ᠴᠢᠰᠤᠨ ᠳᠠᠷᠤᠯᠲᠠ ᠪᠠᠭᠤᠷᠠᠭᠤᠯᠬᠤ ᠡᠮ ᠢ ᠤᠨᠲᠠᠬᠤ ᠠᠴᠠ ᠪᠠᠨ ᠡᠮᠦᠨ᠎ᠡ ᠤᠤᠭᠤᠵᠤ ᠪᠤᠯᠬᠤ ᠦᠭᠡᠢ
ᠨᠡᠶᠢᠲᠡᠯᠡᠭᠰᠡᠨ ᠴᠠᠭ᠄
2016-10-20
       ᠤᠳᠤ ᠮᠠᠨ ᠤ ᠤᠯᠤᠰ ᠲᠤ ᠴᠢᠰᠤᠨ ᠳᠠᠷᠤᠯᠲᠠ ᠦᠨᠳᠦᠷ ᠬᠦᠮᠦᠰ ᠪᠠᠷᠤᠭ ᠪᠦᠬᠦ ᠬᠦᠮᠦᠨ ᠠᠮᠠ ᠶᠢᠨ ᠳᠦᠷᠪᠡᠨ ᠤ ᠨᠢᠭᠡ ᠶᠢ ᠡᠵᠡᠯᠡᠵᠦ ᠪᠠᠶᠢᠨ᠎ᠠ᠃ ᠡᠭᠦᠨ ᠤ ᠳᠤᠲᠤᠷ᠎ᠠ ᠦᠲᠡᠯᠦᠭᠡ ᠨᠠᠰᠤᠨ ᠤ ᠬᠦᠮᠦᠰ ᠪᠠᠷᠤᠭ 80% ᠶᠢ ᠡᠵᠡᠯᠡᠨ᠎ᠡ᠃ ᠴᠢᠰᠤᠨ ᠳᠠᠷᠤᠯᠲᠠ ᠨᠢ ᠦᠨᠳᠦᠷ ᠪᠠᠶᠢᠳᠠᠭ ᠬᠦᠮᠦᠰ ᠶᠡᠷᠦᠨᠢ ᠰᠦᠨᠢ ᠤᠨᠲᠠᠵᠤ ᠪᠠᠶᠢᠭᠰᠠᠭᠠᠷ ᠰᠠᠨᠠᠮᠰᠠᠷ ᠦᠭᠡᠢ ᠭᠡᠨᠡᠳᠲᠡ ᠶᠢᠨ ᠶᠠᠪᠤᠳᠠᠯ ᠭᠠᠷᠬᠤ ᠠᠴᠠ ᠬᠢᠴᠢᠶᠡᠵᠦ᠂ ᠴᠢᠰᠤᠨ ᠳᠠᠷᠤᠯᠲᠠ ᠪᠠᠭᠤᠷᠠᠭᠤᠯᠬᠤ ᠡᠮ ᠤᠤᠭᠤᠭᠠᠳ ᠤᠨᠲᠠᠪᠠᠯ ᠲᠠᠭᠠᠯᠠᠮᠵᠢᠲᠠᠢ ᠰᠠᠶᠢᠬᠠᠨ ᠤᠨᠲᠠᠴᠢᠬᠠᠨ᠎ᠠ ᠭᠡᠵᠦ ᠪᠤᠳᠤᠬᠤ ᠳᠠᠭᠠᠨ ᠤᠨᠲᠠᠬᠤ ᠠᠴᠠ ᠪᠠᠨ ᠡᠮᠦᠨ᠎ᠡ ᠴᠢᠰᠤᠨ ᠳᠠᠷᠤᠯᠲᠠ ᠪᠠᠭᠤᠷᠠᠭᠤᠯᠬᠤ ᠡᠮ ᠤᠤᠭᠤᠳᠠᠭ ᠶᠤᠮ᠃ ᠦᠨᠡᠨ ᠳᠡᠭᠡᠨ ᠢᠩᠭᠢᠬᠦ  ᠨᠢ ᠬᠠᠷᠢᠨ ᠰᠠᠨᠠᠮᠰᠠᠷ ᠦᠭᠡᠢ ᠬᠡᠷᠡᠭ ᠭᠠᠷᠴᠤ ᠮᠡᠳᠡᠬᠦ ᠶᠤᠮ᠃        ᠴᠢᠰᠤᠨ ᠳᠠᠷᠤᠯᠲᠠ ᠪᠠᠭᠤᠷᠠᠭᠤᠯᠬᠤ ᠡᠮ ᠤᠤᠭᠤᠬᠤ ᠨᠢ ᠴᠢᠰᠤᠨ ᠳᠠᠷᠤᠯᠲᠠ ᠬᠡᠲᠦᠷᠬᠡᠢ ᠦᠨᠳᠦᠷ ᠪᠤᠯᠬᠤ ᠶᠢ ᠬᠢᠵᠠᠭᠠᠷᠯᠠᠵᠤ᠂ ᠵᠢᠷᠦᠬᠡᠨ ᠤ ᠳᠠᠷᠤᠭᠠᠰᠤ ᠪᠤᠯᠤᠨ ᠦᠨᠳᠦᠷ ᠴᠢᠰᠤᠨ ᠳᠠᠷᠤᠯᠲᠠ ᠶᠢᠨ ᠰᠤᠳᠠᠯ ᠤᠨ ᠬᠠᠨᠠᠨ ᠳᠤ ᠦᠵᠡᠭᠦᠯᠬᠦ ᠳᠠᠷᠤᠯᠲᠠ ᠶᠢ ᠬᠦᠩᠭᠡᠷᠡᠭᠦᠯᠬᠦ ᠶᠢᠨ ᠲᠦᠯᠦᠭᠡ ᠶᠤᠮ᠃ ᠬᠦᠮᠦᠨ ᠤ ᠴᠢᠰᠤᠨ ᠳᠠᠷᠤᠯᠲᠠ ᠨᠢ ᠡᠳᠦᠷ ᠰᠦᠨᠢ ᠶᠢᠨ ᠬᠤᠪᠢ ᠳᠤ ᠦᠶᠡᠯᠡᠯ ᠲᠠᠢ ᠬᠤᠪᠢᠷᠠᠳᠠᠭ᠂ ᠬᠦᠮᠦᠨ ᠤᠨᠲᠠᠭᠰᠠᠨ ᠦᠶ᠎ᠡ ᠳᠤ ᠴᠢᠰᠤᠨ ᠳᠠᠷᠤᠯᠲᠠ ᠤᠯᠠᠩᠬᠢ ᠳᠠᠭᠠᠨ ᠠᠶᠠᠨᠳᠠᠭᠠᠨ 20% ᠪᠠᠷ ᠪᠠᠭᠤᠷᠠᠳᠠᠭ ᠪᠦᠭᠡᠳ ᠤᠨᠲᠠᠭᠰᠠᠨ ᠠᠴᠠ ᠬᠤᠶᠢᠰᠢ 2 ᠴᠠᠭ ᠤᠨ ᠳᠠᠷᠠᠭ᠎ᠠ ᠬᠠᠮᠤᠭ ᠤᠨ ᠢᠯᠡᠷᠬᠡᠢ ᠪᠠᠶᠢᠳᠠᠭ ᠶᠤᠮ᠃ ᠴᠢᠰᠤᠨ ᠳᠠᠷᠤᠯᠲᠠ ᠪᠠᠭᠤᠷᠠᠭᠤᠯᠬᠤ ᠡᠮ ᠤᠨ ᠤᠯᠠᠩᠬᠢ ᠶᠢᠨ ᠬᠢᠨᠢ ᠦᠳᠬᠡᠴᠡ ᠨᠢ ᠤᠤᠭᠤᠭᠠᠳ 2 ᠴᠠᠭ ᠪᠤᠯᠤᠭᠰᠠᠨ ᠤ ᠳᠠᠷᠠᠭ᠎ᠠ ᠤᠷᠭᠢᠯ ᠳᠠᠭᠠᠨ ᠲᠤᠯᠳᠠᠭ ᠤᠴᠢᠷ ᠠᠴᠠ ᠡᠪᠡᠳᠴᠢᠲᠡᠨ ᠤᠨᠲᠠᠬᠤ ᠠᠴᠠ ᠪᠠᠨ ᠡᠮᠦᠨ᠎ᠡ ᠡᠮ ᠤᠤᠭᠤᠪᠠᠯ ᠬᠤᠶᠠᠭᠤᠯᠠ ᠶᠢᠨ ᠦᠢᠯᠡᠳᠦᠯ ᠬᠠᠮᠲᠤᠷᠠᠬᠤ ᠪᠤᠯᠬᠤᠷ ᠴᠢᠰᠤᠨ ᠳᠠᠷᠤᠯᠲᠠ ᠭᠡᠨᠡᠳᠲᠡ ᠪᠠᠭᠤᠷᠠᠬᠤ ᠶᠠᠪᠤᠳᠠᠯ ᠭᠠᠷᠬᠤ ᠪᠦᠭᠡᠳ ᠳᠠᠷᠢᠬᠢᠨ ᠤ ᠡᠷᠭᠢᠯᠳᠦᠬᠦ ᠴᠢᠰᠤᠨ ᠤ ᠬᠡᠮᠵᠢᠶ᠎ᠡ ᠶᠢ ᠪᠠᠭᠠᠰᠬᠠᠳᠠᠭ ᠠᠴᠠ ᠢᠳᠡᠷ ᠨᠠᠰᠤᠨ ᠤ ᠪᠠ ᠨᠠᠰᠤ ᠠᠬᠢᠭᠰᠠᠨ ᠬᠦᠮᠦᠨ ᠳᠤ ᠠᠪᠴᠤ ᠬᠡᠯᠡᠪᠡᠯ᠂ ᠲᠤᠩ ᠠᠮᠠᠷᠬᠠᠨ ᠢᠶᠠᠷ ᠴᠢᠰᠤ ᠶᠢ ᠨᠢ ᠪᠦᠭᠡᠮᠨᠡᠷᠡᠭᠦᠯᠦᠨ ᠴᠢᠰᠤᠨ ᠤ ᠨᠦᠵᠢᠷᠡᠮᠡᠯ ᠪᠤᠯᠭᠠᠳᠠᠭ ᠶᠤᠮ᠃ ᠲᠡᠷᠡᠴᠢᠯᠡᠨ ᠰᠤᠳᠠᠯ ᠬᠠᠲᠠᠭᠤᠷᠠᠬᠤ᠂ ᠰᠤᠳᠠᠯ ᠢᠪᠴᠤᠷᠠᠬᠤ ᠭᠡᠮ ᠪᠠᠶᠢᠪᠠᠯ ᠳᠠᠷᠢᠬᠢᠨ ᠤ ᠴᠢᠰᠤᠨ ᠰᠤᠳᠠᠯ ᠤᠨ ᠲᠦᠭᠵᠢᠷᠡᠯ ᠪᠤᠯᠵᠤ᠂ ᠦᠭᠡ ᠶᠠᠷᠢᠵᠤ ᠴᠢᠳᠠᠬᠤ ᠦᠭᠡᠢ᠂ ᠶᠠᠭᠤᠮ᠎ᠠ ᠰᠤᠨᠤᠰᠬᠤ ᠦᠭᠡᠢ᠂ ᠲᠠᠯ᠎ᠠ ᠪᠡᠶ᠎ᠡ ᠲᠠᠮᠪᠠᠷᠠᠬᠤ ᠵᠡᠷᠭᠡ ᠰᠠᠨᠠᠭᠠᠨ ᠠᠴᠠ ᠭᠠᠳᠠᠭᠤᠷᠬᠢ ᠳᠠᠷᠢᠬᠢᠨ ᠤ ᠴᠢᠰᠤᠨ ᠰᠤᠳᠠᠯ ᠤᠨ ᠡᠪᠡᠳᠴᠢᠨ ᠪᠠ ᠵᠢᠷᠦᠬᠡ ᠪᠠᠵᠠᠯᠠᠨ ᠡᠪᠡᠳᠬᠦ᠂ ᠵᠢᠷᠦᠬᠡᠨ ᠤ ᠪᠤᠯᠴᠢᠩ ᠲᠦᠭᠵᠢᠷᠡᠬᠦ ᠵᠡᠷᠭᠡ ᠡᠪᠡᠳᠴᠢᠨ ᠤᠯᠤᠨ᠎ᠠ᠃        ᠡᠮᠴᠢᠯᠡᠭᠡᠨ ᠤ ᠪᠠᠶᠢᠳᠠᠯ ᠠᠴᠠ ᠦᠵᠡᠪᠡᠯ᠂ ᠤᠯᠠᠩᠬᠢ ᠨᠠᠰᠤᠲᠠᠳ ᠤᠨ ᠲᠦᠷ ᠴᠠᠭ ᠤᠨ ᠴᠢᠰᠤ ᠲᠤᠲᠠᠭᠳᠠᠬᠤ ᠡᠪᠡᠳᠴᠢᠨ ᠨᠢ ᠴᠢᠰᠤᠨ ᠳᠠᠷᠤᠯᠲᠠ ᠳᠤᠤᠷ᠎ᠠ ᠪᠠᠶᠢᠳᠠᠭ ᠲᠠᠢ ᠬᠤᠯᠪᠤᠭ᠎ᠠ ᠲᠠᠢ ᠪᠦᠭᠡᠳ ᠠᠮᠢ ᠨᠠᠰᠤᠨ ᠳᠤ ᠨᠡᠩ ᠠᠶᠤᠯ ᠲᠠᠢ ᠳᠠᠷᠢᠬᠢᠨ ᠰᠤᠳᠠᠯ ᠤᠨ ᠡᠪᠡᠳᠴᠢᠨ ᠳᠤ 40% ᠨᠢ ᠴᠢᠰᠤᠨ ᠳᠠᠷᠤᠯᠲᠠ ᠳᠤᠤᠷ᠎ᠠ ᠪᠠᠶᠢᠳᠠᠭ ᠲᠠᠢ ᠬᠤᠯᠪᠤᠭ᠎ᠠ ᠲᠠᠢ ᠶᠤᠮ᠃ ᠰᠤᠳᠤᠯᠭᠠᠨ ᠠᠴᠠ ᠦᠵᠡᠪᠡᠯ᠂ ᠬᠦᠮᠦᠨ ᠤ ᠴᠢᠰᠤᠨ ᠳᠠᠷᠤᠯᠲᠠ ᠨᠢ ᠶᠡᠷᠦᠳᠡᠭᠡᠨ ᠲᠤᠭᠲᠠᠪᠤᠷᠢ ᠦᠭᠡᠢ ᠪᠠᠶᠢᠳᠠᠭ᠂ ᠡᠳᠦᠷ ᠪᠦᠷᠢ ᠦᠳᠡ ᠶᠢᠨ ᠡᠮᠦᠨᠡᠬᠢ 8 ᠴᠠᠭ ᠠᠴᠠ 11 ᠴᠠᠭ᠂ ᠦᠳᠡ ᠶᠢᠨ ᠬᠤᠶᠢᠨᠡᠬᠢ ᠶᠢᠨ 3 ᠴᠠᠭ ᠠᠴᠠ 6 ᠴᠠᠭ ᠤᠨ ᠬᠤᠭᠤᠷᠤᠨᠳᠤ ᠴᠢᠰᠤᠨ ᠳᠠᠷᠤᠯᠲᠠ ᠬᠠᠮᠤᠭ ᠠᠴᠠ ᠦᠨᠳᠦᠷ ᠪᠠᠶᠢᠳᠠᠭ ᠶᠤᠮ᠃ ᠡᠶᠢᠮᠦ ᠠᠴᠠ ᠴᠢᠰᠤᠨ ᠳᠠᠷᠤᠯᠲᠠ ᠪᠠᠭᠤᠷᠠᠭᠤᠯᠬᠤ ᠡᠮ ᠤᠤᠭᠤᠬᠤ ᠬᠠᠮᠤᠭ ᠰᠠᠶᠢᠨ ᠴᠠᠭ  ᠨᠢ ᠦᠳᠡ ᠶᠢᠨ ᠡᠮᠦᠨᠡᠬᠢ 7 ᠴᠠᠭ ᠪᠤᠶᠤ ᠦᠳᠡ ᠶᠢᠨ ᠬᠤᠶᠢᠨᠠᠬᠢ 2 ᠴᠠᠭ ᠬᠠᠭᠠᠰ ᠪᠤᠯᠤᠨ᠎ᠠ᠃ ᠦᠭᠡᠷ᠎ᠡ ᠪᠠᠷ ᠬᠡᠯᠡᠪᠡᠯ᠂ ᠴᠢᠰᠤᠨ ᠳᠠᠷᠤᠯᠲᠠ ᠬᠡᠲᠦ ᠦᠨᠳᠦᠷᠵᠢᠬᠦ ᠶᠢ ᠰᠠᠶᠢᠲᠤᠷ ᠬᠤᠷᠢᠭᠯᠠᠵᠤ ᠴᠢᠳᠠᠬᠤ ᠶᠤᠮ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号