ᠤᠯᠠᠭᠠᠨᠬᠠᠳᠠ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2016-11-22
        ᠤᠯᠠᠭᠠᠨᠬᠠᠳᠠ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠪᠤᠯ 1995 ᠤᠨ ᠤ 9 ᠰᠠᠷ᠎ᠠ ᠳᠤ ᠪᠠᠶᠢᠭᠤᠯᠤᠭᠳᠠᠵᠤ᠂ ᠪᠦᠬᠦ ᠬᠤᠲᠠ ᠶᠢᠨ ᠴᠤᠷᠢ ᠶᠢᠨ ᠭᠠᠭᠴᠠ ᠬᠡᠦᠬᠡᠳ ᠤᠨ ᠠᠰᠠᠷᠠᠮᠵᠢ ᠶᠢᠨ ᠠᠵᠢᠯ ᠦᠢᠯᠡᠰ ᠤᠨ ᠨᠢᠭᠡᠴᠡ ᠪᠤᠯᠤᠨ᠎ᠠ᠃ ᠭᠤᠤᠯ ᠡᠭᠦᠷᠭᠡ ᠪᠤᠯ ᠤᠯᠠᠭᠠᠨᠬᠠᠳᠠ ᠬᠤᠲᠠ ᠶᠢᠨ 12 ᠬᠤᠰᠢᠭᠤ ᠰᠢᠶᠠᠨ ᠤ ᠦᠨᠦᠴᠢᠨ ᠵᠡᠮᠳᠡᠭ ᠬᠡᠦᠬᠡᠳ ᠪᠤᠯᠤᠨ ᠭᠤᠯᠤᠭᠳᠠᠯ ᠨᠢᠯᠬ᠎ᠠ ᠶᠢ ᠴᠤᠭᠯᠠᠭᠤᠯᠤᠨ ᠬᠠᠷᠠᠭᠠᠯᠵᠠᠵᠤ᠂ ᠠᠰᠠᠷᠠᠨ ᠲᠡᠵᠢᠭᠡᠬᠦ᠂ ᠰᠤᠷᠭᠠᠨ ᠬᠦᠮᠦᠵᠢᠭᠦᠯᠬᠦ᠂ ᠡᠮ ᠡᠮᠨᠡᠯᠭᠡ᠂ ᠡᠷᠡᠭᠦᠯᠵᠢᠯ᠂ ᠨᠠᠶᠢᠳᠠᠵᠤ ᠬᠠᠮᠢᠶᠠᠷᠬᠤ ᠵᠡᠷᠭᠡ ᠦᠢᠯᠡᠴᠢᠯᠡᠭᠡ ᠬᠠᠩᠭᠠᠨ᠎ᠠ᠃ 95 ᠤᠨ ᠳᠤ 150 ᠤᠷᠤ ᠶᠢ ᠬᠢᠨᠠᠨ ᠲᠤᠭᠲᠠᠭᠠᠵᠤ᠂ ᠤᠳᠤ 122 ᠨᠡᠷᠡᠰ ᠦᠨᠦᠴᠢᠨ ᠵᠡᠮᠳᠡᠭ ᠬᠡᠦᠬᠡᠳ ᠪᠠᠶᠢᠨ᠎ᠠ ᠂ ᠡᠭᠦᠨ ᠳᠤ 100 ᠭᠤᠯᠤᠭᠳᠠᠯ ᠨᠢᠯᠬ᠎ᠠ᠂ 22 ᠦᠨᠦᠴᠢᠨ ᠬᠡᠦᠬᠡᠳ ᠪᠠᠶᠢᠵᠤ᠂ ᠵᠡᠮᠳᠡᠭ ᠤᠨ ᠨᠤᠷᠮ᠎ᠠ 90%᠃ ᠠᠵᠢᠯᠲᠠᠨ ᠤ ᠤᠷᠤᠨ ᠲᠤᠭ᠎ᠠ 25 ᠪᠠᠶᠢᠵᠤ᠂ ᠤᠳᠤ ᠪᠠᠶᠢᠭ᠎ᠠ ᠤᠷᠤᠨ ᠲᠤᠭ᠎ᠠ ᠲᠠᠢ ᠠᠵᠢᠯᠲᠠᠨ 26 ᠪᠠᠶᠢᠵᠤ᠂ ᠲᠦᠷ ᠴᠠᠭ ᠤᠨ ᠠᠵᠢᠯᠲᠠᠨ 14 ᠪᠠᠶᠢᠨ᠎ᠠ᠃ ᠬᠦᠷᠢᠶᠡᠯᠡᠩ ᠤᠨ ᠵᠤᠬᠢᠶᠠᠨ ᠪᠠᠶᠢᠭᠤᠯᠤᠯᠲᠠ ᠪᠦᠷᠢᠨ ᠲᠦᠬᠦᠷ᠂ ᠵᠢᠯ ᠳᠠᠷᠠᠭᠠᠯᠠᠨ ᠤᠯᠠᠨ ᠤᠳᠠᠭ᠎ᠠ ᠤᠯᠤᠰ ᠤᠨ ᠠᠷᠠᠳ ᠤᠨ ᠶᠠᠪᠤᠳᠠᠯ ᠤᠨ ᠶᠠᠮᠤᠨ᠂ ᠦᠪᠡᠷᠲᠡᠭᠡᠨ ᠵᠠᠰᠠᠬᠤ ᠤᠷᠤᠨ᠂ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠰᠠᠯᠠᠭ᠎ᠠ ᠮᠦᠴᠢᠷ ᠤᠨ 12 ᠲᠦᠷᠦᠯ ᠤᠨ ᠱᠠᠩᠨᠠᠯ ᠬᠦᠬᠢᠭᠦᠯᠦᠯ ᠢ ᠤᠯᠵᠤ᠂ 1999 ᠤᠨ ᠳᠤ ᠦᠪᠡᠷᠲᠡᠭᠡᠨ ᠵᠠᠰᠠᠬᠤ ᠤᠷᠤᠨ ᠤ I ᠳᠡᠰ ᠤᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠢᠶᠠᠷ ᠦᠨᠡᠯᠡᠭᠳᠡᠪᠡ᠃        ᠲᠤᠰ ᠬᠦᠷᠢᠶᠡᠯᠡᠩ ᠨᠢ ︽ᠤᠯᠤᠰ ᠤᠨ II ᠳᠡᠰ ᠤᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠪᠠᠷᠢᠮᠵᠢᠶ᠎ᠠ︾ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠦᠮᠦᠡᠯᠢᠭ ᠪᠠᠶᠢᠬᠤ ᠪᠠᠷ ᠭᠤᠤᠯᠳᠠᠯᠭ᠎ᠠ ᠪᠤᠯᠭᠠᠵᠤ᠂ ᠦᠨᠦᠴᠢᠨ ᠬᠡᠦᠬᠡᠳ ᠲᠤ ᠲᠦᠷᠦᠯ ᠰᠠᠳᠤᠨ ᠤ ᠬᠠᠶᠢᠷ᠎ᠠ ᠬᠠᠯᠠᠮᠵᠢ ᠤᠯᠭᠤᠵᠤ᠂ ᠴᠢᠳᠠᠮᠵᠢ ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ ᠡᠷᠡᠭᠦᠯᠵᠢᠭᠦᠯᠵᠦ᠂ ᠬᠡᠦᠬᠡᠳ ᠢ ᠠᠰᠠᠷᠠᠨ ᠬᠠᠷᠠᠭᠠᠯᠵᠠᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠠᠶᠢᠯ ᠳᠤ ᠨᠡᠶᠢᠳᠡᠨ ᠲᠡᠵᠢᠭᠡᠯᠭᠡᠬᠦ᠂ ᠬᠠᠪᠰᠤᠷᠤᠨ ᠲᠡᠵᠢᠭᠡᠬᠦ᠂ ᠭᠠᠳᠠᠭᠠᠲᠤ ᠲᠠᠢ ᠬᠤᠯᠪᠤᠭᠳᠠᠬᠤ ᠬᠦᠷᠭᠡᠨ ᠲᠡᠵᠢᠭᠡᠯᠭᠡᠬᠦ᠂ ᠡᠷᠭᠦᠨ ᠲᠡᠵᠢᠭᠡᠯᠭᠡᠬᠦ ᠵᠡᠷᠭᠡ ᠶᠢ ᠶᠠᠪᠤᠭᠳᠠᠭᠤᠯᠪᠠ᠃ ᠬᠡᠦᠬᠡᠳ ᠤᠨ ᠨᠠᠰᠤ᠂ ᠤᠢ ᠪᠢᠯᠢᠭ᠂ ᠵᠡᠮᠳᠡᠭ ᠤᠨ ᠬᠡᠮᠵᠢᠶ᠎ᠡ ᠶᠢ ᠦᠨᠳᠦᠰᠦᠯᠡᠨ᠂ ᠨᠢᠯᠬ᠎ᠠ ᠬᠡᠦᠬᠡᠳ ᠤᠨ ᠠᠩᠭᠢ᠂ ᠡᠷᠡᠭᠦᠯᠵᠢᠯ ᠤᠨ ᠠᠩᠭᠢ᠂ ᠰᠤᠷᠤᠭᠴᠢ ᠶᠢᠨ ᠠᠩᠭᠢ ᠬᠤᠪᠢᠶᠠᠵᠤ᠂ ᠲᠤᠰᠪᠤᠷᠢ ᠠᠰᠠᠷᠠᠨ ᠭᠦᠮᠦᠵᠢᠭᠦᠯᠬᠦ᠂ ᠰᠤᠷᠭᠠᠨ ᠬᠦᠮᠦᠵᠢᠭᠦᠯᠬᠦ᠂ ᠡᠷᠡᠭᠦᠯᠵᠢᠭᠦᠯᠬᠦ ᠪᠤᠯᠪᠠᠰᠤᠷᠠᠯ ᠬᠦᠷᠲᠡᠭᠡᠪᠡ᠃ ᠨᠢᠯᠬᠠᠰ ᠤᠨ ᠦᠰᠦᠨ ᠪᠤᠶᠢᠵᠢᠯᠲᠠ ᠶᠢᠨ ᠬᠦᠮᠦᠵᠢᠯ᠂ ᠰᠤᠷᠬᠤ ᠨᠠᠰᠤᠨ ᠠᠴᠠ ᠡᠮᠦᠨᠡᠬᠢ ᠬᠦᠮᠦᠵᠢᠯ᠂ ᠰᠤᠷᠤᠭᠴᠢ ᠶᠢ ᠵᠢᠭᠠᠨ‌ᠵᠢᠯᠤᠭᠤᠳᠬᠤ᠂ ᠡᠷᠡᠭᠦᠯᠵᠢᠭᠦᠯᠬᠦ ᠤᠨᠴᠠᠭᠠᠢ ᠰᠤᠪᠢᠯᠠᠯᠲᠠ ᠵᠡᠷᠭᠡ ᠶᠢ ᠬᠡᠷᠡᠭᠵᠢᠭᠦᠯᠪᠡ᠃ ᠬᠡᠦᠬᠡᠳ ᠤᠨ ᠲᠠᠪᠠᠭᠤᠯᠢᠭ ᠢᠶᠠᠨ ᠪᠠᠳᠠᠷᠠᠭᠤᠯᠬᠤ ᠶᠢ ᠴᠢᠬᠤᠯᠠᠴᠢᠯᠠᠨ᠂ ᠬᠡᠦᠬᠡᠳ ᠤᠨ ᠪᠡᠶ᠎ᠡ ᠰᠡᠳᠬᠢᠴᠡ ᠶᠢᠨ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠪᠠ᠃ ᠨᠠᠮ ᠵᠠᠰᠠᠭ ᠤᠨ ᠬᠠᠶᠢᠷ᠎ᠠ ᠬᠠᠯᠠᠮᠵᠢ ᠪᠠᠷ᠂ ᠦᠨᠦᠴᠢᠨ ᠵᠡᠮᠳᠡᠭ ᠬᠡᠦᠬᠡᠳ ᠤᠨ ᠠᠮᠢᠳᠤᠷᠠᠯ ᠤᠨ ᠨᠦᠬᠦᠴᠡᠯ ᠲᠠᠰᠤᠷᠠᠯᠲᠠ ᠦᠭᠡᠢ ᠰᠠᠶᠢᠵᠢᠷᠠᠵᠦ᠂ ᠬᠡᠦᠬᠡᠳ ᠢ ᠠᠰᠠᠷᠠᠨ ᠲᠡᠵᠢᠭᠡᠬᠦ ᠪᠠᠷᠢᠮᠵᠢᠶ᠎ᠠ 2009 ᠤᠨ ᠤ ᠰᠠᠷ᠎ᠠ ᠪᠦᠷᠢ ᠬᠦᠮᠦᠨ ᠪᠦᠷᠢ 340 ᠲᠦᠭᠦᠷᠢᠭ ᠪᠠᠶᠢᠭᠰᠠᠨ ᠠᠴᠠ ᠰᠠᠷ᠎ᠠ ᠪᠦᠷᠢ ᠬᠦᠮᠦᠨ ᠪᠦᠷᠢ 1100 ᠲᠦᠭᠦᠷᠢᠭ ᠪᠤᠯᠭᠠᠨ ᠳᠡᠭᠡᠭᠰᠢᠯᠡᠭᠦᠯᠪᠡ᠃ 2011 ᠤᠨ ᠳᠤ 7000 ᠲᠡᠭᠰᠢ ᠳᠦᠷᠪᠡᠯᠵᠢᠨ ᠮᠧᠲᠷ ᠤᠨ ᠤᠯᠠᠭᠠᠨᠬᠠᠳᠠ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠶᠡᠷᠦᠩᠬᠡᠶᠢᠯᠡᠭᠰᠡᠨ ᠠᠰᠠᠷ ᠢ ᠪᠠᠶᠢᠭᠤᠯᠵᠤ᠂ 300 ᠤᠷᠤ ᠲᠤᠬᠢᠷᠠᠭᠤᠯᠵᠤ᠂ ᠤᠳᠤ ᠨᠢᠭᠡᠨᠲᠡ ᠠᠵᠢᠯ ᠳᠠᠭᠤᠰᠪᠠ᠃        ᠡᠨᠡᠬᠦ ᠲᠦᠷᠦᠯ ᠵᠦᠢᠯ ᠠᠵᠢᠯ ᠳᠠᠭᠤᠰᠤᠭᠰᠠᠨ ᠤ ᠳᠠᠷᠠᠭ᠎ᠠ ᠬᠦᠷᠢᠶᠡᠯᠡᠩ ᠳᠤ ᠪᠠᠶᠢᠭ᠎ᠠ ᠬᠡᠦᠬᠡᠳ ᠤᠨ ᠡᠯ᠎ᠡ ᠵᠦᠢᠯ ᠤᠨ ᠱᠠᠭᠠᠷᠳᠠᠯᠭ᠎ᠠ ᠶᠢ ᠬᠠᠩᠭᠠᠬᠤ ᠪᠠᠷ ᠪᠠᠷᠠᠬᠤ ᠦᠭᠡᠢ᠂ ᠪᠦᠬᠦ ᠬᠤᠲᠠ ᠶᠢᠨ ᠦᠨᠦᠴᠢᠨ ᠵᠡᠮᠳᠡᠭ ᠬᠡᠦᠬᠡᠳ ᠵᠢᠴᠢ ᠤᠨᠴᠠᠭᠠᠢ ᠬᠦᠴᠢᠷᠳᠡᠯᠲᠡᠢ ᠬᠦᠮᠦᠰ ᠲᠤ ᠨᠡᠩ ᠰᠠᠶᠢᠨ ᠢᠶᠠᠷ ᠪᠦᠬᠦ ᠲᠠᠯ᠎ᠠ ᠶᠢᠨ ᠦᠢᠯᠡᠴᠢᠯᠡᠭᠡ ᠬᠠᠩᠭᠠᠵᠦ᠂ ᠨᠡᠶᠢᠭᠡᠮ ᠤᠨ ᠪᠦᠷᠭᠦᠴᠡ ᠶᠢ ᠦᠷᠭᠡᠳᠬᠡᠨ᠂ ᠦᠢᠯᠡᠴᠢᠯᠡᠭᠡ ᠴᠢᠳᠠᠮᠵᠢ ᠶᠢ ᠴᠢᠩᠭᠠᠷᠠᠭᠤᠯᠤᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠠᠶᠢᠷ᠎ᠠ ᠬᠠᠯᠠᠮᠵᠢ ᠪᠠᠷ᠂ ᠮᠠᠨ ᠤ ᠬᠦᠷᠢᠶᠡᠯᠡᠩ ᠤᠨ ᠪᠦᠬᠦ ᠠᠵᠢᠯᠲᠠᠨ ᠨᠡᠩ ᠴᠢᠷᠮᠠᠶᠢᠨ ᠠᠵᠢᠯᠯᠠᠵᠤ᠂ ᠮᠠᠨ ᠤ ᠬᠤᠲᠠ ᠶᠢᠨ ᠬᠡᠦᠬᠡᠳ ᠤᠨ ᠠᠰᠠᠷᠠᠮᠵᠢ ᠶᠢᠨ ᠦᠢᠯᠡᠰ ᠤᠨ ᠨᠡᠩ ᠰᠠᠶᠢᠨ ᠨᠡᠩ ᠲᠦᠷᠭᠡᠨ ᠬᠦᠭᠵᠢᠯᠲᠡ ᠶᠢ ᠠᠬᠢᠭᠤᠯᠤᠨ᠎ᠠ᠃
 
ᠢᠷᠡᠯᠲᠡ᠄ ᠬᠤᠩ ᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号