ᠤᠶᠢᠷ᠎ᠠ ᠳᠤ᠂ ᠤᠯᠠᠭᠠᠨᠬᠠᠳᠠ ᠬᠤᠲᠠ ᠶᠢᠨ ᠳᠠᠭᠤᠤ ᠪᠦᠵᠢᠭ ᠵᠦᠴᠦᠭᠡ ᠶᠢᠨ ᠬᠦᠷᠢᠶᠡᠯᠡᠩ ᠤᠨ ᠶᠠᠷᠢᠶᠠᠲᠤ | ᠵᠦᠴᠦᠭᠡ ︽ᠬᠠᠯᠠᠭᠤᠨ ᠦᠯᠦᠭᠡᠢ︾ ᠨᠢ ᠦᠵᠡᠯ ᠰᠠᠨᠠᠭ᠎ᠠ ᠨᠢ ᠭᠦᠨᠵᠡᠭᠡᠢ᠂ ᠤᠷᠠᠯᠢᠭ ᠨᠢ ᠨᠠᠷᠢᠨ᠂ ᠵᠤᠬᠢᠶᠠᠨ | ᠪᠦᠲᠦᠭᠡᠭᠰᠡᠨ ᠨᠢ ᠰᠢᠯᠢᠳᠡᠭ ᠪᠠ ᠦᠷᠭᠡᠨ ᠬᠡᠪᠴᠢᠶᠡᠨ ᠤ ᠨᠡᠶᠢᠭᠡᠮ ᠤᠨ ᠨᠦᠯᠦᠭᠡᠯᠡᠬᠦ ᠬᠦᠴᠦᠨ ᠵᠢᠴᠢ | ᠦᠵᠡᠭᠴᠢᠳ ᠤᠨ ᠳᠤᠮᠳᠠ ᠪᠤᠢ ᠪᠤᠯᠤᠭᠰᠠᠨ ᠨᠡᠷ᠎ᠡ ᠠᠯᠳᠠᠷ ᠢᠶᠠᠷ ᠢᠶᠠᠨ ᠠᠷᠪᠠᠨ ᠨᠢᠭᠡᠳᠦᠭᠡᠷ ᠬᠤᠭᠤᠴᠠᠭᠠᠨ ᠤ | ᠳᠤᠮᠳᠠᠳᠤ ᠤᠯᠤᠰ ᠤᠨ ᠤᠷᠠᠯᠢᠭ ᠤᠨ ᠨᠠᠶᠢᠷ ᠳᠡᠭᠡᠷᠡᠬᠢ ᠲᠤᠭᠯᠠᠯᠲᠠ ᠶᠢᠨ ᠵᠦᠴᠦᠭᠡ ᠪᠠᠷ ᠰᠤᠩᠭᠤᠭᠳᠠᠵᠠᠢ᠃ | ᠲᠤᠰ ᠶᠠᠷᠢᠶᠠᠲᠤ ᠵᠦᠴᠦᠭᠡ ᠨᠢ ᠤᠯᠠᠭᠠᠨᠬᠠᠳᠠ ᠳᠤ ᠪᠠᠶᠢᠭᠤᠯᠤᠭᠳᠠᠭᠰᠠᠨ ᠡᠾᠧᠪᠸᠢ ᠴᠠᠬᠠᠷ ᠷᠧ ᠡᠾᠧ | ᠯᠢᠶᠤᠤᠨᠢᠩ ᠤᠨ ᠬᠤᠯᠪᠤᠭᠠᠲᠤ ᠶᠡᠭᠡ ᠰᠤᠷᠭᠠᠭᠤᠯᠢ ᠶᠢᠨ ᠯᠦ ᠰᠢᠶᠦ᠋ᠨ ᠨᠡᠷᠡᠮᠵᠢᠲᠦ ᠤᠷᠠᠯᠢᠭ ᠤᠨ ᠳᠡᠭᠡᠳᠦ | ᠰᠤᠷᠭᠠᠭᠤᠯᠢ ᠶᠢᠨ ᠪᠠᠭᠰᠢ ᠰᠤᠷᠤᠭᠴᠢᠳ ᠳᠠᠶᠢᠨ ᠪᠠᠶᠢᠯᠳᠤᠭᠠᠨ ᠪᠤᠯᠤᠨ ᠬᠠᠲᠠᠭᠤ ᠪᠡᠷᠬᠡᠰᠢᠶᠡᠯᠲᠡᠢ ᠨᠦᠬᠦᠴᠡᠯ ᠳᠤᠤᠷ᠎ᠠ | ᠂ ᠮᠠᠦ ᠽᠧ ᠳ᠋ᠦᠩ ᠨᠦᠬᠦᠷ ᠤᠨ ︽ᠶᠠᠨ ᠠᠨ ᠤ ᠤᠳᠬ᠎ᠠ ᠤᠷᠠᠯᠢᠭ ᠤᠨ ᠶᠠᠷᠢᠯᠴᠠᠬᠤ ᠬᠤᠷᠠᠯ︾ ᠳᠡᠭᠡᠷᠡᠬᠢ | ᠶᠠᠷᠢᠶᠠᠨ ᠤ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠬᠠᠲᠠᠭᠤ ᠪᠡᠷᠬᠡᠰᠢᠶᠡᠯᠲᠡᠢ ᠤᠷᠴᠢᠨ ᠲᠤᠭᠤᠷᠢᠨ ᠳᠤ | ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠤᠪᠢᠰᠬᠠᠯᠲᠤ ᠤᠳᠬ᠎ᠠ ᠤᠷᠠᠯᠢᠭ ᠢᠶᠠᠷ ᠠᠷᠠᠳ ᠲᠦᠮᠡᠨ ᠳᠤ ᠶᠠᠫᠤᠨ ᠢ | ᠡᠰᠡᠷᠭᠦᠴᠡᠬᠦ ᠲᠡᠮᠡᠴᠡᠯ ᠤᠨ ᠵᠤᠷᠢᠭ ᠰᠠᠨᠠᠭ᠎ᠠ ᠶᠢ ᠤᠯᠠᠮᠵᠢᠯᠠᠭᠰᠠᠨ ᠲᠡᠦᠬᠡ ᠶᠢᠨ ᠪᠤᠳᠠᠳᠤ ᠬᠡᠷᠡᠭ ᠢᠶᠠᠷ ᠰᠡᠳᠦᠪᠯᠡᠭᠰᠡᠨ | ᠵᠦᠴᠦᠭᠡ ᠪᠤᠯᠤᠨ᠎ᠠ᠃ | ᠡᠨᠡ ᠵᠢᠯ ︽ᠬᠠᠯᠠᠭᠤᠨ ᠦᠯᠦᠭᠡᠢ︾ ᠶᠠᠷᠢᠶᠠᠲᠤ ᠵᠦᠴᠦᠭᠡ ᠤᠷᠢᠳ ᠬᠤᠵᠢᠳ ᠨᠡᠶᠢᠰᠯᠡᠯ ᠪᠡᠭᠡᠵᠢᠩ ᠪᠠ | ᠬᠦᠬᠡᠬᠤᠲᠠ ᠶᠢᠨ ︽ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠶᠠᠷᠢᠶᠠᠲᠤ ᠵᠦᠴᠦᠭᠡ ᠶᠢᠨ ᠤᠷᠠᠯᠢᠭ ᠤᠨ | ᠦᠵᠡᠰᠬᠦᠯᠡᠩ︾ ᠪᠠ ︽ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ᠂ ᠦᠪᠦᠷ ᠮᠤᠩᠭᠤᠯ ᠤᠨ | ᠲᠠᠯ᠎ᠠ ᠨᠤᠲᠤᠭ ᠤᠨ ᠰᠤᠶᠤᠯ ᠤᠨ ᠨᠠᠶᠢᠷ︾ ᠲᠤ ᠤᠷᠤᠯᠴᠠᠨ᠂ ᠳᠦᠷᠪᠡᠨ ᠵᠦᠢᠯ ᠤᠨ ᠱᠠᠩᠨᠠᠯ ᠲᠤᠰᠴᠤ᠂ | ᠤᠯᠠᠭᠠᠨᠬᠠᠳᠠ ᠬᠤᠲᠠ ᠶᠢᠨ ᠰᠤᠶᠤᠯ ᠤᠷᠠᠯᠢᠭ ᠤᠨ ᠰᠢᠨ᠎ᠡ ᠬᠡᠪ ᠨᠠᠮᠪᠠ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠡᠢ᠃ | |