2017 ᠤᠨ ᠤ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠤᠭᠴᠢ ᠳᠤ ᠬᠤᠪᠢ ᠨᠡᠮᠡᠬᠦ ᠳᠦᠷᠢᠮ ᠢ ᠲᠤᠭᠲᠠᠭᠠᠪᠠ
ᠨᠡᠶᠢᠲᠡᠯᠡᠭᠰᠡᠨ ᠴᠠᠭ᠄
2016-10-11
        ᠮᠠᠨ ᠤ ᠤᠷᠤᠨ 2017 ᠤᠨ ᠠᠴᠠ ᠡᠬᠢᠯᠡᠨ ᠬᠡᠷᠡᠭᠵᠢᠭᠦᠯᠬᠦ ᠶᠡᠭᠡ ᠳᠡᠭᠡᠳᠦ ᠰᠤᠷᠭᠠᠭᠤᠯᠢ ᠳᠤ ᠰᠢᠯᠭᠠᠭᠰᠠᠳ ᠲᠤ ᠬᠤᠪᠢ ᠨᠡᠮᠡᠬᠦ ᠳᠦᠷᠢᠮ ᠢ ᠨᠢᠭᠡᠨᠲᠡ ᠲᠤᠭᠲᠠᠭᠠᠵᠠᠢ᠃ ᠴᠡᠷᠢᠭ ᠤᠨ ᠠᠯᠪᠠ ᠬᠠᠭᠠᠵᠤ ᠪᠠᠶᠢᠭᠰᠠᠨ ᠬᠤᠭᠤᠴᠠᠭᠠᠨ ᠳᠤ ᠬᠤᠶᠠᠳᠤᠭᠠᠷ ᠳᠡᠰ ︵ᠬᠤᠶᠠᠳᠤᠭᠠᠷ ᠳᠡᠰ ᠢ ᠪᠠᠭᠲᠠᠭᠠᠨ᠎ᠠ︶ ᠠᠴᠠ ᠳᠡᠭᠡᠭᠰᠢ ᠭᠠᠪᠢᠶ᠎ᠠ ᠪᠠᠶᠢᠭᠤᠯᠤᠭᠴᠢ ᠪᠤᠶᠤ ᠶᠡᠭᠡ ᠴᠡᠷᠢᠭ ᠤᠨ ᠲᠤᠭᠤᠷᠢᠭ ︵ᠶᠡᠭᠡ ᠴᠡᠷᠢᠭ ᠤᠨ ᠲᠤᠭᠤᠷᠢᠭ ᠢ ᠪᠠᠭᠲᠠᠭᠠᠨ᠎ᠠ︶ ᠠᠴᠠ ᠳᠡᠭᠡᠭᠰᠢ ᠪᠠᠶᠢᠭᠤᠯᠤᠯᠭ᠎ᠠ ᠳᠤ ᠢᠷᠠᠭᠤ ᠠᠯᠳᠠᠷ ᠬᠦᠷᠲᠡᠵᠦ ᠦᠩᠭᠡᠷᠡᠭᠰᠡᠨ ᠴᠡᠷᠢᠭ ᠠᠴᠠ ᠬᠠᠯᠠᠭᠳᠠᠭᠰᠠᠳ︔ ᠦᠪᠡᠷ ᠲᠡᠭᠡᠨ ᠠᠵᠢᠯ ᠤᠯᠤᠭᠰᠠᠨ ᠴᠡᠷᠢᠭ ᠠᠴᠠ ᠬᠠᠯᠠᠭᠳᠠᠭᠰᠠᠳ︔ ᠮᠤᠩᠭᠤᠯ᠂ ᠳᠠᠭᠤᠷ᠂ ᠤᠷᠴᠤᠨ᠂ ᠡᠸᠡᠩᠭᠢ᠂ ᠤᠷᠤᠰ ᠦᠨᠳᠦᠰᠦᠲᠡᠨ ᠤ ᠰᠢᠯᠭᠠᠭᠤᠯᠤᠭᠴᠢ︔ ᠤᠯᠤᠰ ᠲᠠᠭᠠᠨ ᠪᠤᠴᠠᠵᠤ ᠢᠷᠡᠭᠰᠡᠳ︔ ᠭᠠᠳᠠᠭᠠᠳᠤ ᠳᠤ ᠰᠠᠭᠤᠭ᠎ᠠ ᠳᠤᠮᠳᠠᠳᠤ ᠶᠢᠨ ᠬᠠᠷᠢᠶᠠᠲᠤ ᠶᠢᠨ ᠦᠷ᠎ᠡ ᠬᠡᠦᠬᠡᠳ︔ ᠤᠯᠤᠰ ᠲᠠᠭᠠᠨ ᠪᠤᠴᠠᠵᠤ ᠢᠷᠡᠭᠰᠡᠳ ᠤᠨ ᠦᠷ᠎ᠡ ᠬᠡᠦᠬᠡᠳ ᠵᠢᠴᠢ ᠲᠠᠶᠢᠸᠠᠨ ᠤ ᠡᠷᠦᠬᠡ ᠠᠮᠠ ᠲᠠᠢ ᠰᠢᠯᠭᠠᠭᠤᠯᠤᠭᠴᠢ︔ ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ︔ 2003᠂ 2004 ᠤᠨ ᠳᠤ ︽ᠰᠠᠷᠰ︾ ᠠᠴᠠ ᠪᠤᠯᠵᠤ ᠨᠠᠰᠤ ᠪᠠᠷᠠᠭᠰᠠᠨ ᠪᠤᠶᠤ ︽ᠰᠠᠷᠰ︾ ᠠᠴᠠ ᠪᠤᠯᠤᠭᠰᠠᠨ ᠵᠡᠮᠳᠡᠭᠴᠦᠳ ᠤᠨ ᠦᠷ᠎ᠡ ᠬᠡᠦᠬᠡᠳ ᠵᠡᠷᠭᠡ ᠰᠢᠯᠭᠠᠭᠤᠯᠤᠭᠴᠢᠳ ᠲᠤ ᠨᠢᠭᠡᠲᠦᠯᠲᠡᠢ ᠰᠢᠯᠭᠠᠯᠲᠠ ᠶᠢᠨ ᠬᠢᠷᠢ ᠪᠦᠲᠦᠮᠵᠢ ᠶᠢᠨ ᠶᠡᠷᠦᠩᠬᠡᠢ ᠬᠤᠪᠢ ᠳᠡᠭᠡᠷ᠎ᠡ 10 ᠬᠤᠪᠢ ᠨᠡᠮᠡᠵᠦ ᠦᠭᠭᠦᠨ᠎ᠡ᠃
 
ᠢᠷᠡᠯᠲᠡ᠄ ᠠᠮᠢᠳᠤᠷᠠᠯ ᠭᠠᠷᠠᠭ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号