| | ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠲᠦᠪ ᠠᠴᠠ | ᠤᠢᠢᠯᠠᠭᠠᠭᠰᠠᠨ ᠢᠶᠠᠷ᠂ ᠮᠠᠨ ᠤ ᠤᠷᠤᠨ ᠤ 2017 ᠣᠨ ᠤ ᠡᠩ ᠤᠨ ᠶᠡᠭᠡ ᠳᠡᠬᠡᠳᠤ ᠰᠤᠷᠭᠠᠭᠤᠯᠢ ᠶᠢᠨ ᠨᠢᠬᠡᠳᠦᠯᠳᠡᠢ | ᠰᠢᠯᠭᠠᠯᠳᠠ 2016 ᠣᠨ ᠤ 12 ᠳ᠋ᠤᠭᠠᠷ ᠰᠠᠷ᠎ᠠ ᠶᠢᠨ 1 ᠤ ᠡᠳᠦᠷ ᠤᠨ 9᠄ 00 ᠴᠠᠭ ᠠᠴᠠ 12 ᠤᠨ ᠡᠳᠦᠷ ᠤᠨ 18 | ᠄ 00 ᠴᠠᠭ ᠪᠤᠯᠳᠠᠯ᠎ᠠ ᠨᠡᠷ᠎ᠡ ᠮᠡᠳᠡᠬᠦᠯᠦᠨ᠎ᠡ᠃ | ᠰᠢᠯᠭᠠᠭᠤᠯᠤᠭᠴᠢ ᠳᠤᠭᠳᠠᠭᠰᠠᠨ ᠴᠠᠭ ᠤᠨ ᠳᠤᠳᠤᠷ᠎ᠠ ᠰᠦᠯᠵᠢᠶᠡᠨ ᠳᠡᠬᠡᠷ᠎ᠡ ᠤᠷᠢᠳᠴᠢᠯᠠᠨ ᠨᠡᠷ᠎ᠡ ᠮᠡᠳᠡᠬᠦᠯᠵᠦ᠂ | ᠰᠦᠯᠵᠢᠶᠡᠨ ᠳᠡᠬᠡᠷ᠎ᠡ ᠨᠡᠷ᠎ᠡ ᠮᠡᠳᠡᠬᠦᠯᠬᠦ ᠰᠦᠢᠳᠬᠡᠯ ᠢᠶᠠᠨ ᠳᠤᠰᠢᠶᠠᠵᠤ᠂ ᠳᠤᠬᠠᠢ ᠶᠢᠨ ᠳᠠᠯᠠᠪᠠᠢ ᠳᠤ ᠬᠤᠷᠤᠭᠤᠨ ᠤᠷᠤᠮ ᠤᠨ | ᠮᠡᠳᠡᠭᠡ ᠵᠠᠩᠬᠢ ᠪᠠᠨ ᠴᠤᠭᠯᠠᠭᠤᠯᠤᠨ᠂ ᠳᠤᠬᠠᠢ ᠶᠢᠨ ᠳᠠᠯᠠᠪᠠᠢ ᠳᠤ ᠰᠡᠬᠦᠳᠡᠷ ᠳᠠᠳᠠᠭᠤᠯᠵᠤ᠂ ᠨᠡᠷ᠎ᠡ ᠮᠡᠳᠡᠬᠦᠯᠦᠭᠰᠡᠨ ᠮᠡᠳᠡᠭᠡ | ᠵᠠᠩᠬᠢ ᠳᠠᠭᠠᠨ ᠭᠠᠷ ᠤᠨ ᠦᠰᠦᠭ ᠵᠢᠷᠤᠨ ᠨᠤᠳᠠᠯᠠᠨ᠎ᠠ᠂ ᠬᠤᠭᠤᠴᠠᠭ᠎ᠠ ᠨᠢ ᠬᠡᠳᠦᠷᠡᠪᠡᠯ ᠬᠠᠮᠢᠶ᠎ᠠ ᠪᠦᠬᠦᠢ ᠭᠠᠷ ᠬᠦᠢᠴᠡᠳᠬᠡᠯ ᠢ | ᠨᠦᠬᠦᠵᠦ ᠬᠢᠵᠤ ᠥᠭᠬᠦ ᠦᠭᠡᠢ᠃ | ᠰᠢᠯᠭᠠᠭᠤᠯᠤᠭᠴᠢ ᠡᠷᠦᠬᠡ ᠠᠮᠠ ᠶᠢᠨ ᠳᠠᠩᠰᠠ ᠪᠠᠶᠢᠭ᠎ᠠ ᠬᠤᠰᠢᠭᠤ ︵ᠰᠢᠶᠠᠨ᠂ ᠬᠤᠳᠠ᠂ ᠳᠤᠭᠤᠷᠢᠭ︶ ᠶᠢᠨ | ᠰᠤᠷᠤᠭᠴᠢ ᠡᠯᠰᠡᠬᠦ ᠰᠢᠯᠭᠠᠯᠳᠠ ᠶᠢᠨ ᠪᠠᠶᠢᠭᠤᠯᠤᠮᠵᠢ ᠳᠤ ᠨᠡᠷ᠎ᠡ ᠮᠡᠳᠡᠬᠦᠯᠦᠨ᠎ᠡ᠃ ᠤᠷᠤᠨ ᠤ ᠭᠠᠳᠠᠨᠠᠬᠢ ᠬᠦᠯᠦᠰᠦᠨ ᠠᠵᠢᠯ | ᠬᠢᠭᠰᠡᠳ ᠤᠨ ᠡᠵᠢ ᠠᠪᠤ ᠪᠠᠨ ᠳᠠᠭᠠᠵᠤ ᠨᠡᠬᠦᠵᠦ ᠢᠷᠡᠭᠰᠡᠨ ᠰᠢᠯᠭᠠᠭᠤᠯᠤᠭᠴᠢ ᠡᠵᠢ ᠠᠪᠤ ᠶᠢᠨ ᠢᠶᠠᠨ ᠰᠠᠭᠤᠭ᠎ᠠ ᠭᠠᠵᠠᠷ ᠤᠨ | ᠬᠤᠰᠢᠭᠤ ᠰᠢᠶᠠᠨ ᠳᠤ ᠨᠡᠷ᠎ᠡ ᠮᠡᠳᠡᠬᠦᠯᠦᠨ᠎ᠡ᠃ | ᠨᠢᠬᠡ᠂ ᠦᠪᠡᠷᠳᠡᠬᠡᠨ ᠵᠠᠰᠬᠠᠤ ᠤᠷᠤᠨ ᠤ ᠰᠤᠷᠭᠠᠨ ᠬᠦᠮᠦᠵᠢᠯ ᠤᠨ ᠲᠢᠩᠬᠢᠮ ᠤᠨ ᠵᠦᠪᠰᠢᠶᠡᠷᠡᠭᠰᠡᠨ ᠰᠤᠷᠤᠭᠴᠢ | ᠡᠯᠰᠡᠬᠦ ᠬᠡᠪᠴᠢᠶᠡᠨ ᠳᠠᠬᠢ ᠠᠶᠢᠮᠠᠭ ᠬᠤᠳᠠ ᠠᠯᠤᠰᠯᠠᠨ ᠡᠯᠰᠡᠭᠰᠡᠨ ᠶᠠᠳᠠᠭᠤ ᠬᠦᠴᠢᠷᠳᠡᠯᠳᠡᠢ ᠰᠢᠯᠢᠳᠡᠭ ᠰᠤᠷᠤᠭᠴᠢ ᠶᠢᠨ | ᠠᠩᠬᠢ ᠶᠢᠨ ᠰᠢᠨ᠎ᠡ ᠳᠡᠬᠦᠰᠬᠦ ᠰᠤᠷᠤᠭᠴᠢ︔ ᠬᠤᠶᠠᠷ᠂ ᠠᠶᠢᠮᠠᠭ ᠬᠤᠳᠠ ᠳᠤ ᠰᠢᠭᠤᠳ ᠬᠠᠷᠢᠶᠠᠯᠠᠭᠳᠠᠬᠤ ᠳᠡᠬᠡᠳᠤ ᠳᠡᠰ ᠤᠨ | ᠳᠤᠮᠳᠠ ᠵᠡᠷᠬᠡ ᠶᠢᠨ ᠰᠤᠷᠭᠠᠭᠤᠯᠢ ᠶᠢᠨ ᠳᠤᠰ ᠠᠶᠢᠮᠠᠭ ᠤᠨ ᠡᠷᠦᠬᠡ ᠠᠮᠠ ᠶᠢᠨ ᠳᠠᠩᠰᠠ ᠲᠠᠢ ᠰᠢᠨ᠎ᠡ ᠳᠡᠬᠦᠰᠬᠦ ᠰᠤᠷᠤᠭᠴᠢ︔ | ᠭᠤᠷᠪᠠ᠂ ᠮᠤᠩᠭᠤᠯ ᠢᠶᠠᠷ ᠬᠢᠴᠢᠶᠡᠯᠯᠡᠭᠰᠡᠨ ᠡᠯ᠎ᠠ ᠬᠢᠴᠢᠶᠡᠯ ᠲᠦᠷᠦᠯ ᠤᠨ ᠰᠢᠨ᠎ᠡ ᠳᠡᠬᠦᠰᠬᠦ ᠰᠤᠷᠤᠭᠴᠢ︔ ᠲᠦᠷᠪᠡ᠂ | ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠠᠴᠠ | ᠳᠤᠰᠬᠠᠢ ᠮᠡᠷᠬᠡᠵᠢᠯ ᠢᠶᠠᠷ ᠨᠢ ᠵᠤᠯᠭᠠᠯᠴᠠᠭᠤᠯᠤᠨ ᠰᠤᠷᠤᠭᠴᠢ ᠡᠯᠰᠡᠬᠦ ᠰᠢᠨ᠎ᠡ ᠳᠡᠬᠦᠰᠬᠦ ᠰᠤᠷᠤᠭᠴᠢ︔ ᠲᠠᠪᠤ᠂ ᠳᠠᠪᠤᠨ | ᠵᠢᠯ ᠤᠨ ᠲᠦᠷᠢᠮᠳᠤ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠶᠢᠨ ᠭᠤᠷᠪᠠ ᠬᠤᠶᠠᠷ ᠢᠶᠠᠷ ᠱᠠᠳᠤ | ᠬᠤᠪᠢᠶᠠᠭᠰᠠᠨ᠂ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠠᠴᠠ ᠳᠡᠬᠡᠳᠤ ᠵᠡᠷᠬᠡ ᠶᠢᠨ ᠠᠵᠢᠯ ᠮᠡᠷᠬᠡᠵᠢᠯ ᠤᠨ | ᠰᠤᠷᠭᠠᠭᠤᠯᠢ ᠳᠤ ᠰᠢᠯᠵᠢᠬᠦ ᠰᠢᠨ᠎ᠡ ᠳᠡᠬᠦᠰᠬᠦ ᠰᠤᠷᠤᠭᠴᠢ ᠵᠡᠷᠬᠡ ᠳᠡᠬᠡᠷᠡᠬᠢ 5 ᠵᠦᠢᠯ ᠤᠨ ᠰᠢᠯᠭᠠᠭᠤᠯᠤᠭᠴᠢ ᠰᠤᠷᠤᠯᠴᠠᠵᠤ | ᠪᠠᠶᠢᠭ᠎ᠠ ᠰᠤᠷᠭᠠᠭᠤᠯᠢ ᠶᠢᠨ ᠪᠠᠶᠢᠭ᠎ᠠ ᠬᠤᠰᠢᠭᠤ ᠰᠢᠶᠠᠨ ᠳᠤ ᠨᠡᠷ᠎ᠡ ᠮᠡᠳᠡᠬᠦᠯᠦᠨ᠎ᠡ᠃ | ᠮᠤᠩᠭᠤᠯ ᠢᠶᠠᠷ ᠬᠢᠴᠢᠶᠡᠯᠯᠡᠭᠰᠡᠨ ᠨᠢᠬᠡᠨᠳᠡ ᠳᠡᠬᠦᠰᠦᠭᠰᠡᠨ ᠰᠤᠷᠤᠭᠴᠢ︔ ᠳᠡᠬᠡᠳᠤ ᠵᠡᠷᠬᠡ ᠶᠢᠨ ᠠᠵᠢᠯ | ᠮᠡᠷᠬᠡᠵᠢᠯ ᠤᠨ ᠰᠤᠷᠭᠠᠭᠤᠯᠢ ᠳᠤᠮᠳᠠ ᠵᠡᠷᠬᠡ ᠶᠢᠨ ᠠᠵᠢᠯ ᠮᠡᠷᠬᠡᠵᠢᠯ ᠤᠨ ᠰᠤᠷᠭᠠᠭᠤᠯᠢ ᠠᠴᠠ ᠳᠤᠰᠬᠠᠢ ᠮᠡᠷᠬᠡᠵᠢᠯ ᠢᠶᠠᠷ ᠨᠢ | ᠵᠤᠯᠭᠠᠯᠴᠠᠭᠤᠯᠤᠨ ᠰᠤᠷᠤᠭᠴᠢ ᠡᠯᠰᠡᠬᠦ ᠨᠢᠬᠡᠨᠳᠡ ᠳᠡᠬᠦᠰᠦᠭᠰᠡᠨ ᠰᠤᠷᠤᠭᠴᠢ︔ ᠬᠢᠳᠠᠳ ᠢᠶᠠᠷ ᠬᠢᠴᠢᠶᠡᠯᠯᠡᠭᠰᠡᠨ ᠮᠤᠩᠭᠤᠯ | ᠬᠡᠯᠡᠨ ᠤ ᠬᠦᠬᠡᠭᠴᠢᠨ ᠰᠡᠳᠦᠪ ᠢ ᠨᠡᠮᠡᠵᠦ ᠰᠢᠯᠭᠠᠬᠤ ᠨᠢᠬᠡᠨᠳᠡ ᠳᠡᠬᠦᠰᠦᠭᠰᠡᠨ ᠰᠤᠷᠤᠭᠴᠢ︔ ᠭᠠᠳᠠᠭᠠᠳᠤ ᠬᠡᠯᠡᠡ ᠤ ᠰᠢᠯᠭᠠᠬᠤ | ᠰᠡᠳᠦᠪ ᠨᠢ ᠶᠠᠫᠤᠨ ᠬᠡᠯᠡ ᠪᠤᠶᠤ ᠤᠷᠤᠰ ᠬᠡᠯᠡᠨ ᠤ ᠰᠢᠯᠭᠠᠭᠤᠯᠤᠭᠴᠢ ᠪᠤᠯ ᠠᠶᠢᠮᠠᠭ ᠬᠤᠳᠠ ᠶᠢᠨ ᠰᠤᠷᠤᠭᠴᠢ ᠡᠯᠰᠡᠬᠦ | ᠰᠢᠯᠭᠠᠯᠳᠠ ᠶᠢᠨ ᠪᠠᠶᠢᠭᠤᠯᠤᠮᠵᠢ ᠶᠢᠨ ᠳᠤᠭᠳᠠᠭᠠᠭᠰᠠᠨ ᠨᠡᠷ᠎ᠡ ᠮᠡᠳᠡᠬᠦᠯᠬᠦ ᠭᠠᠵᠠᠷ ᠨᠡᠷ᠎ᠡ ᠮᠡᠳᠡᠬᠦᠯᠦᠨ᠎ᠡ᠃ | ᠰᠤᠯᠤᠩᠭᠤᠰ ᠬᠡᠯᠡ ᠪᠠᠷ ᠬᠢᠴᠢᠶᠡᠯᠯᠡᠭᠰᠡᠨ ᠰᠤᠷᠤᠭᠴᠢ ᠤᠯᠠᠭᠠᠨᠬᠤᠳᠠ ᠳᠤ ᠨᠢᠬᠡᠳᠦᠯᠳᠡᠢ ᠨᠡᠷ᠎ᠡ ᠮᠡᠳᠡᠬᠦᠯᠦᠨ᠎ᠡ᠃ | |