ᠮᠠᠨ ᠤ ᠤᠷᠤᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ︽ᠴᠡᠷᠢᠭ ᠠᠴᠠ ᠬᠠᠯᠠᠭᠳᠠᠭᠰᠠᠨ ᠤᠶᠤᠲᠠᠨ ᠴᠡᠷᠢᠭ ᠤᠨ ᠲᠦᠯᠦᠪᠯᠡᠭᠡ︾ ᠶᠢ ᠲᠤᠭᠲᠠᠭᠠᠵᠠᠢ
ᠨᠡᠶᠢᠲᠡᠯᠡᠭᠰᠡᠨ ᠴᠠᠭ᠄
2016-10-11
       ᠰᠤᠷᠪᠤᠯᠵᠢᠯᠠᠭᠴᠢ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠲᠠ ᠶᠢᠨ ᠲᠦᠪ ᠠᠴᠠ ᠤᠶᠢᠯᠠᠭᠠᠭᠰᠠᠨ ᠢᠶᠠᠷ᠂ ᠮᠠᠨ ᠤ ᠤᠷᠤᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ︽ᠴᠡᠷᠢᠭ ᠠᠴᠠ ᠬᠠᠯᠠᠭᠳᠠᠭᠰᠠᠨ ᠤᠶᠤᠲᠠᠨ ᠴᠡᠷᠢᠭ ᠤᠨ ᠲᠦᠯᠦᠪᠯᠡᠭᠡ︾ ᠶᠢ ᠲᠤᠭᠲᠠᠭᠠᠵᠤ᠂ 2017 ᠤᠨ ᠠᠴᠠ ᠡᠬᠢᠯᠡᠨ ᠬᠡᠷᠡᠭᠵᠢᠭᠦᠯᠵᠦ 9 ᠶᠡᠭᠡ ᠳᠡᠭᠡᠳᠦ ᠰᠤᠷᠭᠠᠭᠤᠯᠢ ᠳᠤ 75 ᠠᠰᠫᠢᠷᠠᠨᠲ ᠡᠯᠰᠡᠬᠦ ᠪᠠᠷ ᠪᠠᠶᠢᠨ᠎ᠠ᠃        2016 ᠤᠨ ᠳᠤ ᠰᠤᠷᠭᠠᠨ ᠬᠦᠮᠦᠵᠢᠯ ᠤᠨ ᠶᠠᠮᠤᠨ ᠠᠴᠠ ︽ᠴᠡᠷᠢᠭ ᠠᠴᠠ ᠬᠠᠯᠠᠭᠳᠠᠭᠰᠠᠨ ᠤᠶᠤᠲᠠᠨ ᠴᠡᠷᠢᠭ ᠤᠨ ᠲᠦᠯᠦᠪᠯᠡᠭᠡ︾ ᠶᠢ ᠲᠤᠭᠲᠠᠭᠠᠵᠤ᠂ ᠴᠡᠷᠢᠭ ᠠᠴᠠ ᠬᠠᠯᠠᠭᠳᠠᠭᠰᠠᠨ ᠤᠶᠤᠲᠠᠨ ᠠᠴᠠ ᠲᠤᠰᠬᠠᠶᠢᠯᠠᠨ ᠠᠰᠫᠢᠷᠠᠨᠲ ᠡᠯᠰᠡᠬᠦ ᠪᠠᠷ ᠪᠤᠯᠵᠠᠢ᠃ ᠮᠠᠨ ᠤ ᠤᠷᠤᠨ 2017 ᠤᠨ ᠠᠴᠠ ᠡᠬᠢᠯᠡᠨ ᠬᠡᠷᠡᠭᠵᠢᠭᠦᠯᠵᠦ᠂ ᠦᠪᠦᠷ ᠮᠤᠩᠭᠤᠯ ᠤᠨ ᠶᠡᠭᠡ ᠰᠤᠷᠭᠠᠭᠤᠯᠢ 10 ᠠᠰᠫᠢᠷᠠᠨᠲ᠂ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ 15 ᠠᠰᠫᠢᠷᠠᠨᠲ᠂ ᠦᠪᠦᠷ ᠮᠤᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ 15 ᠠᠰᠫᠢᠷᠠᠨᠲ᠂ ᠦᠪᠦᠷ ᠮᠤᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ 3 ᠠᠰᠫᠢᠷᠠᠨᠲ᠂ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ 10 ᠠᠰᠫᠢᠷᠠᠨᠲ᠂ ᠦᠪᠦᠷ ᠮᠤᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ 10 ᠠᠰᠫᠢᠷᠠᠨᠲ᠂ ᠤᠯᠠᠭᠠᠨᠬᠠᠳᠠ ᠳᠡᠭᠡᠳᠦ ᠰᠤᠷᠭᠠᠭᠤᠯᠢ 2 ᠠᠰᠫᠢᠷᠠᠨᠲ᠂ ᠦᠪᠦᠷ ᠮᠤᠩᠭᠤᠯ ᠤᠨ ᠡᠳ᠋ ᠤᠨ ᠵᠠᠰᠠᠭ ᠤᠨ ᠶᠡᠭᠡ ᠰᠤᠷᠭᠠᠭᠤᠯᠢ 5 ᠠᠰᠫᠢᠷᠠᠨᠲ ᠡᠯᠰᠡᠨ᠎ᠡ᠃        ︽ᠴᠡᠷᠢᠭ ᠠᠴᠠ ᠬᠠᠯᠠᠭᠳᠠᠭᠰᠠᠨ ᠴᠡᠷᠢᠭ ᠤᠨ ᠲᠦᠯᠦᠪᠯᠡᠭᠡ︾ ᠳᠤ ᠨᠡᠷ᠎ᠡ ᠮᠡᠳᠡᠭᠦᠯᠬᠦ ᠰᠢᠯᠭᠠᠭᠤᠯᠤᠭᠴᠢ ᠶᠡᠭᠡ ᠳᠡᠭᠡᠳᠦ ᠰᠤᠷᠭᠠᠭᠤᠯᠢ ᠶᠢᠨ ᠤᠶᠤᠲᠠᠨ ᠴᠡᠷᠢᠭ ᠲᠤ ᠤᠷᠤᠵᠤ ᠴᠡᠷᠢᠭ ᠠᠴᠠ ᠬᠠᠯᠠᠭᠳᠠᠭᠰᠠᠨ ᠪᠠᠶᠢᠬᠤ ᠬᠡᠷᠡᠭᠲᠡᠢ ᠮᠦᠷᠲᠡᠭᠡᠨ ᠠᠰᠫᠢᠷᠠᠨᠲ ᠰᠢᠯᠭᠠᠭᠤᠯᠬᠤ ᠨᠡᠷ᠎ᠡ ᠮᠡᠳᠡᠭᠦᠯᠬᠦ ᠨᠦᠬᠦᠴᠡᠯ ᠳᠤ ᠬᠦᠷᠬᠦ ᠬᠡᠷᠡᠭᠲᠡᠢ︔ ᠰᠢᠯᠭᠠᠭᠤᠯᠤᠭᠴᠢ ᠠᠰᠫᠢᠷᠠᠨᠲ ᠤᠨ ᠰᠤᠷᠤᠭᠴᠢ ᠡᠯᠰᠡᠬᠦ ᠱᠠᠭᠠᠷᠳᠠᠯᠭ᠎ᠠ ᠪᠠᠷ ᠰᠦᠯᠵᠢᠶᠡᠨ ᠳᠤ ᠨᠡᠷ᠎ᠡ ᠮᠡᠳᠡᠭᠦᠯᠬᠦ ᠪᠤᠶᠤ ᠲᠤᠬᠠᠢ ᠶᠢᠨ ᠲᠠᠯᠠᠪᠠᠢ ᠳᠤ ᠭᠠᠷ ᠭᠦᠢᠴᠡᠳᠬᠡᠯ ᠢᠶᠠᠨ ᠬᠢᠬᠦ ᠬᠡᠷᠡᠭᠲᠡᠢ᠃ ᠰᠢᠯᠭᠠᠭᠤᠯᠤᠭᠴᠢ ᠰᠦᠯᠵᠢᠶᠡᠨ ᠳᠤ ᠨᠡᠷ᠎ᠡ ᠮᠡᠳᠡᠭᠦᠯᠬᠦ ᠳᠡᠭᠡᠨ ᠱᠠᠭᠠᠷᠳᠠᠯᠭ᠎ᠠ ᠶᠤᠰᠤᠭᠠᠷ ᠬᠤᠪᠢ ᠬᠦᠮᠦᠨ ᠤ ᠰᠤᠷᠭᠠᠭᠤᠯᠢ ᠳᠤ ᠤᠷᠤᠭᠰᠠᠨ᠂ ᠴᠡᠷᠢᠭ ᠲᠤ ᠤᠷᠤᠭᠰᠠᠨ᠂ ᠴᠡᠷᠢᠭ ᠠᠴᠠ ᠬᠠᠯᠠᠭᠳᠠᠭᠰᠠᠨ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠪᠠᠨ ᠲᠠᠭᠯᠠᠨ ᠮᠡᠳᠡᠭᠦᠯᠵᠦ᠂ ᠲᠤᠬᠠᠢ ᠶᠢᠨ ᠲᠠᠯᠠᠪᠠᠢ ᠳᠤ ᠨᠤᠲᠠᠯᠠᠬᠤ ᠦᠶ᠎ᠡ ᠳᠤ ᠬᠤᠪᠢ ᠬᠦᠮᠦᠨ ᠤ ︽ᠴᠡᠷᠢᠭ ᠲᠤ ᠤᠷᠤᠬᠤ ᠶᠢ ᠵᠦᠪᠰᠢᠶᠡᠷᠡᠭᠰᠡᠨ ᠦᠨᠡᠮᠡᠯᠡᠯ︾᠂ ︽ᠴᠡᠷᠢᠭ ᠤᠨ ᠠᠯᠪᠠ ᠠᠴᠠ ᠬᠠᠯᠠᠭᠳᠠᠭᠰᠠᠨ ᠦᠨᠡᠮᠡᠯᠡᠯ︾ ᠪᠠ ᠳᠠᠷᠤᠮᠠᠯᠯᠠᠭᠰᠠᠨ ᠦᠨᠡᠮᠡᠯᠡᠯ ᠢᠶᠠᠨ ᠬᠠᠩᠭᠠᠬᠤ ᠬᠡᠷᠡᠭᠲᠡᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号