ᠨᠤᠶᠢᠷ ᠬᠢᠭᠡᠳ ᠤᠷᠤᠭ ᠬᠤᠷᠢᠮ
ᠨᠡᠶᠢᠲᠡᠯᠡᠭᠰᠡᠨ ᠴᠠᠭ᠄
2016-10-25
       ᠠᠮᠧᠷᠢᠺᠡ ᠶᠢᠨ ᠹᠯᠦᠷᠢᠳᠡ ᠶᠡᠭᠡ ᠰᠤᠷᠭᠠᠭᠤᠯᠢ ᠶᠢᠨ ᠬᠠᠮᠤᠭ ᠤᠨ ᠰᠢᠨ᠎ᠡ ᠰᠤᠳᠤᠯᠭᠠᠨ ᠳᠤ ᠤᠯᠵᠤ ᠮᠡᠳᠡᠭᠰᠡᠨ ᠢᠶᠠᠷ᠂ ᠡᠷ᠎ᠡ ᠡᠮ᠎ᠡ ᠬᠤᠶᠠᠭᠤᠯᠠ ᠶᠢᠨ ᠨᠤᠶᠢᠷ ᠰᠠᠶᠢᠨ ᠦᠶᠡᠰ ᠤᠷᠤᠭ ᠬᠤᠷᠢᠮ ᠤᠨ ᠵᠢᠷᠭᠠᠯ ᠤᠨ ᠲᠤᠭ᠎ᠠ ᠴᠦ ᠳᠠᠭᠠᠯᠳᠤᠨ ᠳᠡᠭᠡᠭᠰᠢᠯᠡᠵᠦ᠂ ᠰᠡᠷᠢᠭᠰᠡᠨ ᠤ ᠳᠠᠷᠠᠭ᠎ᠠ ᠡᠷ᠎ᠡ ᠡᠮ᠎ᠡ ᠶᠢᠨ ᠬᠠᠷᠢᠴᠠᠭ᠎ᠠ ᠨᠢ ᠨᠡᠩ ᠰᠠᠶᠢᠵᠢᠷᠠᠳᠠᠭ᠃ ᠰᠤᠳᠤᠯᠭᠠᠲᠠᠳ 68 ᠬᠤᠤᠰ ᠰᠢᠨ᠎ᠡ ᠤᠷᠤᠭᠯᠠᠭᠰᠠᠨ ᠡᠷ᠎ᠡ ᠡᠮ᠎ᠡ ᠳᠤ ᠠᠰᠠᠭᠤᠯᠲᠠ ᠬᠠᠷᠢᠭᠤᠯᠲᠠ ᠶᠢᠨ ᠪᠠᠶᠢᠴᠠᠭᠠᠯᠲᠠ ᠶᠢ 7 ᠡᠳᠦᠷ ᠬᠢᠵᠦ᠂ ᠪᠠᠶᠢᠴᠠᠭᠠᠯᠲᠠ ᠶᠢ ᠬᠦᠯᠢᠶᠡᠭᠰᠡᠳ ᠰᠦᠨᠢ ᠪᠦᠷᠢ ᠶᠢᠨ ᠤᠨᠲᠠᠭᠰᠠᠨ ᠴᠠᠭ ᠢᠶᠠᠨ ᠲᠡᠮᠳᠡᠭᠯᠡᠭᠰᠡᠨ ᠤ ᠳᠠᠷᠠᠭ᠎ᠠ ︽ᠦᠴᠦᠭᠡᠳᠦᠷ ᠰᠦᠨᠢ ᠰᠠᠶᠢᠨ ᠤᠨᠲᠠᠪᠠᠤ︾᠂ ︽ᠦᠨᠦᠳᠦᠷ ᠤᠷᠤᠭ ᠬᠤᠷᠢᠮ ᠤᠨ ᠲᠤᠬᠠᠢ ᠬᠠᠨᠤᠮᠵᠢᠲᠠᠢ ᠦᠦ︾᠂ ︽ᠨᠦᠬᠦᠷ ᠲᠠᠢ ᠪᠠᠨ ᠵᠦᠷᠢᠴᠡᠯ ᠭᠠᠷᠤᠭᠰᠠᠨ ᠦᠦ᠂ ᠶᠠᠭᠠᠬᠢᠵᠤ ᠰᠢᠢᠳᠪᠦᠷᠢᠯᠡᠬᠦ︾ ᠵᠡᠷᠭᠡ ᠠᠰᠠᠭᠤᠯᠲᠠ ᠶᠢ ᠬᠠᠷᠢᠭᠤᠯᠪᠠ᠃ ᠡᠭᠦᠨ ᠤ ᠳ᠋ᠦᠩ ᠳᠤ᠂ ᠨᠤᠶᠢᠷ ᠨᠢ ᠰᠠᠶᠢᠨ ᠦᠶᠡᠰ ᠡᠷ᠎ᠡ ᠡᠮ᠎ᠡ ︵ᠢᠯᠠᠩᠭᠤᠶ᠎ᠠ ᠡᠷ᠎ᠡ ᠨᠦᠬᠦᠷ︶ ᠬᠤᠶᠠᠭᠤᠯᠠ ᠪᠠᠨ ᠵᠦᠷᠢᠴᠡᠯ ᠭᠠᠷᠬᠤ ᠪᠤᠶᠤ ᠮᠠᠷᠭᠤᠯᠳᠤᠬᠤ ᠨᠢ ᠨᠡᠩ ᠪᠠᠭ᠎ᠠ ᠪᠠᠶᠢᠪᠠ᠃ ᠡᠭᠦᠨ ᠤ ᠬᠠᠮᠲᠤ ᠭᠤᠷᠪᠠᠨ ᠤ ᠨᠢᠭᠡ ᠶᠢᠨ ᠡᠷ᠎ᠡ‌ᠡᠮ᠎ᠡ ᠶᠢᠨ ᠢᠯᠡᠷᠬᠡᠶᠢᠯᠡᠭᠰᠡᠨ ᠢᠶᠠᠷ᠂ ᠨᠤᠶᠢᠷ ᠮᠠᠭᠤ ᠦᠶᠡᠰ ᠡᠷ᠎ᠡ ᠡᠮ᠎ᠡ ᠶᠢᠨ ᠬᠠᠷᠢᠴᠠᠭ᠎ᠠ ᠵᠦᠷᠢᠴᠡᠯ ᠭᠠᠷᠬᠤ ᠬᠡᠮᠵᠢᠶ᠎ᠡ ᠶᠢ ᠨᠡᠮᠡᠭᠳᠡᠭᠦᠯᠳᠡᠭ᠃ ᠰᠤᠳᠤᠯᠭᠠᠲᠠᠳ ᠤᠨ ᠢᠯᠡᠷᠬᠡᠶᠢᠯᠡᠭᠰᠡᠨ ᠢᠶᠠᠷ᠂ ᠨᠤᠶᠢᠷ ᠪᠤᠯ ᠳᠠᠷᠤᠢ ᠡᠶᠢᠮᠦᠷᠬᠦᠦ ᠡᠨᠧᠷᠭᠢ ᠶᠢ ᠨᠦᠬᠦᠪᠦᠷᠢᠯᠡᠳᠡᠭ᠃ ᠬᠡᠷᠪᠡ ᠨᠤᠶᠢᠷ ᠮᠠᠭᠤ ᠪᠤᠯ ᠴᠤᠭ ᠰᠦᠯᠳᠡ ᠪᠠᠭᠤᠷᠠᠨ᠂ ᠡᠨᠧᠷᠭᠢ ᠬᠦᠷᠦᠯᠴᠡᠬᠦ ᠦᠭᠡᠢ ᠪᠤᠯᠵᠤ᠂ ᠦᠪᠡᠷ ᠢ ᠪᠠᠨ ᠡᠵᠡᠮᠳᠡᠬᠦ ᠴᠢᠳᠠᠪᠤᠷᠢ ᠶᠢ ᠪᠠᠭᠤᠷᠠᠭᠤᠯᠤᠨ᠂ ᠡᠷ᠎ᠡ ᠡᠮ᠎ᠡ ᠬᠤᠶᠠᠭᠤᠯᠠ ᠶᠢᠨ ᠴᠤᠤᠬᠢᠯᠳᠤᠬᠤ ᠨᠤᠷᠮ᠎ᠠ ᠶᠢ ᠨᠡᠮᠡᠭᠳᠡᠭᠦᠯᠦᠨ᠎ᠡ᠃ ᠡᠶᠢᠮᠦ ᠠᠴᠠ ᠰᠤᠳᠤᠯᠭᠠᠲᠠᠳ ᠤᠨ ᠦᠵᠡᠬᠦ ᠪᠠᠷ᠂ ᠨᠤᠶᠢᠷ ᠰᠠᠶᠢᠨ ᠪᠤᠯ ᠡᠷ᠎ᠡ ᠡᠮ᠎ᠡ ᠶᠢᠨ ᠬᠠᠷᠢᠴᠠᠭ᠎ᠠ ᠶᠢ ᠰᠠᠶᠢᠵᠢᠷᠠᠭᠤᠯᠬᠤ ᠪᠠᠰᠠ ᠨᠢᠭᠡᠨ ᠵᠤᠬᠢᠰᠲᠠᠢ ᠠᠷᠭ᠎ᠠ ᠮᠦᠨ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号