| 26 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠤᠷᠤᠭᠴᠢ | ᠡᠯᠰᠡᠬᠦ ᠰᠢᠯᠭᠠᠯᠲᠠ ᠶᠢᠨ ᠲᠥᠪ ᠮᠡᠳᠡᠭᠡ ᠨᠡᠶᠢᠲᠡᠯᠡᠵᠦ᠂ ᠰᠤᠷᠭᠠᠨ ᠬᠥᠮᠦᠵᠢᠯ ᠤᠨ ᠶᠠᠮᠤᠨ ᠤ ᠬᠤᠯᠪᠣᠭᠳᠠᠯ ᠪᠦᠬᠦᠢ | ᠱᠠᠭᠠᠷᠳᠠᠯᠭ᠎ᠠ ᠶᠣᠰᠣᠭᠠᠷ᠂ 2017 ᠣᠨ ᠠᠴᠠ ᠡᠬᠢᠯᠡᠨ᠂ ᠥᠨᠳᠥᠷ ᠬᠢᠷᠢ ᠲᠦᠪᠰᠢᠨ ᠪᠦᠬᠦᠢ ᠲᠠᠮᠢᠷᠴᠢᠨ ᠤ ᠠᠩᠬᠢ ᠶᠢᠨ | ᠲᠤᠷᠰᠢᠯᠲᠠ ᠶᠢᠨ ᠴᠢᠭ ᠤᠨ ᠶᠡᠭᠡ ᠳᠡᠭᠡᠳᠦ ᠰᠤᠷᠭᠠᠭᠤᠯᠢ ᠨᠢ ︵ᠨᠢᠭᠡᠳᠦᠭᠡᠷ ᠳᠡᠰ ᠪᠠᠭᠲᠠᠨ᠎ᠠ︶ ᠠᠴᠠ ᠳᠡᠭᠡᠭᠰᠢᠬᠢ ᠲᠠᠮᠢᠷᠴᠢᠨ | ᠰᠢᠯᠭᠠᠭᠤᠯᠤᠭᠰᠠᠳ ᠢ ᠠᠰ ᠲᠤᠨᠢ ᠵᠣᠬᠢᠶᠠᠨ ᠪᠠᠶᠢᠭᠤᠯᠤᠨ ᠰᠤᠶᠤᠯ ᠤᠨ ᠰᠢᠯᠭᠠᠯᠲᠠ ᠬᠢᠬᠦ ᠪᠠᠨ ᠪᠤᠯᠢᠪᠠ᠂ ᠬᠤᠯᠪᠣᠭᠳᠠᠯ | ᠪᠦᠬᠦᠢ ᠰᠢᠯᠭᠠᠭᠤᠯᠤᠭᠰᠠᠳ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠨᠢᠭᠡᠳᠦᠯᠲᠡᠶ ᠵᠣᠬᠢᠶᠠᠨ | ᠪᠠᠶᠢᠭᠤᠯᠤᠭᠰᠠᠨ ᠪᠠᠶ᠎ᠡ ᠶᠢᠨ ᠲᠠᠮᠢᠷ ᠤᠨ ᠪᠤᠯᠪᠠᠰᠤᠷᠠᠯ᠂ ᠵᠡᠪᠰᠡᠭ ᠤᠨ ᠡᠷᠳᠡᠮ ᠪᠣᠯᠤᠨ ᠦᠨᠳᠦᠰᠦᠲᠡᠨ ᠤ ᠤᠯᠠᠮᠵᠢᠯᠠᠯᠲᠤ | ᠪᠡᠶ᠎ᠡ ᠶᠢᠨ ᠲᠠᠮᠢᠷ ᠤᠨ ᠲᠤᠰᠬᠠᠶ ᠮᠡᠷᠭᠡᠵᠢᠯ ᠤᠨ ᠠᠰ ᠢᠶᠠᠷ ᠨᠢ ᠰᠤᠷᠤᠭᠴᠢ ᠡᠯᠰᠡᠬᠦ ᠰᠣᠶᠣᠯ ᠤᠨ ᠰᠢᠯᠭᠠᠯᠲᠠ ᠳᠤ ᠤᠷᠤᠯᠴᠠᠬᠤ | ᠴᠢᠬᠤᠯᠠᠲᠠᠢ ᠪᠤᠯᠵᠠᠢ᠃ | ᠲᠠᠨᠢᠯᠴᠠᠭᠤᠯᠤᠭᠰᠠᠨ ᠢᠶᠠᠷ᠂ ᠰᠣᠶᠣᠯ ᠤᠨ ᠰᠢᠯᠭᠠᠯᠲᠠ ᠳᠤ ᠬᠡᠯᠡ ᠪᠢᠴᠢᠭ᠂ ᠲᠣᠭᠠᠨ ᠤ ᠤᠬᠠᠭᠠᠨ᠂ ᠤᠯᠤᠰ | ᠲᠥᠷᠥ᠂ ᠠᠩᠭ᠍ᠯᠢ ᠬᠡᠯᠡ ᠵᠡᠷᠭᠡ 4 ᠲᠦᠷᠦᠯ ᠢ ᠰᠢᠯᠭᠠᠵᠤ᠂ ᠲᠦᠷᠦᠯ ᠪᠦᠷᠢ 150 ᠬᠤᠪᠢ᠂ 4 ᠲᠦᠷᠦᠯ ᠨᠡᠶᠢᠲᠡ 600 | ᠬᠤᠪᠢ ᠪᠣᠯᠤᠨ᠎ᠠ᠃ | 2017 ᠣᠨ ᠤ ᠶᠡᠭᠡ ᠳᠡᠭᠡᠳᠦ ᠰᠤᠷᠭᠠᠭᠤᠯᠢ ᠶᠢᠨ ᠦᠨᠳᠦᠷ ᠬᠢᠷᠢ ᠲᠦᠪᠰᠢᠨ ᠪᠦᠬᠦᠢ ᠲᠠᠮᠢᠷᠴᠢᠨ ᠤ ᠠᠩᠬᠢ ᠶᠢᠨ | ᠰᠣᠶᠣᠯ ᠤᠨ ᠰᠢᠯᠭᠠᠯᠲᠠ ᠶᠢᠨ ᠴᠠᠭ ᠨᠢ᠄ 4 ᠳ᠋ᠦ᠋ᠭᠡᠷ ᠰᠠᠷ᠎ᠠ ᠶᠢᠨ 22 ᠤᠨ ᠡᠳᠦᠷ᠂ 9᠄ 00 -10᠄ 30 ᠬᠡᠯᠡ ᠪᠢᠴᠢᠭ᠂ | 14᠄ 00 -15᠄ 30 ᠲᠣᠭᠠᠨ ᠤ ᠤᠬᠠᠭᠠᠨ︔ 4 ᠳ᠋ᠦ᠋ᠭᠡᠷ ᠰᠠᠷ᠎ᠠ ᠶᠢᠨ 23 ᠤ ᠡᠳᠦᠷ᠂ 9᠄ 00 -10᠄ 30 | ᠤᠯᠤᠰ ᠲᠦᠷᠦ᠂ 14᠄ 00 -15᠄ 30 ᠠᠩᠭ᠍ᠯᠢ ᠬᠡᠯᠡ ᠪᠣᠯᠤᠨ᠎ᠠ᠃ ᠣᠶᠢᠯᠠᠭᠠᠭᠰᠠᠨ ᠢᠶᠠᠷ᠂ ᠰᠢᠯᠭᠠᠯᠲᠠ ᠶᠢᠨ | ᠬᠥᠲᠥᠯᠪᠦᠷᠢ ᠶᠢ ᠰᠤᠷᠭᠠᠨ ᠬᠥᠮᠦᠵᠢᠯ ᠤᠨ ᠶᠠᠮᠤᠨ ᠤ ᠶᠠᠩ ᠭᠤᠸᠠᠩ ᠶᠡᠭᠡ ᠳᠡᠭᠡᠳᠦ ᠰᠤᠷᠭᠠᠭᠤᠯᠢ ᠳᠤ ᠰᠢᠯᠭᠠᠬᠤ | ᠰᠢᠯᠭᠠᠯᠲᠠ ᠶᠢᠨ ᠲᠠᠪᠴᠠᠩ ᠪᠠ ᠳᠤᠮᠳᠠᠳᠤ ᠤᠯᠤᠰ ᠤᠨ ᠲᠠᠮᠢᠷᠴᠢᠨ ᠤ ᠰᠣᠶᠣᠯ ᠰᠤᠷᠭᠠᠨ ᠬᠥᠮᠦᠵᠢᠯ ᠤᠨ ᠰᠦᠯᠵᠢᠶ᠎ᠡ | ᠳᠡᠭᠡᠷ᠎ᠡ ᠨᠡᠶᠢᠲᠡᠯᠡᠨ᠎ᠡ᠃ | ᠲᠠᠨᠢᠯᠴᠠᠭᠤᠯᠤᠭᠰᠠᠨ ᠢᠶᠠᠷ᠂ ᠲᠤᠷᠰᠢᠯᠲᠠ ᠶᠢᠨ ᠴᠢᠭ ᠤᠨ ᠶᠡᠭᠡ ᠳᠡᠭᠡᠳᠦ ᠰᠤᠷᠭᠠᠭᠤᠯᠢ ᠶᠢᠨ ᠦᠨᠳᠦᠷ ᠬᠢᠷᠢ | ᠲᠦᠪᠰᠢᠨ ᠪᠦᠬᠦᠢ ᠲᠠᠮᠢᠷᠴᠢᠨ ᠤ ᠠᠩᠬᠢ ᠶᠢᠨ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠪᠦᠭᠡᠳ ᠨᠢᠭᠡᠳᠦᠭᠡᠷ ᠳᠡᠰ ᠤᠨ | ᠲᠠᠮᠢᠷᠴᠢᠨ᠂ ᠠᠪᠤᠷᠭᠤ ᠲᠠᠮᠢᠷᠴᠢᠨ᠂ ᠤᠯᠠᠨ ᠤᠯᠤᠰ ᠤᠨ ᠠᠪᠤᠷᠭᠤ ᠲᠠᠮᠢᠷᠴᠢᠨ ᠤ ᠴᠤᠯᠠ ᠶᠢᠨ ᠨᠢᠭᠡ ᠶᠢ ᠨᠢ ᠬᠦᠷᠲᠡᠭᠡᠳ | ᠲᠤᠷᠰᠢᠯᠲᠠ ᠶᠢᠨ ᠴᠢᠭ ᠤᠨ ᠳᠡᠭᠡᠳᠦ ᠶᠡᠭᠡ ᠰᠤᠷᠭᠠᠭᠤᠯᠢ ᠶᠢᠨ ᠠᠰ ᠢᠶᠠᠨ ᠨᠢ ᠰᠤᠷᠤᠭᠴᠢ ᠡᠯᠰᠡᠬᠦ ᠰᠢᠯᠭᠠᠯᠲᠠ ᠶᠢᠨ ᠬᠢᠷᠢ | ᠬᠡᠮ ᠢ ᠭᠤᠶᠤᠴᠢᠯᠠᠬᠤ ᠰᠢᠯᠭᠠᠭᠤᠯᠤᠭᠰᠠᠳ ᠪᠤᠯ᠂ 2017 ᠤᠨ ᠤ 3 ᠳ᠋ᠤᠭᠠᠷ ᠰᠠᠷ᠎ᠠ ᠶᠢᠨ 25 ᠤ ᠡᠳᠦᠷ ᠰᠤᠷᠭᠠᠨ | ᠬᠥᠮᠦᠵᠢᠯ ᠤᠨ ᠶᠠᠮᠤᠨ ᠤ ᠶᠠᠩ ᠭᠤᠸᠠᠩ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠲᠠᠪᠴᠠᠩ ᠪᠤᠶᠤ ᠳᠤᠮᠳᠠᠳᠤ | ᠤᠯᠤᠰ ᠤᠨ ᠲᠠᠮᠢᠷᠴᠢᠨ ᠤ ᠰᠣᠶᠣᠯ ᠰᠤᠷᠭᠠᠨ ᠬᠥᠮᠦᠵᠢᠯ ᠤᠨ ᠰᠦᠯᠵᠢᠶ᠎ᠡ ᠶᠢᠨ ︽ᠶᠡᠭᠡ ᠳᠡᠭᠡᠳᠦ ᠰᠤᠷᠭᠠᠭᠤᠯᠢ ᠶᠢᠨ ᠦᠨᠳᠦᠷ | ᠬᠢᠷᠢ ᠲᠦᠪᠰᠢᠨ ᠪᠦᠬᠦᠢ ᠲᠠᠮᠢᠷᠴᠢᠨ ᠤ ᠠᠩᠬᠢ ᠶᠢᠨ ᠰᠤᠶᠤᠯ ᠤᠨ ᠰᠢᠯᠭᠠᠯᠲᠠ ᠶᠢᠨ ᠨᠡᠷ᠎ᠡ ᠮᠡᠳᠡᠭᠦᠯᠬᠦ ᠰᠢᠰᠲ᠋ᠧᠮ︾ ᠳᠤ | ᠭᠠᠷᠴᠦ ᠪᠡᠶ᠎ᠡ ᠪᠠᠨ ᠳᠠᠭᠠᠭᠠᠵᠤ ᠨᠡᠷ᠎ᠡ ᠮᠡᠳᠡᠭᠦᠯᠬᠦ ᠪᠠ ᠰᠦᠢᠳᠬᠡᠯ ᠲᠤᠰᠢᠶᠠᠬᠤ ᠬᠡᠷᠡᠭᠲᠡᠶ᠃ 4 ᠳ᠋ᠦ᠋ᠭᠡᠷ ᠰᠠᠷ᠎ᠠ ᠶᠢᠨ 10 ᠤ | ᠡᠳᠦᠷ ᠠᠴᠠ ᠡᠬᠢᠯᠡᠨ᠂ ᠰᠢᠯᠭᠠᠭᠤᠯᠤᠭᠴᠢ ᠨᠡᠷ᠎ᠡ ᠮᠡᠳᠡᠭᠦᠯᠬᠦ ᠰᠦᠯᠵᠢᠶᠡᠨ ᠠᠴᠠ ᠰᠢᠯᠭᠠᠯᠲᠠ ᠶᠢᠨ ᠵᠦᠪᠰᠢᠶᠡᠷᠡᠯ ᠤᠨ | ᠦᠨᠡᠮᠯᠡᠯ ᠢ ᠪᠠᠭᠤᠯᠭᠠᠨ ᠠᠪᠴᠤ ᠪᠤᠯᠤᠨ᠎ᠠ᠂ ᠰᠢᠯᠭᠠᠯᠲᠠ ᠶᠢᠨ ᠵᠦᠪᠰᠢᠶᠡᠷᠡᠯ ᠤᠨ ᠦᠨᠡᠮᠯᠡᠯ ᠤᠨ ᠱᠠᠭᠠᠷᠳᠠᠯᠭ᠎ᠠ ᠶᠢ | ᠦᠨᠳᠦᠰᠦᠯᠡᠨ᠂ ᠴᠠᠭ ᠲᠤᠬᠠᠶ ᠳᠤᠨᠢ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ ᠨᠡᠷ᠎ᠡ ᠮᠡᠳᠡᠭᠦᠯᠦᠭᠰᠡᠨ ᠭᠠᠵᠠᠷ | ᠣᠷᠣᠨ ᠤ ᠪᠠᠨ ᠮᠤᠵᠢ ᠶᠢᠨ ᠱᠠᠲᠤᠨ ᠤ ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠲᠤᠭᠲᠠᠭᠠᠭᠰᠠᠨ | ᠰᠢᠯᠭᠠᠯᠲᠠ ᠶᠢᠨ ᠲᠠᠯᠠᠪᠠᠢ ᠳᠤ ᠰᠣᠶᠣᠯ ᠤᠨ ᠰᠢᠯᠭᠠᠯᠲᠠ ᠳᠤ ᠤᠷᠤᠯᠴᠠᠬᠤ ᠬᠡᠷᠡᠭᠲᠡᠢ᠃ | ᠰᠤᠷᠤᠭᠴᠢ ᠡᠯᠰᠡᠬᠦ ᠶᠡᠭᠡ ᠳᠡᠭᠡᠳᠦ ᠰᠤᠷᠭᠠᠭᠤᠯᠢ ᠨᠢ 5 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ | ᠰᠤᠷᠭᠠᠨ ᠬᠥᠮᠦᠵᠢᠯ ᠤᠨ ᠶᠠᠮᠤᠨ ᠤ ᠶᠠᠩ ᠭᠤᠸ᠋ᠩ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠲᠠᠪᠴᠠᠩ ᠠᠴᠠ ᠲᠤᠰ | ᠰᠤᠷᠭᠠᠭᠤᠯᠢ ᠶᠢᠨ ᠥᠨᠳᠥᠷ ᠬᠢᠷᠢ ᠲᠦᠪᠰᠢᠨ ᠪᠦᠬᠦᠢ ᠲᠠᠮᠢᠷᠴᠢᠨ ᠤ ᠠᠩᠬᠢ ᠶᠢᠨ ᠠᠰ ᠢᠶᠠᠷ ᠨᠢ ᠰᠤᠷᠤᠭᠴᠢ ᠡᠯᠰᠡᠬᠦ ᠳᠤ | ᠨᠡᠷ᠎ᠡ ᠮᠡᠳᠡᠭᠦᠯᠦᠨ ᠰᠢᠯᠭᠠᠭᠤᠯᠤᠭᠰᠠᠳ ᠤᠨ ᠰᠣᠶᠣᠯ ᠤᠨ ᠬᠢᠴᠢᠶᠡᠯ ᠤᠨ ᠰᠢᠯᠭᠠᠯᠲᠠ ᠶᠢᠨ ᠬᠢᠷᠢ ᠪᠦᠲᠦᠮᠵᠢ ᠶᠢ ᠪᠠᠭᠤᠯᠭᠠᠵᠤ | ᠠᠪᠤᠨ᠎ᠠ᠃ ᠶᠡᠭᠡ ᠳᠡᠭᠡᠳᠦ ᠰᠤᠷᠭᠠᠭᠤᠯᠢ ᠨᠤᠭᠤᠳ ᠲᠤᠰ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠣᠷᠣᠨ ᠪᠠᠶᠢᠷᠢ ᠶᠢᠨ | ᠲᠣᠭᠲᠠᠭᠠᠯᠲᠠ ᠪᠣᠯᠤᠨ ᠬᠥᠮᠦᠵᠢᠭᠦᠯᠬᠦ ᠱᠠᠭᠠᠷᠳᠠᠯᠭ᠎ᠠ ᠪᠠᠨ ᠦᠨᠳᠦᠰᠦᠯᠡᠵᠦ᠂ ᠬᠤᠯᠪᠣᠭᠳᠠᠯ ᠪᠦᠬᠦᠢ ᠰᠤᠷᠭᠠᠨ ᠬᠥᠮᠦᠵᠢᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠪᠠᠶᠢᠭᠤᠯᠤᠮᠵᠢ ᠶᠢᠨ ᠬᠠᠩᠭᠠᠭᠰᠠᠨ ᠪᠤᠢ ᠪᠦᠬᠦᠢ ᠰᠢᠯᠭᠠᠭᠤᠯᠤᠭᠰᠠᠳ ᠤᠨ ᠬᠢᠷᠢ | ᠪᠦᠲᠦᠮᠵᠢ ᠶᠢᠨ ᠲᠠᠷᠬᠠᠯᠲᠠ ᠲᠠᠢ ᠤᠶᠠᠯᠳᠤᠭᠤᠯᠤᠨ᠂ ᠰᠣᠶᠣᠯ ᠤᠨ ᠬᠢᠴᠢᠶᠡᠯ ᠤᠨ ᠰᠢᠯᠭᠠᠯᠲᠠ ᠶᠢᠨ ᠬᠢᠷᠢ ᠲᠡᠩᠴᠡᠬᠦ | ᠬᠤᠪᠢ ᠶᠢᠨ ᠬᠢᠵᠠᠭᠠᠷ ᠢ ᠡᠵᠡᠨ ᠮᠡᠳᠡᠨ ᠲᠤᠭᠲᠠᠭᠠᠨ᠎ᠠ᠃ ᠶᠡᠭᠡ ᠳᠡᠭᠡᠳᠦ ᠰᠤᠷᠭᠠᠭᠤᠯᠢ ᠨᠤᠭᠤᠳ ᠰᠤᠷᠤᠭᠴᠢᠳ ᠤᠨ | ᠰᠣᠶᠣᠯ ᠤᠨ ᠬᠡᠪ ᠴᠢᠨᠠᠷ ᠤᠨ ᠱᠠᠭᠠᠷᠳᠠᠯᠭ᠎ᠠ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠂ ᠰᠤᠷᠤᠭᠴᠢ ᠡᠯᠰᠡᠬᠦ ᠲᠥᠯᠥᠪᠯᠡᠭᠡ ᠶᠢ | ᠪᠡᠶᠡᠯᠡᠭᠦᠯᠬᠦ ᠶᠢᠨ ᠲᠥᠯᠥᠭᠡ ᠰᠣᠶᠣᠯ ᠤᠨ ᠬᠢᠴᠢᠶᠡᠯ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠪᠠᠷᠢᠮᠵᠢᠶ᠎ᠠ ᠶᠢ | ᠳᠤᠷᠤᠭᠰᠢᠯᠠᠭᠤᠯᠵᠤ ᠪᠤᠯᠬᠤ ᠦᠭᠡᠢ᠃ ᠶᠡᠭᠡ ᠳᠡᠭᠡᠳᠦ ᠰᠤᠷᠭᠠᠭᠤᠯᠢ ᠶᠢᠨ ᠲᠣᠭᠲᠠᠭᠠᠭᠰᠠᠨ ᠰᠣᠶᠣᠯ ᠤᠨ ᠬᠢᠴᠢᠶᠡᠯ ᠤᠨ ᠬᠢᠷᠢ | ᠲᠡᠩᠴᠡᠬᠦ ᠬᠢᠵᠠᠭᠠᠷ ᠪᠣᠯᠤᠨ ᠡᠯᠰᠡᠭᠰᠡᠨ ᠰᠤᠷᠤᠭᠴᠢ ᠶᠢᠨ ᠰᠣᠶᠣᠯ ᠤᠨ ᠬᠢᠴᠢᠶᠡᠯ ᠤᠨ ᠬᠢᠷᠢ ᠪᠦᠲᠦᠮᠵᠢ ᠶᠢ ᠲᠤᠰ | ᠰᠤᠷᠭᠠᠭᠤᠯᠢ ᠵᠢᠴᠢ ᠰᠤᠷᠭᠠᠨ ᠬᠥᠮᠦᠵᠢᠯ ᠤᠨ ᠶᠠᠮᠤᠨ ᠤ ᠶᠠᠩ ᠭᠤᠸ᠋ᠩ ᠶᠡᠭᠡ ᠳᠡᠭᠡᠳᠦ ᠰᠤᠷᠭᠠᠭᠤᠯᠢ ᠳᠤ ᠰᠢᠯᠭᠠᠬᠤ | ᠰᠢᠯᠭᠠᠯᠲᠠ ᠶᠢᠨ ᠲᠠᠪᠴᠠᠩ ᠳᠤ ᠨᠡᠶᠢᠲᠡᠯᠡᠬᠦ ᠪᠤᠯᠤᠨ᠎ᠠ᠃ | |