| 1. ᠴᠢᠰᠤᠨ ᠳᠠᠷᠤᠯᠲᠠ ᠪᠠᠨ ᠪᠠᠶᠢᠴᠠᠭᠠᠬᠤ᠄ ᠴᠢᠰᠤᠨ ᠳᠠᠷᠤᠯᠲᠠ ᠦᠨᠳᠦᠷ ᠪᠤᠯ ᠵᠢᠷᠦᠬᠡ᠂ ᠶᠡᠭᠡ ᠲᠠᠷᠢᠬᠢ | ᠪᠠ ᠪᠦᠭᠡᠷ᠎ᠡ ᠶᠢ ᠭᠡᠮᠲᠦᠭᠡᠨ᠎ᠡ᠃ ᠡᠶᠢᠮᠦ ᠠᠴᠠ ᠵᠢᠯ ᠳᠤ ᠴᠢᠰᠤᠨ ᠳᠠᠷᠤᠯᠲᠠ ᠪᠠᠨ ᠠᠳᠠᠭ ᠲᠠᠭᠠᠨ 1-2 ᠤᠳᠠᠭ᠎ᠠ | ᠪᠠᠶᠢᠴᠠᠯᠭᠠᠪᠠᠯ ᠬᠠᠮᠤᠭ ᠰᠠᠶᠢᠨ᠃ | 2. ᠪᠡᠶ᠎ᠡ ᠶᠢᠨ ᠬᠦᠨᠳᠦ ᠪᠠᠨ ᠪᠠᠶᠢᠴᠠᠭᠠᠬᠤ᠄ ᠲᠠᠪᠢ ᠬᠦᠷᠬᠦ ᠦᠭᠡᠢ ᠦᠶ᠎ᠡ ᠳᠤ ᠬᠦᠮᠦᠨ ᠤ ᠪᠡᠶ᠎ᠡ ᠶᠢᠨ | ᠬᠦᠨᠳᠦ ᠭᠡᠨᠡᠳᠲᠡ ᠨᠡᠮᠡᠭᠳᠡᠵᠦ ᠮᠡᠳᠡᠨ᠎ᠡ᠃ | 3. ᠨᠢᠳᠦ ᠪᠠᠨ ᠪᠠᠶᠢᠴᠠᠭᠠᠬᠤ᠄ ᠨᠠᠰᠤ ᠨᠡᠮᠡᠭᠳᠡᠬᠦ ᠶᠢ ᠳᠠᠭᠠᠯᠳᠤᠨ ᠲᠤᠯᠪᠤ ᠮᠠᠭᠤᠲᠠᠬᠤ ᠪᠠ ᠴᠡᠩᠬᠡᠷ ᠬᠠᠷᠠᠩ | ᠡᠪᠡᠳᠴᠢᠨ ᠡᠭᠦᠰᠬᠦ ᠪᠤᠯᠤᠮᠵᠢ ᠨᠡᠮᠡᠭᠳᠡᠬᠦ ᠲᠤᠯᠠ ᠲᠠᠪᠢ ᠭᠠᠷᠤᠭᠰᠠᠳ ᠵᠢᠯ ᠪᠦᠷᠢ ᠲᠤᠭᠲᠠᠭᠰᠠᠨ ᠬᠤᠭᠤᠴᠠᠭ᠎ᠠ | ᠲᠠᠢ ᠪᠠᠷ ᠨᠢᠳᠦ ᠪᠠᠨ ᠪᠠᠶᠢᠴᠠᠭᠠᠯᠭᠠᠪᠠᠯ ᠵᠤᠬᠢᠨ᠎ᠠ᠃ | 4. ᠴᠢᠬᠢ ᠪᠠᠨ ᠪᠠᠶᠢᠴᠠᠭᠠᠬᠤ᠄ 30% ᠶᠢᠨ ᠵᠢᠷᠠ ᠭᠠᠷᠤᠭᠰᠠᠳ ᠪᠦᠷ ᠠᠳᠠᠯᠢ ᠪᠤᠰᠤ ᠬᠡᠮᠵᠢᠶ᠎ᠡ ᠪᠠᠷ | ᠴᠢᠬᠢᠨ ᠰᠤᠨᠤᠷ ᠮᠠᠭᠤᠲᠠᠭᠰᠠᠨ ᠪᠠᠶᠢᠳᠠᠭ᠃ ᠡᠷᠲᠡ ᠰᠡᠷᠡᠵᠦ ᠮᠡᠳᠡᠨ ᠵᠠᠰᠠᠭᠤᠯᠪᠠᠯ ᠤᠯᠠᠩᠬᠢ ᠨᠢ ᠡᠳᠡᠭᠡᠷᠡᠳᠡᠭ᠃ | ᠡᠶᠢᠮᠦ ᠠᠴᠠ 3 ᠵᠢᠯ ᠳᠤ ᠴᠢᠬᠢ ᠪᠠᠨ ᠨᠢᠭᠡ ᠤᠳᠠᠭ᠎ᠠ ᠪᠠᠶᠢᠴᠠᠭᠠᠯᠭᠠᠪᠠᠯ ᠵᠤᠬᠢᠨ᠎ᠠ᠃ | 5. ᠰᠢᠯᠤᠭᠤᠨ ᠭᠡᠳᠡᠰᠦ ᠪᠠᠨ ᠪᠠᠶᠢᠴᠠᠭᠠᠬᠤ᠄ ᠵᠢᠯ ᠪᠦᠷᠢ ᠨᠢᠭᠡ ᠤᠳᠠᠭ᠎ᠠ ᠰᠢᠯᠤᠭᠤᠨ ᠭᠡᠳᠡᠰᠦ ᠶᠢᠨ | ᠪᠠᠶᠢᠴᠠᠭᠠᠯᠲᠠ ᠬᠢᠬᠦ ᠪᠤᠶᠤ ᠢᠯᠭᠠᠳᠠᠰᠤ ᠪᠠᠨ ᠪᠠᠶᠢᠴᠠᠭᠠᠪᠠᠯ ᠢᠯᠭᠠᠳᠠᠰᠤᠨ ᠳᠠᠬᠢ ᠴᠢᠰᠤᠨ ᠤ ᠪᠠᠶᠢᠳᠠᠯ ᠢ ᠮᠡᠳᠡᠵᠦ | ᠪᠤᠯᠤᠨ᠎ᠠ᠃ | 6. ᠬᠤᠲᠤᠷᠢᠩᠬᠠᠢ ᠭᠡᠳᠡᠰᠦᠨ ᠤ ᠦᠮᠡᠨ ᠢ ᠪᠠᠶᠢᠴᠠᠭᠠᠬᠤ᠄ ᠬᠤᠲᠤᠷᠢᠩᠬᠠᠢ ᠭᠡᠳᠡᠰᠦᠨ ᠤ ᠰᠢᠯ ᠪᠤᠯ | ᠬᠤᠲᠤᠷᠢᠩᠬᠠᠢ ᠭᠡᠳᠡᠰᠦᠨ ᠤ ᠦᠮᠡᠨ ᠢ ᠪᠠᠶᠢᠴᠠᠭᠠᠬᠤ ᠳᠤ ᠦᠷᠭᠦᠯᠵᠢ ᠬᠡᠷᠡᠭᠯᠡᠳᠡᠭ ᠠᠷᠭ᠎ᠠ ᠶᠢᠨ ᠨᠢᠭᠡ ᠶᠤᠮ᠃ ᠲᠠᠪᠢ | ᠭᠠᠷᠤᠭᠰᠠᠳ ᠵᠢᠯ ᠳᠤ ᠨᠢᠭᠡ ᠤᠳᠠᠭ᠎ᠠ ᠬᠤᠲᠤᠷᠢᠩᠬᠠᠢ ᠭᠡᠳᠡᠰᠦᠨ ᠤ ᠪᠠᠶᠢᠴᠠᠭᠠᠯᠲᠠ ᠬᠢᠬᠦ ᠬᠡᠷᠡᠭᠲᠡᠢ᠃ | 7. ᠰᠦᠰᠦᠨ ᠤ ᠭᠤᠨᠠᠨ ᠠᠯᠺᠤᠤᠯ ᠢᠶᠠᠨ ᠪᠠᠶᠢᠴᠠᠭᠠᠬᠤ᠄ ᠰᠦᠰᠦᠨ ᠤ ᠭᠤᠨᠠᠨ ᠠᠯᠺᠤᠤᠯ ᠦᠨᠳᠦᠷ ᠪᠤᠯ | ᠰᠠ ᠡᠪᠡᠳᠴᠢᠨ ᠪᠠ ᠵᠢᠷᠦᠬᠡᠨ ᠡᠪᠡᠳᠴᠢᠨ ᠡᠭᠦᠰᠬᠡᠬᠦ ᠪᠤᠯᠤᠮᠵᠢ ᠪᠠᠷ ᠶᠡᠭᠡ ᠪᠠᠶᠢᠳᠠᠭ᠃ | 8. ᠴᠢᠰᠤᠨ ᠰᠢᠬᠢᠷ ᠢᠶᠠᠨ ᠪᠠᠶᠢᠴᠠᠭᠠᠬᠤ᠄ ᠴᠢᠰᠤᠨ ᠰᠢᠬᠢᠷ ᠦᠨᠳᠦᠷ ᠪᠤᠯ ᠵᠢᠷᠦᠬᠡᠨ ᠡᠪᠡᠳᠴᠢᠨ ᠢ | ᠡᠭᠦᠰᠬᠡᠵᠦ᠂ ᠪᠦᠭᠡᠷ᠎ᠡ ᠮᠠᠭᠤᠲᠠᠬᠤ ᠪᠠ ᠬᠠᠷᠠᠭ᠎ᠠ ᠠᠯᠳᠠᠭᠤᠯᠵᠤ ᠮᠡᠳᠡᠨ᠎ᠡ᠃ ᠡᠶᠢᠮᠦ ᠠᠴᠠ ᠵᠢᠯ ᠪᠦᠷᠢ ᠨᠢᠭᠡ ᠤᠳᠠᠭ᠎ᠠ | ᠴᠢᠰᠤᠨ ᠰᠢᠬᠢᠷ ᠢᠶᠠᠨ ᠦᠯᠦᠨ ᠢᠶᠠᠷ ᠪᠠᠶᠢᠴᠠᠭᠠᠯᠭᠠᠪᠠᠯ ᠵᠤᠬᠢᠨ᠎ᠠ᠃ | 9. ᠮᠡᠩᠭᠡ ᠪᠠᠨ ᠦᠷᠭᠦᠯᠵᠢ ᠠᠩᠬᠠᠷᠬᠤ᠄ ᠠᠷᠠᠰᠤᠨ ᠤ ᠦᠮᠡᠨ ᠢ ᠰᠡᠷᠭᠡᠶᠢᠯᠡᠬᠦ ᠳᠤ ᠵᠠᠪᠠᠯ ᠰᠠᠷ᠎ᠠ ᠪᠦᠷᠢ | ᠦᠪᠡᠷ ᠤᠨ ᠠᠷᠠᠰᠤ ᠪᠠ ᠮᠡᠩᠭᠡ ᠪᠠᠨ ᠪᠠᠶᠢᠴᠠᠭᠠᠯᠭᠠᠬᠤ ᠬᠡᠷᠡᠭᠲᠡᠢ᠃ ᠵᠢᠯ ᠳᠤ ᠨᠢᠭᠡ ᠤᠳᠠᠭ᠎ᠠ ᠠᠷᠠᠰᠤᠨ ᠤ ᠲᠤᠬᠠᠢ | ᠪᠠᠶᠢᠴᠠᠭᠠᠯᠲᠠ ᠬᠢᠯᠭᠡᠪᠡᠯ ᠵᠤᠬᠢᠨ᠎ᠡ᠃ | 10. ᠸᠠᠼᠢᠨ ᠤ ᠲᠠᠷᠢᠯᠭ᠎ᠠ ᠲᠠᠷᠢᠬᠤ᠄ ᠬᠦᠮᠦᠨ 65 ᠨᠠᠰᠤ ᠦᠩᠭᠡᠷᠡᠪᠡᠯ ᠵᠠᠪᠠᠯ ᠠᠭᠤᠰᠬᠢᠨ | ᠰᠦᠷᠢᠶ᠎ᠡ ᠶᠢᠨ ᠸᠠᠼᠢᠨ ᠤ ᠲᠠᠷᠢᠯᠭ᠎ᠠ ᠲᠠᠷᠢᠬᠤ ᠶᠢᠨ ᠬᠠᠮᠲᠤ ᠲᠡᠲᠡᠷᠡᠩ ᠡᠪᠡᠳᠴᠢᠨ ᠸᠠᠼᠢᠨ ᠤ ᠲᠠᠷᠢᠯᠭ᠎ᠠ ᠲᠠᠷᠢᠭᠤᠯᠪᠠᠯ | ᠵᠤᠬᠢᠨ᠎ᠠ᠃ | ᠡᠭᠦᠨ ᠠᠴᠠ ᠭᠠᠳᠠᠨ᠎ᠠ᠂ ᠡᠮᠡᠭᠲᠡᠶᠢᠴᠦᠳ ᠬᠦᠯᠬᠦᠨ ᠪᠤᠯᠴᠢᠷᠬᠠᠢ ᠶᠢᠨ ᠪᠠᠶᠢᠴᠠᠭᠠᠯᠲᠠ ᠪᠠ ᠰᠠᠴᠤᠷᠠᠭ ᠤᠨ | ᠪᠠᠶᠢᠴᠠᠭᠠᠯᠲᠠ᠂ ᠠᠭᠠᠷᠴᠠᠭ ᠤᠨ ᠬᠦᠨᠳᠡᠢ ᠪᠠ ᠶᠠᠰᠤᠨ ᠰᠦᠪᠡᠷᠬᠡᠭ᠂ ᠪᠠᠮᠪᠠᠢ ᠪᠤᠯᠴᠢᠷᠬᠠᠢ ᠪᠠᠨ ᠦᠷᠭᠦᠯᠵᠢ | ᠪᠠᠶᠢᠴᠠᠭᠠᠯᠭᠠᠵᠤ ᠪᠠᠶᠢᠪᠠᠯ ᠵᠤᠬᠢᠨ᠎ᠠ᠃ | |