ᠭᠡᠷ᠎ᠡ ᠶᠢᠨ ᠤᠨᠤᠯ ᠳᠤ ᠬᠤᠪᠢ ᠨᠡᠮᠡᠷᠢ ᠦᠵᠡᠭᠦᠯᠦᠭᠰᠡᠨ ᠬᠤᠶᠠᠷ ᠬᠦᠮᠦᠨ ᠨᠤᠪᠧᠯ ᠤᠨ ᠠᠵᠤ ᠠᠬᠤᠢ ᠶᠢᠨ ᠱᠠᠩᠨᠠᠯ ᠢ ᠬᠦᠷᠲᠡᠵᠡᠢ
ᠨᠡᠶᠢᠲᠡᠯᠡᠭᠰᠡᠨ ᠴᠠᠭ᠄
2016-10-13
       ᠰᠸᠧᠳᠧᠨ ᠤ ᠬᠠᠭᠠᠨ ᠤ ᠤᠭᠰᠠᠭᠠᠲᠠᠨ ᠤ ᠰᠢᠨᠵᠢᠯᠡᠬᠦ ᠤᠬᠠᠭᠠᠨ ᠤ ᠬᠦᠷᠢᠶᠡᠯᠡᠩ 10 ᠰᠠᠷ᠎ᠠ ᠶᠢᠨ 10 ᠤ ᠡᠳᠦᠷ᠂ 2016 ᠤᠨ ᠤ ᠨᠤᠪᠧᠯ ᠤᠨ ᠠᠵᠤ ᠠᠬᠤᠢ ᠶᠢᠨ ᠤᠬᠠᠭᠠᠨ ᠤ ᠱᠠᠩᠨᠠᠯ ᠢ ᠤᠯᠢᠹ᠂ ᠬᠠᠲ᠋ᠧ ᠪᠤᠯᠤᠨ ᠪᠸᠡᠲ᠋ᠧ᠂ ᠡᠾᠦ᠋ᠸᠧᠷᠮᠦ᠋ᠰᠲ᠋ᠧᠯᠦ᠋ᠨ ᠳᠤ ᠤᠯᠭᠤᠵᠤ᠂ ᠲᠡᠳᠡᠨ ᠤ ᠭᠡᠷ᠎ᠡ ᠶᠢᠨ ᠤᠨᠤᠯ ᠤᠨ ᠰᠤᠳᠤᠯᠭᠠᠨ ᠳᠤ ᠦᠵᠡᠭᠦᠯᠦᠭᠰᠡᠨ ᠬᠤᠪᠢ ᠨᠡᠮᠡᠷᠢ ᠶᠢ ᠬᠦᠬᠢᠭᠦᠯᠦᠨ ᠰᠠᠶᠢᠰᠢᠶᠠᠪᠠ᠃        ᠨᠤᠪᠧᠯ ᠤᠨ ᠠᠵᠤ ᠠᠬᠤᠢ ᠶᠢᠨ ᠤᠬᠠᠭᠠᠨ ᠤ ᠰᠠᠩᠨᠠᠯ ᠤᠨ ᠰᠢᠯᠭᠠᠷᠠᠭᠤᠯᠤᠨ ᠰᠤᠩᠭᠤᠬᠤ ᠵᠦᠪᠯᠡᠯ ᠤᠨ ᠬᠢᠨ ᠲᠤᠰ ᠡᠳᠦᠷ ᠢᠯᠡᠷᠬᠡᠶᠢᠯᠡᠯᠲᠡ ᠨᠡᠶᠢᠲᠡᠯᠡᠵᠦ᠂ ᠬᠤᠶᠠᠷ ᠱᠠᠩᠨᠠᠯ ᠬᠦᠷᠲᠡᠭᠴᠢ ᠶᠢᠨ ᠡᠭᠦᠳᠦᠨ ᠪᠠᠶᠢᠭᠤᠯᠤᠭᠰᠠᠨ ᠰᠢᠨ᠎ᠡ ᠭᠡᠷ᠎ᠡ ᠶᠢᠨ ᠤᠨᠤᠯ ᠤᠨ ᠬᠡᠷᠡᠭᠰᠡᠯ ᠨᠢ ᠪᠤᠳᠠᠳᠤ ᠠᠮᠢᠳᠤᠷᠠᠯ ᠳᠠᠬᠢ ᠭᠡᠷ᠎ᠡ ᠪᠤᠯᠤᠨ ᠳᠦᠷᠢᠮ ᠵᠢᠴᠢ ᠭᠡᠷ᠎ᠡ ᠶᠢᠨ ᠵᠢᠷᠤᠭ ᠲᠦᠯᠦᠪᠯᠡᠭᠡ ᠳᠤ ᠤᠷᠤᠰᠢᠵᠤ ᠪᠠᠶᠢᠭ᠎ᠠ ᠳᠠᠯᠳᠠ ᠲᠤᠲᠠᠭᠳᠠᠯ ᠢ ᠤᠶᠢᠯᠠᠭᠠᠬᠤ ᠳᠤ ᠲᠤᠶᠢᠯ ᠤᠨ ᠴᠢᠬᠤᠯᠠ ᠦᠨ᠎ᠡ ᠦᠷᠲᠡᠭ ᠲᠠᠢ ᠶᠤᠮ ᠭᠡᠵᠦ ᠬᠡᠯᠡᠪᠡ᠃        ᠬᠠᠲ᠋ᠧ 1948 ᠤᠨ ᠳᠤ ᠯᠤᠨᠳᠤᠨ ᠳᠤ ᠲᠦᠷᠦᠵᠦ᠂ ᠤᠳᠤ ᠠᠮᠧᠷᠢᠺᠡ ᠶᠢᠨ ᠬᠠᠹᠧ ᠶᠡᠭᠡ ᠰᠤᠷᠭᠠᠭᠤᠯᠢ ᠶᠢᠨ ᠠᠵᠤ ᠠᠬᠤᠢ ᠶᠢᠨ ᠤᠬᠠᠭᠠᠨ ᠤ ᠫᠷᠦᠹᠧᠰᠰᠤᠷ ᠢᠶᠠᠷ ᠠᠵᠢᠯᠯᠠᠵᠤ ᠪᠠᠶᠢᠨ᠎ᠠ᠃ ᠡᠾᠦ᠋ᠸᠧᠷᠮᠦ᠋ᠰᠲ᠋ᠧᠯᠦ᠋ᠨ 1949 ᠤᠨ ᠳᠤ ᠡᠾᠧᠯᠰᠢᠨᠺᠢ ᠳᠤ ᠲᠦᠷᠦᠵᠦ᠂ ᠤᠳᠤ ᠠᠮᠧᠷᠢᠺᠡ ᠶᠢᠨ ᠮᠠᠰᠠᠴᠦ᠋ᠰᠧᠽᠢ ᠶᠢᠨ ᠪᠠᠶᠢᠭᠠᠯᠢ ᠲᠧᠭᠨᠢᠭ ᠤᠨ ᠳᠡᠭᠡᠳᠦ ᠰᠤᠷᠭᠠᠭᠤᠯᠢ ᠶᠢᠨ ᠠᠵᠤ ᠠᠬᠤᠢ ᠪᠤᠯᠤᠨ ᠬᠠᠮᠢᠶᠠᠷᠤᠯᠲᠠ ᠶᠢᠨ ᠤᠬᠠᠭᠠᠨ ᠤ ᠫᠷᠦᠹᠧᠰᠰᠤᠷ ᠢᠶᠠᠷ ᠠᠵᠢᠯᠯᠠᠵᠤ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号