| 2017 ᠤᠨ ᠤ ᠲᠦᠪ ᠤᠨ ᠪᠠᠶᠢᠭᠤᠯᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ ᠠᠯᠪᠠᠲᠠᠨ | ᠡᠯᠰᠡᠬᠦ ᠰᠢᠯᠭᠠᠯᠲᠠ 15 ᠤ ᠡᠳᠦᠷ ᠠᠴᠠ ᠡᠬᠢᠯᠡᠨ ᠨᠡᠷ᠎ᠡ ᠮᠡᠳᠡᠭᠦᠯᠵᠦ᠂ 10 ᠰᠠᠷ᠎ᠠ ᠶᠢᠨ 24 ᠤ ᠡᠳᠦᠷ ᠳᠠᠭᠤᠰᠤᠨ᠎ᠠ᠃ | 2017 ᠤᠨ ᠳᠤ 120 ᠭᠠᠷᠤᠢ ᠲᠦᠪ ᠤᠨ ᠪᠠᠶᠢᠭᠤᠯᠤᠯᠭ᠎ᠠ ᠵᠢᠴᠢ ᠰᠢᠭᠤᠳ ᠬᠠᠷᠢᠶ᠎ᠠ ᠪᠠᠶᠢᠭᠤᠯᠤᠯᠭ᠎ᠠ ᠪᠠ ᠠᠯᠪᠠᠲᠠᠨ ᠤ | ᠬᠠᠤᠯᠢ ᠪᠠᠷ ᠯᠠᠪᠯᠠᠯᠲᠠ ᠪᠤᠯᠭᠠᠵᠤ ᠬᠠᠮᠢᠶᠠᠷᠤᠯᠲᠠ ᠬᠢᠵᠦ ᠪᠠᠶᠢᠭ᠎ᠠ ᠪᠠᠶᠢᠭᠤᠯᠤᠯᠭ᠎ᠠ 2.7 ᠲᠦᠮᠡ ᠭᠠᠷᠤᠢ ᠬᠦᠮᠦᠨ ᠡᠯᠰᠡᠬᠦ ᠪᠠᠷ | ᠲᠦᠯᠦᠪᠯᠡᠵᠦ ᠪᠤᠢ᠂ ᠡᠨᠡ ᠨᠢ 2016 ᠤᠨ ᠤ ᠬᠢ ᠲᠠᠢ ᠲᠡᠩᠴᠡᠵᠡᠢ᠃ | | ᠤᠶᠢᠯᠠᠭᠠᠭᠰᠠᠨ ᠢᠶᠠᠷ᠂ ᠰᠢᠯᠭᠠᠭᠤᠯᠤᠭᠰᠠᠳ ᠭᠤᠤᠯᠳᠠᠭᠤ ᠰᠦᠯᠵᠢᠶ᠎ᠡ ᠪᠠᠷ ᠨᠡᠷ᠎ᠡ ᠮᠡᠳᠡᠭᠦᠯᠬᠦ ᠠᠷᠭ᠎ᠠ ᠪᠠᠷ ᠨᠡᠷ᠎ᠡ ᠪᠠᠨ | ᠮᠡᠳᠡᠭᠦᠯᠵᠦ᠂ ᠰᠢᠯᠭᠠᠭᠤᠯᠬᠤ ᠬᠦᠮᠦᠰ ᠲᠦᠪ ᠤᠨ ᠪᠠᠶᠢᠭᠤᠯᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ | 2017 ᠤᠨ ᠤ ᠠᠯᠪᠠᠲᠠᠨ ᠡᠯᠰᠡᠬᠦ ᠲᠤᠰᠬᠠᠢ ᠰᠡᠳᠦᠪᠲᠦ ᠰᠦᠯᠵᠢᠶ᠎ᠡ᠂ ᠬᠦᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠪᠤᠷᠢ ᠶᠢᠨ ᠶᠠᠮᠤᠨ ᠤ ᠫᠤᠷᠲ᠋ᠠᠯ ᠰᠦᠯᠵᠢᠶ᠎ᠡ᠂ ᠤᠯᠤᠰ ᠤᠨ ᠠᠯᠪᠠᠲᠠᠨ ᠤ ᠲᠤᠪᠴᠢᠶ᠎ᠠ ᠶᠢᠨ ᠫᠤᠷᠲ᠋ᠠᠯ | ᠰᠠᠶᠢᠲ ᠲᠤ ᠰᠢᠯᠭᠠᠨ ᠡᠯᠰᠡᠬᠦ ᠰᠠᠯᠠᠭ᠎ᠠ ᠮᠦᠴᠢᠷ᠂ ᠰᠢᠯᠭᠠᠨ ᠡᠯᠰᠡᠬᠦ ᠠᠵᠢᠯ ᠤᠨ ᠪᠠᠶᠢᠷᠢ ᠶᠢᠨ ᠮᠡᠳᠡᠭᠡ ᠵᠠᠩᠭᠢ᠂ ᠰᠢᠯᠭᠠᠨ | ᠡᠯᠰᠡᠬᠦ ᠲᠦᠷᠦ ᠶᠢᠨ ᠪᠤᠳᠤᠯᠭ᠎ᠠ᠂ ᠰᠢᠯᠭᠠᠨ ᠡᠯᠰᠡᠬᠦ ᠠᠯᠪᠠᠨ ᠵᠠᠷ ᠵᠢᠴᠢ ᠯᠠᠪᠯᠠᠬᠤ ᠤᠳᠠᠰᠤ ᠵᠡᠷᠭᠡ ᠪᠠᠶᠢᠳᠠᠯ ᠢ ᠯᠠᠪᠯᠠᠵᠤ | ᠪᠤᠯᠤᠨ᠎ᠠ᠃ ᠤᠯᠠᠨ ᠨᠡᠶᠢᠲᠡ ᠶᠢᠨ ᠬᠢᠴᠢᠶᠡᠯ ᠤᠨ ᠪᠢᠴᠢᠭ ᠤᠨ ᠰᠢᠯᠭᠠᠯᠲᠠ 2016 ᠤᠨ ᠤ 11 ᠰᠠᠷ᠎ᠠ ᠶᠢᠨ 27 ᠤ ᠡᠳᠦᠷ | ᠪᠦᠬᠦ ᠤᠯᠤᠰ ᠤᠨ ᠡᠯ᠎ᠡ ᠮᠤᠵᠢ ᠶᠢᠨ ᠲᠦᠪ ᠬᠤᠲᠠ᠂ ᠦᠪᠡᠷᠲᠡᠭᠡᠨ ᠵᠠᠰᠠᠬᠤ ᠤᠷᠤᠨ ᠤ ᠲᠦᠪ᠂ ᠰᠢᠭᠤᠳ ᠬᠠᠷᠢᠶ᠎ᠠ ᠬᠤᠲᠠ | ᠪᠠ ᠵᠠᠷᠢᠮ ᠨᠡᠯᠢᠶᠡᠳ ᠲᠤᠮᠤ ᠬᠤᠲᠠ ᠳᠤ ᠵᠡᠷᠭᠡᠪᠡᠷ ᠶᠠᠪᠤᠭᠳᠠᠨ᠎ᠠ᠃ | | ᠰᠢᠯᠭᠠᠨ ᠡᠯᠰᠡᠬᠦ ᠲᠦᠯᠦᠪᠯᠡᠭᠡ ᠶᠤᠰᠤᠭᠠᠷ 2017 ᠤᠨ ᠳᠤ 2.7 ᠲᠦᠮᠡ ᠭᠠᠷᠤᠢ ᠤᠯᠤᠰ ᠤᠨ ᠠᠯᠪᠠᠲᠠᠨ | ᠡᠯᠰᠡᠵᠦ᠂ ᠲᠦᠯᠦᠪᠯᠡᠭᠰᠡᠨ ᠡᠯᠰᠡᠬᠦ ᠬᠦᠮᠦᠨ ᠤ ᠲᠤᠭ᠎ᠠ 2016 ᠤᠨ ᠤ ᠬᠢ ᠲᠠᠢ ᠲᠡᠩᠴᠡᠪᠡ᠃ 2011 ᠤᠨ᠂ 2012 | ᠤᠨ᠂ 2013 ᠤᠨ᠂ 2014 ᠤᠨ᠂ 2015 ᠤᠨ ᠤ ᠤᠯᠤᠰ ᠤᠨ ᠠᠯᠪᠠᠲᠠᠨ ᠡᠯᠰᠡᠭᠰᠡᠨ ᠬᠦᠮᠦᠨ ᠤ ᠲᠤᠭ᠎ᠠ | ᠲᠤᠰᠪᠤᠷᠢ 1.6 ᠲᠦᠮᠡ ᠭᠠᠷᠤᠢ᠂ 1.8 ᠲᠦᠮᠡ ᠭᠠᠷᠤᠢ᠂ 2 ᠲᠦᠮᠡ ᠭᠠᠷᠤᠢ᠂ 1.9 ᠲᠦᠮᠡ ᠭᠠᠷᠤᠢ ᠬᠦᠮᠦᠨ᠂ 2.2 | ᠲᠦᠮᠡ ᠭᠠᠷᠤᠢ ᠬᠦᠮᠦᠨ ᠳᠤ ᠬᠦᠷᠴᠡᠢ᠃ |