6 ᠡᠷᠡᠨ ᠤ ᠬᠤᠭᠤᠯᠠ ᠢᠳᠡᠪᠡᠯ ᠵᠢᠷᠦᠬᠡᠨ ᠡᠪᠡᠳᠴᠢᠨ ᠡᠭᠦᠰᠬᠦ ᠨᠤᠷᠮ᠎ᠠ ᠶᠢ ᠪᠠᠭᠠᠰᠬᠠᠳᠠᠭ
ᠨᠡᠶᠢᠲᠡᠯᠡᠭᠰᠡᠨ ᠴᠠᠭ᠄
2016-10-25
       ᠡᠳᠦᠷ ᠤᠨ ᠭᠤᠷᠪᠠᠨ ᠡᠷᠡᠨ ᠤ ᠬᠤᠭᠤᠯᠠ ᠢᠳᠡᠳᠡᠭ ᠨᠢ ᠳᠤᠮᠳᠠᠳᠤ ᠤᠯᠤᠰ ᠤᠨ ᠬᠦᠮᠦᠨ ᠤ ᠢᠳᠡᠭᠡᠨ ᠤᠮᠳᠠᠭᠠᠨ ᠤ ᠳᠠᠳᠬᠠᠯ᠃ ᠠᠮᠧᠷᠢᠺᠡ ᠶᠢᠨ ᠶᠤᠬᠠᠨ ᠡᠾᠦ᠋ᠸᠧᠫᠦ᠋ᠵᠢᠰ ᠶᠡᠭᠡ ᠰᠤᠷᠭᠠᠭᠤᠯᠢ ᠬᠢᠭᠡᠳ ᠪᠠᠷᠳᠢᠮᠦ᠋ᠸᠧ ᠶᠡᠭᠡ ᠰᠤᠷᠭᠠᠭᠤᠯᠢ ᠶᠢᠨ ᠨᠢᠭᠡᠨ ᠬᠠᠮᠲᠤᠷᠠᠭᠰᠠᠨ ᠰᠤᠳᠤᠯᠭᠠᠨ ᠳᠤ ᠤᠯᠵᠤ ᠮᠡᠳᠡᠭᠰᠡᠨ ᠢᠶᠠᠷ᠂ ᠡᠳᠦᠷ ᠪᠦᠷᠢ 6 ᠡᠷᠡᠨ ᠤ ᠬᠤᠭᠤᠯᠠ ᠢᠳᠡᠬᠦ ᠨᠢ ᠵᠢᠷᠦᠬᠡᠨ ᠡᠪᠡᠳᠴᠢᠨ ᠡᠭᠦᠰᠬᠦ ᠨᠤᠷᠮ᠎ᠠ ᠶᠢ ᠪᠠᠭᠠᠰᠬᠠᠳᠠᠭ ᠪᠦᠭᠡᠳ ᠨᠡᠩ ᠡᠷᠡᠭᠦᠯ ᠢᠳᠡᠭᠡᠨ ᠤᠮᠳᠠᠭᠠᠨ ᠤ ᠬᠡᠯᠪᠡᠷᠢ ᠪᠤᠯᠬᠤ ᠶᠤᠮ᠃        ᠰᠤᠳᠤᠯᠭᠠᠲᠠᠳ 7000 ᠭᠠᠷᠤᠢ ᠲᠤᠮᠤᠴᠤᠤᠯ ᠤᠨ ᠢᠳᠡᠭᠡᠨ ᠤᠮᠳᠠᠭᠠᠨ ᠤ ᠳᠠᠳᠬᠠᠯ ᠬᠢᠭᠡᠳ ᠵᠢᠷᠦᠬᠡ ᠴᠢᠰᠦᠨ ᠰᠤᠳᠠᠯ ᠤᠨ ᠡᠷᠡᠭᠦᠯ ᠮᠡᠨᠳᠦ ᠳᠤ ᠬᠠᠷᠢᠴᠠᠭᠤᠯᠤᠯ ᠰᠤᠳᠤᠯᠭᠠᠨ ᠬᠢᠬᠦ ᠶᠢᠨ ᠬᠠᠮᠲᠤ 14 ᠵᠢᠯ ᠤᠨ ᠬᠤᠭᠤᠴᠠᠭ᠎ᠠ ᠲᠠᠢ ᠮᠦᠷᠳᠡᠨ ᠪᠠᠶᠢᠴᠠᠭᠠᠯᠲᠠ ᠬᠢᠵᠡᠢ᠃ ᠡᠭᠦᠨ ᠳᠤ᠂ 30% ᠨᠢ ᠡᠳᠦᠷ ᠪᠦᠷᠢ 6 ᠡᠷᠡᠨ ᠤ ᠬᠤᠭᠤᠯᠠ ᠢᠳᠡᠵᠦ᠂ 4% ᠨᠢ ᠡᠳᠦᠷ ᠲᠤ ᠨᠢᠭᠡ ᠪᠤᠶᠤ ᠬᠤᠶᠠᠷᠬᠠᠨ ᠡᠷᠡᠨ ᠤ ᠬᠤᠭᠤᠯᠠ ᠢᠳᠡᠪᠡ᠃ 14 ᠵᠢᠯ ᠤᠨ ᠳᠠᠷᠠᠭ᠎ᠠ᠂ 1280 ᠲᠤᠷᠰᠢᠯᠲᠠ ᠳᠤ ᠤᠷᠤᠯᠴᠠᠭᠴᠢ ᠨᠠᠰᠤ ᠪᠠᠷᠠᠵᠤ᠂ ᠡᠭᠦᠨ ᠳᠤ 503 ᠬᠦᠮᠦᠨ ᠵᠢᠷᠦᠬᠡ ᠴᠢᠰᠦᠨ ᠰᠤᠳᠠᠯ ᠤᠨ ᠡᠪᠡᠳᠴᠢᠨ ᠢᠶᠠᠷ ᠨᠠᠰᠤ ᠪᠠᠷᠠᠵᠠᠢ᠃ ᠬᠠᠷᠢᠴᠠᠭᠤᠯᠤᠨ ᠵᠠᠳᠠᠯᠤᠯᠲᠠ ᠬᠢᠭᠰᠡᠨ ᠢᠶᠠᠷ᠂ ᠡᠳᠦᠷ ᠪᠦᠷᠢ 3-4 ᠡᠷᠡᠨ ᠤ ᠬᠤᠭᠤᠯᠠ ᠢᠳᠡᠳᠡᠭ ᠲᠤᠷᠰᠢᠯᠲᠠ ᠳᠤ ᠤᠷᠤᠯᠴᠠᠭᠴᠢ ᠲᠠᠢ ᠬᠠᠷᠢᠴᠠᠭᠤᠯᠪᠠᠯ ᠡᠳᠦᠷ ᠲᠤ ᠨᠠᠭᠠᠲᠤ ᠵᠠᠬ᠎ᠠ ᠳᠠᠭᠠᠨ 6 ᠡᠷᠡᠨ ᠤ ᠬᠤᠭᠤᠯᠠ ᠢᠳᠡᠳᠡᠭ ᠬᠦᠮᠦᠨ ᠤ ᠯᠤᠭᠰᠢᠭᠤᠨ ᠰᠤᠳᠠᠯ ᠪᠦᠭᠯᠡᠷᠡᠬᠦ ᠨᠤᠷᠮ᠎ᠠ ᠨᠠᠭᠠᠲᠤ ᠵᠠᠬ᠎ᠠ ᠳᠠᠭᠠᠨ 30% ᠪᠠᠷ ᠳᠤᠷᠤᠭᠰᠢᠯᠠᠵᠤ᠂ ᠵᠢᠷᠦᠬᠡ ᠴᠢᠰᠤᠨ ᠰᠤᠳᠠᠯ ᠤᠨ ᠡᠪᠡᠳᠴᠢᠨ ᠢᠶᠠᠷ ᠠᠳᠡᠬᠦ 32% ᠪᠠᠷ ᠪᠠᠭᠤᠷᠠᠳᠠᠭ᠃ ᠡᠳᠦᠷ ᠪᠦᠷᠢ ᠶᠢᠨ ᠢᠳᠡᠭᠡᠨ ᠰᠢᠩᠭᠡᠭᠡᠬᠦ ᠶᠡᠷᠦᠩᠬᠡᠢ ᠬᠡᠮᠵᠢᠶ᠎ᠡ ᠨᠢ ᠲᠠᠨᠢᠯᠴᠠᠭᠤᠯᠤᠭᠰᠠᠨ ᠺᠠᠯᠤᠷᠢ ᠶᠢᠨ ᠪᠠᠷᠢᠮᠵᠢᠶ᠎ᠠ ︵ᠡᠷᠡᠭᠲᠡᠢ 2500 ᠺᠠᠯᠤᠷᠢ᠂ ᠡᠮᠡᠭᠲᠡᠢ 2000 ᠺᠠᠯᠤᠷᠢ︶ ᠠᠴᠠ ᠳᠠᠪᠠᠭᠰᠠᠨ ᠴᠦ ᠡᠳᠦᠷ ᠪᠦᠷᠢ 6 ᠡᠷᠡᠨ ᠤ ᠬᠤᠭᠤᠯᠠ ᠢᠳᠡᠬᠦ ᠨᠢ ᠴᠢᠰᠤᠨ ᠤ ᠪᠦᠭᠡᠨᠡᠷᠡᠯ ᠡᠭᠦᠰᠬᠦ ᠨᠤᠷᠮ᠎ᠠ ᠳᠤᠤᠷ᠎ᠠ ᠪᠤᠯᠳᠠᠭ᠃ ᠡᠭᠦᠨ ᠠᠴᠠ ᠭᠠᠳᠠᠨ᠎ᠠ᠂ ᠡᠳᠦᠷ ᠪᠦᠷᠢ ᠵᠢᠷᠭᠤᠭᠠᠨ ᠡᠷᠡᠨ ᠤ ᠬᠤᠭᠤᠯᠠ ᠢᠳᠡᠭᠰᠡᠨ ᠲᠤᠷᠰᠢᠯᠲᠠ ᠳᠤ ᠤᠷᠤᠯᠴᠠᠭᠴᠢ ᠶᠢᠨ ᠪᠦᠰᠡᠯᠡᠭᠦᠷ ᠪᠦᠲᠦᠭᠦᠷᠡᠬᠦ ᠪᠠ ᠮᠠᠷᠢᠶᠠᠯᠠᠬᠤ ᠪᠤᠯᠤᠮᠵᠢ ᠨᠢ ᠴᠦ ᠨᠡᠩ ᠳᠤᠤᠷ᠎ᠠ ᠪᠠᠶᠢᠪᠠ᠃ ᠡᠳᠦᠷ ᠪᠦᠷᠢ ᠤᠯᠠᠨ ᠡᠷᠡᠨ ᠤ ᠬᠤᠭᠤᠯᠠ ᠢᠳᠡᠳᠡᠭ ᠬᠦᠮᠦᠨ ᠤ ᠰᠢᠩᠭᠡᠭᠡᠭᠰᠡᠨ ᠶᠡᠷᠦᠩᠬᠡᠢ ᠬᠡᠮᠵᠢᠶ᠎ᠡ ᠨᠢ ᠬᠠᠷᠢᠴᠠᠩᠭᠤᠢ ᠪᠠᠷ ᠶᠡᠭᠡ ᠪᠠᠶᠢᠳᠠᠭ ᠪᠤᠯᠪᠠᠴᠤ ᠡᠷᠡᠨ ᠪᠦᠷᠢ ᠲᠡᠭᠰᠢᠳᠬᠡᠭᠡᠳ ᠰᠢᠩᠭᠡᠭᠡᠭᠰᠡᠨ ᠢᠯᠴᠢ ᠨᠢ ᠬᠠᠷᠢᠨ ᠨᠡᠯᠢᠶᠡᠳ ᠳᠤᠤᠷ᠎ᠠ ᠪᠠᠶᠢᠵᠤ᠂ ᠰᠤᠩᠭᠤᠨ ᠢᠳᠡᠭᠰᠡᠨ ᠢᠳᠡᠭᠡᠨ ᠤ ᠲᠦᠷᠦᠯ ᠵᠦᠢᠯ ᠨᠢ ᠴᠦ ᠨᠡᠯᠢᠶᠡᠳ ᠤᠯᠠᠨ ᠲᠤᠯᠠ ᠰᠢᠮ᠎ᠡ ᠲᠡᠵᠢᠭᠡᠯ ᠢ ᠰᠢᠩᠭᠡᠭᠡᠬᠦ ᠨᠢ ᠴᠦ ᠨᠡᠩ ᠲᠡᠩᠴᠡᠭᠦᠷᠢᠲᠡᠢ ᠪᠠᠶᠢᠳᠠᠭ᠃ ᠬᠦᠮᠦᠨ ᠤ ᠪᠡᠶ᠎ᠡ ᠨᠢᠭᠡ ᠤᠳᠠᠭ᠎ᠠ ᠳᠤ ᠴᠦᠬᠡᠪᠲᠦᠷ ᠡᠨᠧᠷᠭᠢ ᠰᠤᠯᠢᠭᠳᠠᠳᠠᠭ ᠲᠤᠯᠠ ᠡᠷᠡᠨ ᠪᠦᠷᠢ ᠶᠢᠨ ᠬᠤᠭᠤᠯᠠ ᠪᠠᠨ ᠳᠡᠩᠳᠡᠭᠦᠦ ᠠᠷᠪᠢᠨ ᠢᠳᠡᠪᠡᠯ ᠬᠤᠶᠠᠷ ᠡᠷᠡᠨ ‍ᠦ‌ᠬᠤᠭᠤᠷᠤᠨᠳᠤᠬᠢ ᠵᠠᠢ ᠨᠢ ᠨᠡᠩ ᠤᠷᠲᠤ ᠪᠤᠯᠵᠤ᠂ ᠢᠩᠭᠢᠪᠡᠯ ᠬᠦᠮᠦᠨ ᠤ ᠪᠡᠶ᠎ᠡ ᠶᠢᠨ ᠰᠤᠯᠢᠭᠳᠠᠯ ᠤᠨ ᠰᠢᠰᠲ᠋ᠧᠮ ᠳᠠᠭᠠᠭᠠᠴᠠ ᠠᠴᠠ ᠬᠡᠲᠦᠷᠡᠨ ᠠᠵᠢᠯᠯᠠᠭᠠᠳ ᠪᠡᠶ᠎ᠡ ᠳᠠᠬᠢ ᠦᠭᠡᠬᠦ ᠶᠡᠬᠡᠪᠡᠷ ᠨᠡᠮᠡᠭᠳᠡᠵᠦ ᠬᠦᠬᠡᠭᠴᠢᠨ ᠬᠡᠯᠪᠡᠷᠢ ᠶᠢᠨ ᠰᠢᠬᠢᠷ ᠰᠢᠵᠢᠩ ᠡᠪᠡᠳᠴᠢᠨ ᠳᠤ ᠠᠮᠠᠷᠬᠠᠨ ᠨᠡᠷᠪᠡᠭᠳᠡᠵᠦ᠂ ᠵᠢᠷᠦᠬᠡᠨ ᠡᠪᠡᠳᠴᠢᠨ ᠳᠤ ᠨᠡᠷᠪᠡᠭᠳᠡᠬᠦ ᠨᠤᠷᠮ᠎ᠠ ᠶᠢ ᠴᠦ ᠨᠡᠮᠡᠭᠳᠡᠭᠦᠯᠳᠡᠭ᠃ ᠡᠶᠢᠮᠦ ᠠᠴᠠ ᠪᠠᠭ᠎ᠠ ᠢᠳᠡᠵᠦ ᠤᠯᠠᠨ ᠡᠷᠡᠨ ᠤ ᠬᠤᠭᠤᠯᠠ ᠢᠳᠡᠨ᠂ ᠢᠳᠡᠭᠡᠨ ᠢᠶᠠᠨ ᠲᠡᠩᠴᠡᠭᠦᠷᠢᠲᠡᠢ ᠪᠠᠶᠢᠯᠭᠠᠵᠤ᠂ ᠨᠤᠭᠤᠭ᠎ᠠ ᠵᠢᠮᠢᠰ᠂ ᠪᠤᠷᠴᠠᠭ᠂ ᠨᠠᠷᠢᠮᠤ ᠶᠢᠨ ᠵᠦᠢᠯᠡᠰ ᠪᠠ ᠵᠢᠭᠠᠰᠤᠨ ᠤ ᠲᠦᠷᠦᠯ ᠤᠨ ᠢᠳᠡᠭᠡᠨ ᠢᠯᠡᠭᠦᠬᠡᠨ ᠢᠳᠡᠵᠦ᠂ ᠡᠷᠡᠨ ᠤ ᠬᠤᠭᠤᠯᠠ ᠶᠢᠨ ᠬᠤᠭᠤᠷᠤᠨᠳᠤ ᠰᠢᠬᠢᠷ ᠦᠭᠡᠬᠦ ᠡᠯᠪᠡᠭ ᠰᠤᠯᠠ ᠢᠳᠡᠭᠡᠨ ᠲᠤᠲᠠᠭᠤ ᠢᠳᠡᠪᠡᠯ ᠲᠢᠲᠢᠮ ᠵᠢᠷᠦᠬᠡᠨ ᠡᠪᠡᠳᠴᠢᠨ ᠳᠤ ᠨᠡᠷᠪᠡᠭᠳᠡᠬᠦ ᠨᠤᠷᠮ᠎ᠠ ᠶᠢ ᠳᠤᠷᠤᠭᠰᠢᠯᠠᠭᠤᠯᠳᠠᠭ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号