| ᠮᠠᠨ ᠤ ᠤᠷᠤᠨ ᠤ 2016 ᠤᠨ ᠤ ᠤᠷᠤᠨ ᠨᠤᠲᠤᠭ ᠤᠨ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠱᠠᠲᠤᠨ ᠤ ᠮᠠᠯᠵᠢᠬᠤ ᠲᠠᠷᠢᠶᠠᠯᠠᠬᠤ ᠤᠷᠤᠨ ᠤ ᠰᠤᠷᠭᠠᠭᠤᠯᠢ ᠶᠢᠨ ᠤᠨᠴᠠ ᠠᠵᠢᠯ ᠤᠨ ᠪᠠᠶᠢᠷᠢ ᠶᠢᠨ ᠪᠠᠭᠰᠢ ᠡᠯᠰᠡᠬᠦ | ᠲᠦᠯᠦᠪᠯᠡᠭᠡ ᠶᠢᠨ ᠪᠠᠭᠰᠢ ᠤᠷᠢᠵᠤ ᠡᠯᠰᠡᠬᠦ ᠠᠵᠢᠯ ᠤᠳᠠᠯ ᠦᠭᠡᠢ ᠡᠬᠢᠯᠡᠨ᠎ᠡ᠂ ᠮᠠᠨ ᠤ ᠤᠷᠤᠨ ᠤ 6 ᠠᠶᠢᠮᠠᠭ ᠬᠤᠲᠠ | 400 ᠪᠠᠭᠰᠢ ᠡᠯᠰᠡᠬᠦ ᠪᠠᠷ ᠲᠦᠯᠦᠪᠯᠡᠵᠦ ᠪᠠᠶᠢᠨ᠎ᠠ᠃ | 2016 ᠤᠨ ᠤ 10 ᠰᠠᠷ᠎ᠠ ᠶᠢᠨ 17 ᠤ ᠡᠳᠦᠷ ᠤᠨ 8᠄ 00 ᠠᠴᠠ 18 ᠤ ᠡᠳᠦᠷ ᠤᠨ 18᠄ 00 | ᠪᠤᠯᠲᠠᠯ᠎ᠠ ᠰᠢᠯᠭᠠᠭᠤᠯᠤᠭᠴᠢ ᠦᠪᠡᠷ ᠤᠨ ᠨᠡᠷ᠎ᠡ ᠮᠡᠳᠡᠭᠦᠯᠦᠭᠰᠡᠨ ᠨᠤᠮᠧᠷ ᠪᠠ ᠪᠡᠶ᠎ᠡ ᠶᠢᠨ ᠦᠨᠡᠮᠡᠯᠡᠯ ᠢᠶᠠᠷ ᠢᠶᠠᠨ ᠦᠪᠦᠷ | ᠮᠤᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠤ ᠭᠠᠷᠴᠤ᠂ ᠡᠷᠡᠮᠡᠯᠵᠡᠯ ᠲᠠᠭᠯᠠᠨ᠎ᠠ᠃ | | ᠦᠪᠡᠷᠲᠡᠭᠡᠨ ᠵᠠᠰᠠᠬᠤ ᠤᠷᠤᠨ ᠤ ᠨᠢᠭᠡᠲᠦᠯᠲᠡᠢ ᠲᠤᠬᠢᠷᠠᠭᠤᠯᠭ᠎ᠠ ᠪᠠᠷ᠂ 5 ᠰᠠᠷ᠎ᠠ ᠶᠢᠨ 28 ᠳᠤ | ᠶᠠᠪᠤᠭᠳᠠᠭᠤᠯᠤᠭᠰᠠᠨ ᠤᠯᠤᠰ ᠤᠨ ︽ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠱᠠᠲᠤᠨ ᠤ ᠮᠠᠯᠵᠢᠬᠤ ᠲᠠᠷᠢᠶᠠᠯᠠᠬᠤ | ᠤᠷᠤᠨ ᠤ ᠰᠤᠷᠭᠠᠭᠤᠯᠢ ᠶᠢᠨ ᠤᠨᠴᠠ ᠠᠵᠢᠯ ᠤᠨ ᠪᠠᠶᠢᠷᠢ ᠶᠢᠨ ᠪᠠᠭᠰᠢ ᠡᠯᠰᠡᠬᠦ ᠲᠦᠯᠦᠪᠯᠡᠭᠡ︾ ᠶᠢᠨ ᠤᠷᠢᠵᠤ ᠡᠯᠰᠡᠬᠦ | ᠰᠢᠯᠭᠠᠯᠲᠠ ᠶᠢᠨ ᠪᠢᠷ ᠤᠨ ᠰᠢᠯᠭᠠᠯᠲᠠ ᠳᠤ ᠤᠷᠤᠯᠴᠠᠭᠠᠳ᠂ ᠤᠯᠤᠰ ᠤᠨ ︽ᠤᠨᠴᠠ ᠠᠵᠢᠯ ᠤᠨ ᠪᠠᠶᠢᠷᠢ ᠶᠢᠨ ᠪᠠᠭᠰᠢ | ᠡᠯᠰᠡᠬᠦ ᠲᠦᠯᠦᠪᠯᠡᠭᠡ︾ ᠳᠤ ᠡᠯᠰᠡᠭᠳᠡᠭᠰᠡᠨ ᠦᠭᠡᠢ᠂ ᠬᠦᠴᠦᠨ ᠪᠦᠬᠦᠢ ᠬᠢᠷᠢ ᠪᠦᠲᠦᠮᠵᠢ ᠲᠠᠢ ᠰᠤᠷᠤᠭᠴᠢ ᠠᠴᠠ ᠡᠯᠰᠡᠨ᠎ᠡ᠃ | ᠠᠩᠬᠠᠷᠤᠭᠤᠰᠢᠲᠠᠢ ᠨᠢ ︽ᠤᠷᠤᠨ ᠨᠤᠲᠤᠭ ᠤᠨ ᠤᠨᠴᠠ ᠠᠵᠢᠯ ᠤᠨ ᠪᠠᠶᠢᠷᠢ ᠶᠢᠨ ᠪᠠᠭᠰᠢ ᠡᠯᠰᠡᠬᠦ ᠲᠦᠯᠦᠪᠯᠡᠭᠡ︾ ᠳᠤ | ᠲᠤᠰᠬᠠᠢ ᠪᠢᠷ ᠤᠨ ᠰᠢᠯᠭᠠᠯᠲᠠ ᠬᠢᠬᠦ ᠦᠭᠡᠢ᠂ 2016 ᠤ ᠦᠪᠡᠷᠲᠡᠭᠡᠨ ᠵᠠᠰᠠᠬᠤ ᠤᠷᠤᠨ ᠤ ᠵᠤᠬᠢᠶᠠᠨ ᠪᠠᠶᠢᠭᠤᠯᠤᠭᠰᠠᠨ | ᠤᠯᠤᠰ ᠤᠨ ︽ᠤᠨᠴᠠ ᠠᠵᠢᠯ ᠤᠨ ᠪᠠᠶᠢᠷᠢ ᠶᠢᠨ ᠪᠠᠭᠰᠢ ᠡᠯᠰᠡᠬᠦ ᠲᠦᠯᠦᠪᠯᠡᠭᠡ︾ ᠶᠢᠨ ᠰᠢᠯᠭᠠᠯᠲᠠ ᠶᠢᠨ ᠬᠢᠷᠢ ᠪᠦᠲᠦᠮᠵᠢ ᠶᠢ | ᠬᠡᠷᠡᠭᠯᠡᠨ᠎ᠡ᠃ | ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠤᠨ ᠢᠶᠠᠨ ︽ᠤᠷᠤᠨ ᠨᠤᠲᠤᠭ ᠤᠨ ᠤᠨᠴᠠ ᠠᠵᠢᠯ ᠤᠨ ᠪᠠᠶᠢᠷᠢ ᠶᠢᠨ | ᠪᠠᠭᠰᠢ ᠡᠯᠰᠡᠬᠦ ᠲᠦᠯᠦᠪᠯᠡᠭᠡ︾ ᠳᠤ ᠨᠡᠷ᠎ᠡ ᠮᠡᠳᠡᠭᠦᠯᠦᠭᠰᠡᠳ ᠲᠤ ᠪᠢᠷ ᠤᠨ ᠰᠢᠯᠭᠠᠯᠲᠠ ᠳᠤᠨᠢ 10 ᠬᠤᠪᠢ ᠨᠡᠮᠡᠵᠦ | ᠦᠭᠭᠦᠨ᠎ᠡ᠃ ᠮᠤᠩᠭᠤᠯ᠂ ᠳᠠᠭᠤᠷ᠂ ᠡᠸᠡᠩᠭᠢ᠂ ᠤᠷᠴᠤᠨ ᠵᠡᠷᠭᠡ ᠦᠨᠳᠦᠰᠦᠲᠡᠨ ᠤ ᠰᠢᠯᠭᠠᠭᠤᠯᠤᠭᠴᠢ ᠶᠢᠨ ᠪᠢᠷ ᠤᠨ | ᠰᠢᠯᠭᠠᠯᠲᠠ ᠳᠤ 5 ᠬᠤᠪᠢ ᠨᠡᠮᠡᠵᠦ ᠦᠭᠭᠦᠨ᠎ᠡ᠃ ᠳᠡᠭᠡᠷᠡᠬᠢ ᠬᠤᠶᠠᠷ ᠵᠦᠢᠯ ᠤᠨ ᠪᠠᠶᠢᠳᠠᠯ ᠳᠤ ᠬᠤᠪᠢ ᠶᠢ ᠨᠢ ᠨᠡᠶᠢᠯᠡᠭᠦᠯᠵᠦ | ᠨᠡᠮᠡᠵᠦ ᠦᠭᠭᠦᠨ᠎ᠡ᠃ ᠨᠢᠭᠤᠷᠳᠠᠨ ᠰᠢᠯᠭᠠᠯᠲᠠ ᠨᠢ 10 ᠰᠠᠷ᠎ᠠ ᠶᠢᠨ 23 ᠠᠴᠠ 31 ᠪᠤᠯᠲᠠᠯ᠎ᠠ ᠶᠠᠪᠤᠭᠳᠠᠨ᠎ᠠ᠃ | ᠪᠢᠷ ᠤᠨ ᠰᠢᠯᠭᠠᠯᠲᠠ ᠪᠠ ᠨᠢᠭᠤᠷᠳᠠᠨ ᠰᠢᠯᠭᠠᠯᠲᠠ ᠶᠢ 4᠄ 6 ᠶᠢᠨ ᠬᠠᠷᠢᠴᠠᠯ ᠢᠶᠠᠷ ᠪᠤᠳᠤᠨ᠎ᠠ᠃ ᠰᠤᠷᠭᠠᠨ | ᠬᠦᠮᠦᠵᠢᠯ ᠤᠨ ᠲᠢᠩᠬᠢᠮ ᠨᠢ ᠦᠪᠦᠷ ᠮᠤᠩᠭᠤᠯ ᠤᠨ ᠰᠤᠷᠤᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ | ᠪᠠ ᠦᠪᠦᠷ ᠮᠤᠩᠭᠤᠯ ᠤᠨ ᠶᠡᠭᠡ ᠳᠡᠭᠡᠳᠦ ᠰᠤᠷᠭᠠᠭᠤᠯᠢ ᠲᠡᠭᠦᠰᠬᠦ ᠤᠶᠤᠲᠠᠳ ᠤᠨ ᠠᠵᠢᠯ ᠤᠯᠭᠤᠯᠲᠠ ᠶᠢᠨ ᠮᠡᠳᠡᠭᠡ | ᠵᠠᠩᠭᠢ ᠶᠢᠨ ᠰᠦᠯᠵᠢᠶ᠎ᠡ ᠪᠠᠷ 11 ᠰᠠᠷ᠎ᠠ ᠶᠢᠨ 8 ᠠᠴᠠ 11 ᠰᠠᠷ᠎ᠠ ᠶᠢᠨ 12 ᠪᠤᠯᠲᠠᠯ᠎ᠠ ᠤᠷᠢᠵᠤ ᠡᠯᠰᠡᠭᠰᠡᠳ ᠢ ᠢᠯᠡ | ᠵᠠᠷᠯᠠᠨ᠎ᠠ᠃ ᠦᠪᠡᠷᠲᠡᠭᠡᠨ ᠵᠠᠰᠠᠬᠤ ᠤᠷᠤᠨ ᠤ ᠨᠢᠭᠡᠲᠦᠯᠲᠡᠢ ᠲᠤᠬᠢᠷᠠᠭᠤᠯᠭ᠎ᠠ ᠪᠠᠷ 11 ᠰᠠᠷ᠎ᠠ ᠶᠢᠨ 17 ᠠᠴᠠ 22 ᠪᠤᠯᠲᠠᠯ᠎ᠠ | ᠂ ᠮᠡᠳᠡᠭᠳᠡᠯ ᠲᠤᠰᠤᠭᠰᠠᠨ ᠰᠢᠯᠭᠠᠭᠤᠯᠤᠭᠴᠢ ᠲᠤᠭᠲᠠᠭᠰᠠᠨ ᠬᠤᠭᠤᠴᠠᠭᠠᠨ ᠳᠤ ᠠᠵᠢᠯ ᠤᠨ ᠪᠠᠶᠢᠷᠢ ᠶᠢ ᠲᠤᠬᠢᠷᠠᠭᠤᠯᠵᠤ | ᠦᠭᠭᠦᠭᠰᠡᠨ ᠬᠤᠰᠢᠭᠤ ᠰᠢᠶᠠᠨ ᠳᠤ ᠬᠦᠷᠴᠦ ᠨᠡᠷ᠎ᠡ ᠮᠡᠳᠡᠭᠦᠯᠬᠦ ᠬᠡᠷᠡᠭᠲᠡᠢ᠃ |