ᠦᠪᠡᠷᠲᠡᠭᠡᠨ ᠵᠠᠰᠠᠬᠤ ᠤᠷᠤᠨ ᠤ ᠰᠤᠶᠤᠯ ᠤᠨ ᠲᠠᠩᠬᠢᠮ ᠠᠴᠠ ᠤᠶᠢᠯᠠᠭᠠᠭᠰᠠᠨ ᠢᠶᠠᠷ᠂ ᠤᠶᠢᠷ᠎ᠠ ᠳᠤ᠂ | ᠦᠪᠦᠷ ᠮᠤᠩᠭᠤᠯ ᠤᠨ ᠤᠷᠠᠯᠢᠭ ᠰᠤᠳᠤᠯᠭᠠᠨ ᠤ ᠭᠠᠵᠠᠷ ᠬᠢᠭᠡᠳ ᠦᠪᠦᠷ ᠮᠤᠩᠭᠤᠯ ᠤᠨ ᠮᠤᠩᠭᠤᠯ ᠶᠤᠸᠠᠨ ᠤ | ᠠᠷᠠᠳ ᠤᠨ ᠤᠷᠠᠯᠢᠭ ᠤᠨ ᠰᠤᠳᠤᠯᠭᠠᠨ ᠤ ᠲᠦᠪ ︽ᠮᠤᠩᠭᠤᠯ ᠦᠨᠳᠦᠰᠦᠲᠡᠨ ᠤ ᠳᠦᠷᠪᠡᠨ ᠤᠲᠠᠰᠤᠲᠤ ᠬᠤᠭᠤᠷ᠂ | ᠦᠯᠢᠭᠡᠷ᠂ ᠬᠤᠯᠪᠤᠭ᠎ᠠ ᠶᠢ ᠬᠠᠮᠲᠤᠷᠠᠨ ᠬᠠᠮᠠᠭᠠᠯᠠᠬᠤ ᠵᠦᠪᠯᠡᠯᠴᠡᠭᠡᠷ ᠤᠨ ᠪᠢᠴᠢᠭ︾ ᠳᠡᠭᠡᠷ᠎ᠡ ᠭᠠᠷ ᠤᠨ ᠦᠰᠦᠭ | ᠵᠢᠷᠤᠪᠠ᠃ ᠲᠤᠰ ᠭᠤᠷᠪᠠᠨ ᠪᠤᠳᠠᠰ ᠤᠨ ᠪᠤᠰᠤ ᠰᠤᠶᠤᠯ ᠤᠨ ᠦᠪ ᠨᠢ ᠦᠪᠡᠷᠲᠡᠭᠡᠨ ᠵᠠᠰᠠᠬᠤ ᠤᠷᠤᠨ ᠤ ᠤᠷᠠᠯᠢᠭ | ᠰᠤᠳᠤᠯᠭᠠᠨ ᠤ ᠭᠠᠵᠠᠷ ᠤᠨ ᠳᠠᠭᠠᠭᠠᠴᠢᠯᠠᠵᠤ ᠪᠠᠶᠢᠭ᠎ᠠ ᠪᠦᠬᠦ ᠤᠷᠤᠨ ᠤ ᠮᠤᠩᠭᠤᠯ ᠦᠭᠡ ᠬᠡᠯᠡ ᠦᠰᠦᠭ ᠪᠢᠴᠢᠭ ᠤᠨ | ᠮᠡᠳᠡᠭᠡ ᠵᠠᠩᠭᠢᠵᠢᠯᠲᠠ ᠶᠢᠨ ᠲᠤᠰᠬᠠᠢ ᠪᠡᠯᠡ ᠮᠦᠩᠭᠦ ᠶᠢᠨ ᠳᠡᠳᠬᠦᠮᠵᠢ ᠶᠢᠨ ᠲᠦᠷᠦᠯ ᠵᠦᠢᠯ — ︽ᠦᠪᠦᠷ | ᠮᠤᠩᠭᠤᠯ ᠤᠨ ᠮᠤᠩᠭᠤᠯ ᠦᠨᠳᠦᠰᠦᠲᠡᠨ ᠤ ᠪᠤᠳᠠᠰ ᠤᠨ ᠪᠤᠰᠤ ᠰᠤᠶᠤᠯ ᠤᠨ ᠦᠪ ᠤᠨ ᠳ᠋ᠠᠶᠢᠲ᠋ᠠ ᠬᠦᠮᠦᠷᠭᠡ — | ᠤᠯᠠᠮᠵᠢᠯᠠᠯᠲᠤ ᠲᠤᠭᠯᠠᠯᠲᠠ ᠶᠢᠨ ᠤᠷᠠᠯᠢᠭ ᠤᠨ ᠲᠦᠷᠦᠯ ᠵᠦᠢᠯ ᠤᠨ ᠳ᠋ᠠᠶᠢᠲ᠋ᠠ ᠬᠦᠮᠦᠷᠭᠡ︾ ᠳᠤ ᠤᠷᠤᠭᠰᠠᠨ ᠢ | ᠬᠠᠷᠠᠭᠤᠯᠵᠤ ᠪᠤᠢ᠃ | ︽ᠵᠥᠪᠯᠡᠯᠴᠡᠭᠡᠷ︾ ᠲᠤ ᠭᠤᠤᠯᠳᠠᠭᠤ ᠬᠤᠶᠠᠷ ᠡᠲᠡᠭᠡᠳ ᠢᠶᠠᠷ ᠢᠶᠠᠨ ᠳᠦᠷᠪᠡᠨ ᠤᠲᠠᠰᠤᠲᠤ ᠬᠤᠭᠤᠷ᠂ | ᠦᠯᠢᠭᠡᠷ᠂ ᠬᠤᠯᠪᠤᠭ᠎ᠠ ᠶᠢᠨ ᠬᠠᠮᠢᠶ᠎ᠠ ᠪᠦᠬᠦᠢ ᠳᠠᠭᠤ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠴᠤᠭᠯᠠᠭᠤᠯᠬᠤ᠂ | ᠡᠮᠬᠢᠳᠬᠡᠬᠦ᠂ ᠬᠠᠮᠠᠭᠠᠯᠠᠬᠤ᠂ ᠳᠠᠭᠤ ᠳᠦᠷᠰᠦ ᠰᠢᠩᠭᠡᠭᠡᠯᠲᠡ ᠶᠢᠨ ᠱᠤᠤᠭᠢᠶ᠎ᠠ ᠶᠢ ᠪᠠᠭᠠᠰᠬᠠᠬᠤ᠂ ᠲᠤᠭᠠᠴᠢᠯᠠᠯᠲᠠ ᠬᠢᠬᠦ᠂ | ᠬᠠᠳᠠᠭᠠᠯᠠᠬᠤ ᠵᠡᠷᠭᠡ ᠠᠵᠢᠯ ᠤᠳ ᠤᠨ ᠬᠠᠮᠲᠤᠷᠠᠯᠴᠠᠭ᠎ᠠ ᠶᠢ ᠪᠠᠭᠲᠠᠭᠠᠵᠠᠢ᠃ | ᠲᠤᠰ ᠭᠤᠷᠪᠠᠨ ᠤᠷᠠᠯᠢᠭ ᠤᠨ ᠬᠡᠯᠪᠡᠷᠢ ᠨᠢ ᠳ᠋ᠠᠶᠢᠲ᠋ᠠ ᠬᠦᠮᠦᠷᠭᠡ ᠳᠤ ᠤᠷᠤᠭᠰᠠᠨ ᠤ ᠳᠠᠷᠠᠭ᠎ᠠ 2017 | ᠤᠨ ᠤ 9 ᠰᠠᠷ᠎ᠠ ᠳᠤ ᠪᠦᠬᠦ ᠨᠡᠶᠢᠭᠡᠮ ᠳᠤ ᠨᠡᠶᠢᠲᠡ ᠶᠢᠨ ᠠᠰᠠᠷᠠᠮᠵᠢ ᠶᠢᠨ ᠬᠡᠯᠪᠡᠷᠢ ᠪᠠᠷ ᠳᠡᠯᠭᠡᠭᠳᠡᠬᠦ ᠪᠤᠯᠤᠨ᠎ᠠ᠃ |