| ᠬᠠᠮᠤᠭ ᠤᠨ ᠰᠠᠶᠢᠨ ᠪᠤᠰᠬᠤ ᠴᠠᠭ | ᠦᠷᠯᠦᠭᠡ ᠶᠢᠨ ᠲᠠᠪᠤ ᠵᠢᠷᠭᠤᠭᠠᠨ ᠴᠠᠭ ᠪᠤᠯ ᠬᠦᠮᠦᠨ ᠤ ᠪᠡᠶ᠎ᠡ ᠮᠠᠬᠠᠪᠤᠳ ᠤᠨ ᠦᠷᠨᠢᠯᠲᠡ ᠶᠢᠨ ᠴᠠᠭ | ᠪᠤᠯᠬᠤᠷ ᠡᠨᠡ ᠦᠶᠡᠰ ᠪᠡᠶ᠎ᠡ ᠶᠢᠨ ᠳᠤᠯᠠᠭᠠᠨ ᠡᠬᠢᠯᠡᠭᠡᠳ ᠳᠡᠭᠡᠭᠰᠢᠯᠡᠬᠦ ᠪᠦᠭᠡᠳ ᠡᠨᠡ ᠦᠶ᠎ᠡ ᠳᠤ ᠪᠤᠰᠪᠠᠯ ᠴᠤᠭ | ᠵᠢᠪᠬᠤᠯᠠᠩ ᠲᠡᠭᠦᠯᠳᠡᠷ ᠪᠠᠶᠢᠳᠠᠭ᠃ | ᠬᠠᠮᠤᠭ ᠤᠨ ᠰᠠᠶᠢᠨ ᠠᠵᠢᠯᠯᠠᠬᠤ ᠴᠠᠭ | ᠦᠳᠡ ᠶᠢᠨ ᠡᠮᠦᠨ᠎ᠡ ᠶᠢᠨ ᠠᠷᠪᠠᠨ ᠴᠠᠭ ᠠᠴᠠ ᠦᠳᠡ ᠶᠢᠨ ᠬᠤᠶᠢᠨ᠎ᠠ ᠶᠢᠨ ᠭᠤᠷᠪᠠᠨ ᠴᠠᠭ ᠤᠨ | ᠬᠤᠭᠤᠷᠤᠨᠳᠤ ᠠᠰᠢᠭᠯᠠᠮᠵᠢ ᠪᠠᠷ ᠬᠠᠮᠤᠭ ᠦᠨᠳᠦᠷ ᠪᠠᠶᠢᠵᠤ᠂ ᠡᠩ ᠤᠨ ᠪᠠᠶᠢᠳᠠᠯ ᠢᠶᠠᠷ ᠠᠪᠴᠤ ᠬᠡᠯᠡᠪᠡᠯ᠂ ᠦᠳᠡ ᠶᠢᠨ | ᠡᠮᠦᠨ᠎ᠡ ᠤᠶᠤᠨ ᠤ ᠬᠦᠳᠡᠯᠮᠦᠷᠢ᠂ ᠦᠳᠡ ᠶᠢᠨ ᠬᠤᠶᠢᠨ᠎ᠠ ᠪᠡᠶ᠎ᠡ ᠶᠢᠨ ᠬᠦᠳᠡᠯᠮᠦᠷᠢ ᠬᠢᠪᠡᠯ ᠵᠤᠬᠢᠰᠲᠠᠢ ᠪᠠᠶᠢᠳᠠᠭ᠃ | ᠬᠠᠮᠤᠭ ᠤᠨ ᠰᠠᠶᠢᠨ ᠦᠳᠡ ᠶᠢᠨ ᠠᠮᠠᠷᠠᠯᠲᠠ ᠶᠢᠨ ᠴᠠᠭ | ᠬᠦᠮᠦᠨ ᠤ ᠲᠠᠷᠢᠬᠢᠨ ᠤ ᠠᠵᠢᠯᠯᠠᠭᠠᠨ ᠤ ᠴᠢᠳᠠᠪᠤᠷᠢ ᠨᠢ ᠦᠳᠡ ᠶᠢᠨ ᠬᠤᠶᠢᠨ᠎ᠠ ᠶᠢᠨ ᠨᠢᠭᠡ ᠴᠠᠭ ᠤᠨ | ᠲᠦᠯᠦᠪ ᠲᠤ ᠬᠠᠮᠤᠭ ᠠᠴᠠ ᠳᠤᠤᠷ᠎ᠠ ᠪᠠᠶᠢᠳᠠᠭ ᠤᠴᠢᠷ ᠠᠴᠠ ᠡᠨᠡ ᠦᠶ᠎ᠡ ᠳᠤ ᠤᠨᠲᠠᠪᠠᠯ ᠬᠠᠮᠤᠭ ᠤᠨ ᠰᠠᠶᠢᠨ | ᠪᠠᠶᠢᠳᠠᠭ᠃ | ᠪᠡᠶ᠎ᠡ ᠮᠠᠬᠠᠪᠤᠳ ᠢᠶᠠᠨ ᠳᠠᠪᠲᠠᠨ ᠪᠤᠯᠪᠠᠰᠤᠷᠠᠭᠤᠯᠬᠤ ᠬᠠᠮᠤᠭ ᠤᠨ ᠰᠠᠶᠢᠨ ᠴᠠᠭ | ᠡᠩ ᠤᠨ ᠪᠠᠶᠢᠳᠠᠯ ᠤᠨ ᠳᠤᠤᠷ᠎ᠠ ᠦᠳᠡ ᠶᠢᠨ ᠬᠤᠶᠢᠨ᠎ᠠ ᠶᠢᠨ ᠳᠦᠷᠪᠡᠨ ᠴᠠᠭ ᠠᠴᠠ ᠰᠡᠭᠦᠯᠡᠷ ᠪᠡᠶ᠎ᠡ | ᠲᠠᠮᠢᠷ ᠤᠨ ᠬᠦᠳᠡᠯᠭᠡᠭᠡᠨ ᠬᠢᠬᠦ ᠳᠤ ᠬᠠᠮᠤᠭ ᠠᠴᠠ ᠵᠤᠬᠢᠰᠲᠠᠢ ᠪᠠᠶᠢᠳᠠᠭ᠃ ᠡᠨᠡ ᠦᠶ᠎ᠡ ᠳᠤ ᠬᠦᠮᠦᠨ ᠤ ᠪᠡᠶ᠎ᠡ ᠶᠢᠨ | ᠳᠡᠰᠪᠦᠷᠢᠯᠡᠬᠦ ᠴᠢᠳᠠᠪᠤᠷᠢ ᠳᠡᠭᠡᠭᠰᠢᠯᠡᠵᠦ᠂ ᠴᠤᠭᠴᠠ ᠪᠡᠶ᠎ᠡ ᠶᠢᠨ ᠳᠤᠯᠠᠭᠠᠨ ᠤ ᠬᠡᠮᠵᠢᠶ᠎ᠡ ᠨᠡᠯᠢᠶᠡᠳ ᠦᠨᠳᠦᠷ ᠪᠠᠶᠢᠵᠤ᠂ | ᠴᠢᠰᠤᠨ ᠤ ᠡᠷᠭᠢᠯᠲᠡ ᠬᠦᠭᠵᠢᠯᠲᠡᠢ ᠪᠤᠯᠵᠤ᠂ ᠴᠢᠰᠤᠨ ᠰᠢᠩᠭᠡᠨ ᠤ ᠨᠢᠯᠴᠠᠭᠠᠢ ᠴᠢᠨᠠᠷ ᠬᠠᠮᠤᠭ ᠪᠠᠭ᠎ᠠ ᠪᠠᠶᠢᠵᠤ᠂ | ᠦᠶ᠎ᠡ ᠭᠡᠰᠢᠭᠦᠦ ᠬᠠᠮᠤᠭ ᠠᠴᠠ ᠠᠮᠢᠳᠤᠯᠢᠭ ᠤᠶᠠᠨ ᠬᠠᠳᠠᠨ ᠪᠠᠶᠢᠳᠠᠭ᠃ | ᠮᠠᠷᠢᠶ᠎ᠠ ᠰᠢᠭᠤᠷᠠᠭᠤᠯᠬᠤ ᠬᠠᠮᠤᠭ ᠤᠨ ᠰᠠᠶᠢᠨ ᠴᠠᠭ | ᠬᠤᠭᠤᠯᠠᠨ ᠤ ᠳᠠᠷᠠᠭᠠᠬᠢ ᠨᠢᠭᠡ ᠴᠠᠭ ᠤᠨ ᠲᠦᠯᠦᠪ ᠲᠤ ᠬᠤᠷᠢᠨ ᠮᠢᠨᠦ᠋ᠲ ᠠᠯᠭᠤᠷ ᠠᠯᠬᠤᠬᠤ ᠨᠢ | ᠢᠯᠴᠢ ᠶᠢᠨ ᠬᠡᠮᠵᠢᠶ᠎ᠡ ᠶᠢ ᠪᠠᠭᠤᠷᠠᠭᠤᠯᠵᠤ ᠮᠠᠷᠢᠶ᠎ᠠ ᠰᠢᠭᠤᠷᠠᠭᠤᠯᠬᠤ ᠳᠤ ᠠᠰᠢᠭᠲᠠᠢ ᠪᠠᠶᠢᠳᠠᠭ᠃ | ᠵᠢᠮᠢᠰ ᠢᠳᠡᠬᠦ ᠬᠠᠮᠤᠭ ᠤᠨ ᠰᠠᠶᠢᠨ ᠴᠠᠭ | ᠬᠤᠭᠤᠯᠠᠨ ᠠᠴᠠ ᠡᠮᠦᠨ᠎ᠡ ᠬᠠᠭᠠᠰ ᠴᠠᠭ ᠠᠴᠠ ᠨᠢᠭᠡ ᠴᠠᠭ ᠤᠨ ᠲᠤᠲᠤᠷ᠎ᠠ ᠵᠢᠮᠢᠰ ᠢᠳᠡᠪᠡᠯ᠂ ᠭᠡᠳᠡᠰᠦ | ᠴᠠᠳᠤᠭᠰᠠᠨ ᠰᠡᠷᠡᠭᠳᠡᠯ ᠢ ᠨᠡᠮᠡᠭᠳᠡᠭᠦᠯᠵᠦ᠂ ᠵᠤᠬᠢᠬᠤ ᠬᠡᠮᠵᠢᠶ᠎ᠡ ᠪᠠᠷ ᠢᠳᠡᠬᠦ ᠬᠡᠮᠵᠢᠶ᠎ᠡ ᠶᠢ ᠪᠠᠭᠠᠰᠬᠠᠵᠤ᠂ ᠪᠡᠶ᠎ᠡ ᠶᠢᠨ | ᠬᠦᠨᠳᠦ ᠶᠢ ᠬᠢᠵᠠᠭᠠᠷᠯᠠᠬᠤ ᠳᠤ ᠠᠰᠢᠭᠲᠠᠢ ᠪᠠᠶᠢᠳᠠᠭ᠃ ᠬᠤᠭᠤᠯᠠᠨ ᠤ ᠳᠠᠷᠠᠭ᠎ᠠ ᠬᠤᠶᠠᠷ ᠴᠠᠭ ᠤᠨ ᠬᠤᠶᠢᠨ᠎ᠡ ᠵᠢᠮᠢᠰ | ᠢᠳᠡᠪᠡᠯ ᠲᠡᠭᠦᠨ ᠤ ᠰᠢᠮ᠎ᠡ ᠲᠡᠵᠢᠭᠡᠯ ᠤᠨ ᠪᠦᠷᠢᠯᠳᠦᠭᠦᠨ ᠨᠢ ᠬᠢᠯᠪᠠᠷᠬᠠᠨ ᠰᠢᠩᠭᠡᠭᠡᠭᠳᠡᠬᠦ ᠪᠤᠯᠤᠨ᠎ᠠ᠃ | ᠨᠤᠶᠢᠷ ᠠᠪᠬᠤ ᠬᠠᠮᠤᠭ ᠤᠨ ᠰᠠᠶᠢᠨ ᠴᠠᠭ | ᠤᠯᠠᠩᠬᠢ ᠬᠦᠮᠦᠰ ᠲᠤ ᠠᠪᠴᠤ ᠬᠡᠯᠡᠪᠡᠯ᠂ ᠤᠷᠤᠢ ᠶᠢᠨ ᠠᠷᠪᠠᠨ ᠴᠠᠭ ᠪᠤᠯ ᠬᠠᠮᠤᠭ ᠠᠴᠠ ᠠᠮᠠᠷᠬᠠᠨ | ᠨᠤᠶᠢᠷ ᠠᠪᠬᠤ ᠴᠠᠭ ᠦᠶ᠎ᠡ ᠮᠦᠨ᠂ ᠬᠡᠲᠦ ᠡᠷᠲᠡ ᠤᠨᠲᠠᠪᠠᠯ ᠲᠡᠶᠢᠮᠦ ᠬᠢᠯᠪᠠᠷᠬᠠᠨ ᠢᠶᠠᠷ ᠲᠡᠳᠦᠢ ᠲᠦᠷᠭᠡᠨ | ᠨᠤᠶᠢᠷᠮᠤᠭᠯᠠᠵᠤ ᠳᠡᠶᠢᠯᠬᠦ ᠦᠭᠡᠢ ᠪᠠᠶᠢᠳᠠᠭ᠃ ᠭᠡᠲᠡᠯ᠎ᠡ ᠠᠵᠢᠯ ᠤᠨ ᠬᠠᠷᠠᠭ᠎ᠠ ᠪᠤᠶᠤ ᠨᠠᠶᠢᠷ ᠬᠤᠷᠢᠮ ᠪᠤᠯᠵᠤ ᠬᠡᠲᠦ | ᠤᠷᠤᠢ ᠪᠤᠯᠪᠠᠯ ᠤᠨᠲᠠᠬᠤ ᠴᠠᠭ ᠢ ᠤᠬᠤᠷ ᠪᠤᠯᠭᠠᠬᠤ ᠪᠠᠷ ᠦᠯᠦ ᠪᠠᠷᠠᠨ ᠬᠢᠯᠪᠠᠷᠬᠠᠨ ᠤᠶᠤᠨ ᠰᠠᠨᠠᠭ᠎ᠠ ᠶᠢ | ᠬᠦᠭᠡᠷᠦᠯᠲᠡ ᠶᠢᠨ ᠪᠠᠶᠢᠳᠠᠯ ᠳᠤ ᠤᠷᠤᠭᠤᠯᠵᠤ᠂ ᠨᠤᠶᠢᠷ ᠬᠤᠯᠵᠢᠬᠤ ᠪᠤᠶᠤ ᠤᠨᠲᠠᠯᠭ᠎ᠠ ᠶᠢᠨ ᠶᠠᠰᠤ ᠴᠢᠨᠠᠷ ᠢ ᠴᠦ | ᠨᠦᠯᠦᠭᠡᠯᠡᠵᠦ ᠮᠡᠳᠡᠳᠡᠭ᠃ |