ᠶᠠᠫᠤᠨ ᠤ ᠰᠢᠨᠵᠢᠯᠡᠬᠦ ᠤᠬᠠᠭᠠᠨᠲᠠᠨ 2016 ᠤᠨ ᠤ ᠪᠢᠽᠢᠤᠯᠤᠭᠢ ᠶᠢᠨ ᠤᠬᠠᠭᠠᠨ ᠪᠤᠶᠤ ᠠᠨᠠᠭᠠᠬᠤ ᠤᠬᠠᠭᠠᠨ ᠤ ᠨᠤᠪᠧᠯ ᠤᠨ ᠱᠠᠩᠨᠠᠯ ᠢ ᠤᠯᠵᠠᠢ
ᠨᠡᠶᠢᠲᠡᠯᠡᠭᠰᠡᠨ ᠴᠠᠭ᠄
2016-10-11
       ᠰᠸᠧᠳᠧᠨ ᠤ ᠺᠠᠯᠦ᠋ᠸᠧᠯᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ 3 ᠤ ᠡᠳᠦᠷ᠂ 2016 ᠤᠨ ᠤ ᠪᠢᠽᠢᠤᠯᠤᠭᠢ ᠶᠢᠨ ᠤᠬᠠᠭᠠᠨ ᠪᠤᠶᠤ ᠠᠨᠠᠭᠠᠬᠤ ᠤᠬᠠᠭᠠᠨ ᠤ ᠨᠤᠪᠧᠯ ᠤᠨ ᠱᠠᠩᠨᠠᠯ ᠢ ᠶᠠᠫᠤᠨ ᠤ ᠰᠢᠨᠵᠢᠯᠡᠬᠦ ᠤᠬᠠᠭᠠᠨᠲᠠᠨ ᠤᠤᠰᠧᠮᠢ ᠶᠤᠰᠢᠨᠤᠷᠢ ᠳᠤ ᠤᠯᠭᠤᠵᠤ᠂ ᠲᠡᠭᠦᠨ ᠤ ᠡᠰ ᠤᠨ ᠠᠦ᠋ᠲ᠋ᠤ᠋ ᠵᠠᠯᠭᠠᠯᠲᠠ ᠶᠢᠨ ᠲᠤᠭᠲᠠᠴᠠ ᠶᠢᠨ ᠲᠤᠬᠠᠢ ᠰᠤᠳᠤᠯᠭᠠᠨ ᠳᠤ ᠤᠯᠤᠭᠰᠠᠨ ᠠᠮᠵᠢᠯᠲᠠ ᠪᠦᠲᠦᠭᠡᠯ ᠢ ᠬᠦᠬᠢᠭᠦᠯᠦᠨ ᠱᠠᠩᠨᠠᠬᠤ ᠪᠠᠷ ᠲᠤᠭᠲᠠᠵᠠᠢ ᠭᠡᠵᠦ ᠨᠡᠶᠢᠲᠡᠯᠡᠪᠡ᠃        ᠤᠤᠰᠧᠮᠢ ᠶᠤᠰᠢᠨᠤᠷᠢ 1945 ᠤᠨ ᠳᠤ ᠲᠦᠷᠦᠪᠡ᠂ ᠲᠤᠤᠺᠢᠤ᠋ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠫᠷᠦᠹᠧᠰᠰᠤᠷ᠂ ᠮᠤᠯᠧᠺᠦ᠋ᠯ ᠤᠨ ᠡᠰ ᠤᠨ ᠠᠮᠢᠳᠤ ᠪᠤᠳᠠᠰ ᠤᠨ ᠤᠬᠠᠭᠠᠨᠲᠠᠨ᠂ ᠲᠡᠷᠡ ᠡᠰ ᠤᠨ ᠠᠦ᠋ᠲ᠋ᠤ᠋ ᠵᠠᠯᠭᠠᠯᠲᠠ ᠶᠢᠨ ᠦᠢᠯᠡᠳᠦᠯ ᠤᠨ ᠲᠤᠬᠠᠢ ᠰᠤᠳᠤᠯᠭᠠᠨ ᠳᠤ ᠴᠢᠬᠤᠯᠠ ᠰᠤᠳᠤᠯᠭᠠᠨ ᠤ ᠪᠦᠲᠦᠮᠵᠢ ᠤᠯᠵᠤ᠂ ᠡᠰ ᠤᠨ ᠵᠤᠬᠢᠴᠠᠬᠤ ᠤᠷᠴᠢᠨ ᠲᠤᠭᠤᠷᠢᠨ ᠤ ᠲᠤᠭᠲᠠᠴᠠ᠂ ᠡᠰ ᠤᠨ ᠠᠦ᠋ᠲ᠋ᠤ᠋ ᠵᠠᠯᠭᠠᠯᠲᠠ ᠶᠢᠨ ᠦᠢᠯᠡᠳᠦᠯ ᠤᠨ ᠤᠭ ᠶᠤᠰᠤ ᠵᠢᠴᠢ ᠲᠡᠭᠦᠨ ᠤ ᠪᠡᠶ᠎ᠡ ᠮᠠᠬᠠᠪᠤᠳ ᠤᠨ ᠲᠠᠯ᠎ᠠ ᠪᠠᠷ ᠬᠢ ᠠᠴᠢ ᠬᠤᠯᠪᠤᠭᠳᠠᠯ ᠢ ᠲᠤᠳᠤᠷᠬᠠᠶᠢᠯᠠᠨ ᠲᠠᠶᠢᠯᠪᠤᠷᠢᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠵᠡᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号