ᠤᠯᠤᠰ ᠤᠨ ᠭᠧᠨ ᠤ ᠬᠦᠮᠦᠷᠭᠡ ᠠᠰᠢᠭᠯᠠᠯᠲᠠ ᠳᠤ ᠤᠷᠤᠪᠠ
ᠨᠡᠶᠢᠲᠡᠯᠡᠭᠰᠡᠨ ᠴᠠᠭ᠄
2016-10-09
      ᠱᠧᠨ᠋ᠵᠧᠨ ᠳᠠᠬᠢ ᠤᠯᠤᠰ ᠤᠨ ᠭᠧᠨ ᠤ ᠬᠦᠮᠦᠷᠭᠡ 9 ᠰᠠᠷ᠎ᠠ ᠶᠢᠨ 22 ᠤ ᠡᠳᠦᠷ ᠠᠯᠪᠠᠨ ᠶᠤᠰᠤᠭᠠᠷ ᠠᠰᠢᠭᠯᠠᠯᠲᠠ ᠳᠤ ᠤᠷᠤᠪᠠ᠂ ᠡᠨᠡ ᠬᠦᠮᠦᠷᠭᠡ ᠪᠤᠯ ᠮᠠᠨ ᠤ ᠤᠯᠤᠰ ᠤᠨ ᠠᠮᠢ ᠨᠠᠰᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠴᠠᠭ ᠦᠶ᠎ᠡ ᠳᠤ ᠬᠦᠮᠦᠨ ᠲᠦᠷᠦᠯᠬᠢᠲᠡᠨ ᠪᠤᠯᠤᠨ ᠪᠤᠰᠤᠳ ᠠᠮᠢᠳᠤ ᠪᠤᠳᠠᠰ ᠤᠨ ᠤᠳᠤᠮᠰᠢᠯ ᠤᠨ ᠦᠯᠢᠭᠡᠷ ᠪᠤᠯᠤᠨ ᠨᠢᠭᠤᠴᠠ ᠨᠤᠮᠧᠷ ᠢ ᠠᠵᠢᠭᠯᠠᠬᠤ ᠬᠦᠮᠦᠷᠭᠡ ᠪᠤᠯᠤᠨ᠎ᠠ᠃        2011 ᠤᠨ ᠳᠤ᠂ ᠤᠯᠤᠰ ᠤᠨ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠵᠡᠷᠭᠡ ᠳᠦᠷᠪᠡᠨ ᠶᠠᠮᠤᠨ ᠵᠦᠪᠯᠡᠯ ᠱᠧᠨ᠋ᠵᠧᠨ ᠬᠤᠲᠠ ᠶᠢᠨ ᠭᠧᠨ ᠤ ᠬᠦᠮᠦᠷᠭᠡ ᠳᠡᠭᠡᠨ ᠲᠦᠰᠢᠭᠯᠡᠨ‌‍ᠱᠧᠨ᠋ᠵᠧᠨ ᠳᠠᠬᠢ ᠤᠯᠤᠰ ᠤᠨ ᠭᠧᠨ ᠤ ᠬᠦᠮᠦᠷᠭᠡ ᠪᠠᠶᠢᠭᠤᠯᠬᠤ ᠶᠢ ᠴᠤᠬᠤᠯᠠᠪᠤᠷᠢᠯᠠᠨ ᠵᠦᠪᠰᠢᠶᠡᠷᠡᠵᠡᠢ᠃ ᠤᠯᠤᠰ ᠤᠨ ᠭᠧᠨ ᠤ ᠬᠦᠮᠦᠷᠭᠡ ᠶᠢᠨ ᠪᠦᠲᠦᠴᠡ ᠪᠤᠯᠤᠨ ᠴᠢᠳᠠᠮᠵᠢ ᠶᠢ ︽ᠭᠤᠷᠪᠠᠨ ᠬᠦᠮᠦᠷᠭᠡ ᠬᠤᠶᠠᠷ ᠲᠠᠪᠴᠠᠩ︾ ᠭᠡᠵᠦ ᠬᠤᠷᠢᠶᠠᠩᠭᠤᠶᠢᠯᠠᠬᠤ ᠪᠤᠯᠤᠨ᠎ᠠ᠃ ︽ᠭᠤᠷᠪᠠᠨ ᠬᠦᠮᠦᠷᠭᠡ︾ ᠨᠢ ᠠᠮᠢᠳᠤ ᠪᠤᠳᠠᠰ ᠤᠨ ᠦᠯᠢᠭᠡᠷ ᠤᠨ ᠡᠬᠢ ᠪᠠᠶᠠᠯᠢᠭ ᠤᠨ ᠬᠦᠮᠦᠷᠭᠡ᠂ ᠠᠮᠢᠳᠤ ᠪᠤᠳᠠᠰ ᠤᠨ ᠮᠡᠳᠡᠭᠡ ᠵᠠᠩᠭᠢ ᠲᠤᠭ᠎ᠠ ᠪᠠᠷᠢᠮᠲᠠ ᠶᠢᠨ ᠬᠦᠮᠦᠷᠭᠡ ᠪᠤᠯᠤᠨ ᠠᠮᠢᠳᠤ ᠪᠤᠳᠠᠰ ᠤᠨ ᠠᠮᠢᠳᠤ ᠪᠡᠶ᠎ᠡ ᠶᠢᠨ ᠬᠦᠮᠦᠷᠭᠡ ᠪᠠᠷ ᠪᠦᠷᠢᠯᠳᠦᠵᠡᠢ᠂ ︽ᠬᠤᠶᠠᠷ ᠲᠠᠪᠴᠠᠩ︾ ᠨᠢ ᠲᠤᠭᠠᠴᠢᠯᠠᠭᠰᠠᠨ ᠲᠠᠪᠴᠠᠩ᠂ ᠭᠧᠨ ᠨᠠᠶᠢᠷᠠᠭᠤᠯᠬᠤ ᠲᠠᠪᠴᠠᠩ ᠪᠤᠯᠤᠨ᠎ᠠ ᠃ ︽ᠭᠤᠷᠪᠠᠨ ᠬᠦᠮᠦᠷᠭᠡ ᠬᠤᠶᠠᠷ ᠲᠠᠪᠴᠠᠩ︾ ᠤᠨ ᠪᠦᠲᠦᠭᠡᠨ ᠪᠠᠶᠢᠭᠤᠯᠤᠯᠲᠠ ᠨᠢ ᠡᠴᠦᠰ ᠲᠡᠭᠡᠨ ᠭᠧᠨ ᠤ ᠲᠤᠭ᠎ᠠ ᠪᠠᠷᠢᠮᠲᠠ ᠶᠢ ︽ᠬᠠᠳᠠᠭᠠᠯᠠᠬᠤ᠂ ᠤᠩᠰᠢᠬᠤ᠂ ᠮᠡᠳᠡᠬᠦ᠂ ᠪᠢᠴᠢᠬᠦ᠂ ᠬᠡᠷᠡᠭᠯᠡᠬᠦ︾ ᠲᠠᠪᠤᠨ ᠴᠢᠳᠠᠪᠬᠢ ᠶᠢ ᠭᠦᠢᠴᠡᠳᠬᠡᠬᠦ ᠶᠢᠨ ᠲᠦᠯᠦᠭᠡ ᠶᠤᠮ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号