠡᠭᠵᠢᠨ ᠳᠡᠰ ᠳᠡᠪᠰᠢᠬᠦ ᠶᠢ ᠠᠬᠢᠭᠤᠯᠤᠨ᠎ᠠ᠃ ᠵᠢᠯ | ᠤᠨ ᠳᠤᠳᠤᠷ᠎ᠡ ᠤᠯᠠᠭᠠᠨᠬᠠᠲᠠ ᠶᠢᠨ ᠭᠠᠶᠢᠯᠢ ᠪᠠᠳᠤᠯᠠᠬᠤ ᠪᠠᠷᠠᠭᠠᠨ ᠤ ᠭᠦᠢᠯᠭᠡᠭᠡᠨ ᠤ ᠲᠦᠪ ᠤᠨ ᠠᠵᠢᠯ ᠡᠷᠬᠢᠯᠲᠠ ᠶᠢ | ᠭᠤᠤᠯᠳᠠᠯᠭ᠎ᠠ ᠲᠠᠢ ᠰᠠᠶᠢᠳᠦᠷ ᠠᠳᠬᠤᠵᠦ᠂ ᠤᠯᠠᠨ ᠤᠯᠤᠰ ᠤᠨ ᠰᠢᠤᠳᠠᠨ ᠤ ᠵᠦᠢᠯ ᠢ ᠬᠤᠪᠢᠶᠠᠨ ᠰᠢᠯᠢᠭᠦ᠂ ᠬᠢᠯᠢ | ᠠᠯᠤᠰᠯᠠᠭᠰᠡᠨ ᠡᠯᠺᠧᠲᠷᠤᠨ ᠬᠤᠳᠠᠯᠳᠤᠭᠠᠨ ᠤ ᠶᠠᠪᠤᠳᠠᠯ᠂ ᠭᠠᠶᠢᠯᠢ ᠪᠠᠳᠤᠯᠠᠬᠤ ᠲᠠᠸᠠᠷ ᠤᠨ ᠦᠵᠡᠰᠭᠦᠯᠡᠩ ᠵᠡᠷᠭᠡ | ᠴᠢᠳᠠᠮᠵᠢ ᠶᠢ ᠦᠷᠭᠡᠳᠬᠡᠵᠦ᠂ ᠦᠪᠦᠷ ᠮᠤᠩᠭᠤᠯ ᠤᠨ ᠵᠡᠭᠦᠨ ᠬᠡᠰᠡᠭ ᠾᠧᠪᠧᠢ ᠶᠢᠨ ᠤᠮᠠᠷᠠᠲᠤ ᠬᠡᠰᠡᠭ ᠯᠢᠶᠤᠤᠨᠢᠩ | ᠤᠨ ᠪᠠᠷᠠᠭᠤᠨ ᠬᠡᠰᠡᠭ ᠢ ᠬᠠᠮᠤᠷᠤᠭᠰᠡᠨ ᠤᠯᠠᠨ ᠤᠯᠤᠰ ᠤᠨ ᠠᠷᠠᠯᠵᠢᠶᠠᠨ ᠤ ᠳᠠᠮᠵᠢᠭᠤᠯᠤᠯᠲᠠ ᠶᠢᠨ ᠦᠷᠲᠡᠭᠡ ᠶᠢ | ᠡᠭᠦᠳᠦᠨ ᠪᠠᠶᠢᠭᠤᠯᠤᠨ᠎ᠠ᠃ ᠡᠭᠦᠯᠡᠨ ᠪᠤᠳᠤᠯᠲᠠ ᠶᠢᠨ ᠨᠡᠪᠴᠢᠯᠲᠡ ᠶᠢᠨ ᠭᠦᠷᠢᠶᠡᠯᠡᠩ ᠲᠤᠭᠤᠷᠢᠭ ᠤᠨ ᠪᠦᠳᠦᠭᠡᠨ | ᠪᠠᠶᠢᠭᠤᠯᠤᠯᠲᠠ ᠪᠠ ᠬᠤᠳᠠᠯᠳᠤᠭᠠᠴᠢᠨ ᠤᠷᠢᠬᠤ ᠶᠢ ᠴᠢᠩᠭᠠᠳᠬᠠᠵᠦ᠂ ᠡᠭᠦᠯᠡᠨ ᠪᠤᠳᠤᠯᠲᠠ ᠶᠢᠨ ᠮᠡᠷᠭᠡᠵᠢᠯ ᠤᠨ | ᠡᠯᠺᠧᠲᠷᠤᠨ ᠬᠤᠳᠠᠯᠳᠤᠭᠠᠨ ᠤ ᠶᠠᠪᠤᠳᠠᠯ ᠤᠨ ᠭᠦᠷᠢᠶᠡᠨ ᠳᠠᠬᠢ ᠬᠡᠷᠡᠭᠯᠡᠭᠡᠨ ᠢ ᠲᠤᠪᠤᠶᠢᠯᠠᠭᠠᠨ ᠰᠠᠶᠢᠳᠦᠷ ᠠᠳᠬᠤᠵᠦ᠂ | ᠡᠯᠺᠧᠲᠷᠤᠨ ᠬᠤᠳᠠᠯᠳᠤᠭᠠᠨ ᠤ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠦ᠂ ᠠᠵᠢᠯ ᠲᠦᠷᠦᠯ ᠤᠨ | ᠨᠡᠶᠢᠭᠡᠮᠯᠢᠭ ᠢ ᠵᠤᠬᠢᠶᠠᠨ ᠪᠠᠶᠢᠭᠤᠯᠵᠦ᠂ ᠶᠡᠭᠡ ᠬᠡᠮᠵᠢᠶᠡᠨ ᠤ ᠲᠠᠸᠠᠷ ᠤᠨ ᠰᠤᠯᠢᠯᠴᠠᠭᠠᠨ ᠤ ᠲᠦᠪ ᠢ ᠳᠦᠷᠢᠮᠵᠢᠭᠦᠯᠦᠨ | ᠭᠦᠭᠵᠢᠭᠦᠯᠵᠦ᠂ ᠲᠠᠯ᠎ᠠ ᠨᠤᠳᠤᠭ ᠤᠨ ᠪᠤᠬᠢᠷᠳᠦᠯ ᠦᠭᠡᠢ ᠪᠦᠳᠦᠭᠡᠭᠳᠡᠭᠦᠨ ᠢ ᠲᠤᠬᠢᠷᠠᠭᠤᠯᠬᠤ ᠲᠦᠪ ᠪᠠ | ᠤᠯᠠᠭᠠᠨᠬᠠᠲᠠ ᠶᠢᠨ ᠠᠷᠠᠯᠵᠢᠶ᠎ᠠ ᠬᠤᠳᠠᠯᠳᠤᠭᠠᠨ ᠤ ᠬᠤᠲᠠ ᠶᠢᠨ ᠲᠦᠪᠯᠡᠷᠡᠨ ᠨᠢᠭᠡ ᠴᠤᠭᠴᠠᠯᠠᠬᠤ ᠲᠠᠪᠴᠠᠩ ᠢ | ᠭᠦᠴᠦᠷᠬᠡᠭᠵᠢᠭᠦᠯᠵᠦ᠂ ᠤᠯᠤᠰ ᠤᠨ ᠳᠡᠰ ᠤᠨ ᠡᠯᠺᠧᠲᠷᠤᠨ ᠬᠤᠳᠠᠯᠳᠤᠭᠠᠨ ᠤ ᠶᠠᠪᠤᠳᠠᠯ ᠤᠨ ᠵᠢᠱᠢᠶ᠎ᠠ ᠦᠵᠡᠭᠦᠯᠬᠦ | ᠰᠠᠭᠤᠷᠢᠨ ᠭᠠᠵᠠᠷ ᠢ ᠡᠭᠦᠳᠦᠨ ᠪᠠᠶᠢᠭᠤᠯᠤᠨ᠎ᠠ᠃ ᠦᠢᠯᠡᠳᠪᠦᠷᠢᠯᠡᠯ ᠤᠨ ᠴᠢᠨᠡᠷᠲᠡᠢ ᠦᠢᠯᠡᠴᠢᠯᠡᠭᠡᠨ ᠤ ᠦᠢᠯᠡᠰ ᠢ | ᠶᠡᠬᠡᠪᠡᠷ ᠭᠦᠭᠵᠢᠭᠦᠯᠵᠦ᠂ ᠲᠡᠮᠦᠷ ᠵᠠᠮ ᠤᠨ ᠭᠦᠭᠵᠢᠭᠦᠯᠦᠯᠲᠠ ᠶᠢᠨ ᠪᠦᠯᠦᠭᠯᠡᠯ ᠤᠨ ᠭᠦᠮᠦᠷᠭᠡᠯᠡᠨ ᠬᠠᠳᠠᠭᠠᠯᠠᠬᠤ | ᠰᠠᠭᠤᠷᠢᠨ ᠭᠠᠵᠠᠷ᠂ ᠳᠤᠮᠳᠠᠳᠦ ᠤᠯᠤᠰ ᠤᠨ ᠴᠢᠯᠠᠭᠤᠨ ᠲᠤᠰᠤᠨ ᠤ ᠬᠠᠳᠠᠭᠠᠠᠯᠠᠮᠵᠢ ᠶᠢᠨ ᠭᠦᠮᠦᠷᠭᠡ ᠵᠡᠷᠭᠡ ᠲᠦᠷᠦᠯ | ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠵᠦ᠂ ᠦᠩᠭᠡᠲᠦ ᠲᠡᠮᠦᠷᠯᠢᠭ ᠤᠨ ᠰᠤᠯᠢᠯᠴᠠᠭᠠᠨ ᠤ ᠲᠦᠪ ᠢ | ᠵᠤᠬᠢᠶᠠᠨ ᠪᠠᠶᠢᠭᠤᠯᠵᠦ᠂ ᠠᠵᠦ ᠦᠢᠯᠡᠳᠪᠦᠷᠢ ᠶᠢᠨ ᠠᠵᠦ ᠠᠬᠤᠶᠢᠯᠡᠯ ᠤᠨ ᠭᠤᠤᠯ ᠳᠡᠳ᠋ ᠢ ᠰᠠᠯᠭᠠᠬᠤ ᠶᠢ | ᠠᠬᠢᠭᠤᠯᠵᠦ᠂ ᠪᠠᠷᠠᠭᠠᠨ ᠭᠦᠢᠯᠭᠡᠭᠡᠨ ᠤ ᠦᠢᠯᠡᠴᠢᠯᠡᠭᠡᠨ ᠤ ᠭᠠᠳᠠᠷ ᠪᠤᠭᠤᠳᠠᠯ ᠢ ᠭᠦᠭᠵᠢᠭᠦᠯᠵᠦ᠂ ᠭᠤᠷᠪᠠᠳᠤᠭᠠᠷ | ᠡᠲᠡᠭᠡᠳ ᠤᠨ ᠪᠠᠷᠠᠭᠠᠨ ᠭᠦᠢᠯᠭᠡᠭᠡᠨ ᠤ ᠤᠷᠤᠨ ᠵᠠᠢ ᠶᠢ ᠦᠷᠭᠡᠳᠬᠡᠨ᠎ᠡ᠃ ᠠᠵᠦ ᠦᠢᠯᠡᠰ ᠤᠨ ᠪᠠᠶᠢᠳᠠᠯ ᠤᠨ ᠳᠡᠰ | ᠳᠡᠪᠰᠢᠭᠦᠯᠬᠦ ᠳᠡᠭᠡᠷ᠎ᠡ᠂ ᠤᠯᠠᠮᠵᠢᠯᠠᠯᠳᠦ ᠬᠡᠷᠡᠭᠯᠡᠭᠡᠨ ᠤ ᠭᠦᠷᠢᠶ᠎ᠡ ᠶᠢ ᠪᠠᠬᠢᠵᠢᠭᠦᠯᠦᠨ ᠦᠷᠭᠡᠳᠬᠡᠵᠦ᠂ ᠳᠡᠰ ᠳᠡᠪᠰᠢᠭᠦᠯᠬᠦ | ᠪᠠ ᠡᠵᠡᠩᠨᠡᠯᠲᠡ ᠶᠢᠨ ᠬᠡᠯᠪᠡᠷᠢ ᠶᠢᠨ ᠳᠡᠰ ᠳᠡᠪᠰᠢᠬᠦ ᠪᠠᠷ ᠬᠡᠷᠡᠭᠯᠡᠭᠡᠨ ᠢ ᠳᠠᠶᠢᠴᠢᠯᠡᠨ᠎ᠡ᠃ ᠵᠢᠯ ᠤᠨ ᠳᠤᠳᠤᠷ᠎ᠡ | ᠭᠤᠤᠯᠳᠠᠯᠭ᠎ᠠ ᠲᠠᠢ ᠪᠠᠷ ᠪᠠᠷᠠᠭᠠᠨ ᠭᠦᠢᠯᠭᠡᠭᠡᠨ ᠤ ᠭᠦᠮᠦᠷᠭᠡᠯᠡᠨ ᠬᠠᠳᠠᠭᠠᠯᠠᠵᠦ ᠲᠤᠬᠢᠷᠠᠭᠤᠯᠤᠨ ᠭᠦᠷᠭᠡᠬᠦ ᠰᠢᠰᠲ᠋ᠧᠮ | ᠪᠠ ᠤᠯᠠᠨ ᠨᠡᠶᠢᠲᠡ ᠶᠢᠨ ᠰᠤᠷᠠᠭ ᠵᠠᠩᠬᠢ ᠶᠢᠨ ᠦᠢᠯᠡᠴᠢᠯᠡᠭᠡᠨ ᠤ ᠲᠠᠪᠴᠠᠩ ᠤᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠵᠦ᠂ ᠪᠠᠷᠠᠭᠠᠨ ᠭᠦᠢᠯᠭᠡᠭᠡᠨ ᠤ ᠠᠵᠦ ᠦᠢᠯᠡᠰ ᠤᠨ ᠤᠳᠤᠬᠢᠴᠢᠯᠠᠭᠰᠡᠨ ᠭᠦᠭᠵᠢᠯᠲᠠ ᠶᠢᠨ ᠬᠢᠷᠢ ᠬᠡᠮᠵᠢᠶ᠎ᠡ | ᠶᠢ ᠳᠡᠭᠡᠭᠰᠢᠯᠡᠭᠦᠯᠦᠨ᠎ᠠ︔ ᠮᠦᠩᠭᠦᠨ ᠭᠦᠢᠯᠭᠡᠭᠡᠨ ᠤ ᠪᠠᠷᠠᠭᠠᠨ ᠭᠦᠢᠯᠭᠡᠭᠡᠨ ᠤ ᠭᠠᠷᠠᠮ ᠤᠨ ᠪᠦᠳᠦᠭᠡᠨ ᠪᠠᠶᠢᠭᠤᠯᠤᠯᠲᠠ | ᠪᠠ ᠡᠷᠬᠢᠯᠲᠠ ᠶᠢ ᠴᠢᠩᠭᠠᠳᠬᠠᠵᠦ᠂ ᠠᠮᠢᠳᠤᠷᠠᠯ ᠤᠨ ᠪᠠᠷᠠᠭᠠᠨ ᠭᠦᠢᠯᠭᠡᠭᠡᠨ ᠢ ᠲᠦᠪᠯᠡᠷᠡᠭᠦᠯᠦᠨ ᠬᠤᠪᠢᠶᠠᠨ ᠰᠢᠯᠢᠬᠦ᠂ | ᠲᠦᠪᠯᠡᠷᠡᠭᠦᠯᠦᠨ ᠲᠤᠬᠢᠷᠠᠭᠤᠯᠤᠨ ᠭᠦᠷᠭᠡᠬᠦ ᠶᠢ ᠠᠬᠢᠭᠤᠯᠤᠨ᠎ᠠ︔ ᠵᠢᠯ ᠤᠨ ᠳᠤᠳᠤᠷ᠎ᠡ ᠪᠠᠷᠠᠭᠠᠨ ᠤ ᠭᠦᠢᠯᠭᠡᠭᠡᠨ ᠤ | ᠠᠵᠦ ᠦᠢᠯᠡᠰ ᠤᠨ ᠰᠤᠯᠢᠯᠴᠠᠭᠠᠨ ᠤ ᠲᠤᠭ᠎ᠠ ᠶᠢ 400 ᠳ᠋ᠦᠩᠰᠢᠭᠤᠷ ᠲᠦᠭᠦᠷᠢᠭ ᠤᠨ ᠰᠢᠪᠳᠤᠯᠤᠯᠲᠠ ᠲᠠᠢ | ᠪᠤᠯᠭᠠᠨ᠎ᠠ᠃ ᠸᠠᠨ ᠶᠤᠸᠠᠢ ᠬᠤᠲᠠ ᠶᠢᠨ ᠠᠭᠤᠳᠠᠮ ᠲᠠᠯᠠᠪᠠᠢ᠂ ᠯᠦᠩ ᠲᠧᠩ ᠤᠯᠠᠨ ᠤᠯᠤᠰ ᠤᠨ ᠠᠭᠤᠳᠠᠮ | ᠲᠠᠯᠠᠪᠠᠢ ᠵᠡᠷᠭᠡ ᠬᠤᠲᠠ ᠶᠢᠨ ᠶᠡᠷᠦᠩᠭᠡᠶᠢᠯᠡᠭᠰᠡᠨ ᠴᠤᠭᠴᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ | ᠳᠤᠮᠳᠠᠳᠦ ᠺᠤᠷᠢᠶᠠ ︵ᠤᠯᠠᠭᠠᠨᠬᠠᠲᠠ︶ ᠶᠢᠨ ᠰᠢᠨ᠎ᠡ ᠶᠢ ᠡᠭᠦᠳᠬᠦ ᠠᠵᠦ ᠠᠬᠤᠢ ᠶᠢᠨ ᠬᠤᠷᠰᠢᠭᠰᠡᠨ ᠬᠤᠲᠠ ᠶᠢᠨ | ᠲᠦᠷᠦᠯ ᠵᠦᠢᠯ ᠢ ᠠᠬᠢᠭᠤᠯᠵᠦ᠂ ᠪᠡᠭᠡᠵᠢᠩ ᠤᠨ ᠬᠤᠸᠠ ᠯᠢᠶᠠᠨ᠂ ᠳᠤᠮᠳᠠᠳᠦ ᠤᠯᠤᠰ ᠤᠨ ᠤᠯᠠᠨ ᠤᠯᠤᠰ ᠤᠨ | ᠺᠢᠨᠤ᠋ ᠶᠢᠨ ᠦᠢᠯᠡᠰ᠂ ᠸᠡᠯᠮᠡᠷᠲ ᠪᠠ ᠬᠤᠸᠠ ᠷᠦᠨ ᠸᠠᠨ ᠵᠢᠶᠠ ᠵᠡᠷᠭᠡ ᠨᠡᠷᠡᠲᠦ ᠲᠡᠮᠳᠡᠭᠳᠦ ᠶᠢ ᠭᠦᠴᠦᠯᠡᠨ ᠲᠠᠳᠠᠨ | ᠤᠷᠤᠭᠤᠯᠤᠨ᠎ᠠ︔ ᠸᠧᠢ ᠳ᠋ᠦᠸᠧ ᠯᠢ ᠪᠠᠷᠠᠭ᠎ᠠ ᠬᠤᠳᠠᠯᠳᠤᠨ ᠠᠪᠬᠤ ᠲᠦᠪ ᠪᠠ ᠰᠢᠨᠬᠤᠸᠠ ᠶᠠᠪᠠᠭᠠᠨ ᠵᠡᠭᠡᠯᠢ ᠶᠢᠨ | ᠬᠤᠳᠠᠯᠳᠤᠭᠠᠨ ᠤ ᠲᠠᠯᠠᠪᠤᠷ ᠤᠨ ᠬᠤᠳᠠᠯᠳᠤᠭᠠᠨ ᠤ ᠠᠰᠠᠷ ᠢ ᠭᠦᠳᠦᠯᠦᠨ ᠵᠢᠯᠦᠭᠤᠳᠴᠤ ᠠᠵᠦ ᠦᠢᠯᠡᠰ ᠤᠨ | ᠪᠠᠶᠢᠳᠠᠯ ᠤᠨ ᠲᠤᠬᠢᠷᠠᠭᠤᠯᠤᠯᠲᠠ ᠬᠢᠵᠦ᠂ ᠬᠠᠢ ᠳ᠋ᠠ ᠴᠠᠬᠢᠯᠭᠠᠨ ᠬᠡᠷᠡᠭᠰᠡᠯ ᠪᠠ ᠪᠧᠨ ᠲᠧᠩ ᠴᠠᠬᠢᠯᠭᠠᠨ ᠬᠡᠷᠡᠭᠰᠡᠯ | ᠵᠡᠷᠭᠡ ᠤᠯᠠᠮᠵᠢᠯᠠᠯᠲᠦ ᠠᠷᠠᠯᠵᠢᠶ᠎ᠠ ᠬᠤᠳᠠᠯᠳᠤᠭᠠᠨ ᠤ ᠠᠵᠦ ᠠᠬᠤᠶᠢᠯᠡᠯ ᠤᠨ ᠡᠯᠺᠧᠲᠷᠤᠨ ᠬᠤᠳᠠᠯᠳᠤᠭᠠᠨ ᠤ | ᠶᠠᠪᠤᠳᠠᠯ ᠤᠨ ᠲᠤᠬᠠᠶᠢᠯᠠᠭᠰᠡᠨ ᠠᠵᠢᠯ ᠡᠷᠬᠢᠯᠡᠬᠦ ᠶᠢ ᠳᠡᠮᠵᠢᠨ᠎ᠡ᠃ ᠲᠢᠶᠠᠨ ᠹᠧᠩ ᠠᠷᠠᠯᠵᠢᠶ᠎ᠠ ᠬᠤᠳᠠᠯᠳᠤᠭᠠᠨ ᠤ | ᠬᠤᠲᠠ᠂ ᠲᠢᠶᠠᠨ ᠹᠧᠩ ᠢᠳᠡᠰᠢᠨ ᠨᠤᠭᠤᠭ᠎ᠠ ᠪᠦᠭᠡᠮ ᠢᠶᠠᠷ ᠬᠤᠳᠠᠯᠳᠤᠬᠤ ᠵᠠᠬ᠎ᠠ᠂ ᠲᠢᠶᠠᠨ ᠬᠤᠩ ᠬᠤᠸᠠᠷ ᠴᠡᠴᠡᠭ | ᠤᠨ ᠵᠠᠬ᠎ᠠ᠂ ᠪᠤᠯᠤᠳ ᠮᠠᠲ᠋ᠧᠷᠢᠶᠠᠯ ᠤᠨ ᠬᠤᠲᠠ᠂ ᠴᠢᠯᠠᠭᠤᠨ ᠮᠠᠲ᠋ᠧᠷᠢᠶᠠᠯ ᠤᠨ ᠬᠤᠲᠠ ᠵᠡᠷᠭᠡ ᠶᠢᠨ ᠪᠦᠳᠦᠭᠡᠨ | ᠪᠠᠶᠢᠭᠤᠯᠤᠯᠲᠠ ᠪᠠ ᠭᠦᠭᠵᠢᠯᠲᠠ ᠶᠢ ᠲᠦᠷᠭᠡᠳᠬᠡᠵᠦ᠂ ᠤᠳᠤ ᠦᠶ᠎ᠡ ᠶᠢᠨ ᠲᠤᠰᠬᠠᠢ ᠵᠠᠬ᠎ᠠ ᠶᠢᠨ ᠬᠡᠪᠴᠢᠶ᠎ᠡ ᠪᠠ ᠳᠡᠰ | ᠢ ᠳᠡᠭᠡᠭᠰᠢᠯᠡᠭᠦᠯᠦᠨ᠎ᠠ᠃ ᠳ᠋ᠤᠤ ᠭᠦ᠋ ᠡᠮᠤᠨ᠎ᠡ ᠠᠭᠤᠯᠨ ᠶᠢᠨ ᠠᠮᠢ ᠠᠬᠤᠢ ᠶᠢᠨ ᠵᠤᠭᠠᠴᠠᠯ ᠤᠨ ᠬᠤᠳᠠᠯᠳᠤᠭᠠᠨ ᠤ | ᠶᠠᠪᠤᠳᠠᠯ ᠤᠨ ᠲᠤᠭᠤᠷᠢᠭ᠂ ᠬᠤᠩᠱᠠᠨ ᠰᠤᠶᠤᠯ ᠵᠤᠭᠠᠴᠠᠯ ᠤᠨ ᠠᠷᠠᠯᠵᠢᠶ᠎ᠠ ᠬᠤᠳᠠᠯᠳᠤᠭᠠᠨ ᠤ ᠬᠤᠲᠠ᠂ ᠬᠤᠩᠱᠠᠨ | ᠰᠤᠶᠤᠯ ᠵᠤᠭᠠᠴᠠᠯ ᠤᠨ ᠲᠤᠷᠰᠢᠨ ᠦᠢᠯᠠᠭᠠᠬᠤ ᠭᠦᠷᠢᠶᠡᠯᠡᠩ᠂ ᠱᠢ ᠱᠠᠩ ᠲᠢᠶᠠᠨ ᠵᠡᠭᠡᠯᠢ ᠵᠡᠷᠭᠡ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠦ᠂ ᠤᠯᠠᠭᠠᠨᠬᠠᠲᠠ ᠵᠤᠭᠠᠴᠠᠯ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ | ᠬᠠᠮᠢᠶᠠᠷᠤᠯᠲᠠ ᠶᠢᠨ ᠲᠦᠪ ᠳᠤ ᠲᠦᠰᠢᠭᠯᠡᠨ᠂ ᠪᠦᠬᠦ ᠬᠤᠲᠠ ᠶᠢᠨ ᠵᠤᠭᠠᠴᠠᠯ ᠤᠨ ᠡᠬᠢ ᠪᠠᠶᠠᠯᠢᠭ ᠢ ᠴᠤᠮᠬᠠᠳᠬᠠᠵᠦ᠂ | ᠤᠨᠴᠠᠯᠢᠭᠳᠦ ᠵᠤᠭᠠᠴᠠᠯ ᠤᠨ ᠪᠦᠳᠦᠭᠡᠭᠳᠡᠭᠦᠨ ᠢ ᠨᠡᠭᠡᠭᠡᠨ ᠭᠦᠭᠵᠢᠭᠦᠯᠵᠦ᠂ ᠪᠡᠭᠡᠵᠢᠩ ᠲᠢᠶᠠᠨᠵᠢᠨ ᠾᠧᠪᠧᠢ ᠶᠢᠨ | ᠵᠤᠭᠠᠴᠠᠭᠰᠡᠳ ᠢ ᠭᠦᠴᠦᠯᠡᠨ ᠲᠠᠳᠠᠵᠦ᠂ ᠰᠤᠶᠤᠯ ᠠᠮᠢ ᠠᠬᠤᠢ ᠰᠤᠯᠨ ᠰᠡᠯᠡᠭᠦᠴᠡᠯ ᠵᠤᠭᠠᠴᠠᠯ ᠤᠨ ᠬᠠᠷᠠᠯᠳᠠᠳᠦ | ᠭᠠᠵᠠᠷ ᠢ ᠡᠭᠦᠳᠦᠨ ᠪᠠᠶᠢᠭᠤᠯᠤᠨ᠎ᠠ᠃ | ᠤᠳᠤ ᠦᠶ᠎ᠡ ᠶᠢᠨ ᠲᠡᠷᠢᠶᠡᠯᠡᠩ ᠢ ᠭᠦᠴᠦᠯᠡᠨ ᠭᠦᠭᠵᠢᠭᠦᠯᠦᠨ᠎ᠠ᠃ ᠲᠡᠷᠢᠶᠡᠯᠡᠩ ᠤᠨ ᠦᠢᠯᠡᠳᠪᠦᠷᠢᠯᠡᠯ | ᠢ ᠪᠤᠶᠢᠵᠢᠭᠤᠯᠬᠤ᠂ ᠭᠦᠨ ᠪᠤᠯᠪᠠᠰᠤᠷᠠᠭᠤᠯᠬᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ ᠵᠡᠷᠭᠡ ᠭᠤᠭᠴᠤᠭ᠎ᠠ ᠶᠢᠨ | ᠤᠷᠭᠠᠨᠢᠭ ᠤᠶᠠᠯᠳᠤᠯ ᠢ ᠠᠬᠢᠭᠤᠯᠵᠦ᠂ ᠲᠡᠷᠢᠶᠡᠯᠡᠩ ᠤᠨ ᠪᠦᠬᠦ ᠠᠵᠦ ᠦᠢᠯᠡᠰ ᠤᠨ ᠬᠡᠯᠬᠢᠶ᠎ᠡ ᠶᠢᠨ ᠭᠦᠭᠵᠢᠯᠲᠠ ᠶᠢ | ᠠᠬᠢᠭᠤᠯᠵᠦ᠂ ᠤᠳᠤ ᠦᠶ᠎ᠡ ᠶᠢᠨ ᠲᠡᠷᠢᠶᠡᠯᠡᠩ ᠤᠨ ᠠᠵᠦ ᠦᠢᠯᠡᠰ ᠤᠨ ᠰᠢᠰᠲ᠋ᠧᠮ ᠢ ᠠᠭᠠᠵᠢᠮ ᠢᠶᠠᠷ ᠪᠠᠶᠢᠭᠤᠯᠤᠨ᠎ᠠ᠃ | ᠤᠨᠴᠠᠯᠢᠭᠳᠦ ᠲᠡᠷᠢᠶᠡᠯᠡᠩ ᠤᠨ ᠲᠠᠷᠢᠵᠦ ᠤᠷᠭᠤᠭᠤᠯᠬᠤ ᠬᠠᠪᠲᠠᠭᠠᠢ ᠬᠡᠰᠡᠭ ᠢ ᠤᠯᠠᠮ ᠨᠢᠭᠡ ᠠᠯᠬᠤᠮ | ᠪᠤᠵᠠᠭᠠᠶᠢᠷᠡᠭᠤᠯᠵᠦ᠂ ᠵᠢᠯ ᠤᠨ ᠳᠤᠳᠤᠷ᠎ᠡ ᠲᠦᠭᠦᠭᠡᠷᠦᠮᠵᠢᠲᠦ ᠲᠡᠷᠢᠶᠡᠯᠡᠩ ᠵᠢᠴᠢ ᠤᠨᠴᠠᠯᠢᠭᠲᠦ ᠬᠤᠸᠠᠷ ᠵᠢᠮᠢᠰ ᠤᠨ | ᠲᠠᠯᠠᠪᠠᠢ 1200 ᠮᠤ᠋᠂ ᠰᠢᠯᠢᠳᠡᠭ ᠬᠤᠯᠢᠮᠠᠭ ᠠᠮᠤ ᠶᠢᠨ ᠲᠠᠯᠠᠪᠠᠢ ᠶᠢ 8000 ᠮᠤ᠋ ᠰᠢᠨ᠎ᠡ ᠪᠠᠷ ᠨᠡᠮᠡᠭᠳᠡᠭᠦᠯᠦᠨ᠎ᠠ᠃ | ᠲᠡᠷᠢᠶᠡᠯᠡᠩ ᠤᠨ ᠪᠦᠳᠦᠭᠡᠭᠳᠡᠭᠦᠨ ᠤ ᠶᠠᠰᠤ ᠴᠢᠨᠡᠷ ᠠᠮᠤᠷ ᠲᠦᠪᠰᠢᠨ ᠢ ᠰᠢᠯᠭᠠᠨ ᠬᠡᠮᠵᠢᠭᠦ ᠦᠷᠲᠡᠭᠡ ᠶᠢ ᠪᠠᠶᠢᠭᠤᠯᠵᠦ | ᠂ ᠲᠡᠷᠢᠶᠡᠯᠡᠩ ᠤᠨ ᠪᠦᠳᠦᠭᠡᠭᠳᠡᠭᠦᠨ ᠤ ᠶᠠᠰᠤ ᠴᠢᠨᠡᠷ ᠤᠨ ᠪᠠᠷᠢᠮᠵᠢᠶ᠎ᠠ᠂ ᠠᠮᠤᠷ ᠲᠦᠪᠰᠢᠨ ᠢ ᠰᠢᠯᠭᠠᠨ ᠬᠡᠮᠵᠢᠬᠦ ᠪᠠ | ᠮᠠᠭᠠᠳᠯᠠᠨ ᠨᠤᠳᠠᠯᠠᠬᠤ ᠠᠵᠢᠯ ᠢ ᠴᠢᠩᠭᠠᠳᠬᠠᠵᠦ᠂ ᠦᠢᠯᠡᠳᠪᠦᠷᠢᠯᠡᠯ ᠤᠨ ᠡᠬᠢ ᠢᠷᠡᠯᠲᠡ ᠳᠡᠭᠡᠷ᠎ᠡ ᠠᠴᠠ ᠢᠳᠡᠭᠡᠨ ᠤ | ᠠᠮᠤᠷ ᠲᠦᠪᠰᠢᠨ ᠢ ᠪᠠᠳᠤᠯᠠᠨ᠎ᠠ᠃ ᠦᠢᠯᠡᠳᠪᠦᠷᠢ ᠬᠤᠳᠠᠯᠳᠤᠭᠠᠨ ᠤ ᠭᠦᠷᠦᠩᠭᠡ ᠶᠢᠨ ᠲᠡᠷᠢᠶᠡᠯᠡᠩ ᠳᠤ ᠪᠡᠯᠨ | ᠤᠷᠤᠭᠤᠯᠬᠤ ᠶᠢ ᠵᠤᠷᠢᠭᠵᠢᠭᠤᠯᠤᠨ ᠭᠦᠳᠦᠯᠦᠨ ᠵᠢᠯᠦᠭᠤᠳᠴᠤ᠂ ᠭᠠᠵᠠᠷ ᠰᠢᠷᠦᠢ ᠲᠤᠯᠤᠭᠠᠶᠢᠯᠠᠭᠴᠢ ᠠᠵᠦ | ᠠᠬᠤᠶᠢᠯᠡᠯ᠂ ᠲᠡᠷᠢᠮᠠᠯ ᠤᠨ ᠶᠡᠭᠡ ᠡᠷᠦᠬᠡ ᠪᠠ ᠲᠤᠰᠬᠠᠢ ᠬᠤᠷᠰᠢᠶᠠᠵᠢᠯ ᠵᠦᠭ ᠰᠢᠯᠵᠢᠨ ᠲᠦᠪᠯᠡᠷᠡᠬᠦ ᠶᠢ | ᠲᠦᠷᠭᠡᠳᠬᠡᠵᠦ᠂ ᠰᠢᠨ᠎ᠡ ᠲᠡᠷᠢᠶᠡᠯᠡᠩ ᠤᠨ ᠵᠠᠬ᠎ᠠ ᠶᠢᠨ ᠭᠤᠤᠯ ᠴᠤᠭᠴᠠ ᠶᠢ ᠪᠤᠶᠢᠵᠢᠭᠤᠯᠤᠨ ᠭᠦᠭᠵᠢᠭᠦᠯᠦᠨ᠎ᠠ᠃ | ᠲᠡᠷᠢᠶᠡᠯᠡᠩ ᠤᠨ ᠪᠦᠳᠦᠭᠡᠭᠳᠡᠭᠦᠨ ᠤ ᠠᠵᠦ ᠦᠢᠯᠡᠰ ᠤᠨ ᠭᠦᠷᠢᠶᠡᠯᠡᠩ ᠲᠤᠭᠤᠷᠢᠭ᠂ ᠲᠤᠰᠬᠠᠶᠢᠵᠢᠭᠰᠡᠨ ᠵᠠᠬ᠎ᠠ ᠪᠠ | ᠡᠯᠺᠧᠲᠷᠤᠨ ᠬᠤᠳᠠᠯᠳᠤᠭᠠᠨ ᠤ ᠶᠠᠪᠤᠳᠠᠯ ᠤᠨ ᠲᠠᠪᠴᠠᠩ ᠳᠤ ᠲᠦᠰᠢᠭᠯᠡᠨ᠂ ᠲᠡᠷᠢᠶᠡᠯᠡᠩ ᠮᠠᠯ ᠠᠵᠦ ᠠᠬᠤᠢ ᠶᠢᠨ | ᠪᠦᠳᠦᠭᠡᠭᠳᠡᠭᠦᠨ ᠢ ᠪᠤᠯᠪᠠᠰᠤᠷᠠᠭᠤᠯᠬᠤ ᠪᠠ ᠭᠦᠢᠯᠭᠡᠭᠡᠨ ᠤ ᠠᠵᠦ ᠠᠬᠤᠶᠢᠯᠡᠯ ᠢ ᠤᠯᠠᠮ ᠨᠢᠭᠡ ᠠᠯᠬᠤᠮ | ᠭᠦᠴᠦᠷᠭᠡᠭᠵᠢᠭᠦᠯᠦᠨ ᠪᠤᠵᠠᠭᠠᠶᠢᠷᠠᠭᠤᠯᠵᠦ᠂ ᠰᠦᠯᠵᠢᠶᠠᠨ ᠠᠴᠠ ᠭᠠᠳᠠᠨ᠎ᠠ ᠦᠢᠯᠠᠭᠠᠵᠦ᠂ ᠰᠦᠯᠵᠢᠶᠡᠨ ᠳᠡᠭᠡᠷ᠎ᠡ | ᠰᠤᠯᠢᠯᠴᠠᠬᠤ ᠪᠠ ᠰᠠᠭᠤᠷᠢᠨ ᠭᠠᠵᠠᠷ ᠠᠴᠠ ᠰᠢᠭᠤᠳ ᠬᠠᠩᠭᠠᠬᠤ ᠵᠡᠷᠭᠡ ᠰᠢᠨ᠎ᠡ ᠬᠡᠯᠪᠡᠷᠢ ᠶᠢᠨ ᠭᠦᠢᠯᠭᠡᠭᠡᠨ ᠤ ᠬᠡᠪ | ᠵᠠᠭᠪᠤᠷ ᠢ ᠦᠷᠭᠡᠳᠬᠡᠨ᠎ᠡ᠃ ᠠᠮᠢ ᠠᠬᠤᠢ ᠶᠢᠨ ᠨᠦᠭᠦᠷᠰᠡᠭ ᠬᠡᠯᠪᠡᠷᠢ ᠶᠢᠨ ᠲᠡᠷᠢᠶᠡᠯᠡᠩ ᠢ ᠶᠡᠬᠡᠪᠡᠷ ᠭᠦᠭᠵᠢᠭᠦᠯᠵᠦ᠂ | ᠵᠢᠯ ᠤᠨ ᠳᠤᠳᠤᠷ᠎ᠡ ᠪᠦᠷᠭᠦᠭᠦᠯ ᠤᠨ ᠳᠤᠤᠷ᠎ᠡ ᠲᠤᠰᠤᠯᠭᠠᠨ ᠤᠰᠤᠯᠠᠬᠤ ᠡᠷᠳᠡᠨᠢ ᠰᠢᠰᠢ ᠶᠢᠨ ᠲᠠᠯᠠᠪᠠᠢ ᠶᠢ 1.4 | ᠲᠦᠮᠡᠨ ᠮᠤ᠋ ᠰᠢᠨ᠎ᠡ ᠪᠠᠷ ᠨᠡᠮᠡᠭᠳᠡᠭᠦᠯᠵᠦ᠂ ᠪᠡᠭᠡᠵᠢᠩ ᠲᠢᠶᠠᠨᠵᠢᠨ ᠤ ᠡᠯᠡᠰᠦᠨ ᠤ ᠢᠷᠡᠯᠲᠡ ᠶᠢ ᠵᠠᠰᠠᠬᠤ᠂ ᠠᠭᠤᠯᠠᠨ | ᠦᠶᠡᠷ ᠤᠨ ᠭᠠᠮᠰᠢᠭ ᠢ ᠰᠡᠷᠭᠡᠶᠢᠯᠡᠨ ᠵᠠᠰᠠᠬᠤ ᠵᠡᠷᠭᠡ ᠲᠡᠷᠢᠶᠡᠨ ᠭᠠᠵᠠᠷ ᠤᠨ ᠤᠰᠤᠨ ᠠᠰᠢᠭᠯᠠᠯᠲᠠ ᠶᠢᠨ ᠰᠠᠭᠤᠷᠢ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠲᠡᠷᠢᠶᠡᠯᠡᠩ ᠤᠨ ᠦᠷᠭᠦᠯᠵᠢᠯᠡᠨ ᠭᠦᠭᠵᠢᠯᠲᠠ | ᠶᠢ ᠠᠬᠢᠭᠤᠯᠤᠨ᠎ᠠ᠃ | ︵ᠭᠤᠷᠪᠠ︶ ᠬᠤᠲᠠ ᠪᠠᠯᠭᠠᠰᠤ ᠶᠢ ᠨᠢᠬᠡᠳᠦᠯᠲᠡᠢ ᠲᠦᠯᠦᠪᠯᠡᠨ ᠭᠦᠭᠵᠢᠭᠦᠯᠬᠦ ᠠᠯᠬᠤᠴᠠ ᠶᠢ | ᠲᠦᠷᠭᠡᠳᠬᠡᠵᠦ᠂ ᠭᠦᠭᠵᠢᠯᠲᠠ ᠶᠢᠨ ᠳᠠᠯᠳᠠ ᠭᠦᠴᠦᠨ ᠢ ᠪᠦᠳᠦᠮᠵᠢᠲᠡᠢ ᠢᠯᠭᠠᠷᠠᠭᠤᠯᠤᠨ᠎ᠠ | ᠲᠢᠶᠧ ᠨᠡᠨ ᠵᠡᠷᠭᠡ ᠭᠠᠵᠠᠷ ᠤᠨ ᠳᠦᠭᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ | ᠪᠠᠶᠢᠭᠤᠯᠬᠤ ᠶᠢ ᠪᠦᠭᠦ ᠭᠦᠴᠦᠨ ᠢᠶᠠᠷ ᠠᠬᠢᠭᠤᠯᠤᠨ᠎ᠠ᠃ ︽ᠭᠤᠷᠪᠠᠨ ᠵᠢᠯ ᠳᠤ ᠪᠦᠭᠦᠨ ᠢ ᠪᠠᠶᠠᠯᠠᠭᠦᠯᠬᠦ︾ ᠴᠠᠭ | ᠬᠢᠵᠠᠭᠠᠷ ᠤᠨ ᠱᠠᠭᠠᠷᠳᠠᠯᠭ᠎ᠠ ᠶᠤᠰᠤᠭᠠᠷ᠂ ᠲᠠᠪᠤᠨ ᠳᠡᠰ ᠤᠨ ᠬᠤᠯᠪᠤᠭᠠᠯᠠᠨ ᠭᠦᠳᠡᠯᠬᠦ ᠠᠵᠢᠯ ᠤᠨ ᠲᠤᠭᠲᠠᠴᠠ ᠶᠢ | ᠭᠦᠢᠴᠡᠳ ᠪᠠᠳᠠᠷᠠᠭᠤᠯᠵᠦ᠂ ︽ᠲᠠᠪᠤᠨ ᠨᠢᠭᠡ ᠱᠤᠭᠤᠮ︾ ᠠᠵᠢᠯ ᠤᠨ ᠠᠷᠭ᠎ᠠ ᠶᠢ ᠠᠪᠴᠦ᠂ ᠲᠢᠶᠧ ᠨᠡᠨ ᠤ | ᠳᠦᠭᠦᠮ ᠪᠦᠳᠦᠴᠡᠳᠦ ᠤᠷᠤᠨ ᠰᠠᠭᠤᠴᠠ ᠶᠢ ᠦᠭᠡᠷᠡᠴᠢᠯᠡᠨ ᠪᠠᠶᠢᠭᠤᠯᠬᠤ ᠠᠯᠬᠤᠴᠠ ᠶᠢ ᠲᠦᠷᠭᠡᠳᠬᠡᠵᠦ᠂ ᠵᠢᠯ ᠳᠤ | 20 ᠳ᠋ᠦᠩᠰᠢᠭᠤᠷ ᠲᠦᠭᠦᠷᠢᠭ ᠤᠨ ᠪᠡᠯᠨ ᠤᠷᠤᠭᠤᠯᠬᠤ ᠪᠠᠷ ᠲᠦᠯᠦᠪᠯᠡᠵᠦ᠂ ᠭᠦᠴᠦᠨ ᠢᠶᠠᠨ ᠲᠦᠪᠯᠡᠷᠡᠭᠦᠯᠦᠨ ᠭᠡᠷ | ᠪᠠᠶᠢᠰᠢᠩ ᠢ ᠬᠤᠷᠢᠶᠠᠨ ᠲᠠᠲᠠᠪᠦᠷᠢᠯᠠᠬᠤ ᠶᠡᠷᠦᠩᠭᠡᠢ ᠰᠢᠪᠳᠤᠯᠤᠯᠲᠠ ᠶᠢᠨ ᠠᠵᠢᠯᠯᠠᠭ᠎ᠠ ᠶᠢ ᠦᠷᠨᠢᠭᠦᠯᠵᠦ᠂ ᠭᠤᠤᠯ | ᠤᠷᠤᠨ ᠤ ᠭᠡᠷ ᠪᠠᠶᠢᠰᠢᠩ ᠢ ᠬᠤᠷᠢᠶᠠᠨ ᠲᠠᠲᠠᠪᠦᠷᠢᠯᠠᠬᠤ ᠡᠭᠦᠷᠭᠡ ᠶᠢ ᠪᠠᠶᠠᠯᠠᠭᠦᠯᠵᠦ᠂ ᠵᠤᠬᠢᠰᠲᠡᠢ ᠴᠠᠭ ᠲᠤ ᠭᠤᠤᠯ | ᠤᠷᠤᠨ ᠠᠴᠠ ᠭᠠᠳᠠᠨᠠᠬᠢ ᠤᠷᠤᠨ ᠬᠡᠪᠴᠢᠶᠡᠨ ᠤ ᠭᠡᠷ ᠪᠠᠶᠢᠰᠢᠩ ᠢ ᠬᠤᠷᠢᠶᠠᠨ ᠲᠠᠲᠠᠪᠦᠷᠢᠯᠠᠬᠤ ᠠᠵᠢᠯ ᠢ | ᠡᠬᠢᠯᠡᠭᠦᠯᠦᠨ᠎ᠠ︔ ᠲᠦᠪᠬᠢᠨᠡᠭᠦᠯᠬᠦ ᠭᠡᠷ ᠤᠨ 2016 ᠤᠨ ᠳᠤ ᠤᠷᠤᠵᠦ ᠰᠠᠭᠤᠬᠤ ᠨᠦᠭᠦᠴᠡᠯ ᠢ ᠪᠦᠷᠢᠯᠳᠦᠭᠦᠯᠬᠦ | ᠪᠠᠷ ᠬᠠᠷᠠᠯᠲᠠ ᠪᠤᠯᠭᠠᠨ᠂ ᠲᠦᠪᠬᠢᠨᠡᠭᠦᠯᠬᠦ ᠭᠡᠷ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ | ᠵᠢᠯ ᠤᠨ ᠳᠤᠳᠤᠷ᠎ᠡ 8100 ᠢᠵᠢ 74 ᠲᠦᠮᠡᠨ ᠲᠡᠭᠰᠢ ᠳᠦᠷᠪᠡᠯᠵᠢᠨ ᠮᠧᠲᠷ ᠤᠨ ᠲᠦᠪᠬᠢᠨᠡᠭᠦᠯᠬᠦ ᠭᠡᠷ ᠢ ᠪᠦᠭᠦᠨ | ᠢ ᠪᠠᠷᠢᠯᠭ᠎ᠠ ᠡᠬᠢᠯᠡᠭᠦᠯᠵᠦ᠂ ᠵᠠᠮ ᠱᠤᠭᠤᠮ᠂ ᠲᠤᠤᠷ ᠬᠤᠭᠤᠯᠠᠢ᠂ ᠨᠤᠭᠤᠭᠠᠷᠠᠭᠤᠯᠤᠯᠲᠠ ᠵᠡᠷᠭᠡ ᠰᠠᠭᠤᠷᠢ | ᠲᠦᠭᠦᠭᠡᠷᠦᠮᠵᠢ ᠪᠠ ᠰᠤᠷᠭᠠᠨ ᠭᠦᠮᠦᠵᠢᠯ᠂ ᠰᠤᠶᠤᠯ᠂ ᠡᠮ ᠡᠮᠨᠡᠯᠭᠡ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ | ᠰᠠᠭᠤᠷᠢ ᠲᠦᠭᠦᠭᠡᠷᠦᠮᠵᠢ ᠶᠢ ᠢᠵᠢ ᠪᠦᠷᠢᠳᠦᠭᠦᠯᠦᠨ ᠢᠵᠢᠯ ᠠᠯᠬᠤᠮ ᠢᠶᠠᠷ ᠪᠠᠶᠢᠭᠤᠯᠵᠦ᠂ ᠨᠢᠩ ᠯᠠᠨ ᠡᠮᠤᠨ᠎ᠡ ᠵᠠᠮ ᠢ | ᠪᠠᠷᠢᠯᠭ᠎ᠠ ᠳᠠᠭᠤᠰᠬᠠᠵᠦ᠂ ᠲᠢᠶᠧ ᠨᠡᠨ ᠤ ᠡᠮᠤᠨ᠎ᠡ ᠶᠡᠭᠡ ᠵᠡᠭᠡᠯᠢ᠂ ᠸᠧᠨ ᠯᠢᠶᠠᠨ ᠵᠠᠮ ᠪᠠ ︽ᠭᠤᠷᠪᠠᠨ ᠭᠦᠨᠳᠡᠯᠡᠨ | ᠳᠤᠯᠤᠭᠠᠨ ᠭᠤᠯᠳᠦ︾ 7 ᠺᠢᠯᠦᠮᠧᠲᠷ ᠤᠨ ᠰᠠᠯᠪᠤᠷᠢ ᠤᠳᠠᠰᠤᠨ ᠤ ᠵᠠᠮ ᠬᠤᠭᠤᠯᠠᠢ ᠶᠢ ᠠᠵᠢᠯ ᠡᠬᠢᠯᠡᠭᠦᠯᠦᠨ | ᠪᠦᠳᠦᠭᠡᠨ ᠪᠠᠶᠢᠭᠤᠯᠤᠨ᠎ᠠ︔ ᠪᠡᠯᠨ ᠠᠭᠤᠰᠬᠠᠬᠤ ᠵᠠᠮ ᠰᠤᠪᠠᠭ ᠢ ᠤᠯᠠᠮ ᠦᠷᠭᠡᠳᠬᠡᠵᠦ᠂ ᠬᠤᠳᠠᠯᠳᠤᠭ᠎ᠠ ᠰᠠᠭᠤᠴᠠ | ᠶᠢᠨ ᠭᠠᠵᠠᠷ ᠬᠡᠰᠡᠭ ᠤᠨ ᠨᠡᠭᠡᠭᠡᠨ ᠭᠦᠭᠵᠢᠭᠦᠯᠵᠦ ᠪᠦᠳᠦᠭᠡᠨ ᠪᠠᠶᠢᠭᠤᠯᠬᠤ ᠠᠵᠢᠯ ᠢ ᠯᠠᠪᠳᠠᠭᠤᠨ ᠠᠬᠢᠭᠤᠯᠤᠨ᠎ᠠ᠃ | ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠠᠷᠭ᠎ᠠ ᠶᠢ ᠬᠡᠷᠡᠭᠯᠡᠨ᠂ ᠳ᠋ᠦᠩ ᠴᠧᠩ᠂ ᠨᠢᠭᠡᠳᠦᠭᠡᠷ ᠪᠠᠷᠠᠭᠤᠨ ᠵᠡᠭᠡᠯᠢ᠂ | ᠳ᠋ᠦᠩ ᠨᠠᠨ ᠭᠤᠸᠠᠨ᠂ ᠲᠡᠮᠦᠷ ᠵᠠᠮ ᠤᠨ ᠺᠯᠦ᠋ᠪ ᠵᠡᠷᠭᠡ ᠬᠠᠭᠤᠴᠢᠨ ᠬᠤᠲᠠ ᠶᠢᠨ ᠳᠦᠭᠦᠮ ᠪᠦᠳᠦᠴᠡᠳᠦ ᠤᠷᠤᠨ | ᠰᠠᠭᠤᠴᠠ ᠶᠢ ᠦᠭᠡᠷᠡᠴᠢᠯᠡᠨ ᠪᠠᠶᠢᠭᠤᠯᠬᠤ ᠲᠦᠷᠦᠯ ᠵᠦᠢᠯ ᠢ ᠲᠤᠭᠲᠠᠭᠤᠨ ᠠᠬᠢᠭᠤᠯᠵᠦ᠂ ᠬᠠᠭᠤᠴᠢᠨ ᠬᠤᠲᠠ ᠶᠢᠨ | ᠳᠦᠷᠢ ᠳᠦᠷᠬᠦ ᠪᠠ ᠰᠠᠭᠤᠭᠠᠯᠢ ᠠᠷᠠᠳ ᠤᠨ ᠠᠮᠢᠳᠤᠷᠠᠯ ᠤᠨ ᠤᠷᠴᠢᠨ ᠲᠤᠭᠤᠷᠢᠨ ᠢ ᠤᠯᠠᠮ ᠨᠢᠭᠡ ᠠᠯᠬᠤᠮ | ᠰᠠᠶᠢᠵᠢᠷᠠᠭᠤᠯᠤᠨ᠎ᠠ᠃ | ᠦᠵᠡᠰᠭᠦᠯᠡᠩᠳᠦ ᠭᠦᠳᠡᠭᠡ ᠲᠤᠰᠬᠤᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠎ᠠ᠃ ︽ᠨᠢᠭᠡ | ᠵᠢᠯ ᠳᠤ ᠰᠠᠭᠤᠷᠢ ᠲᠠᠯᠪᠢᠵᠦ᠂ ᠬᠤᠶᠠᠷ ᠵᠢᠯ ᠳᠤ ᠦᠷ᠎ᠡ ᠪᠦᠳᠦᠮᠵᠢ ᠤᠯᠵᠦ᠂ ᠭᠤᠷᠪᠠᠨ ᠵᠢᠯ ᠳᠤ ᠪᠦᠭᠦᠨ ᠢ | ᠪᠦᠷᠭᠦᠭᠦᠯᠬᠦ︾ ᠠᠵᠢᠯ ᠤᠨ ᠬᠠᠷᠠᠯᠲᠠ ᠶᠤᠰᠤᠭᠠᠷ᠂ ᠦᠵᠡᠰᠭᠦᠯᠡᠩᠳᠦ ᠭᠦᠳᠡᠭᠡ ᠲᠤᠰᠬᠤᠨ ᠢ ᠪᠦᠳᠦᠭᠡᠨ ᠪᠠᠶᠢᠭᠤᠯᠬᠤ | ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠶᠢ ᠬᠡᠷᠡᠭᠵᠢᠭᠦᠯᠵᠦ᠂ ᠰᠤᠶᠤᠯ ᠵᠤᠭᠠᠴᠠᠯ ᠤᠨ ᠳᠠᠶᠢᠴᠢᠯᠠᠬᠤ ᠬᠡᠯᠪᠡᠷᠢ | ᠂ ᠠᠵᠦ ᠦᠢᠯᠡᠰ ᠤᠨ ᠲᠤᠯᠭᠠᠭᠤᠷᠢᠯᠠᠬᠤ ᠬᠡᠯᠪᠡᠷᠢ᠂ ᠠᠮᠢ ᠠᠬᠤᠢ ᠶᠢᠨ ᠲᠡᠷᠢᠶᠡᠯᠡᠩ ᠤᠨ ᠰᠡᠯᠡᠭᠦᠴᠡᠯ ᠦᠢᠯᠠᠭᠠᠯᠲᠠ | ᠶᠢᠨ ᠬᠡᠯᠪᠡᠷᠢᠲᠦ ᠭᠤᠷᠪᠠᠨ ᠵᠤᠷᠪᠤᠰ ᠭᠦᠭᠵᠢᠯᠲᠠ ᠶᠢᠨ ᠠᠷᠭ᠎ᠠ ᠵᠠᠮ ᠢ ᠲᠤᠪᠤᠶᠢᠯᠭᠠᠵᠦ᠂ ᠲᠦᠷᠦᠯ ᠵᠦᠢᠯ ᠤᠨ ᠪᠡᠯᠨ | ᠮᠦᠩᠭᠦ ᠶᠢ ᠴᠤᠮᠬᠠᠳᠬᠠᠵᠦ᠂ ᠲᠦᠯᠦᠪᠵᠢᠭᠦᠯᠭᠡ ᠶᠢᠨ ᠵᠢᠯᠦᠭᠤᠳᠤᠯᠭ᠎ᠠ᠂ ᠲᠤᠰᠬᠤᠨ ᠤ ᠳᠦᠷᠰᠦ ᠪᠠᠶᠢᠳᠠᠯ ᠢ | ᠴᠡᠭᠴᠡᠯᠡᠨ ᠵᠠᠰᠠᠬᠤ᠂ ᠠᠵᠦ ᠦᠢᠯᠡᠰ ᠤᠨ ᠭᠦᠭᠵᠢᠯᠲᠠ᠂ ᠤᠯᠠᠨ ᠨᠡᠶᠢᠲᠡ ᠶᠢᠨ ᠦᠢᠯᠡᠴᠢᠯᠡᠭᠡᠨ ᠢ ᠰᠠᠶᠢᠵᠢᠷᠠᠭᠤᠯᠬᠤ᠂ | ᠭᠦᠳᠡᠭᠡ ᠲᠤᠰᠬᠤᠨ ᠤ ᠪᠤᠯᠪᠠᠰᠤᠨ ᠢ ᠳᠡᠭᠡᠭᠰᠢᠯᠡᠭᠦᠯᠬᠦ ᠲᠠᠪᠤᠨ ᠶᠡᠭᠡ ᠢᠨᠵᠧᠨᠧᠷᠢᠩ ᠢ ᠨᠢᠬᠡᠳᠦᠯᠲᠡᠢ ᠲᠦᠯᠦᠪᠯᠡᠨ | ᠠᠬᠢᠭᠤᠯᠵᠦ᠂ ᠰᠠᠭᠤᠷᠢᠰᠢᠬᠤ᠂ ᠦᠢᠯᠡᠰ ᠪᠤᠰᠬᠠᠬᠤ᠂ ᠵᠤᠭᠠᠴᠠᠬᠤ ᠳᠤ ᠲᠤᠬᠢᠷᠠᠮᠵᠢᠲᠡᠢ᠂ ᠬᠤᠩᠱᠠᠨ ᠤ ᠤᠨᠴᠠᠯᠢᠭ ᠢ | ᠪᠦᠷᠢᠯᠳᠦᠭᠦᠯᠦᠭᠰᠡᠨ ᠦᠵᠡᠰᠭᠦᠯᠡᠩᠳᠦ ᠭᠦᠳᠡᠭᠡ ᠲᠤᠰᠬᠤᠨ ᠢ ᠴᠢᠷᠮᠡᠶᠢᠨ ᠡᠭᠦᠳᠦᠨ ᠪᠠᠶᠢᠭᠤᠯᠤᠨ᠎ᠠ᠃ | ᠦᠵᠡᠰᠭᠦᠯᠡᠩᠳᠦ ᠭᠦᠳᠡᠭᠡ ᠲᠤᠰᠬᠤᠨ ᠤ ᠪᠦᠳᠦᠭᠡᠨ ᠪᠠᠶᠢᠭᠤᠯᠤᠯᠲᠠ ᠪᠠ ︽ᠠᠷᠪᠠ ᠶᠢ ᠨᠡᠶᠢᠳᠡᠮ ᠪᠦᠷᠭᠦᠭᠦᠯᠬᠦ︾ | ᠢᠨᠵᠧᠨᠧᠷᠢᠩ ᠢ ᠠᠭᠤᠰᠤᠯᠴᠠᠭᠤᠯᠤᠨ ᠠᠬᠢᠭᠤᠯᠬᠤ ᠶᠢ ᠪᠠᠷᠢᠮᠳᠠᠯᠠᠵᠦ᠂ ︽ᠠᠷᠪᠠ ᠶᠢ ᠨᠡᠶᠢᠳᠡᠮ ᠪᠦᠷᠭᠦᠭᠦᠯᠬᠦ︾ | ᠢᠨᠵᠧᠨᠧᠷᠢᠩ ᠢ ᠦᠵᠡᠰᠭᠦᠯᠡᠩᠳᠦ ᠭᠦᠳᠡᠭᠡ ᠲᠤᠰᠬᠤᠨ ᠤ ᠪᠦᠳᠦᠭᠡᠨ ᠪᠠᠶᠢᠭᠤᠯᠤᠯᠲᠠ ᠶᠢᠨ ᠡᠭᠦᠰᠴᠡ ᠪᠤᠯᠭᠠᠨ᠂ | ᠨᠢᠭᠡ ᠵᠢᠯ ᠤᠷᠢᠳᠴᠢᠯᠠᠨ ᠦᠨᠳᠦᠷ ᠪᠠᠷᠢᠮᠵᠢᠶ᠎ᠠ ᠪᠠᠷ ︽ᠠᠷᠪᠠ ᠶᠢ ᠨᠡᠶᠢᠳᠡᠮ ᠪᠦᠷᠭᠦᠭᠦᠯᠬᠦ︾ ᠢᠨᠵᠧᠨᠧᠷᠢᠩ ᠢ | ᠪᠠᠶᠠᠯᠠᠭᠦᠯᠵᠦ᠂ ᠭᠤᠤᠯᠳᠠᠯᠭ᠎ᠠ ᠲᠠᠢ ᠪᠠᠷ 111 ᠤᠯᠤᠰ ᠤᠨ ᠵᠠᠮ᠂ ᡂᠢ ᠰᠢᠨ ᠱᠤᠭᠤᠮ ᠪᠠ 306 ᠤᠯᠤᠰ ᠤᠨ | ᠵᠠᠮ ᠳᠠᠭᠠᠤ᠂ ᠳ᠋ᠦᠩ ᠨᠠᠨ ᠶᠢᠩᠽᠢ᠂ ᠰᠠᠨ ᠳ᠋ᠤᠤ ᠵᠢᠩᠽᠢ ᠪᠠ ᠾᠧᠢ ᠭᠦ᠋ ᠮᠧᠨ ᠵᠡᠷᠭᠡ ᠵᠡᠭᠦᠨ ᠡᠮᠤᠨᠡᠳᠦ ᠬᠡᠰᠡᠭ ᠤᠨ | ᠤᠬᠢ ᠰᠤᠳᠤᠨ ᠵᠢᠱᠢᠶ᠎ᠡ ᠦᠵᠡᠭᠦᠯᠭᠦ ᠲᠤᠰᠬᠤᠨ ᠢ ᠡᠭᠦᠳᠦᠨ ᠪᠠᠶᠢᠭᠤᠯᠵᠦ᠂ ᠤᠰᠤ ᠤᠮᠳᠠ ᠶᠢᠨ ᠠᠮᠦᠷ | ᠲᠦᠪᠰᠢᠨ ᠤ ᠢᠨᠵᠧᠨᠧᠷᠢᠩ 3᠂ ᠤᠰᠤᠨ ᠤ ᠴᠢᠨᠡᠷ ᠢ ᠬᠢᠨᠡᠨ ᠬᠡᠮᠵᠢᠬᠦ ᠲᠦᠪ 1 ᠰᠠᠭᠤᠷᠢ ᠰᠢᠨ᠎ᠠ ᠪᠠᠷ ᠪᠠᠶᠢᠭᠤᠯᠵᠦ | ᠂ 16 ᠰᠠᠭᠤᠷᠢ ᠲᠤᠰᠬᠤᠨ ᠤ ᠳᠡᠰ ᠤᠨ ᠰᠤᠶᠤᠯ ᠤᠨ ᠠᠵᠢᠯᠯᠠᠭᠠᠨ ᠤ ᠲᠠᠰᠤᠭ ᠢ ᠰᠢᠨ᠎ᠡ ᠪᠠᠷ ᠦᠭᠡᠷᠡᠴᠢᠯᠡᠨ | ᠦᠷᠭᠡᠳᠬᠡᠨ ᠪᠠᠶᠢᠭᠤᠯᠵᠦ᠂ ᠲᠡᠷᠢᠶᠡᠯᠡᠩ ᠤᠨ ᠲᠤᠤᠷ ᠢ 117 ᠺᠢᠯᠦᠮᠧᠲᠷ ᠳᠡᠰ ᠳᠡᠪᠰᠢᠭᠦᠯᠵᠦ᠂ 27 ᠵᠦᠢᠯ ᠤᠨ | ᠷᠠᠳᠢᠤ᠋ ᠲᠧᠯᠸᠢᠰ ᠴᠢᠮᠡᠭᠡ ᠨᠡᠪᠳᠡᠷᠡᠭᠦᠯᠭᠡ ᠶᠢᠨ ᠳᠡᠰ ᠳᠡᠪᠰᠢᠬᠦ ᠢᠨᠵᠧᠨᠧᠷᠢᠩ ᠢ ᠬᠡᠷᠡᠭᠵᠢᠭᠦᠯᠵᠦ᠂ 51 ᠡᠷᠦᠬᠡ | ᠭᠦᠳᠡᠭᠡ ᠲᠤᠰᠬᠤᠨ ᠤ ᠠᠶᠤᠯᠲᠠᠢ ᠭᠡᠷ ᠪᠠᠶᠢᠰᠢᠩ ᠢ ᠦᠭᠡᠷᠡᠴᠢᠯᠡᠨ ᠵᠠᠰᠠᠵᠦ᠂ ᠭᠦᠳᠡᠭᠡ ᠲᠤᠰᠬᠤᠨ ᠤ ᠰᠠᠭᠤᠷᠢ | ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠦᠳᠦᠮᠵᠢᠲᠡᠢ ᠳᠡᠰ ᠳᠡᠪᠰᠢᠬᠦ᠂ ᠤᠯᠠᠨ | ᠨᠡᠶᠢᠲᠡ ᠶᠢᠨ ᠦᠢᠯᠡᠴᠢᠯᠡᠭᠡᠨ ᠮᠡᠳᠡᠭᠳᠡᠮ᠎ᠡ ᠰᠠᠶᠢᠵᠢᠷᠠᠬᠤ ᠶᠢ ᠦᠨᠳᠦᠰᠦᠨ ᠳᠡᠭᠡᠨ ᠪᠠᠶᠠᠯᠠᠭᠦᠯᠵᠦ᠂ ᠦᠵᠡᠰᠭᠦᠯᠡᠩᠳᠦ | ᠭᠦᠳᠡᠭᠡ ᠲᠤᠰᠬᠤᠨ ᠢ ᠨᠡᠩ ᠰᠠᠶᠢᠨ ᠢᠶᠠᠷ ᠪᠦᠳᠦᠭᠡᠨ ᠪᠠᠶᠢᠭᠤᠯᠬᠤ ᠳᠤ ᠪᠠᠳᠦ ᠪᠠᠬᠢ ᠰᠠᠭᠤᠷᠢ ᠲᠠᠯᠪᠢᠨ᠎ᠠ᠃ | ᠠᠮᠢ ᠠᠬᠤᠢ ᠪᠠ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠤᠯᠤᠰ ᠤᠨ ᠴᠡᠴᠡᠷᠯᠢᠭᠵᠢᠭᠰᠡᠨ ᠬᠤᠲᠠ ᠶᠢ ᠡᠭᠦᠳᠦᠨ ᠪᠠᠶᠢᠭᠤᠯᠬᠤ ᠪᠠᠷ ᠵᠢᠯᠦᠭᠤᠳᠤᠯᠭ᠎ᠠ ᠪᠤᠯᠭᠠᠨ᠂ ᠠᠮᠢ ᠠᠬᠤᠢ | ᠶᠢᠨ ᠨᠤᠭᠤᠭᠠᠷᠠᠭᠤᠯᠤᠯᠲᠠ ᠶᠢᠨ ᠤᠷᠤᠨ ᠵᠠᠢ ᠶᠢ ᠦᠷᠭᠦᠯᠵᠢᠯᠡᠨ ᠦᠷᠭᠡᠳᠬᠡᠵᠦ᠂ ᠬᠤᠩᠱᠠᠨ ᠦᠵᠡᠮᠵᠢ ᠶᠢᠨ ᠤᠷᠤᠨ | ᠪᠠ ᠡᠮᠤᠨ᠎ᠡ ᠠᠭᠤᠯᠠᠨ ᠤ ᠦᠵᠡᠮᠵᠢ ᠶᠢᠨ ᠤᠷᠤᠨ ᠤ ᠲᠦᠯᠦᠪᠵᠢᠭᠦᠯᠭᠡ ᠶᠢ ᠲᠦᠷᠭᠡᠨ ᠨᠠᠶᠢᠷᠠᠭᠤᠯᠵᠦ᠂ ᠬᠤᠲᠠ ᠶᠢᠨ | ᠤᠷᠴᠢᠯ ᠲᠦᠷᠭᠡᠨ ᠵᠠᠮ᠂ ᠪᠢᠩ ᠾᠧ ᠦᠵᠡᠮᠵᠢ ᠰᠤᠨᠢᠷᠬᠠᠬᠤ ᠪᠦᠰᠡ ᠪᠠ ᠵᠠᠮ ᠵᠠᠭᠡᠯᠢ ᠶᠢᠨ ᠨᠤᠭᠤᠭᠠᠷᠠᠭᠤᠯᠤᠯᠲᠠ | ᠶᠢᠨ ᠪᠦᠰᠡ ᠶᠢᠨ ᠪᠦᠳᠦᠭᠡᠨ ᠪᠠᠶᠢᠭᠤᠯᠤᠯᠲᠠ ᠶᠢ ᠭᠦᠴᠦᠯᠡᠨ ᠰᠠᠶᠢᠳᠦᠷ ᠠᠳᠬᠤᠨ᠎ᠠ᠃ ᠡᠨᠧᠷᠬᠢ ᠠᠷᠪᠢᠯᠠᠵᠦ | ᠪᠤᠬᠢᠷᠳᠦᠯ ᠢ ᠪᠠᠭᠠᠰᠬᠠᠬᠤ ᠳᠤᠤᠷ᠎ᠡ ᠨᠡᠭᠦᠷᠡᠰᠤᠳᠦ᠋ᠷᠦᠭᠴᠢᠲᠦ ᠭᠦᠭᠵᠢᠯᠲᠠ ᠶᠢᠨ ᠠᠵᠢᠯᠯᠠᠭᠠᠨ ᠢ ᠶᠡᠬᠡᠪᠡᠷ ᠦᠷᠨᠢᠭᠦᠯᠵᠦ | ᠂ ᠠᠵᠦ ᠦᠢᠯᠡᠳᠪᠦᠷᠢ᠂ ᠵᠠᠮ ᠬᠠᠷᠢᠯᠴᠠᠭ᠎ᠠ᠂ ᠪᠠᠷᠢᠯᠭ᠎ᠠ ᠪᠠᠶᠢᠭᠤᠯᠤᠯᠲᠠ᠂ ᠤᠯᠠᠨ ᠨᠡᠶᠢᠲᠡ ᠶᠢᠨ ᠪᠠᠶᠢᠭᠤᠯᠤᠮᠵᠢ ᠵᠡᠷᠭᠡ | ᠭᠦᠷᠢᠶᠡᠨ ᠳᠠᠬᠢ ᠡᠨᠧᠷᠬᠢ ᠠᠷᠪᠢᠯᠠᠵᠦ ᠨᠡᠭᠦᠷᠡᠰᠦᠳᠦ᠋ᠷᠦᠭᠴᠢ ᠶᠢ ᠪᠠᠭᠠᠰᠬᠠᠬᠤ ᠠᠵᠢᠯ ᠢ ᠴᠢᠩᠭᠠᠳᠬᠠᠵᠦ᠂ | ᠤᠯᠠᠭᠠᠨᠬᠠᠲᠠ ᠶᠢᠨ ᠢᠯᠴᠢ ᠴᠠᠬᠢᠯᠭᠠᠨ ᠤ ᠦᠢᠯᠡᠳᠪᠦᠷᠢ᠂ ᠵᠢᠩ ᠨᠧᠩ ᠨᠡᠭᠦᠷᠡᠰᠦᠨ ᠴᠢᠯᠠᠭᠤᠨ ᠤ ᠴᠠᠬᠢᠯᠭᠠᠨ | ᠦᠢᠯᠡᠳᠪᠦᠷᠢ᠂ ᠶᠤᠸᠠᠨ ᠯᠢᠶᠠᠨ ᠪᠤᠯᠤᠳ ᠲᠡᠮᠦᠷ ᠵᠡᠷᠭᠡ ᠠᠵᠦ ᠠᠬᠤᠶᠢᠯᠡᠯ ᠤᠨ ᠡᠨᠧᠷᠬᠢ ᠠᠷᠪᠢᠯᠠᠵᠦ ᠮᠡᠷᠭᠡᠵᠢᠯ ᠢᠶᠠᠨ | ᠦᠭᠡᠷᠡᠴᠢᠯᠡᠬᠦ ᠶᠢ ᠰᠠᠶᠢᠳᠦᠷ ᠠᠳᠬᠤᠵᠦ᠂ ᠳᠤᠮᠳᠠᠳᠦ ᠶᠢᠨ ᠦᠩᠭᠡᠲᠦ ᠲᠡᠮᠦᠷᠯᠢᠭ ᠤᠨ ᠴᠠᠶᠢᠷ ᠤᠨ ᠦᠢᠯᠡᠰ ᠤᠨ | ᠦᠯᠡᠳᠡᠪᠦᠷᠢ ᠢᠯᠴᠢ ᠪᠠᠷ ᠴᠠᠬᠢᠯᠭᠠᠨ ᠭᠠᠷᠭᠠᠬᠤ᠂ ᠶᠤᠸᠠᠨ ᠯᠢᠶᠠᠨ ᠪᠤᠯᠤᠳ ᠲᠡᠮᠦᠷ ᠤᠨ ᠦᠨᠳᠦᠷ ᠵᠤᠤᠬ᠎ᠠ ᠪᠠᠷ | ᠴᠠᠬᠢᠯᠭᠠᠨ ᠭᠠᠷᠭᠠᠬᠤ ᠶᠢ ᠳᠡᠮᠵᠢᠵᠦ᠂ ᠪᠤᠬᠢᠷᠳᠦᠯ ᠦᠭᠡᠢ ᠳᠤᠤᠷ᠎ᠡ ᠨᠡᠭᠦᠷᠡᠰᠤᠳᠦ᠋ᠷᠦᠭᠴᠢᠲᠦ ᠤᠷᠴᠢᠯᠲᠦ ᠭᠦᠭᠵᠢᠯᠲᠠ | ᠶᠢᠨ ᠰᠢᠨ᠎ᠡ ᠠᠷᠭ᠎ᠠ ᠮᠠᠶ᠋ᠢᠭ ᠪᠦᠷᠢᠯᠳᠦᠬᠦ ᠶᠢ ᠠᠬᠢᠭᠤᠯᠤᠨ᠎ᠠ︔ ᠪᠠᠶᠢᠰᠢᠩ ᠭᠡᠷ ᠤᠨ ᠰᠢᠲᠠᠮᠠᠬᠠᠢ ᠬᠡᠢ ᠶᠢᠨ ᠵᠤᠤᠬ᠎ᠠ | ᠶᠢᠨ ᠤᠷᠴᠢᠨ ᠲᠤᠭᠤᠷᠢᠨ ᠢ ᠬᠠᠮᠠᠭᠠᠯᠠᠬᠤ ᠦᠭᠡᠷᠡᠴᠢᠯᠡᠯᠲᠡ ᠶᠢᠨ ᠲᠦᠯᠦᠪᠯᠡᠭᠡ ᠶᠢ ᠬᠡᠷᠡᠭᠵᠢᠭᠦᠯᠵᠦ᠂ ᠵᠢᠯ ᠤᠨ | ᠳᠤᠳᠤᠷ᠎ᠡ 5000 ᠡᠷᠦᠬᠡ ᠳᠤ ᠦᠭᠡᠷᠡᠴᠢᠯᠡᠯᠲᠡ ᠬᠢᠵᠦ᠂ ᠦᠷᠭᠦᠯᠵᠢᠯᠡᠨ ᠭᠤᠷᠪᠠᠨ ᠵᠢᠯ ᠬᠡᠷᠡᠭᠵᠢᠭᠦᠯᠵᠦ᠂ ᠠᠭᠠᠷ | ᠮᠠᠨᠳᠠᠯ ᠤᠨ ᠴᠢᠨᠡᠷ ᠴᠢᠨᠰᠠᠭ᠎ᠠ ᠶᠢ ᠪᠦᠳᠦᠮᠵᠢᠲᠡᠢ ᠰᠠᠶᠢᠵᠢᠷᠠᠭᠤᠯᠤᠨ᠎ᠠ︔ ᠤᠰᠤᠨ ᠤ ᠢᠷᠡᠯᠲᠡ ᠶᠢᠨ ᠭᠠᠵᠠᠷ ᠤᠨ | ᠬᠠᠮᠠᠭᠠᠯᠠᠯᠲᠠ ᠶᠢ ᠴᠢᠩᠭᠠᠳᠬᠠᠵᠦ᠂ ᠬᠠᠮᠤᠭ ᠴᠢᠩᠭ᠎ᠠ ᠤᠰᠤᠨ ᠰᠤᠷᠪᠤᠯᠵᠢ ᠶᠢᠨ ᠬᠠᠮᠢᠶᠠᠷᠤᠯᠲᠠ ᠶᠢᠨ ᠳᠦᠷᠢᠮ ᠢ | ᠬᠡᠷᠡᠭᠵᠢᠭᠦᠯᠵᠦ᠂ ᠤᠰᠤᠨ ᠰᠤᠷᠪᠤᠯᠵᠢ ᠶᠢᠨ ᠠᠮᠦᠷ ᠲᠦᠪᠰᠢᠨ ᠢ ᠦᠨᠡᠨᠬᠦ ᠪᠠᠳᠤᠯᠠᠨ᠎ᠠ︔ ᠰᠠᠭᠤᠷᠢ ᠲᠦᠭᠦᠭᠡᠷᠦᠮᠵᠢ | ᠶᠢᠨ ᠪᠦᠳᠦᠭᠡᠨ ᠪᠠᠶᠢᠭᠤᠯᠤᠯᠲᠠ ᠪᠠ ᠦᠭᠡᠷᠡᠴᠢᠯᠡᠯᠲᠡ ᠶᠢᠨ ᠭᠦᠴᠦᠯᠡᠴᠡ ᠶᠢ ᠨᠡᠮᠡᠭᠳᠡᠭᠦᠯᠵᠦ᠂ ᠤᠯᠠᠭᠠᠨᠬᠠᠲᠠ ᠠᠴᠠ | ᠪᠡᠭᠡᠵᠢᠩ ᠮᠦᠭᠳᠡᠨ ᠭᠦᠷᠭᠦ ᠠᠶᠠᠨᠴᠢᠳ ᠤᠨ ᠲᠤᠰᠬᠠᠢ ᠱᠤᠭᠤᠮ ᠢ ᠵᠠᠯᠭᠠᠭᠤᠯᠬᠤ᠂ ᠶᠧ ᡂᠢ ᠲᠡᠮᠦᠷ ᠵᠠᠮ ᠤᠨ | ᠴᠢᠳᠠᠮᠵᠢ ᠶᠢ ᠦᠷᠭᠡᠳᠬᠡᠨ ᠦᠭᠡᠷᠡᠴᠢᠯᠡᠬᠦ ᠪᠠ ᠵᠢᠩ ᠲᠦᠩ ᠲᠡᠮᠦᠷ ᠵᠠᠮ ᠢ ᠴᠠᠬᠢᠯᠭᠠᠨᠵᠢᠭᠤᠯᠬᠤ ᠦᠭᠡᠷᠡᠴᠢᠯᠡᠯᠲᠡ | ᠶᠢᠨ ᠡᠮᠤᠨᠡᠬᠢ ᠬᠤᠭᠤᠴᠠᠭᠠᠨ ᠤ ᠠᠵᠢᠯ ᠢ ᠲᠤᠭᠲᠠᠭᠤᠨ ᠠᠬᠢᠭᠤᠯᠤᠨ᠎ᠠ︔ 5 ᠰᠠᠭᠤᠷᠢ ᠭᠦᠳᠡᠭᠡ ᠲᠤᠰᠬᠤᠨ ᠤ | ᠠᠶᠤᠯᠲᠠᠢ ᠭᠦᠭᠦᠷᠭᠡ ᠶᠢ ᠦᠭᠡᠷᠡᠴᠢᠯᠡᠨ ᠵᠠᠰᠠᠵᠦ᠂ ᠭᠦᠳᠡᠭᠡ ᠲᠤᠰᠬᠤᠨ ᠤ ᠵᠠᠰᠠᠮᠠᠯ ᠵᠠᠮ ᠤᠨ ᠬᠠᠲᠠᠭᠤᠷᠠᠭᠤᠯᠤᠯᠲᠠ | ᠳᠤ ᠨᠢᠭᠡᠳᠦᠯᠲᠠᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢ ᠬᠡᠷᠡᠭᠵᠢᠭᠦᠯᠦᠨ᠎ᠠ︔ 10 ᠵᠤᠷᠪᠤᠰ ᠬᠤᠲᠠ | ᠲᠤᠭᠤᠷᠢᠭ ᠤᠨ ᠵᠡᠭᠡᠯᠢ ᠭᠤᠳᠤᠮᠵᠢ ᠶᠢ ᠵᠠᠰᠠᠨ ᠴᠡᠭᠴᠡᠯᠡᠵᠦ᠂ 11 ᠲᠦᠮᠡᠨ ᠲᠡᠭᠰᠢ ᠳᠦᠷᠪᠡᠯᠵᠢᠨ ᠮᠧᠲᠷ ᠤᠨ | ᠡᠪᠳᠡᠷᠡᠵᠦ ᠬᠠᠭᠤᠴᠢᠷᠠᠭᠰᠡᠨ ᠵᠠᠮ ᠤᠨ ᠭᠠᠳᠠᠷᠭᠤ ᠶᠢ ᠰᠠᠯᠪᠢᠨ ᠵᠠᠰᠠᠨ᠎ᠠ︔ ᠾᠦᠸᠧ ᠬᠤᠸᠠ ᠵᠠᠮ᠂ ᠬᠤᠩ ᠰᠢᠩ | ᠵᠠᠮ ᠪᠠ ᠴᠢᠶᠤᠤᠪᠸᠢ ᠶᠢᠨ ᠠᠷᠠᠳ ᠲᠤ ᠳᠦᠭᠦᠮ ᠵᠠᠬ᠎ᠠ ᠶᠢ ᠪᠠᠶᠢᠭᠤᠯᠵᠦ᠂ ᠬᠤᠭ ᠨᠤᠪᠰᠢ ᠶᠢᠨ ᠠᠪᠴᠢᠯᠲᠠ | ᠦᠷᠲᠡᠭᠡ ᠪᠠ ᠵᠤᠷᠯᠦᠩ 9 ᠰᠠᠭᠤᠷᠢ ᠰᠢᠨ᠎ᠡ ᠪᠠᠷ ᠨᠡᠮᠡᠭᠳᠡᠭᠦᠯᠵᠦ᠂ 89 ᠰᠠᠭᠤᠷᠢ ᠬᠤᠭ ᠨᠤᠪᠰᠢ ᠶᠢᠨ ᠦᠷᠲᠡᠭᠡ | ᠴᠢᠭ ᠢ ᠰᠡᠯᠪᠢᠨ ᠵᠠᠰᠠᠵᠦ᠂ ᠴᠢᠦᠢ ᠵᠢᠶᠠ ᠭᠧᠤ ᠶᠢᠨ ᠬᠤᠭ ᠨᠤᠪᠰᠢ ᠰᠢᠢᠳᠪᠦᠷᠢᠯᠡᠭᠦ ᠦᠷᠲᠡᠭᠡ ᠳᠤ ᠳᠡᠰ ᠳᠡᠪᠰᠢᠬᠦ | ᠦᠭᠡᠷᠡᠴᠢᠯᠡᠯᠲᠡ ᠬᠢᠵᠦ᠂ ᠬᠤᠲᠠ ᠶᠢᠨ ᠡᠷᠬᠢᠯᠲᠠ ᠶᠢᠨ ᠪᠠᠳᠤᠯᠠᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠠ᠃ | ︵ᠳᠦᠷᠪᠡ︶ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠬᠤ ᠠᠵᠢᠯ ᠢ ᠴᠢᠩᠭᠠᠳᠬᠠᠵᠦ᠂ | ᠨᠡᠶᠢᠭᠡᠮ ᠤᠨ ᠦᠢᠯᠡᠰ ᠢ ᠴᠡᠴᠡᠭᠯᠡᠨ ᠭᠦᠭᠵᠢᠭᠦᠯᠦᠨ᠎ᠠ᠃ | ᠠᠵᠢᠯ ᠤᠯᠭᠤᠯᠲᠠ ᠪᠠ ᠨᠡᠶᠢᠭᠡᠮ ᠤᠨ ᠪᠠᠳᠤᠯᠠᠭ᠎ᠠ ᠶᠢᠨ ᠠᠵᠢᠯ ᠢ ᠴᠢᠩᠭᠠᠳᠬᠠᠨ᠎ᠠ᠃ ᠠᠵᠢᠯ ᠤᠯᠭᠤᠬᠤ | ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠠᠵᠦ ᠠᠬᠤᠶᠢᠯᠡᠯ ᠤᠨ ᠠᠵᠢᠯᠴᠢᠨ | ᠬᠡᠷᠡᠭᠯᠡᠬᠦ ᠱᠠᠭᠠᠷᠳᠠᠯᠭ᠎ᠠ ᠲᠠᠢ ᠵᠤᠯᠭᠠᠯᠳᠤᠭᠤᠯᠤᠨ᠂ ᠠᠵᠢᠯ ᠤᠯᠭᠤᠯᠲᠠ ᠶᠢᠨ ᠤᠯᠠᠨ ᠨᠡᠶᠢᠳᠡ ᠶᠢᠨ ᠦᠢᠯᠡᠴᠢᠯᠡᠭᠡᠨ ᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠦ᠂ ᠠᠵᠢᠯ ᠤᠯᠭᠤᠬᠤ ᠪᠠ ᠦᠢᠯᠡᠰ ᠪᠤᠰᠬᠠᠬᠤ ᠪᠤᠯᠪᠠᠰᠤᠷᠠᠭᠤᠯᠤᠯ | ᠢ ᠴᠢᠩᠭᠠᠳᠬᠠᠵᠦ᠂ ᠬᠤᠲᠠ ᠪᠠᠯᠭᠠᠰᠤᠨ ᠤ ᠠᠵᠢᠯ ᠤᠯᠭᠤᠯᠲᠠ ᠳᠤ 9000 ᠭᠦᠮᠦᠨ ᠢ ᠰᠢᠨ᠎ᠡ ᠪᠠᠷ ᠨᠡᠮᠡᠭᠳᠡᠭᠦᠯᠵᠦ᠂ | ᠭᠦᠳᠡᠭᠡ ᠲᠤᠰᠬᠤᠨ ᠤ ᠭᠦᠳᠡᠯᠮᠦᠷᠢ ᠭᠦᠴᠦᠨ ᠤ ᠰᠢᠯᠵᠢᠯᠲᠠ ᠶᠢᠨ ᠠᠵᠢᠯ ᠤᠯᠭᠤᠯᠲᠠ 1.35 ᠲᠦᠮᠡᠨ ᠭᠦᠮᠦᠨ | ᠤᠳᠠᠭ᠎ᠠ᠂ ᠦᠢᠯᠡᠰ ᠪᠤᠰᠬᠠᠬᠤ ᠪᠠᠷ 2300 ᠭᠦᠮᠦᠨ ᠤ ᠠᠵᠢᠯ ᠤᠯᠭᠤᠯᠲᠠ ᠶᠢ ᠳᠠᠶᠢᠴᠢᠯᠠᠬᠤ ᠶᠢ ᠪᠠᠳᠤᠯᠠᠨ᠎ᠠ︔ | ᠬᠤᠲᠠ ᠶᠢᠨ ᠬᠠᠮᠢᠶᠠᠷᠤᠯᠲᠠ ᠶᠢᠨ ᠨᠡᠶᠢᠳᠡ ᠳᠤ ᠠᠰᠢᠭᠲᠦ ᠴᠢᠨᠡᠷᠲᠡᠢ ᠠᠵᠢᠯ ᠤᠨ ᠪᠠᠶᠢᠷᠢ ᠶᠢ ᠴᠢᠷᠮᠡᠶᠢᠨ ᠨᠡᠭᠡᠭᠡᠵᠦ᠂ | ᠠᠵᠢᠯ ᠤᠯᠬᠤ ᠳᠤ ᠭᠦᠴᠢᠷ ᠭᠦᠮᠦᠰ ᠤᠨ ᠠᠵᠢᠯ ᠤᠯᠭᠤᠯᠲᠠ ᠶᠢ ᠠᠬᠢᠭᠤᠯᠤᠨ᠎ᠠ᠃ ᠨᠡᠶᠢᠭᠡᠮ ᠤᠨ ᠳᠠᠭᠠᠳᠬᠠᠯ ᠤᠨ | ᠪᠦᠷᠭᠦᠴᠡ ᠶᠢ ᠦᠷᠭᠡᠳᠬᠡᠵᠦ᠂ ᠵᠢᠯ ᠤᠨ ᠳᠤᠳᠤᠷ᠎ᠡ 1500 ᠭᠦᠮᠦᠨ ᠳᠠᠭᠠᠳᠬᠠᠯ ᠳᠤ ᠤᠷᠤᠯᠴᠠᠬᠤ ᠶᠢ ᠴᠡᠪᠡᠷ | ᠨᠡᠮᠡᠭᠳᠡᠭᠦᠯᠦᠨ᠎ᠠ︔ ᠬᠤᠲᠠ ᠪᠠᠯᠭᠠᠰᠤᠨ ᠤ ᠠᠵᠢᠯᠴᠢᠨ ᠠᠵᠢᠯᠲᠡᠨ ᠤ ᠡᠮ ᠡᠮᠨᠡᠯᠭᠡ ᠶᠢᠨ ᠳᠠᠭᠠᠳᠬᠠᠯ ᠤᠨ ᠬᠠᠮᠤᠭ | ᠳᠡᠭᠡᠳᠦ ᠲᠦᠯᠦᠪᠦᠷᠢᠯᠡᠬᠦ ᠬᠢᠵᠠᠭᠠᠷ ᠬᠡᠮᠵᠢᠶ᠎ᠡ ᠶᠢ 35 ᠲᠦᠮᠡᠨ ᠲᠦᠭᠦᠷᠢᠭ ᠪᠤᠯᠭᠠᠨ ᠳᠡᠭᠡᠭᠰᠢᠯᠠᠭᠦᠯᠵᠦ᠂ ᠬᠤᠲᠠ | ᠪᠠᠯᠭᠠᠰᠤᠨ ᠤ ᠳᠤᠤᠷᠡᠳᠦ ᠪᠠᠳᠤᠯᠠᠭ᠎ᠠ ᠶᠢᠨ ᠪᠠᠷᠢᠮᠵᠢᠶ᠎ᠠ ᠶᠢ ᠲᠤᠰᠪᠤᠷᠢ ᠰᠠᠷ᠎ᠠ ᠪᠤᠯᠭᠠᠨ 520 ᠲᠦᠭᠦᠷᠢᠭ ᠪᠠ ᠵᠢᠯ | ᠪᠤᠯᠭᠠᠨ 3850 ᠲᠦᠭᠦᠷᠢᠭ ᠪᠤᠯᠭᠠᠨ ᠳᠡᠭᠡᠭᠰᠢᠯᠡᠭᠦᠯᠵᠦ᠂ ᠭᠦᠳᠡᠭᠡ ᠲᠤᠰᠬᠤᠨ ᠤ ᠲᠠᠪᠤᠨ ᠪᠠᠳᠤᠯᠠᠭ᠎ᠠ ᠶᠢᠨ | ᠲᠦᠪᠯᠡᠷᠡᠭᠰᠡᠨ ᠪᠠ ᠪᠤᠲᠠᠷᠠᠬᠠᠢ ᠠᠰᠠᠷᠠᠨ ᠲᠡᠵᠢᠭᠡᠬᠦ ᠪᠠᠷᠢᠮᠵᠢᠶ᠎ᠠ ᠶᠢ ᠵᠢᠯ ᠪᠦᠷᠢ 6700 ᠲᠦᠭᠦᠷᠢᠭ ᠪᠠ 4000 | ᠲᠦᠭᠦᠷᠢᠭ ᠪᠤᠯᠭᠠᠨ ᠳᠡᠭᠡᠭᠰᠢᠯᠡᠭᠦᠯᠵᠦ᠂ ᠦᠷᠭᠦᠯᠵᠢᠯᠡᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯᠴᠢᠨ ᠪᠠ | ᠨᠡᠶᠢᠭᠡᠮ ᠲᠤᠭᠤᠷᠢᠭ ᠤᠨ ᠠᠵᠢᠯᠲᠡᠨ ᠳᠤ 15% ᠪᠠᠷ ᠴᠠᠯᠢᠩ ᠨᠡᠮᠡᠭᠳᠡᠭᠦᠯᠵᠦ᠂ ᠳᠤᠤᠷ᠎ᠡ ᠤᠷᠤᠯᠭ᠎ᠠ ᠲᠠᠢ ᠡᠷᠦᠬᠡ | ᠳᠤ ᠨᠢᠭᠡ ᠲᠤᠨ ᠨᠡᠭᠦᠷᠡᠰᠦ ᠲᠠᠷᠬᠠᠭᠠᠨ ᠦᠭᠭᠦᠨ᠎ᠠ᠃ ᠢᠳᠡᠪᠬᠢᠲᠡᠢ ᠪᠠᠷ ᠪᠡᠯᠨ ᠴᠤᠭᠯᠠᠭᠤᠯᠤᠨ᠂ ᠨᠡᠨ ᠳ᠋ᠠ ᠶᠢᠩᠽᠢ᠂ | ᠯᠢᠤ ᠲᠢᠶᠤᠤ ᠭᠧᠤ ᠵᠡᠷᠭᠡ ᠳᠦᠷᠪᠡᠨ ᠲᠤᠰᠬᠤᠨ ᠳᠤ ︽ᠭᠤᠷᠪᠠ ᠶᠢ ᠲᠤᠰᠬᠤᠨ ᠳᠤ ᠭᠦᠷᠭᠡᠵᠦ᠂ ᠭᠤᠷᠪᠠ ᠶᠢ | ᠡᠷᠦᠬᠡ ᠳᠤ ᠭᠦᠷᠭᠡᠬᠦ︾ ᠨᠠᠷᠢᠯᠢᠭ ᠤᠨᠤᠴᠠᠲᠤ ᠶᠠᠳᠠᠭᠤ ᠶᠢ ᠳᠡᠳᠭᠦᠬᠦ ᠢᠨᠵᠧᠨᠧᠷᠢᠩ ᠢ ᠯᠠᠪᠳᠠᠭᠤᠨ ᠪᠠᠳᠤᠲᠠᠢ | ᠠᠬᠢᠭᠤᠯᠤᠨ᠎ᠠ᠃ ᠪᠠᠳᠤᠯᠠᠭ᠎ᠠ ᠶᠢᠨ ᠴᠢᠨᠡᠷᠲᠡᠢ ᠠᠮᠤᠭᠤᠯᠠᠩ ᠤᠷᠤᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ | ᠴᠢᠩᠭᠠᠳᠬᠠᠵᠦ᠂ ᠨᠡᠶᠢᠳᠡ ᠶᠢᠨ ᠲᠦᠷᠢᠶᠡᠰᠦᠨ ᠭᠡᠷ᠂ ᠬᠢᠮᠳᠠ ᠲᠦᠷᠢᠶᠡᠰᠦᠨ ᠭᠡᠷ 408 ᠢᠵᠢ ᠪᠠᠶᠢᠭᠤᠯᠵᠦ᠂ | ᠬᠠᠭᠤᠴᠢᠨ ᠵᠢᠵᠢᠭ ᠲᠤᠭᠤᠷᠢᠭ ᠢ 51 ᠲᠦᠮᠡᠨ ᠳᠡᠭᠰᠢ ᠳᠦᠷᠪᠡᠯᠵᠢᠨ ᠮᠧᠲᠷ ᠦᠭᠡᠷᠡᠴᠢᠯᠡᠨ ᠵᠠᠰᠠᠬᠤ ᠶᠢ | ᠪᠠᠶᠠᠯᠠᠭᠦᠯᠦᠨ᠎ᠠ᠃ ᠵᠠᠰᠠᠭ ᠤᠨ ᠤᠷᠳᠤᠨ ᠠᠴᠠ ᠬᠤᠳᠠᠯᠳᠤᠨ ᠠᠪᠬᠤ ᠨᠠᠰᠤᠲᠠᠨ ᠢ ᠠᠰᠠᠷᠠᠬᠤ ᠦᠢᠯᠡᠴᠢᠯᠡᠭᠡᠨ ᠤ | ᠠᠵᠢᠯ ᠢ ᠠᠬᠢᠭᠤᠯᠵᠦ᠂ ᠨᠡᠶᠢᠭᠡᠮ ᠤᠨ ᠭᠦᠴᠦᠨ ᠠᠴᠠ ᠪᠡᠯᠨ ᠤᠷᠤᠭᠤᠯᠤᠨ ᠨᠠᠰᠤᠲᠠᠨ ᠢ ᠠᠰᠠᠷᠠᠬᠤ ᠪᠠᠶᠢᠭᠤᠯᠤᠮᠵᠢ | ᠡᠷᠬᠢᠯᠡᠬᠦ ᠶᠢ ᠳᠡᠮᠵᠢᠵᠦ᠂ ᠨᠠᠰᠤᠲᠠᠨ ᠢ ᠠᠰᠠᠷᠠᠬᠤ ᠦᠢᠯᠡᠰ ᠤᠨ ᠲᠦᠷᠭᠡᠨ ᠭᠦᠭᠵᠢᠯᠲᠠ ᠶᠢ ᠠᠬᠢᠭᠤᠯᠤᠨ᠎ᠠ᠃ | ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠠ᠃ ᠰᠢᠨ᠎ᠡ ᠨᠢᠭᠡ ᠡᠭᠡᠯᠵᠢ ᠶᠢᠨ ᠰᠤᠷᠬᠤ ᠨᠠᠰᠤᠨ ᠠᠴᠠ ᠡᠮᠤᠨᠡᠬᠢ ᠰᠤᠷᠭᠠᠨ ᠭᠦᠮᠦᠵᠢᠯ ᠤᠨ | ᠭᠦᠭᠵᠢᠯᠲᠠ ᠶᠢᠨ ᠲᠦᠯᠦᠪᠯᠡᠭᠡ ᠶᠢ ᠬᠡᠷᠡᠭᠵᠢᠭᠦᠯᠵᠦ᠂ ᠠᠯᠪᠠᠨ ᠵᠢᠷᠦᠮ ᠤᠨ ᠰᠤᠷᠭᠠᠨ ᠭᠦᠮᠦᠵᠢᠯ ᠤᠨ ᠲᠡᠩᠴᠡᠭᠦᠷᠢᠲᠡᠢ | ᠭᠦᠭᠵᠢᠯᠲᠠ ᠶᠢᠨ ᠠᠯᠬᠤᠮ ᠢ ᠲᠦᠷᠭᠡᠳᠬᠡᠵᠦ᠂ 5 ᠰᠠᠭᠤᠷᠢ ᠠᠯᠪᠠᠨ ᠠᠴᠠ ᠡᠷᠬᠢᠯᠡᠭᠰᠡᠨ ᠴᠡᠴᠡᠷᠯᠢᠭ ᠪᠠᠶᠢᠭᠤᠯᠵᠦ᠂ | 660 ᠴᠡᠴᠡᠷᠯᠢᠭ ᠶᠢᠨ ᠤᠷᠤᠨ ᠪᠠᠶᠢᠷᠢ ᠶᠢ ᠰᠢᠨ᠎ᠡ ᠪᠠᠷ ᠨᠡᠮᠡᠭᠳᠡᠭᠦᠯᠵᠦ᠂ ᠰᠢᠨ ᠳ᠋ᠢ ᠪᠠᠭ᠎ᠠ ᠰᠤᠷᠭᠠᠭᠤᠯᠢ ᠪᠠ ᠲᠢᠶᠧ | ᠨᠡᠨ ᠪᠠᠭ᠎ᠠ ᠰᠤᠷᠭᠠᠭᠤᠯᠢ ᠶᠢᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ 3 ᠰᠠᠭᠤᠷᠢ ᠰᠤᠷᠭᠠᠭᠤᠯᠢ ᠶᠢᠨ | ᠪᠠᠷᠢᠮᠵᠢᠶᠠᠵᠢᠭᠰᠡᠨ ᠰᠦᠯᠢᠶᠤᠤ ᠭᠤᠮ ᠲᠠᠮᠢᠷ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠶᠢ ᠪᠠᠶᠠᠯᠠᠭᠦᠯᠦᠨ᠎ᠠ︔ | ᠦᠨᠳᠦᠷ ᠳᠤᠮᠳᠠᠳᠦ ᠶᠢᠨ ᠰᠤᠷᠭᠠᠨ ᠭᠦᠮᠦᠵᠢᠯ ᠤᠨ ᠦᠭᠡᠷᠡᠴᠢᠯᠡᠯᠲᠡ ᠶᠢ ᠠᠬᠢᠭᠤᠯᠵᠦ᠂ ᠨᠡᠷᠡᠲᠦ᠂ ᠤᠨᠴᠠᠯᠢᠭᠲᠦ | ᠦᠨᠳᠦᠷ ᠳᠤᠮᠳᠠᠳᠦ ᠰᠤᠷᠭᠠᠭᠤᠯᠢ ᠶᠢ ᠡᠭᠦᠳᠦᠨ ᠪᠠᠶᠢᠭᠤᠯᠤᠨ᠎ᠠ︔ ᠠᠵᠢᠯ ᠮᠡᠷᠭᠡᠵᠢᠯ ᠤᠨ ᠰᠤᠷᠭᠠᠭᠤᠯᠢ ᠶᠢᠨ | ᠬᠢᠴᠢᠶᠠᠯᠠᠯᠭᠡ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠲᠠᠢ ᠢᠵᠢᠯ ᠠᠯᠬᠤᠮ᠂ ᠠᠵᠦ ᠦᠢᠯᠡᠰ | ᠯᠦᠭᠡ ᠶᠢᠨ ᠵᠤᠯᠭᠠᠯᠳᠤᠯ ᠢ ᠪᠠᠶᠠᠯᠠᠭᠦᠯᠵᠦ᠂ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠭᠦᠮᠦᠵᠢᠯ ᠤᠨ | ᠲᠦᠷᠭᠡᠨ ᠭᠦᠭᠵᠢᠯᠲᠠ ᠶᠢ ᠠᠬᠢᠭᠤᠯᠤᠨ᠎ᠠ︔ ᠰᠤᠩᠭᠤᠵᠦ ᠤᠷᠢᠬᠤ ᠤᠶᠠᠯᠳᠤᠭᠰᠡᠨ ᠬᠡᠯᠪᠡᠷᠢ ᠶᠢ ᠠᠪᠴᠤ᠂ ᠪᠠᠭᠰᠢ | ᠶᠢᠨ ᠡᠩᠨᠡᠭᠡᠨ ᠤ ᠪᠦᠳᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠠᠭᠰᠢ ᠶᠢᠨ ᠡᠩᠨᠡᠭᠡᠨ ᠤ ᠪᠦᠭᠦᠯᠢ | ᠴᠤᠭᠴᠠᠳᠦ ᠴᠢᠨᠡᠷ ᠴᠢᠨᠰᠠᠭ᠎ᠠ ᠶᠢ ᠳᠡᠭᠡᠭᠰᠢᠯᠡᠭᠦᠯᠦᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠤᠷᠳᠤᠨ ᠭᠤᠤᠯᠯᠠᠵᠦ᠂ ᠨᠡᠶᠢᠭᠡᠮ ᠤᠷᠤᠯᠴᠠᠭᠰᠡᠨ ᠨᠡᠶᠢᠭᠡᠮ | ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠷᠬᠢᠯᠲᠠ ᠶᠢᠨ ᠬᠡᠪ ᠵᠠᠭᠪᠤᠷ ᠢ | ᠪᠠᠶᠢᠭᠤᠯᠤᠨ ᠲᠡᠭᠦᠯᠳᠡᠷᠵᠢᠭᠦᠯᠦᠨ᠎ᠠ︔ ᠠᠯᠪᠠᠨ ᠠᠴᠠ ᠪᠠᠶᠢᠭᠤᠯᠤᠭᠰᠡᠨ ᠡᠮᠨᠡᠯᠭᠡ ᠶᠢᠨ ᠬᠤᠷᠢᠶᠠᠨ ᠤ ᠨᠦᠭᠦᠪᠦᠷᠢ ᠶᠢᠨ | ᠲᠤᠭᠲᠠᠴᠠ᠂ ᠡᠮᠨᠡᠯᠭᠡ ᠶᠢᠨ ᠳᠠᠭᠠᠳᠬᠠᠯ ᠤᠨ ᠲᠦᠯᠦᠪᠦᠷᠢ ᠶᠢᠨ ᠠᠷᠭ᠎ᠠ ᠮᠠᠶ᠋ᠢᠭ ᠢ ᠦᠭᠡᠷᠡᠴᠢᠯᠡᠵᠦ᠂ ᠠᠯᠪᠠᠨ ᠠᠴᠠ | ᠪᠠᠶᠢᠭᠤᠯᠤᠭᠰᠡᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢ ᠰᠠᠶᠢᠵᠢᠷᠠᠭᠤᠯᠵᠦ᠂ ᠦᠢᠯᠡᠴᠢᠯᠡᠭᠡᠨ ᠤ ᠴᠢᠳᠠᠪᠤᠷᠢ | ᠶᠢ ᠳᠡᠭᠡᠭᠰᠢᠯᠡᠭᠦᠯᠦᠨ᠎ᠠ︔ ᠡᠷᠡᠭᠦᠯ ᠬᠠᠮᠠᠭᠠᠯᠠᠯ ᠤᠨ ᠰᠤᠷᠠᠭ ᠵᠠᠩᠬᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠦ᠂ | ᠭᠤᠷᠪᠠᠳᠤᠭᠠᠷ ᠳᠡᠰ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠢᠭᠡ ᠴᠤᠭᠴᠠᠵᠢᠭᠰᠠᠨ | ᠰᠤᠷᠠᠭ ᠵᠠᠩᠬᠢ ᠶᠢᠨ ᠰᠢᠰᠲ᠋ᠧᠮ ᠢ ᠪᠠᠶᠢᠭᠤᠯᠤᠨ᠎ᠠ︔ ᠬᠤᠶᠠᠳᠤᠭᠠᠷ ᠡᠮᠨᠡᠯᠭᠡ ᠶᠢᠨ ᠬᠤᠷᠢᠶᠠᠨ ᠤ ᠡᠪᠡᠳᠴᠢᠨ ᠦᠵᠡᠭᠦ | ᠠᠰᠠᠷ ᠪᠠᠶᠢᠭᠤᠯᠵᠦ᠂ ᠤᠯᠠᠭᠠᠨᠬᠠᠲᠠ ᠬᠤᠲᠠ ᠶᠢᠨ ᠬᠤᠶᠠᠳᠤᠭᠠᠷ ᠮᠤᠩᠭᠤᠯ ᠬᠢᠲᠠᠳ ᠡᠮᠨᠡᠯᠭᠡ ᠶᠢᠨ ᠬᠤᠷᠢᠶᠠᠨ ᠤ | ᠤᠷᠤᠨ ᠰᠢᠯᠵᠢᠬᠦ ᠰᠢᠨ᠎ᠡ ᠪᠠᠶᠢᠭᠤᠯᠤᠯᠲᠠ ᠪᠠ ᠡᠮᠡᠭᠳᠡᠶᠢᠴᠤᠳ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ | ᠤᠨ ᠤᠷᠤᠨ ᠰᠢᠯᠵᠢᠬᠦ ᠠᠵᠢᠯ ᠢ ᠡᠮᠬᠢ ᠲᠢᠭᠯᠢᠮ ᠲᠠᠢ ᠠᠬᠢᠭᠤᠯᠤᠨ᠎ᠠ᠃ ᠪᠡᠭᠡᠵᠢᠩ ᠤᠨ ᠬᠢᠲᠠᠳ ᠡᠮᠨᠡᠯᠭᠡ ᠶᠢᠨ ᠶᠡᠭᠡ | ᠰᠤᠷᠭᠠᠭᠤᠯᠢ ᠶᠢᠨ ᠭᠦᠸᠧ ᠢ ᠲᠠᠩ ᠲᠦᠷᠦᠯ ᠵᠦᠢᠯ ᠢ ᠭᠦᠴᠦᠯᠡᠨ ᠲᠠᠲᠠᠵᠦ᠂ ᠤᠯᠠᠨ ᠲᠦᠮᠡᠨ ᠤ ᠡᠪᠡᠳᠴᠢᠨ | ᠦᠵᠡᠭᠦᠯᠭᠦ ᠨᠦᠭᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ ᠲᠦᠯᠦᠪᠯᠡᠭᠡᠲᠦ ᠦᠷᠡᠵᠢᠯ ᠤᠨ ᠦᠨᠳᠦᠰᠦᠨ | ᠤᠯᠤᠰ ᠤᠨ ᠪᠤᠳᠤᠯᠭ᠎ᠠ ᠶᠢ ᠪᠠᠷᠢᠮᠲᠡᠯᠡᠵᠦ᠂ ᠠᠷᠠᠳ ᠢ ᠬᠠᠷᠠᠭᠠᠯᠵᠠᠬᠤ ᠡᠯ᠎ᠡ ᠲᠦᠷᠦᠯ ᠤᠨ ᠲᠦᠯᠦᠪᠯᠡᠭᠡᠲᠦ ᠦᠷᠡᠵᠢᠯ | ᠤᠨ ᠲᠦᠷᠦ ᠶᠢᠨ ᠪᠤᠳᠤᠯᠭ᠎ᠠ ᠶᠢ ᠨᠡᠶᠢᠳᠡᠪᠦᠷᠢᠵᠢᠭᠤᠯᠤᠨ᠎ᠠ᠃ ᠢᠳᠡᠭᠡᠨ ᠡᠮ ᠤᠨ ᠵᠦᠢᠯ ᠤᠨ ᠠᠮᠤᠷ ᠲᠦᠪᠰᠢᠨ ᠤ | ᠶᠡᠷᠦᠩᠭᠡᠢ ᠴᠤᠭᠴᠠ ᠶᠢᠨ ᠬᠢᠷᠢ ᠬᠡᠮᠵᠢᠶ᠎ᠡ ᠶᠢ ᠠᠭᠠᠵᠢᠮ ᠢᠶᠠᠷ ᠳᠡᠭᠡᠭᠰᠢᠯᠡᠭᠦᠯᠵᠦ᠂ ᠢᠳᠡᠭᠡᠨ ᠡᠮ ᠤᠨ ᠵᠦᠢᠯ ᠤᠨ | ᠠᠮᠤᠷ ᠲᠦᠪᠰᠢᠨ ᠬᠤᠩᠱᠠᠨ ᠢ ᠪᠦᠳᠦᠭᠡᠨ ᠪᠠᠶᠢᠭᠤᠯᠤᠨ᠎ᠠ᠃ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠦ᠂ ᠬᠤᠩᠱᠠᠨ ᠰᠤᠶᠤᠯ ᠤᠨ ᠠᠵᠢᠯᠯᠠᠭᠠᠨ ᠤ ᠲᠦᠪ ᠢ ᠪᠠᠶᠢᠭᠤᠯᠵᠦ᠂ | ᠠᠷᠠᠳ ᠤᠯᠠᠨ ᠳᠤ ᠦᠨ᠎ᠡ ᠲᠦᠯᠦᠪᠤᠷᠢ ᠦᠭᠡᠢ ᠪᠠᠷ ᠴᠢᠯᠦᠭᠡᠲᠡᠢ ᠨᠡᠭᠡᠭᠡᠨ᠎ᠠ︔ ᠰᠤᠶᠤᠯ ᠤᠨ ᠬᠠᠭᠤᠴᠢᠳ ᠢ | ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠵᠦ᠂ ᠬᠤᠩᠱᠠᠨ ᠰᠤᠶᠤᠯ ᠤᠨ ᠦᠵᠡᠰᠭᠦᠯᠡᠩ ᠤᠨ ᠲᠦᠪ ᠪᠠ ᠡᠯ ᠳ᠋ᠤᠤ | ᠵᠢᠩᠽᠢ ᠶᠢᠨ ᠬᠠᠭᠤᠴᠢᠳ ᠢ ᠬᠠᠮᠠᠭᠠᠯᠠᠵᠦ ᠲᠡᠯᠭᠡᠨ ᠦᠵᠡᠭᠦᠯᠬᠦ ᠤᠷᠳᠤᠨ ᠤ ᠪᠠᠶᠢᠭᠤᠯᠤᠯᠲᠠ ᠶᠢ ᠲᠦᠷᠭᠡᠳᠬᠡᠵᠦ᠂ | ᠬᠤᠩᠱᠠᠨ ᠰᠤᠶᠤᠯ ᠤᠨ ᠬᠠᠭᠤᠴᠢᠳ ᠢ ᠬᠠᠭᠤᠴᠢ ᠰᠤᠶᠤᠯ ᠢᠶᠠᠷ ᠭᠤᠶᠤᠴᠢᠯᠠᠬᠤ ᠠᠵᠢᠯ ᠢ ᠲᠤᠭᠲᠠᠭᠤᠨ ᠢᠶᠠᠷ | ᠠᠬᠢᠭᠤᠯᠤᠨ᠎ᠠ᠃ ᠪᠦᠭᠦ ᠠᠷᠠᠳ ᠤᠨ ᠪᠠᠶ᠎ᠠ ᠴᠢᠬᠢᠷᠠᠭᠵᠢᠭᠤᠯᠬᠤ ᠠᠵᠢᠯᠯᠠᠭᠠᠨ ᠢ ᠶᠡᠬᠡᠪᠡᠷ ᠦᠷᠨᠢᠭᠦᠯᠵᠦ᠂ ᠤᠯᠠᠨ | ᠲᠦᠮᠡᠨᠴᠢ ᠪᠠᠶ᠎ᠠ ᠲᠠᠮᠢᠷ ᠪᠠ ᠦᠷᠢᠰᠦᠯᠳᠦᠭᠡᠨ ᠤ ᠪᠠᠶ᠎ᠠ ᠲᠠᠮᠢᠷ ᠤᠨ ᠵᠤᠬᠢᠴᠠᠩᠭᠤᠢ ᠭᠦᠭᠵᠢᠯᠲᠠ ᠶᠢ ᠠᠬᠢᠭᠤᠯᠤᠨ᠎ᠠ᠃ | ︵ᠲᠠᠪᠤ︶ ᠵᠠᠰᠠᠭ ᠤᠨ ᠤᠷᠳᠤᠨ ᠤ ᠡᠭᠦᠷᠭᠡ ᠴᠢᠳᠠᠮᠵᠢ ᠶᠢᠨ ᠬᠤᠪᠢᠷᠠᠭᠤᠯᠤᠯᠲᠠ ᠶᠢ ᠲᠦᠷᠭᠡᠳᠬᠡᠵᠦ᠂ | ᠨᠡᠶᠢᠭᠡᠮ ᠤᠨ ᠵᠠᠰᠠᠨ ᠴᠡᠭᠴᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠠ | ᠠᠷᠠᠳᠴᠢᠯᠠᠯᠲᠦ ᠬᠠᠤᠯᠢ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠳᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠦ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠪᠠ ᠬᠠᠤᠯᠢ ᠪᠠᠷ ᠵᠠᠰᠠᠬᠤ ᠨᠡᠶᠢᠭᠡᠮ ᠤᠨ ᠨᠢᠭᠡ | ᠴᠤᠭᠴᠠᠵᠢᠭᠰᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠤᠨ᠎ᠠ᠃ ︽ᠵᠢᠷᠭᠤᠭ᠎ᠠ ᠲᠠᠪᠤ︾ ᠶᠢᠨ ᠬᠠᠤᠯᠢ | ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠪᠠᠶᠠᠯᠠᠭᠦᠯᠵᠦ᠂ ᠬᠠᠤᠯᠢ ᠮᠡᠳᠡᠬᠦ ᠬᠠᠤᠯᠢ ᠶᠢ ᠰᠠᠬᠢᠬᠤ᠂ ᠬᠠᠤᠯᠢ | ᠶᠤᠰᠤᠭᠠᠷ ᠤᠴᠢᠷ ᠶᠠᠪᠤᠳᠠᠯ ᠭᠦᠢᠴᠡᠳᠬᠡᠬᠦ ᠰᠢᠯᠢᠳᠡᠭ ᠰᠠᠶᠢᠨ ᠨᠡᠶᠢᠭᠡᠮ ᠤᠨ ᠤᠷᠴᠢᠨ ᠲᠤᠭᠤᠷᠢᠨ ᠢ ᠡᠭᠦᠳᠦᠨ᠎ᠠ᠃ | ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠦᠮᠯᠠᠬᠤ ᠶᠢ ᠵᠠᠰᠠᠭ ᠶᠠᠪᠤᠭᠤᠯᠬᠤ ᠶᠢᠨ ᠦᠨᠳᠦᠰᠦᠨ ᠵᠠᠷᠴᠢᠮ | ᠪᠤᠯᠭᠠᠵᠦ᠂ ᠬᠠᠤᠯᠢ ᠶᠤᠰᠤᠭᠠᠷ ᠰᠢᠢᠳᠪᠦᠷᠢᠲᠦ ᠪᠤᠳᠤᠯᠭ᠎ᠠ ᠲᠤᠭᠲᠠᠭᠠᠬᠤ ᠵᠤᠬᠢᠴᠠᠮᠵᠢ ᠶᠢ ᠪᠦᠷᠢᠨᠰᠢᠭᠦᠯᠵᠦ᠂ ᠬᠠᠤᠯᠢ | ᠳᠤ ᠲᠤᠭᠲᠠᠭᠰᠡᠨ ᠬᠠᠷᠢᠭᠤᠴᠠᠯᠭ᠎ᠠ ᠶᠢ ᠡᠷᠬᠡᠪᠰᠢ ᠪᠠᠶᠠᠯᠠᠭᠦᠯᠵᠦ᠂ ᠬᠠᠤᠯᠢ ᠪᠠᠷ ᠤᠯᠭᠤᠭᠰᠡᠨ ᠦᠭᠡᠢ ᠡᠷᠬᠡ ᠶᠢ ᠦᠯᠦ | ᠬᠡᠷᠡᠭᠯᠡᠬᠦ ᠶᠢ ᠪᠠᠶᠠᠯᠠᠭᠦᠯᠦᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠡᠨ ᠤ ᠭᠦᠮᠦᠵᠢᠯ ᠬᠠᠮᠢᠶᠠᠷᠤᠯᠲᠠ | ᠶᠢ ᠴᠢᠩᠭᠠᠳᠬᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠯᠠᠭᠠᠨ ᠢ ᠤᠯᠠᠮ ᠨᠢᠭᠡ ᠠᠯᠬᠤᠮ | ᠳᠦᠷᠢᠮᠵᠢᠭᠦᠯᠦᠨᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠡᠯᠲᠡ ᠪᠠ | ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠲᠦ ᠬᠢᠨᠡᠯᠲᠡ ᠶᠢ ᠤᠬᠠᠮᠰᠠᠷ ᠠᠴᠠ ᠪᠠᠨ ᠭᠦᠯᠢᠶᠡᠵᠦ᠂ ᠡᠯ᠎ᠡ | ᠠᠷᠠᠳᠴᠢᠯᠠᠭᠰᠡᠨ ᠨᠡᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠡᠮ ᠪᠦᠯᠦᠭ ᠤᠨ ᠪᠤᠰᠤ ᠭᠦᠮᠦᠰ | ᠪᠠ ᠠᠷᠠᠳ ᠤᠨ ᠪᠦᠯᠭᠦᠮ ᠤᠨ ᠰᠠᠨᠠᠯ ᠰᠠᠨᠠᠭᠤᠯᠭ᠎ᠠ ᠶᠢ ᠬᠢᠨᠠᠮᠠᠭᠠᠢ ᠰᠤᠨᠤᠰᠴᠤ᠂ ᠲᠤᠭᠲᠠᠭᠰᠡᠨ ᠬᠤᠭᠤᠴᠠᠭ᠎ᠠ ᠲᠠᠢ | ᠪᠠᠷ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠠᠵᠢᠯ ᠢᠶᠠᠨ ᠬᠠᠷᠢᠭᠤ ᠮᠡᠳᠡᠭᠦᠯᠵᠦ᠂ | ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠳᠤ ᠪᠠᠶᠢᠳᠠᠯ ᠢᠶᠠᠨ ᠮᠡᠳᠡᠭᠡᠯᠡᠵᠦ᠂ ᠠᠷᠠᠳ ᠤᠨ ᠲᠦᠯᠦᠭᠡᠯᠡᠭᠴᠢᠳ | ᠤᠨ ᠰᠠᠨᠠᠯ ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ ᠬᠡᠰᠢᠭᠦᠳ ᠤᠨ ᠰᠠᠨᠠᠯ ᠳᠤᠷᠠᠳᠤᠯᠭ᠎ᠠ ᠶᠢ | ᠦᠨᠳᠦᠷ ᠴᠢᠨᠡᠷ ᠴᠢᠨᠰᠠᠭ᠎ᠠ ᠲᠠᠢ ᠪᠠᠷ ᠰᠠᠶᠢᠳᠦᠷ ᠭᠦᠢᠴᠡᠳᠬᠡᠨ᠎ᠠ᠃ ᠵᠠᠰᠠᠭ ᠤᠨ ᠶᠠᠪᠤᠳᠠᠯ ᠢ ᠢᠯᠨ ᠪᠠᠶᠢᠯᠭᠠᠬᠤ ᠶᠢ | ᠭᠦᠨᠵᠡᠭᠡᠶᠢᠷᠡᠭᠦᠯᠵᠦ᠂ ᠰᠤᠷᠠᠭ ᠵᠠᠩᠬᠢ ᠶᠢ ᠨᠡᠶᠢᠳᠡᠯᠡᠬᠦ ᠪᠠ ᠲᠦᠷᠦ ᠶᠢᠨ ᠪᠤᠳᠤᠯᠭ᠎ᠠ ᠶᠢ ᠤᠩᠰᠢᠨ ᠲᠡᠶᠢᠯᠪᠦᠷᠢᠯᠠᠬᠤ | ᠲᠤᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠤᠯᠠᠨ ᠲᠦᠮᠡᠨ ᠤ ᠶᠡᠷᠢᠶ᠎ᠡ ᠬᠡᠯᠡᠯᠴᠡᠭᠡᠨ ᠤ | ᠬᠢᠨᠡᠯᠲᠠ ᠶᠢ ᠭᠦᠳᠡᠯᠦᠩᠭᠦᠢ ᠪᠠᠷ ᠭᠦᠯᠢᠶᠡᠨ᠎ᠡ᠃ ᠦᠨᠳᠦᠰᠦᠨ ᠱᠠᠳᠤᠨ ᠤ ᠠᠷᠠᠳᠴᠢᠯᠠᠯ ᠤᠨ ᠪᠠᠶᠢᠭᠤᠯᠤᠯᠲᠠ ᠶᠢ | ᠴᠢᠩᠭᠠᠳᠬᠠᠵᠦ᠂ ᠶᠢᠰᠦᠳᠦᠭᠡᠷ ᠬᠤᠭᠤᠴᠠᠭᠠᠨ ᠤ ᠲᠤᠰᠬᠤᠨ ᠤ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ | ᠶᠢ ᠬᠠᠤᠯᠢ ᠶᠤᠰᠤᠭᠠᠷ ᠭᠦᠢᠴᠡᠳᠬᠡᠨ᠎ᠠ᠃ | ᠨᠡᠶᠢᠭᠡᠮ ᠤᠨ ᠵᠠᠰᠠᠨ ᠴᠡᠭᠴᠡᠯᠡᠬᠦ ᠠᠷᠭ᠎ᠠ ᠮᠠᠶ᠋ᠢᠭ ᠢ ᠰᠠᠶᠢᠵᠢᠷᠠᠭᠤᠯᠤᠨ᠎ᠠ᠃ ᠡᠭᠦᠯᠡᠨ ᠪᠤᠳᠤᠯᠲᠠ ᠶᠢᠨ | ᠰᠤᠷᠠᠭ ᠵᠠᠩᠬᠢᠵᠢᠯᠲᠠ ᠶᠢᠨ ᠲᠠᠪᠴᠠᠩ ᠳᠤ ᠲᠦᠰᠢᠭᠯᠡᠨ᠂ ᠳᠤᠳᠤᠭᠠᠳᠦ ᠶᠢ ᠬᠠᠮᠠᠭᠠᠯᠠᠬᠤ᠂ ᠠᠷᠠᠳ ᠤᠨ ᠶᠠᠪᠤᠳᠠᠯ | ᠪᠠ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠤᠨ ᠰᠤᠷᠠᠭ ᠵᠠᠩᠬᠢ ᠶᠢᠨ ᠡᠬᠢ ᠪᠠᠶᠠᠯᠢᠭ ᠢ | ᠴᠤᠮᠬᠠᠳᠬᠠᠵᠦ᠂ ᠤᠶᠤᠨᠴᠢ ᠨᠡᠶᠢᠭᠡᠮ ᠲᠤᠭᠤᠷᠢᠭ᠂ ᠤᠶᠤᠨᠴᠢ ᠬᠤᠲᠠ ᠶᠢᠨ ᠪᠠᠶᠢᠭᠤᠯᠤᠯᠲᠠ ᠶᠢ ᠠᠬᠢᠭᠤᠯᠤᠨ᠎ᠠ︔ | ᠪᠤᠯᠪᠠᠰᠤᠨ ᠬᠤᠲᠠ ᠶᠢ ᠡᠭᠦᠳᠦᠨ ᠪᠠᠶᠢᠭᠤᠯᠬᠤ ᠲᠤᠷᠰᠢᠯᠭ᠎ᠠ ᠶᠢ ᠳ᠋ᠦᠩᠨᠡᠵᠦ᠂ ᠡᠳᠦᠷ ᠳᠤᠳᠤᠮ ᠤᠨ ᠬᠢᠨᠡᠨ | ᠬᠠᠮᠢᠶᠠᠷᠤᠯᠲᠠ ᠪᠠ ᠲᠤᠰᠬᠠᠢ ᠲᠦᠷᠦᠯ ᠢᠶᠠᠷ ᠵᠠᠰᠠᠨ ᠴᠡᠭᠴᠡᠯᠡᠬᠦ ᠬᠠᠷᠢᠯᠴᠠᠨ ᠤᠶᠠᠯᠳᠤᠭᠰᠡᠨ ᠬᠤᠲᠠ ᠶᠢᠨ | ᠨᠠᠷᠢᠯᠢᠭᠵᠢᠭᠰᠡᠨ ᠬᠠᠮᠢᠶᠠᠷᠤᠯᠲᠠ ᠶᠢᠨ ᠵᠤᠬᠢᠴᠠᠮᠵᠢ ᠶᠢ ᠲᠡᠭᠦᠯᠳᠡᠷᠵᠢᠭᠦᠯᠵᠦ᠂ ᠬᠤᠲᠠ ᠶᠢᠨ ᠳᠦᠷᠢ ᠳᠦᠷᠬᠦ ᠶᠢ | ᠪᠦᠳᠦᠮᠵᠢᠲᠠᠢ ᠳᠡᠭᠡᠭᠰᠢᠯᠡᠭᠦᠯᠦᠨ᠎ᠠ᠃ ᠦᠨᠳᠦᠰᠦᠨ ᠱᠠᠳᠤᠨ ᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠢᠭᠡ ᠵᠦᠪᠯᠡᠯ ᠨᠢᠭᠡ ᠦᠷᠲᠡᠭᠡ N ᠰᠠᠭᠤᠴᠠ ᠨᠢᠭᠡ | ᠦᠷᠦᠭᠡ︾ ᠶᠢᠨ ᠵᠡᠭᠡᠯᠢ ᠭᠤᠳᠤᠮᠵᠢ ᠨᠡᠶᠢᠭᠡᠮ ᠲᠤᠭᠤᠷᠢᠭ ᠤᠨ ᠬᠠᠮᠢᠶᠠᠷᠤᠯᠲᠠ ᠶᠢᠨ ᠬᠡᠪ ᠵᠠᠭᠪᠤᠷ ᠤᠨ ᠪᠦᠷᠭᠦᠭᠦ | ᠬᠡᠪᠴᠢᠶ᠎ᠡ ᠶᠢ ᠦᠷᠭᠡᠳᠬᠡᠵᠦ᠂ ᠨᠡᠶᠢᠭᠡᠮ ᠲᠤᠭᠤᠷᠢᠭ ᠤᠨ ᠠᠷᠠᠳ ᠲᠦᠮᠡᠨ ᠳᠤ ᠦᠢᠯᠡᠴᠢᠯᠡᠬᠦ ᠴᠢᠳᠠᠮᠵᠢ ᠶᠢ | ᠳᠡᠭᠡᠭᠰᠢᠯᠡᠭᠦᠯᠦᠨ᠎ᠠ︔ ᠰᠢᠨ᠎ᠡ ᠪᠠᠷ ᠪᠠᠶᠢᠭᠤᠯᠬᠤ᠂ ᠦᠭᠡᠷᠡᠴᠢᠯᠡᠨ ᠪᠠᠶᠢᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ | ᠵᠢᠯ ᠤᠨ ᠳᠤᠳᠤᠷ᠎ᠡ 4 ᠰᠠᠭᠤᠷᠢ ᠪᠠᠷᠢᠮᠵᠢᠶᠠᠵᠢᠭᠰᠡᠨ ᠨᠡᠶᠢᠭᠡᠮ ᠲᠤᠭᠤᠷᠢᠭ ᠢ ᠰᠢᠨ᠎ᠡ ᠪᠠᠷ ᠨᠡᠮᠡᠭᠳᠡᠭᠦᠯᠵᠦ᠂ ᠨᠡᠶᠢᠭᠡᠮ | ᠲᠤᠭᠤᠷᠢᠭ ᠤᠨ ᠦᠢᠯᠡᠴᠢᠯᠡᠭᠡᠨ ᠤ ᠨᠦᠭᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠷᠠᠳ ᠤᠨ ᠡᠶᠡᠳᠡᠭᠦᠯᠭᠡ᠂ | ᠵᠠᠰᠠᠭ ᠵᠠᠬᠢᠷᠭᠠᠨ ᠤ ᠡᠶᠡᠳᠡᠭᠦᠯᠭᠡ᠂ ᠬᠠᠤᠯᠢ ᠴᠠᠭᠠᠵᠠ ᠶᠢᠨ ᠡᠶᠡᠳᠡᠭᠦᠯᠭᠡ ᠬᠠᠷᠢᠯᠴᠠᠨ ᠵᠠᠯᠭᠠᠯᠳᠤᠭᠰᠡᠨ ᠶᠡᠭᠡ | ᠡᠶᠡᠳᠡᠭᠦᠯᠭᠡ ᠶᠢᠨ ᠵᠤᠬᠢᠴᠠᠮᠵᠢ ᠶᠢ ᠲᠡᠭᠦᠯᠳᠡᠷᠵᠢᠭᠦᠯᠵᠦ᠂ ᠨᠡᠶᠢᠭᠡᠮ ᠤᠨ ᠵᠦᠷᠢᠴᠡᠯ ᠢ ᠢᠳᠡᠪᠬᠢᠲᠡᠢ ᠨᠡᠮᠳᠠᠭᠤᠯᠤᠨᠠ︔ | ᠲᠤᠭᠤᠷᠢᠭ ᠤᠨ ᠬᠤᠯᠪᠤᠭᠠᠯᠠᠭᠰᠡᠨ ᠵᠠᠬᠢᠳᠠᠯ ᠰᠤᠷᠪᠤᠯᠵᠢᠯᠠᠭ᠎ᠠ ᠭᠦᠯᠢᠶᠡᠨ ᠠᠪᠬᠤ ᠲᠦᠪ ᠤᠨ ᠡᠭᠦᠷᠭᠡ ᠴᠢᠳᠠᠯ ᠢ | ᠦᠷᠭᠡᠳᠬᠡᠵᠦ᠂ ᠬᠠᠤᠯᠢ ᠵᠠᠷᠭᠤ ᠳᠤ ᠬᠤᠯᠪᠤᠭᠳᠠᠭᠰᠡᠨ ᠵᠠᠬᠢᠳᠠᠯ ᠰᠤᠷᠪᠤᠯᠵᠢᠯᠠᠭ᠎ᠠ ᠭᠦᠯᠢᠶᠡᠨ ᠠᠪᠬᠤ ᠲᠦᠪ᠂ ᠤᠯᠠᠨ | ᠲᠦᠮᠡᠨ ᠤ ᠭᠤᠮᠤᠳᠠᠯ ᠲᠤᠭᠠᠴᠢᠯ ᠢ ᠲᠤᠬᠢᠷᠠᠭᠤᠯᠤᠨ ᠰᠢᠢᠳᠪᠦᠷᠢᠯᠡᠬᠦ ᠲᠦᠪ᠂ ᠬᠠᠤᠯᠢ ᠴᠠᠭᠠᠵᠠ ᠶᠢᠨ ᠲᠤᠰᠠᠯᠠᠮᠵᠢ | ᠶᠢᠨ ᠲᠦᠪ ᠢ ᠨᠡᠮᠡᠨ ᠪᠠᠶᠢᠭᠤᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠬᠠᠤᠯᠢ ᠶᠤᠰᠤᠭᠠᠷ | ᠳᠦᠷᠢᠮᠵᠢᠭᠦᠯᠵᠦ᠂ ᠤᠯᠠᠨ ᠲᠦᠮᠡᠨ ᠢ ᠬᠠᠤᠯᠢ ᠶᠤᠰᠤᠭᠠᠷ᠂ ᠤᠶᠤᠨᠴᠢ ᠪᠠᠷ ᠭᠤᠮᠤᠳᠠᠯ ᠲᠤᠭᠠᠴᠢᠯ ᠢᠶᠠᠨ ᠢᠯᠡᠳᠬᠡᠬᠦ | ᠶᠢ ᠭᠦᠳᠦᠯᠦᠨ ᠵᠢᠯᠦᠭᠤᠳᠤᠨ᠎ᠠ᠃ ᠠᠶᠤᠯᠭᠦᠢ ᠦᠢᠯᠡᠳᠪᠦᠷᠢᠯᠡᠯ ᠤᠨ ︽ᠨᠡᠮ ᠵᠠᠰᠠᠭ ᠬᠠᠮᠳᠦᠪᠡᠷ ᠬᠠᠷᠢᠭᠤᠴᠠᠵᠦ᠂ | ᠨᠢᠭᠡ ᠪᠠᠶᠢᠷᠢ ᠶᠢᠨ ᠬᠤᠤᠰ ᠬᠠᠷᠢᠭᠤᠴᠠᠯᠭ᠎ᠠ︾ ᠶᠢ ᠨᠡᠶᠢᠳᠡᠪᠦᠷᠢᠵᠢᠭᠤᠯᠵᠦ᠂ ᠭᠤᠤᠯᠳᠠᠯᠭ᠎ᠠ ᠲᠠᠢ ᠠᠵᠢᠯ ᠲᠦᠷᠦᠯ ᠪᠠ | ᠭᠦᠷᠢᠶᠡᠨ ᠳᠠᠬᠢ ᠳᠠᠯᠲᠠ ᠭᠡᠮ ᠢ ᠵᠢᠭᠰᠠᠭᠠᠨ ᠪᠠᠶᠢᠴᠠᠭᠠᠵᠦ ᠵᠠᠰᠠᠨ ᠴᠡᠭᠴᠡᠯᠡᠬᠦ ᠭᠦᠴᠦᠯᠡᠴᠡ ᠶᠢ ᠨᠡᠮᠡᠭᠳᠡᠭᠦᠯᠵᠦ᠂ | ᠬᠠᠤᠯᠢ ᠳᠦᠷᠢᠮ ᠵᠦᠷᠢᠴᠡᠨ ᠦᠢᠯᠡᠳᠪᠦᠷᠢᠯᠡᠬᠦ ᠠᠵᠢᠯᠯᠠᠭ᠎ᠠ ᠳᠤ ᠭᠦᠴᠦᠲᠡᠢ ᠴᠤᠬᠢᠯᠲᠠ ᠦᠭᠴᠦ᠂ ᠴᠢᠬᠤᠯᠨ ᠤᠨᠴᠠ | ᠶᠡᠭᠡ ᠬᠡᠷᠡᠭ ᠡᠭᠦᠰᠬᠦ ᠶᠢ ᠡᠷᠡᠰ ᠬᠤᠷᠢᠭᠯᠠᠨ᠎ᠠ᠃ ᠠᠮᠤᠷ ᠢ ᠬᠠᠮᠠᠭᠠᠯᠠᠬᠤ ᠲᠤᠰᠬᠠᠢ ᠲᠦᠷᠦᠯ ᠢᠶᠠᠷ ᠵᠠᠰᠠᠨ ᠴᠡᠭᠴᠡᠯᠡᠬᠦ | ᠠᠵᠢᠯᠯᠠᠭᠠᠨ ᠢ ᠵᠤᠬᠢᠶᠠᠨ ᠪᠠᠶᠢᠭᠤᠯᠤᠨ ᠦᠷᠨᠢᠭᠦᠯᠵᠦ᠂ ᠠᠮᠤᠷ ᠢ ᠬᠠᠮᠠᠭᠠᠯᠠᠬᠤ ᠡᠮᠬᠢ ᠲᠢᠭᠯᠢᠮ ᠦᠷᠭᠦᠯᠵᠢᠯᠡᠨ | ᠲᠤᠭᠲᠠᠭᠤᠨ ᠪᠠᠶᠢᠬᠤ ᠶᠢ ᠪᠠᠳᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠲᠠᠪᠴᠠᠩ ᠪᠠ ᠪᠠᠴᠢᠮ ᠪᠠᠶᠢᠳᠠᠯ ᠢ | ᠠᠷᠭᠠᠴᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠦ᠂ ᠪᠠᠴᠢᠮ ᠪᠠᠶᠢᠳᠠᠯ ᠢ ᠠᠷᠭᠠᠴᠠᠬᠤ ᠪᠠᠳᠤᠯᠠᠭ᠎ᠠ ᠪᠠ | ᠠᠪᠤᠷᠠᠨ ᠳᠡᠳᠭᠦᠭᠦ ᠴᠢᠳᠠᠪᠤᠷᠢ ᠶᠢ ᠳᠡᠭᠡᠭᠰᠢᠯᠡᠭᠦᠯᠦᠨ᠎ᠠ᠃ ᠨᠡᠶᠢᠭᠡᠮ ᠵᠢᠷᠦᠮᠳᠦ ᠭᠤᠤᠯᠯᠠᠭᠴᠢ ᠦᠷᠲᠡᠭ ᠤᠨ ᠦᠵᠡᠯᠲᠡ | ᠶᠢ ᠦᠢᠯᠡᠳᠦᠯᠭᠡᠵᠢᠭᠦᠯᠬᠦ ᠶᠢᠨ ᠲᠤᠭᠤᠷᠢᠨ ᠳᠤ᠂ ᠤᠶᠤᠨ ᠤ ᠪᠤᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠎ᠠ᠃ | ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠵᠠᠰᠠᠨ ᠴᠡᠭᠴᠡᠯᠡᠬᠦ ᠬᠠᠤᠯᠢ ᠳᠦᠷᠢᠮᠵᠢᠯᠲᠠ ᠶᠢ ᠯᠠᠪᠳᠠᠭᠤᠨ | ᠠᠬᠢᠭᠤᠯᠵᠦ᠂ ᠦᠨᠳᠦᠰᠦᠲᠡᠨ ᠱᠠᠰᠢᠨ ᠰᠤᠷᠲᠠᠬᠤᠨ ᠤ ᠡᠯ᠎ᠡ ᠲᠦᠷᠦᠯ ᠤᠨ ᠠᠵᠢᠯ ᠢ ᠰᠠᠶᠢᠳᠦᠷ ᠬᠢᠵᠦ᠂ ᠡᠯ᠎ᠡ | ᠦᠨᠳᠦᠰᠦᠲᠡᠨ ᠤ ᠬᠠᠮᠳᠦᠪᠡᠷ ᠴᠡᠴᠡᠭᠯᠡᠨ ᠭᠦᠭᠵᠢᠬᠦ ᠶᠢ ᠠᠬᠢᠭᠤᠯᠤᠨ᠎ᠠ᠃ ᠬᠤᠶᠠᠷ ᠢ ᠭᠦᠷᠢᠶᠡᠯᠡᠵᠦ ᠬᠠᠮᠳᠦᠪᠡᠷ | ᠪᠠᠶᠢᠭᠤᠯᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠤᠯᠤᠰ ᠤᠨ ᠬᠤᠶᠠᠷ ᠢ | ᠭᠦᠷᠢᠶᠡᠯᠡᠬᠦ ᠵᠢᠱᠢᠶᠡᠴᠢ ᠬᠤᠲᠠ ᠶᠢᠨ ︽ᠨᠠᠢᠮᠠᠨ ᠵᠢᠯ ᠦᠷᠭᠦᠯᠵᠢᠯᠡᠨ ᠲᠡᠷᠢᠭᠦᠨ ᠪᠤᠯᠬᠤ︾ ᠶᠢ ᠪᠠᠶᠠᠯᠠᠭᠦᠯᠦᠨ᠎ᠠ᠃ | ᠦᠢᠯᠡᠴᠢᠯᠡᠭᠡᠨ ᠤ ᠬᠡᠯᠪᠡᠷᠢᠲᠦ ᠪᠠ ᠴᠢᠳᠠᠮᠵᠢᠲᠦ ᠬᠡᠯᠪᠡᠷᠢ ᠶᠢᠨ ᠵᠠᠰᠠᠭ ᠤᠨ ᠤᠷᠳᠤᠨ ᠢ ᠪᠦᠳᠦᠭᠡᠨ | ᠪᠠᠶᠢᠭᠤᠯᠤᠨ᠎ᠠ᠃ ᠵᠠᠰᠠᠭ ᠤᠨ ᠤᠷᠳᠤᠨ ᠪᠠ ᠵᠠᠬ᠎ᠠ ᠳᠡᠯᠭᠡᠭᠦᠷ ᠤᠨ ᠵᠠᠭᠠᠭ ᠬᠢᠵᠠᠭᠠᠷ ᠢ ᠬᠢᠨᠡᠨ ᠲᠤᠭᠲᠠᠭᠠᠵᠦ᠂ ᠵᠠᠰᠠᠭ | ᠤᠨ ᠤᠷᠳᠤᠨ ᠤ ᠠᠵᠢᠯ ᠤᠨ ᠭᠦᠴᠦᠯᠡᠴᠡ ᠴᠢᠭ ᠢ ᠤᠯᠠᠮ ᠨᠢᠭᠡ ᠠᠯᠬᠤᠮ ᠰᠢᠯᠢᠳᠡᠭ ᠰᠠᠶᠢᠨ ᠭᠦᠭᠵᠢᠯᠲᠠ ᠶᠢᠨ | ᠤᠷᠴᠢᠨ ᠲᠤᠭᠤᠷᠢᠨ ᠢ ᠡᠭᠦᠳᠬᠦ ᠪᠠ ᠰᠢᠯᠢᠳᠡᠭ ᠰᠠᠶᠢᠨ ᠤᠯᠠᠨ ᠨᠡᠶᠢᠳᠡ ᠶᠢᠨ ᠦᠢᠯᠡᠴᠢᠯᠡᠭᠡᠨ ᠢ ᠬᠠᠩᠭᠠᠬᠤ ᠳᠡᠭᠡᠷ᠎ᠡ | ᠰᠢᠯᠵᠢᠭᠦᠯᠵᠦ᠂ ᠵᠠᠬ᠎ᠠ ᠳᠡᠯᠭᠡᠭᠦᠷ ᠤᠨ ᠬᠢᠨᠡᠨ ᠬᠠᠮᠢᠶᠠᠷᠤᠯᠲᠠ ᠶᠢ ᠴᠢᠩᠭᠠᠳᠬᠠᠵᠦ᠂ ᠵᠠᠬ᠎ᠠ ᠳᠡᠯᠭᠡᠭᠦᠷ ᠤᠨ ᠡᠮᠬᠢ | ᠲᠢᠭᠯᠢᠮ ᠢ ᠬᠠᠮᠠᠭᠠᠯᠠᠵᠦ᠂ ᠡᠷᠬᠡ ᠳᠡᠭᠰᠢ ᠦᠷᠢᠰᠦᠯᠳᠦᠭᠡᠨ ᠢ ᠪᠠᠳᠤᠯᠠᠨ᠎ᠠ᠃ ᠭᠦᠴᠦᠲᠡᠢ ᠠᠳᠬᠤᠬᠤ ᠶᠢ ᠵᠠᠰᠠᠭ ᠤᠨ | ᠤᠷᠳᠤᠨ ᠤ ᠠᠵᠢᠯ ᠤᠨ ᠠᠮᠢᠨ ᠰᠤᠳᠠᠰᠤ ᠪᠤᠯᠭᠠᠵᠦ᠂ ᠦᠨᠡᠨ ᠢ ᠡᠷᠢᠯᠬᠢᠯᠡᠨ ᠪᠤᠳᠠᠳᠠᠢ ᠶᠢ ᠡᠷᠬᠢᠮᠯᠡᠬᠦ᠂ ᠴᠢᠭᠡᠴᠢ | ᠵᠠᠰᠠᠭ ᠦᠨᠳᠦᠷ ᠪᠦᠳᠦᠮᠵᠢᠲᠦ ᠱᠠᠭᠠᠷᠳᠠᠯᠭ᠎ᠠ ᠶᠢ ᠵᠠᠰᠠᠭ ᠤᠨ ᠤᠷᠳᠤᠨ ᠤ ᠠᠵᠢᠯ ᠤᠨ ᠡᠯ᠎ᠡ ᠭᠤᠭᠴᠤᠭ᠎ᠠ ᠳᠤ | ᠨᠡᠶᠢᠳᠡᠪᠦᠷᠢᠵᠢᠭᠤᠯᠵᠦ᠂ ᠤᠶᠤᠨ ᠴᠢᠳᠠᠯ ᠢᠶᠠᠨ ᠰᠢᠪᠬᠠᠵᠦ᠂ ᠴᠢᠳᠠᠮᠠᠭᠠᠢ ᠰᠡᠳᠬᠢᠵᠦ ᠠᠵᠢᠯᠯᠠᠨ᠂ ᠴᠢᠳᠠᠮᠠᠭᠠᠢ ᠬᠢᠵᠦ | ᠴᠢᠳᠠᠮᠠᠭᠠᠢ ᠪᠦᠳᠦᠭᠡᠨ᠎ᠡ︔ ᠵᠠᠰᠠᠭ ᠤᠨ ᠤᠷᠳᠤᠨ ᠤ ᠠᠵᠢᠯ ᠤᠨ ᠦᠷ᠎ᠡ ᠪᠦᠳᠦᠮᠵᠢ ᠶᠢᠨ ᠬᠠᠮᠢᠶᠠᠷᠤᠯᠲᠠ ᠶᠢ | ᠴᠢᠩᠭᠠᠳᠬᠠᠵᠦ᠂ ᠰᠢᠢᠳᠪᠦᠷᠢᠲᠦ ᠪᠤᠳᠤᠯᠭ᠎ᠠ ᠶᠢ ᠬᠡᠷᠡᠭᠵᠢᠭᠦᠯᠬᠦ᠂ ᠬᠢᠨᠡᠯᠲᠡ ᠲᠠᠯᠪᠢᠬᠤ᠂ ᠬᠢᠨᠡᠨ ᠰᠢᠯᠭᠠᠬᠤ᠂ ᠦᠨᠡᠯᠡᠨ | ᠵᠢᠱᠢᠬᠦ ᠲᠤᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠵᠠᠷᠯᠢᠭ ᠰᠠᠭᠠᠳ ᠦᠭᠡᠢ ᠶᠠᠪᠤᠭᠳᠠᠬᠤ ᠶᠢ ᠪᠠᠳᠤᠯᠠᠵᠦ᠂ | ᠠᠵᠢᠯ ᠤᠨ ᠪᠤᠳᠠᠳᠦ ᠪᠦᠳᠦᠮᠵᠢ ᠶᠢ ᠦᠨᠡᠨᠬᠦ ᠪᠠᠳᠤᠯᠠᠨ᠎ᠠ᠃ ᠵᠠᠰᠠᠭ ᠢ ᠴᠢᠩᠭ᠎ᠠ ᠵᠠᠰᠠᠵᠦ᠂ ᠠᠷᠢᠭᠤᠨ ᠴᠢᠭᠡᠴᠢ ᠪᠠᠷ | ᠵᠠᠰᠠᠭ ᠶᠠᠪᠤᠭᠤᠯᠬᠤ ᠶᠢ ᠪᠠᠷᠢᠮᠲᠠᠯᠠᠵᠦ᠂ ᠨᠡᠮ ᠤᠨ ᠤᠯᠠᠨ ᠲᠦᠮᠡᠨᠴᠢ ᠱᠤᠭᠤᠮ ᠤᠨ ᠭᠦᠮᠦᠵᠢᠯ ᠦᠢᠯᠡᠳᠦᠯᠭᠡ ᠶᠢᠨ | ᠠᠵᠢᠯᠯᠠᠭᠠᠨ ᠤ ᠦᠷ᠎ᠡ ᠪᠦᠳᠦᠭᠡᠯ ᠢ ᠪᠠᠬᠢᠵᠢᠭᠦᠯᠦᠨ ᠦᠷᠭᠡᠳᠬᠡᠵᠦ᠂ ᠵᠠᠰᠠᠭ ᠤᠨ ᠤᠷᠳᠤᠨ ᠤ ᠰᠢᠰᠲ᠋ᠧᠮ ᠤᠨ | ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠬᠡᠪ ᠪᠠᠶᠢᠳᠠᠯ ᠢ ᠪᠦᠷᠢᠯᠳᠦᠭᠦᠯᠦᠨ᠎ᠠ︔ ᠲᠦᠪ ᠤᠨ ᠨᠠᠢᠮᠠᠨ ᠵᠤᠷᠪᠤᠰ | ᠲᠤᠭᠲᠠᠭᠠᠯ ᠢ ᠴᠢᠩᠭ᠎ᠠ ᠬᠡᠷᠡᠭᠵᠢᠭᠦᠯᠵᠦ᠂ ︽ᠠᠯᠪᠠᠨ ᠤ ᠭᠤᠷᠪᠠᠨ︾ ᠵᠠᠷᠤᠳᠠᠯ ᠤᠨ ᠬᠠᠮᠢᠶᠠᠷᠤᠯᠲᠠ ᠶᠢ | ᠴᠢᠩᠭᠠᠳᠬᠠᠵᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠬᠤᠭᠤᠰᠤᠨ ᠴᠠᠯᠢᠩ ᠢᠳᠡᠬᠦ ᠠᠰᠠᠭᠤᠳᠠᠯ ᠢ | ᠲᠦᠪᠯᠡᠷᠡᠭᠦᠯᠦᠨ ᠴᠡᠪᠡᠷᠯᠡᠵᠦ᠂ ᠵᠠᠰᠠᠭ ᠵᠠᠬᠢᠷᠭᠠᠨ ᠤ ᠦᠪᠡᠷ ᠤᠨ ᠦᠷᠲᠡᠭ ᠢ ᠬᠠᠮᠤᠭ ᠶᠡᠭᠡ ᠬᠡᠮᠵᠢᠶ᠎ᠡ ᠪᠠᠷ | ᠪᠠᠭᠤᠷᠠᠭᠤᠯᠤᠨ᠎ᠠ︔ ᠵᠠᠰᠠᠭ ᠵᠠᠬᠢᠷᠭᠠᠨ ᠤ ᠬᠢᠨᠡᠨ ᠪᠠᠶᠢᠴᠠᠭᠠᠯᠲᠠ ᠪᠠ ᠬᠢᠨᠡᠨ ᠪᠤᠳᠤᠬᠤ ᠬᠢᠨᠡᠯᠲᠠ ᠶᠢ ᠴᠢᠩᠭᠠᠳᠬᠠᠵᠦ᠂ | ᠭᠠᠵᠠᠷ ᠰᠢᠷᠦᠢ ᠶᠢ ᠰᠢᠯᠵᠢᠭᠦᠯᠦᠨ ᠦᠭᠬᠦ᠂ ᠵᠠᠰᠠᠭ ᠤᠨ ᠤᠷᠳᠤᠨ ᠤ ᠬᠤᠳᠠᠯᠳᠤᠨ ᠠᠪᠬᠤ᠂ ᠵᠠᠰᠠᠭ ᠤᠨ ᠤᠷᠳᠤᠨ ᠤ | ᠪᠡᠯᠨ ᠤᠷᠤᠭᠤᠯᠤᠯᠲᠠ ᠶᠢᠨ ᠲᠦᠷᠦᠯ ᠵᠦᠢᠯ ᠤᠨ ᠬᠠᠮᠢᠶᠠᠷᠤᠯᠲᠠ ᠵᠡᠷᠭᠡ ᠳᠦᠷᠢᠮ ᠲᠤᠭᠲᠠᠭᠠᠯ ᠢ ᠲᠡᠭᠦᠯᠳᠡᠷᠵᠢᠭᠦᠯᠵᠦ᠂ | ᠦᠪᠡᠷᠲᠡᠭᠡᠨ ᠵᠠᠰᠠᠬᠤ ᠤᠷᠤᠨ ᠤ ᠮᠡᠨ ᠤ ᠲᠤᠭᠤᠷᠢᠭ ᠲᠤ ᠦᠷᠨᠢᠭᠦᠯᠵᠦ ᠪᠠᠶᠢᠭ᠎ᠠ ︽ᠨᠡᠮ ᠵᠠᠰᠠᠭ ᠤᠨ ᠪᠠᠶᠢᠭᠤᠯᠭ᠎ᠠ | ᠶᠢᠨ ᠵᠢᠩᠬᠢᠨᠢ ᠲᠤᠰᠢᠶᠠᠯ ᠳᠤ ᠬᠢᠨᠡᠯᠲᠡ ᠲᠠᠯᠪᠢᠬᠤ ᠠᠷᠭ᠎ᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠷᠰᠢᠯᠲᠠ ᠶᠢᠨ ᠴᠢᠭ | ︾ ᠤᠨ ᠬᠠᠮᠢᠶ᠎ᠠ ᠪᠦᠭᠦᠢ ᠠᠵᠢᠯ ᠢ ᠰᠠᠶᠢᠳᠦᠷ ᠬᠢᠵᠦ᠂ ᠬᠢᠵᠠᠭᠠᠷᠯᠠᠯ ᠨᠢ ᠪᠦᠳᠦᠮᠵᠢᠲᠠᠢ᠂ ᠬᠢᠨᠡᠯᠲᠡ ᠨᠢ ᠭᠦᠴᠦᠨ | ᠪᠦᠭᠦᠢ ᠡᠷᠬᠡ ᠶᠢᠨ ᠲᠤᠭᠲᠠᠴᠠ ᠶᠢ ᠴᠢᠷᠮᠠᠶᠢᠨ ᠪᠠᠶᠢᠭᠤᠯᠤᠨ᠎ᠠ᠃ | ᠲᠦᠯᠦᠭᠡᠯᠡᠭᠴᠢᠳ ᠡ᠂ ᠬᠤᠩᠱᠠᠨ ᠲᠤᠭᠤᠷᠢᠭ ᠨᠢ ᠶᠠᠭ ᠰᠠᠶᠢᠬᠠᠨ ᠬᠡᠯᠪᠡᠷᠢ ᠪᠠᠨ ᠬᠤᠪᠢᠷᠠᠭᠤᠯᠬᠤ | ᠭᠦᠭᠵᠢᠯᠲᠠ ᠶᠢᠨ ᠵᠠᠩᠬᠢᠯᠠᠭ᠎ᠠ ᠶᠢᠨ ᠴᠠᠭ ᠲᠤ ᠪᠠᠶᠢᠵᠦ᠂ ᠮᠡᠨ ᠤ ᠮᠦᠷᠦᠨ ᠳᠠᠬᠢ ᠬᠠᠷᠢᠭᠤᠴᠠᠯᠭ᠎ᠠ ᠭᠦᠨᠳᠦ ᠂ | ᠲᠡᠦᠬᠡᠳᠦ ᠡᠭᠦᠷᠭᠡ ᠦᠩᠭᠡ ᠭᠡᠷᠡᠯᠲᠡᠢ ᠪᠠᠶᠢᠭᠰᠠᠭᠠᠷ᠃ ᠪᠢᠳᠡ ᠬᠤᠲᠠ ᠶᠢᠨ ᠨᠡᠮ ᠤᠨ ᠬᠤᠷᠢᠶ᠎ᠠ᠂ ᠬᠤᠲᠠ ᠶᠢᠨ | ᠵᠠᠰᠠᠭ ᠤᠨ ᠤᠷᠳᠤᠨ ᠪᠠ ᠲᠤᠭᠤᠷᠢᠭ ᠤᠨ ᠨᠡᠮ ᠤᠨ ᠬᠤᠷᠢᠶᠠᠨ ᠤ ᠭᠦᠴᠦᠲᠡᠢ ᠤᠳᠤᠷᠢᠳᠤᠯᠭ᠎ᠠ ᠳᠤᠤᠷ᠎ᠡ᠂ ᠪᠦᠬᠦ | ᠲᠤᠭᠤᠷᠢᠭ ᠤᠨ ᠡᠯ᠎ᠡ ᠦᠨᠳᠦᠰᠦᠲᠡᠨ ᠤ ᠠᠷᠠᠳ ᠲᠦᠮᠡᠨ ᠳᠤ ᠪᠦᠯᠭᠦᠮᠳᠡᠨ ᠲᠦᠰᠢᠭᠯᠡᠵᠦ᠂ ᠯᠠᠪᠳᠠᠭᠤᠨ ᠪᠠᠳᠤᠳᠠᠢ | ᠠᠯᠬᠤᠴᠠ ᠪᠠᠷ᠂ ᠭᠦᠳᠡᠯᠪᠡᠯ ᠭᠦᠴᠦ ᠨᠢᠭᠡᠲᠠᠢ ᠤᠷᠮ᠎ᠠ ᠵᠤᠷᠢᠭ ᠢᠶᠠᠷ ᠴᠢᠨᠡᠭᠡᠯᠢᠭ ᠨᠡᠭᠡᠭᠡᠯᠳᠠᠲᠦ ᠦᠵᠡᠰᠭᠦᠯᠡᠩᠲᠦ ᠡᠶ᠎ᠡ | ᠵᠤᠬᠢᠴᠠᠯ ᠲᠠᠢ ᠬᠤᠩᠱᠠᠨ ᠢ ᠪᠦᠳᠦᠭᠡᠨ ᠪᠠᠶᠢᠭᠤᠯᠬᠤ ᠶᠢᠨ ᠲᠦᠯᠦᠭᠡ ᠴᠢᠷᠮᠡᠶᠢᠨ ᠲᠡᠮᠡᠴᠡᠵᠡᠭᠡᠶ᠎ᠡ︕ | | | | | | | | |