| 1. ᠪᠤᠷᠤᠯᠠᠭᠤᠯᠭ᠎ᠠ ᠠᠨᠠᠢ ᠦᠶ᠎ᠡ ᠳᠤ ᠬᠤᠳᠠᠯᠳᠤᠨ ᠠᠪᠬᠤ ᠨᠢ ᠬᠠᠮᠤᠭ ᠰᠠᠶᠢᠨ ᠲᠤᠬᠢᠶᠠᠯ ᠪᠤᠯᠤᠨ᠎ᠠ | ᠤᠷᠤᠨ ᠰᠠᠭᠤᠴᠠ ᠶᠢᠨ ᠤᠨᠴᠠᠯᠢᠭ ᠰᠢᠨᠵᠢ ᠪᠠ ᠴᠢᠨᠠᠷ ᠨᠢ ᠪᠦᠷ ᠠᠳᠠᠯᠢ ᠦᠭᠡᠢ ᠭᠡᠬᠦ ᠳᠤ ᠬᠦᠮᠦᠨ | ᠪᠦᠷᠢ ᠶᠢᠨ ᠤᠷᠤᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠪᠠ ᠳᠤᠷ᠎ᠠ ᠳᠠᠭᠠᠰᠢᠶᠠᠯ ᠨᠢ ᠪᠦᠷ ᠦᠪᠡᠷ ᠦᠪᠡᠷ ᠤᠨ | ᠤᠨᠴᠠᠯᠢᠭ ᠲᠠᠢ᠃ ᠵᠢᠱᠢᠶᠡᠯᠡᠪᠡᠯ ᠬᠡᠦᠬᠡᠳ ᠨᠢ ᠰᠤᠷᠭᠠᠭᠤᠯᠢ ᠳᠤ ᠤᠷᠤᠬᠤ ᠪᠠ ᠡᠷ᠎ᠡ ᠡᠮ᠎ᠡ ᠬᠤᠶᠠᠭᠤᠯᠠ ᠪᠠᠨ | ᠬᠠᠮᠢᠭ᠎ᠠ ᠠᠵᠢᠯᠯᠠᠵᠤ ᠪᠠᠶᠢᠭ᠎ᠠ ᠵᠡᠷᠭᠡ ᠠᠴᠠ ᠰᠢᠯᠲᠠᠭᠠᠯᠠᠭᠳᠠᠵᠤ᠂ ᠤᠷᠤᠨ ᠰᠠᠭᠤᠴᠠ ᠬᠤᠳᠠᠯᠳᠤᠨ ᠠᠪᠬᠤ | ᠰᠤᠩᠭᠤᠯᠲᠠ ᠤᠯᠠᠨ ᠪᠤᠯᠪᠠᠴᠤ ᠦᠪᠡᠷ ᠤᠨ ᠤᠷᠤᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠪᠠ ᠳᠤᠷ᠎ᠠ | ᠰᠤᠨᠢᠷᠬᠠᠯ ᠳᠤ ᠪᠦᠷᠢᠮᠦᠰᠦᠨ ᠨᠡᠶᠢᠴᠡᠭᠰᠡᠨ ᠤᠷᠤᠨ ᠰᠠᠭᠤᠴᠠ ᠶᠢ ᠤᠯᠬᠤ ᠳᠤ ᠲᠡᠶᠢᠮᠦ ᠠᠮᠠᠷᠬᠠᠨ ᠶᠠᠪᠤᠳᠠᠯ ᠪᠢᠰᠢ᠃ | ᠤᠷᠤᠨ ᠰᠠᠭᠤᠴᠠ ᠪᠠ ᠡᠳᠡᠭᠡᠷ ᠰᠢᠯᠲᠠᠭᠠᠨ ᠢ ᠪᠤᠳᠤᠯᠬᠢᠯᠠᠬᠤ ᠦᠭᠡᠢ᠂ ᠵᠦᠪᠬᠡᠨ ᠵᠠᠬ᠎ᠠ ᠳᠡᠯᠭᠡᠭᠦᠷ ᠤᠨ ᠪᠠᠶᠢᠳᠠᠯ ᠠᠴᠠ | ᠪᠤᠳᠤᠯᠬᠢᠯᠠᠪᠠᠯ ᠪᠤᠷᠤᠯᠠᠭᠤᠯᠭ᠎ᠠ ᠠᠨᠠᠢ ᠦᠶ᠎ᠡ ᠳᠤ ᠤᠷᠤᠨ ᠰᠠᠭᠤᠴᠠ ᠬᠤᠳᠠᠯᠳᠤᠨ ᠠᠪᠬᠤ ᠨᠢ ᠬᠠᠮᠤᠭ ᠰᠠᠶᠢᠨ | ᠲᠤᠬᠢᠶᠠᠯ ᠪᠤᠯᠤᠨ᠎ᠠ᠃ | 2. ᠢᠲᠡᠭᠡᠮᠵᠢᠲᠦ ᠵᠢᠭᠡᠯᠡᠯᠭᠡ ᠶᠢᠨ ᠬᠦᠦ ᠮᠦᠩᠭᠦ ᠨᠢ ᠳᠤᠤᠷ᠎ᠠ ᠦᠶ᠎ᠡ ᠳᠤ ᠬᠤᠳᠠᠯᠳᠤᠨ ᠠᠪᠤᠨ᠎ᠠ | ᠬᠡᠷᠪᠡ ᠤᠷᠤᠨ ᠰᠠᠭᠤᠴᠠ ᠬᠤᠳᠠᠯᠳᠤᠨ ᠠᠪᠤᠭᠴᠢ ᠶᠢᠨ ᠭᠠᠷ ᠲᠤᠲᠤᠷᠠᠬᠢ ᠵᠤᠭᠤᠰ ᠨᠢ ᠭᠦᠢᠴᠡᠳ ᠪᠤᠶᠤ | ᠪᠡᠯᠡ ᠮᠦᠩᠭᠦᠨ ᠤ ᠡᠷᠭᠢᠯᠲᠡ ᠨᠢ ᠰᠢᠯᠤᠭᠤᠬᠠᠨ ᠦᠶ᠎ᠡ ᠳᠤ᠂ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠬᠦᠦ | ᠮᠦᠩᠭᠦ ᠨᠢ ᠨᠡᠯᠢᠶᠡᠳ ᠳᠤᠤᠷ᠎ᠠ ᠪᠠᠶᠢᠭ᠎ᠠ ᠴᠠᠭ ᠬᠤᠭᠤᠴᠠᠭ᠎ᠠ ᠶᠢ ᠰᠤᠩᠭᠤᠵᠤ᠂ ᠵᠢᠭᠡᠯᠡᠯᠭᠡ ᠠᠪᠴᠤ ᠤᠷᠤᠨ | ᠰᠠᠭᠤᠴᠠ ᠬᠤᠳᠠᠯᠳᠤᠨ ᠠᠪᠬᠤ ᠶᠢ ᠪᠤᠳᠤᠯᠬᠢᠯᠠᠵᠤ ᠪᠤᠯᠤᠨ᠎ᠠ᠃ ᠭᠡᠪᠡᠴᠦ ᠦᠪᠡᠷ ᠢᠶᠠᠨ ᠢᠲᠡᠭᠡᠮᠵᠢᠲᠦ ᠵᠢᠭᠡᠯᠡᠯᠭᠡ ᠶᠢᠨ | ᠬᠦᠦ ᠮᠦᠩᠭᠦ ᠶᠢ ᠲᠦᠯᠦᠬᠦ ᠴᠢᠳᠠᠪᠤᠷᠢ ᠪᠠᠷ ᠢᠶᠠᠨ ᠰᠠᠭᠤᠷᠢ ᠪᠤᠯᠭᠠᠬᠤ ᠬᠡᠷᠡᠭᠲᠡᠢ᠃ | 3. ᠤᠷᠤᠨ ᠰᠠᠭᠤᠴᠠ ᠬᠤᠳᠠᠯᠳᠤᠨ ᠠᠪᠬᠤ ᠳᠠᠭᠠᠨ ᠤᠷᠤᠨ ᠪᠠᠶᠢᠷᠢ ᠶᠢ ᠠᠩᠬᠠᠷᠬᠤ ᠴᠢᠬᠤᠯᠠᠲᠠᠢ | ᠵᠠᠬ᠎ᠠ ᠳᠡᠯᠭᠡᠭᠦᠷ ᠬᠦᠭᠵᠢᠶᠡᠨᠲᠡᠢ ᠲᠠᠢ ᠦᠶ᠎ᠡ ᠳᠤ ᠰᠢᠨ᠎ᠡ ᠪᠠᠶᠢᠭᠤᠯᠤᠭᠰᠠᠨ ᠤᠷᠤᠨ ᠰᠠᠭᠤᠴᠠ ᠶᠢᠨ ᠦᠨ᠎ᠡ | ᠬᠠᠩᠰᠢ ᠨᠢ ᠭᠠᠷ ᠳᠠᠮᠵᠢᠭᠰᠠᠨ ᠤᠷᠤᠨ ᠰᠠᠭᠤᠴᠠ ᠠᠴᠠ ᠦᠨᠡᠲᠡᠢ᠂ ᠵᠠᠬ᠎ᠠ ᠳᠡᠯᠭᠡᠭᠦᠷ ᠬᠦᠭᠵᠢᠶᠡᠨ ᠦᠭᠡᠢ ᠦᠶ᠎ᠡ ᠳᠤ | ᠭᠠᠷ ᠳᠠᠮᠵᠢᠭᠰᠠᠨ ᠤᠷᠤᠨ ᠰᠠᠭᠤᠴᠠ ᠶᠢᠨ ᠦᠨ᠎ᠡ ᠬᠠᠩᠰᠢ ᠨᠢ ᠰᠢᠨ᠎ᠡ ᠪᠠᠶᠢᠭᠤᠯᠤᠭᠰᠠᠨ ᠤᠷᠤᠨ ᠰᠠᠭᠤᠴᠠ ᠠᠴᠠ | ᠦᠨᠡᠲᠡᠢ᠃ ᠠᠳᠠᠯᠢᠬᠠᠨ ᠨᠢᠭᠡᠨ ᠤᠷᠤᠨ ᠲᠤᠭᠤᠷᠢᠭ ᠲᠤᠲᠤᠷ᠎ᠠ ᠴᠦ ᠵᠠᠬ᠎ᠠ ᠳᠡᠯᠭᠡᠭᠦᠷ ᠤᠨ ᠪᠠᠶᠢᠳᠠᠯ ᠢᠶᠠᠷ | ᠦᠨᠳᠦᠰᠦᠯᠡᠯ ᠪᠤᠯᠭᠠᠨ᠎ᠠ᠃ ᠵᠢᠱᠢᠶᠡᠯᠡᠪᠡᠯ ᠰᠢᠨ᠎ᠡ a ᠪᠠᠶᠢᠭᠤᠯᠤᠭᠠᠨ ᠤᠷᠤᠨ ᠰᠠᠭᠤᠴᠠ ᠶᠢᠨ ᠬᠠᠩᠭᠠᠯᠭ᠎ᠠ ᠨᠢ | ᠨᠡᠯᠢᠶᠡᠳ ᠭᠦᠢᠴᠡᠳ ᠦᠶ᠎ᠡ ᠳᠤ ᠤᠷᠤᠨ ᠰᠠᠭᠤᠴᠠ ᠶᠢᠨ ᠨᠡᠭᠡᠭᠡᠯᠲᠡ ᠬᠢᠭᠴᠢ ᠠᠴᠠ ᠤᠷᠤᠨ ᠰᠠᠭᠤᠴᠠ ᠪᠠᠨ | ᠳᠠᠷᠤᠭᠳᠠᠭᠤᠯᠬᠤ ᠦᠭᠡᠢ᠂ ᠲᠦᠷᠭᠡᠨ ᠬᠤᠳᠠᠯᠳᠤᠨ ᠭᠠᠷᠭᠠᠬᠤ ᠶᠢᠨ ᠲᠦᠯᠦᠭᠡ ᠦᠨ᠎ᠡ ᠬᠠᠩᠰᠢ ᠪᠠᠨ | ᠬᠠᠷᠢᠴᠠᠩᠭᠤᠢ ᠪᠠᠷ ᠳᠤᠤᠷ᠎ᠠ ᠪᠠᠶᠢᠯᠭᠠᠳᠠᠭ᠃ |