ᠳ᠋ᠧᠨ᠋ᠮᠠᠷᠺ ᠤᠨ ᠤᠰᠯᠤ᠋ ᠶᠡᠭᠡ ᠰᠤᠷᠭᠠᠭᠤᠯᠢ ᠶᠢᠨ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ | ᠰᠤᠳᠤᠯᠭᠠᠲᠠᠳ ᠤᠨ ᠤᠯᠵᠤ ᠮᠡᠳᠡᠭᠰᠡᠨ ᠢᠶᠠᠷ᠂ ᠡᠳᠦᠷ ᠪᠦᠷᠢ ᠤᠯᠠᠭᠠᠨ ᠠᠷᠢᠬᠢ ᠤᠤᠭᠤᠳᠠᠭ ᠡᠮᠡᠭᠲᠡᠢ ᠶᠢᠨ | ᠵᠢᠷᠮᠦᠰᠦᠯᠡᠬᠦ ᠪᠤᠯᠤᠮᠵᠢ 18% ᠪᠠᠷ ᠳᠤᠤᠷ᠎ᠠ ᠪᠠᠶᠢᠳᠠᠭ᠃ ᠠᠷᠢᠬᠢ ᠠᠷᠪᠢᠨ ᠤᠤᠭᠤᠪᠠᠯ ᠰᠠᠷ᠎ᠠ ᠶᠢᠨ ᠭᠬᠢᠷ ᠨᠢ | ᠲᠡᠭᠰᠢ ᠦᠭᠡᠢ ᠪᠤᠯᠬᠤ ᠪᠦᠭᠡᠳ ᠦᠨᠳᠡᠭᠡᠪᠴᠢ ᠶᠢᠨ ᠡᠷᠡᠭᠦᠯ ᠮᠡᠨᠳᠦ ᠶᠢ ᠬᠤᠬᠢᠷᠠᠭᠤᠯᠳᠠᠭ᠃ 2007 ᠤᠨ ᠤ 6 | ᠰᠠᠷ᠎ᠠ ᠠᠴᠠ 2016 ᠤᠨ ᠤ 1 ᠰᠠᠷ᠎ᠠ ᠶᠢᠨ ᠬᠤᠭᠤᠷᠤᠨᠳᠤ᠂ ᠰᠤᠳᠤᠯᠭᠠᠲᠠᠳ 21-45 ᠨᠠᠰᠤᠨ ᠤ ᠬᠡᠦᠬᠡᠳ | ᠠᠪᠬᠤ ᠰᠠᠨᠠᠭᠠᠲᠠᠢ 6120 ᠡᠮᠡᠭᠲᠡᠢ ᠶᠢ ᠰᠤᠩᠭᠤᠨ᠂ ᠲᠡᠳᠡᠨ ᠤ ᠠᠷᠢᠬᠢ ᠤᠤᠭᠤᠳᠠᠭ ᠬᠡᠮᠵᠢᠶ᠎ᠡ᠂ ᠳᠠᠪᠲᠠᠮᠵᠢ᠂ | ᠠᠷᠢᠬᠢᠨ ᠤ ᠲᠦᠷᠦᠯ ᠵᠦᠢᠯ ᠵᠡᠷᠭᠡ ᠳᠤ ᠠᠰᠠᠭᠤᠯᠲᠠ ᠬᠠᠷᠢᠭᠤᠯᠲᠠ ᠶᠢᠨ ᠮᠠᠶ᠋ᠢᠭ ᠢᠶᠠᠷ ᠪᠠᠶᠢᠴᠠᠭᠠᠯᠲᠠ ᠬᠢᠵᠡᠢ᠃ | ᠡᠭᠦᠨ ᠤ ᠳ᠋ᠦᠩ ᠳᠤ᠂ ᠠᠷᠢᠬᠢ ᠤᠤᠭᠤᠳᠠᠭ ᠡᠮᠡᠭᠲᠡᠢ ᠲᠠᠢ ᠬᠠᠷᠢᠴᠠᠭᠤᠯᠪᠠᠯ᠂ ᠡᠳᠦᠷ ᠲᠤ ᠨᠠᠭᠠᠲᠤ ᠵᠠᠬ᠎ᠠ ᠳᠠᠭᠠᠨ | 250 ᠮᠢᠯᠯᠢᠭᠷᠡᠮ ᠠᠷᠢᠬᠢ ᠤᠤᠭᠤᠳᠠᠭ ᠡᠮᠡᠭᠲᠡᠢ ᠶᠢᠨ ᠨᠢᠭᠡ ᠵᠢᠯ ᠤᠨ ᠲᠤᠲᠤᠷ᠎ᠠ ᠵᠢᠷᠮᠦᠰᠦᠯᠡᠬᠦ ᠪᠤᠯᠤᠮᠵᠢ 18% ᠪᠠᠷ | ᠪᠠᠭᠤᠷᠠᠭᠰᠠᠨ ᠮᠦᠷᠲᠡᠭᠡᠨ ᠭᠷᠡᠳᠦ᠋ᠰ ᠦᠨᠳᠦᠷ ᠠᠷᠢᠬᠢ ᠤᠤᠭᠤᠬᠤ ᠳᠠᠪᠲᠠᠮᠵᠢ ᠨᠢ ᠬᠡᠳᠦᠢ ᠦᠨᠳᠦᠷ ᠪᠤᠯ | ᠵᠢᠷᠮᠦᠰᠦᠯᠡᠬᠦ ᠳᠤ ᠨᠡᠩ ᠬᠦᠴᠢᠷ ᠪᠠᠶᠢᠪᠠ᠃ ᠭᠠᠷᠠᠭ ᠪᠦᠷᠢ 1 ᠬᠤᠨᠳᠠᠭ᠎ᠠ ᠭᠷᠡᠳᠦ᠋ᠰ ᠦᠨᠳᠦᠷ ᠠᠷᠢᠬᠢ ᠤᠤᠭᠤᠪᠠᠯ | ᠵᠢᠷᠮᠦᠰᠦᠯᠡᠬᠦ ᠪᠤᠯᠤᠮᠵᠢ 13% ᠪᠠᠷ ᠳᠤᠷᠤᠭᠰᠢᠯᠠᠭᠰᠠᠨ ᠪᠠᠶᠢᠪᠠ᠃ ᠡᠶᠢᠮᠦ ᠠᠴᠠ ᠡᠮᠡᠭᠲᠡᠶᠢᠴᠦᠳ ᠵᠢᠷᠮᠦᠰᠦᠯᠡᠭᠰᠡᠨ | ᠪᠦᠬᠦᠶᠢᠯᠡ ᠬᠤᠭᠤᠴᠠᠭᠠᠨ ᠳᠤ ᠠᠷᠢᠬᠢ ᠴᠡᠭᠡᠷᠯᠡᠬᠦ ᠦᠭᠡᠢ ᠪᠤᠯ ᠬᠡᠦᠬᠡᠢ ᠳᠠᠬᠢ ᠬᠡᠦᠬᠡᠳ ᠤᠨ ᠡᠷᠡᠭᠦᠯ ᠮᠡᠨᠳᠦ ᠶᠢ | ᠬᠤᠬᠢᠷᠠᠭᠤᠯᠤᠨ᠎ᠠ᠃ ᠰᠠᠷ᠎ᠠ ᠶᠢᠨ ᠭᠬᠢᠷ ᠤᠨ ᠬᠤᠭᠤᠴᠠᠭ᠎ᠠ ᠪᠤᠶᠤ ᠵᠢᠷᠮᠦᠰᠦᠨ ᠬᠤᠭᠤᠴᠠᠭᠠᠨ ᠳᠠᠬᠢ | ᠡᠮᠡᠭᠲᠡᠶᠢᠴᠦᠳ ᠲᠤ ᠠᠪᠴᠤ ᠬᠡᠯᠡᠪᠡᠯ᠂ ᠠᠷᠢᠬᠢ ᠬᠡᠲᠦᠷᠬᠡᠢ ᠤᠤᠭᠤᠬᠤ ᠠᠴᠠ ᠵᠠᠶᠢᠯᠠᠰᠬᠢᠬᠦ ᠪᠤᠯ ᠲᠤᠶᠢᠯ ᠤᠨ ᠵᠦᠪ | ᠰᠤᠩᠭᠤᠯᠲᠠ ᠶᠤᠮ᠃ |