| | ᠰᠠᠶ᠋ᠢᠬᠠᠨ ᠲᠡᠭᠦᠰᠦᠭᠰᠡᠨ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ | ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠯᠢ ᠵᠢᠶ ᠾᠧᠩ ︽ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠢᠭᠲᠠᠷᠠᠨ ᠪᠦᠯᠬᠦᠮᠳᠡᠵᠦ ᠡᠬᠡ ᠤᠯᠤᠰ ᠤᠨ ᠤᠮᠠᠷᠠᠲᠤ ᠬᠢᠯᠢ ᠶᠢᠨ ᠦᠵᠡᠮᠵᠢ ᠶᠢᠨ | ᠣᠷᠣᠨ ᠢᠶᠠᠨ ᠨᠡᠩ ᠦᠵᠡᠰᠭᠦᠯᠡᠩᠲᠦ ᠰᠠᠶᠢᠬᠠᠨ ᠪᠣᠯᠭᠠᠨ ᠪᠦᠲᠦᠭᠡᠨ ᠪᠠᠶᠢᠭᠤᠯᠤᠶ᠎ᠠ︾ ᠭᠡᠬᠦ ᠰᠡᠳᠦᠪ ᠪᠦᠬᠦᠢ | ᠢᠯᠡᠳᠬᠡᠯ ᠬᠢᠪᠡ᠃ ᠢᠯᠡᠳᠬᠡᠯ ᠨᠢ ᠬᠥᠮᠦᠰ ᠤᠨ ᠰᠡᠳᠬᠢᠯ ᠢ ᠬᠦᠳᠡᠯᠭᠡᠮ᠎ᠡ ᠪᠠᠶᠢᠵᠤ᠂ ᠢᠯᠡᠳᠬᠡᠯ ᠤᠨ ᠦᠭᠡ | ᠥᠭᠦᠯᠡᠪᠦᠷᠢ ᠪᠦᠷᠢ ᠶᠢ ᠪᠣᠳᠣᠯᠬᠢᠯᠠᠵᠤ ᠲᠤᠩᠭᠠᠭᠤᠰᠢᠲᠠᠢ᠃ ᠪᠢᠳᠡ ᠢᠯᠡᠳᠬᠡᠯ ᠳᠠᠬᠢ ᠴᠢᠬᠤᠯᠠ | ᠠᠭᠤᠯᠭ᠎ᠠ ᠨᠤᠭᠤᠳ ᠢ ᠬᠠᠮᠲᠤᠪᠠᠷ ᠰᠤᠷᠤᠯᠴᠠᠶ᠎ᠠ᠃ | ◎ ︽6 + 7︾ ᠠᠵᠤ ᠦᠢᠯᠡᠰ ᠤᠨ ᠪᠦᠲᠦᠴᠡ᠄ | ᠳᠡᠭᠡᠳᠦ ᠰᠢᠨ᠎ᠡ ᠮᠡᠷᠭᠡᠵᠢᠯ ᠪᠣᠯᠤᠨ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢᠶᠠᠷ ᠡᠨᠧᠷᠭᠢ᠂ ᠬᠢᠮᠢ ᠶᠢᠨ ᠠᠵᠤ | ᠦᠢᠯᠡᠳᠪᠦᠷᠢ᠂ ᠲᠡᠮᠦᠷᠯᠢᠭ ᠪᠣᠯᠪᠠᠰᠤᠷᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠲᠤᠨᠤᠭ ᠲᠥᠬᠦᠭᠡᠷᠦᠮᠵᠢ ᠦᠢᠯᠡᠳᠬᠦ᠂ | ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠠᠵᠤ ᠦᠢᠯᠡᠰ ᠢ | ᠥᠭᠡᠷᠡᠴᠢᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠨᠡᠩ ᠢᠯᠡᠭᠦᠦ ᠴᠢᠬᠤᠯᠠᠴᠢᠯᠠᠵᠤ᠂ ᠤᠯᠠᠮᠵᠢᠯᠠᠯᠲᠤ ᠠᠵᠤ | ᠦᠢᠯᠡᠰ ᠢ ᠰᠢᠨ᠎ᠡ ᠠᠮᠢᠵᠢᠷᠠᠯ ᠤᠨ ᠬᠦᠴᠦᠨ ᠲᠠᠢ᠂ ᠴᠢᠩᠭ᠎ᠠ ᠥᠷᠢᠰᠥᠯᠳᠦᠬᠦ ᠬᠦᠴᠦᠨ ᠲᠠᠢ ᠪᠣᠯᠭᠠᠨ᠎ᠠ᠃ ᠤᠳᠤ | ᠪᠠᠶᠢᠭ᠎ᠠ ᠰᠠᠭᠤᠷᠢ ᠪᠣᠯᠣᠨ ᠳᠠᠪᠠᠭᠤᠯᠢᠭ ᠲᠠᠯ᠎ᠠ ᠳᠤ ᠰᠠᠭᠤᠷᠢᠯᠠᠬᠤ ᠶᠢ ᠨᠡᠩ ᠢᠯᠡᠭᠦᠦ ᠴᠢᠬᠤᠯᠠᠴᠢᠯᠠᠵᠤ᠂ ᠨᠢᠭᠡᠳᠦᠯᠲᠡᠶ | ᠲᠥᠯᠥᠪᠯᠡᠨ ᠪᠠᠶᠢᠷᠢᠯᠠᠭᠤᠯᠵᠤ᠂ ᠬᠦᠴᠦᠨ ᠢᠶᠠᠨ ᠲᠥᠪᠯᠡᠷᠡᠭᠦᠯᠦᠨ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠨᠧᠷᠭᠢ | ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ᠂ ᠳᠡᠭᠡᠳᠦ ᠲᠡᠰ ᠤᠨ ᠲᠤᠨᠤᠭ ᠲᠦᠬᠦᠭᠡᠷᠦᠮᠵᠢ᠂ ᠲᠣᠮᠣ ᠳ᠋ᠠᠶᠢᠲ᠋ᠠ | ᠡᠭᠦᠯᠡᠨ ᠪᠤᠳᠤᠯᠳᠠ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ᠂ ᠮᠣᠩᠭᠤᠯ ᠬᠢᠲᠠᠳ ᠡᠮ ᠡᠮᠨᠡᠯᠭᠡ ᠵᠡᠷᠭᠡ | ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠥᠷᠭᠡᠨ ᠪᠤᠶᠢᠵᠢᠭᠤᠯᠤᠨ | ᠴᠣᠭᠴᠠᠯᠠᠵᠤ᠂ ᠲᠡᠳᠡᠭᠡᠷ ᠢ ᠮᠠᠨ ᠤ ᠣᠷᠣᠨ ᠤ ᠠᠵᠤ ᠠᠬᠤᠶ ᠶᠢᠨ ᠨᠡᠮᠡᠭᠳᠡᠯ ᠢ ᠲᠤᠯᠭᠠᠭᠤᠷᠢᠯᠠᠬᠤ ᠭᠤᠣᠯ | ᠬᠥᠳᠡᠯᠭᠡᠭᠴᠢ ᠬᠦᠴᠦᠨ ᠪᠣᠯᠭᠠᠨ᠎ᠠ᠃ | ◎ ︽ᠲᠠᠪᠣᠨ ᠲᠠᠯ᠎ᠠ︾ ᠶᠢ ᠵᠣᠬᠢᠴᠠᠭᠤᠯᠤᠨ ᠬᠦᠭᠵᠢᠭᠦᠯᠬᠦ ᠶᠢ ᠠᠬᠢᠭᠤᠯᠤᠨ᠎ᠠ᠄ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠭᠢᠵᠢᠯᠲᠠ᠂ ᠬᠤᠳᠠ ᠪᠠᠯᠭᠠᠰᠤᠵᠢᠯᠳᠡ᠂ | ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠪᠣᠯᠣᠨ ᠪᠣᠬᠢᠷᠳᠣᠯ ᠦᠭᠡᠢ ᠬᠦᠭᠵᠢᠯᠲᠡ ᠶᠢ ᠭᠦᠨᠵᠡᠭᠡᠢ | ᠠᠭᠤᠰᠤᠯᠴᠠᠭᠤᠯᠤᠨ᠂ ᠭᠦᠨ ᠳᠠᠪᠬᠤᠷᠭ᠎ᠠ ᠪᠠᠷ ᠬᠠᠷᠢᠯᠴᠠᠨ ᠬᠦᠳᠡᠯᠦᠯᠴᠡᠬᠦ ᠶᠢ ᠬᠦᠴᠦᠯᠡᠨ ᠠᠬᠢᠭᠤᠯᠵᠤ᠂ ᠠᠵᠤ | ᠦᠢᠯᠡᠳᠪᠦᠷᠢᠵᠢᠯᠲᠡ ᠶᠢᠨ ᠭᠤᠣᠯᠯᠠᠬᠤ ᠦᠢᠯᠡᠳᠦᠯ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠬᠤ ᠦᠢᠯᠡᠳᠦᠯ᠂ | ᠬᠤᠲᠠ ᠪᠠᠯᠭᠠᠰᠤᠵᠢᠯᠲᠠ ᠶᠢᠨ ᠳᠠᠶᠢᠴᠢᠯᠠᠬᠤ ᠦᠢᠯᠡᠳᠦᠯ᠂ ᠲᠠᠷᠢᠶᠠᠯᠠᠩ ᠮᠠᠯ ᠠᠵᠤ ᠠᠬᠤᠶ ᠶᠢᠨ | ᠣᠳᠣᠬᠢᠴᠢᠯᠠᠯᠲᠠ ᠶᠢᠨ ᠰᠠᠭᠤᠷᠢ ᠦᠢᠯᠡᠳᠦᠯ ᠪᠠ ᠪᠣᠬᠢᠷᠳᠤᠯ ᠦᠭᠡᠢ ᠬᠦᠭᠵᠢᠯᠲᠡ ᠶᠢᠨ ᠬᠥᠲᠥᠯᠥᠨ ᠳᠠᠭᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠨᠡᠩ ᠥᠨᠳᠥᠷ ᠲᠦᠪᠰᠢᠨ ᠳᠡᠭᠡᠷ᠎ᠡ ᠠᠴᠠ ᠮᠠᠨ ᠤ ᠣᠷᠣᠨ ᠤ | ᠣᠳᠣᠬᠢᠴᠢᠯᠠᠯᠲᠠ ᠶᠢᠨ ᠪᠦᠳᠦᠭᠡᠠ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ◎ ︽1︾ ᠵᠢᠭᠤᠯᠴᠢᠯᠠᠯ ᠤᠨ ᠨᠡᠷᠡᠲᠦ ᠲᠥᠷᠥᠯ ᠲᠡᠮᠲᠡᠭᠲᠦ ᠶᠢ ᠡᠭᠦᠳᠦᠨ᠎ᠡ᠄ | ᠪᠦᠷᠢᠨ ᠬᠡᠪᠴᠢᠶᠡᠲᠦ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠭᠤᠣᠯᠴᠢᠯᠠᠨ ᠬᠦᠭᠵᠢᠭᠦᠯᠵᠦ | ᠂ ︽ᠵᠢᠭᠤᠯᠴᠢᠯᠠᠯ +︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠨ᠂ ᠥᠨᠳᠥᠷ ᠡᠬᠢᠯᠡᠯᠲᠡ ᠲᠠᠢ ᠲᠥᠯᠥᠪᠵᠢᠭᠦᠯᠵᠦ | ᠂ ᠥᠨᠳᠥᠷ ᠡᠷᠴᠢᠮ ᠲᠠᠢ ᠣᠷᠣᠭᠤᠯᠤᠯᠲᠠ ᠬᠢᠵᠦ᠂ ᠥᠨᠳᠥᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠤ᠂ ᠥᠨᠳᠥᠷ | ᠴᠢᠳᠠᠮᠵᠢ ᠲᠠᠢ ᠬᠠᠮᠢᠶᠠᠷᠴᠤ᠂ ᠪᠦᠬᠦ ᠲᠠᠯ᠎ᠠ ᠪᠠᠷ ᠤᠬᠠᠭᠤᠯᠵᠤ᠂ ︽ᠰᠦᠷᠯᠢᠭ ᠰᠠᠶᠢᠬᠠᠨ ᠥᠪᠥᠷ ᠮᠣᠩᠭᠤᠯ᠂ ᠥᠩᠭᠡ | ᠢᠯᠭᠠᠷᠠᠭᠰᠠᠨ ᠦᠵᠡᠮᠵᠢᠲᠦ ᠣᠷᠣᠨ︾ ᠨᠡᠷᠡᠲᠦ ᠲᠥᠷᠥᠯ ᠲᠡᠮᠳᠡᠭᠲᠦ ᠶᠢ ᠡᠭᠦᠳᠴᠦ᠂ ᠮᠠᠨ ᠤ ᠣᠷᠣᠨ ᠢᠶᠠᠨ | ᠤᠯᠤᠰ ᠤᠨ ᠳᠣᠲᠣᠭᠠᠳᠤ ᠭᠠᠳᠠᠭᠠᠳᠤ ᠳᠤ ᠨᠡᠷ᠎ᠡ ᠠᠯᠳᠠᠷᠰᠢᠭᠰᠠᠨ ᠵᠢᠭᠤᠯᠴᠢᠯᠠᠯ ᠤᠨ ᠵᠣᠷᠢᠯᠭᠠᠲᠤ ᠭᠠᠵᠠᠷ ᠪᠣᠯᠭᠠᠨ | ᠪᠦᠲᠦᠭᠡᠨ ᠪᠠᠶᠢᠭᠤᠯᠤᠨ᠎ᠠ᠃ | ◎ ᠰᠠᠭᠤᠷᠢ ᠪᠡᠯᠡᠳᠬᠡᠮᠵᠢ ᠶᠢᠨ ︽7︾ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ︔ | ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠰᠢᠪᠲᠤᠯᠤᠯᠲᠠ ᠶᠢᠨ | ᠳᠠᠶᠢᠨ ᠢ ᠰᠠᠶᠢᠲᠤᠷ ᠬᠢᠵᠦ᠂ ᠲᠡᠮᠦᠷ ᠵᠠᠮ ᠤᠨ ᠰᠦᠯᠵᠢᠶ᠎ᠡ᠂ ᠵᠠᠰᠠᠮᠠᠯ ᠵᠠᠮ ᠤᠨ ᠰᠦᠯᠵᠢᠶ᠎ᠡ᠂ ᠠᠭᠠᠷ ᠤᠨ ᠠᠶᠠᠯᠠᠯ ᠤᠨ | ᠰᠦᠯᠵᠢᠶ᠎ᠡ᠂ ᠬᠤᠳᠠ ᠶᠢᠨ ᠶᠠᠪᠤᠳᠠᠯ ᠤᠨ ᠰᠦᠯᠵᠢᠶ᠎ᠡ᠂ ᠤᠰᠤᠨ ᠠᠰᠢᠭᠯᠠᠯᠲᠠ ᠶᠢᠨ ᠰᠦᠯᠵᠢᠶ᠎ᠡ᠂ ᠡᠬᠢ ᠪᠠᠶᠠᠯᠢᠭ ᠤᠨ | ᠰᠦᠯᠵᠢᠶ᠎ᠡ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠰᠦᠯᠵᠢᠶ᠎ᠡ ᠵᠡᠷᠭᠡ ᠳᠣᠯᠣᠭᠠᠨ ᠲᠣᠮᠤ ᠰᠦᠯᠵᠢᠶᠡᠨ ᠤ | ᠰᠢᠰᠲ᠋ᠧᠮᠵᠢ ᠶᠢ ᠲᠥᠷᠭᠡᠨ ᠪᠠᠶᠢᠭᠤᠯᠵᠤ᠂ ᠤᠳᠤ ᠦᠶ᠎ᠡ ᠶᠢᠨ ᠰᠠᠭᠤᠷᠢ ᠪᠡᠯᠡᠳᠬᠡᠮᠵᠢ ᠶᠢᠨ ᠰᠦᠯᠵᠢᠶᠡᠨ ᠤ | ᠪᠠᠶᠢᠭᠤᠯᠤᠯᠲᠠ ᠶᠢ ᠴᠢᠩᠭᠠᠳᠬᠠᠨ᠎ᠠ᠃ | ◎ ︽5 + 1︾ ᠴᠢᠬᠤᠯᠠ ᠭᠠᠷᠳᠠᠴᠠ᠄ | ᠤᠯᠤᠰ ᠤᠨ ᠴᠢᠬᠤᠯᠠ ᠡᠨᠧᠷᠭᠢ ᠶᠢᠨ ᠰᠠᠭᠤᠷᠢᠨ ᠭᠠᠵᠠᠷ᠂ ᠰᠢᠨ᠎ᠡ ᠬᠡᠯᠪᠡᠷᠢ ᠶᠢᠨ ᠬᠢᠮᠢ ᠶᠢᠨ ᠠᠵᠤ | ᠦᠢᠯᠡᠳᠪᠦᠷᠢ ᠶᠢᠨ ᠰᠠᠭᠤᠷᠢᠨ ᠭᠠᠵᠠᠷ᠂ ᠥᠩᠭᠡᠲᠦ ᠲᠡᠮᠦᠷᠯᠢᠭ ᠦᠢᠯᠡᠳᠪᠦᠷᠢᠯᠡᠵᠦ ᠪᠣᠯᠪᠠᠰᠤᠷᠠᠭᠤᠯᠬᠤ ᠰᠠᠭᠤᠷᠢᠨ | ᠭᠠᠵᠠᠷ᠂ ᠪᠣᠬᠢᠷᠲᠤᠯ ᠦᠭᠡᠶ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠪᠣᠯᠪᠠᠰᠤᠷᠠᠭᠤᠯᠬᠤ ᠰᠠᠭᠤᠷᠢᠨ ᠭᠠᠵᠠᠷ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠰᠠᠭᠤᠷᠢᠨ ᠭᠠᠵᠠᠷ ᠪᠣᠯᠤᠨ ᠤᠯᠤᠰ ᠤᠨ ᠳᠣᠲᠣᠭᠠᠳᠤ ᠭᠠᠳᠠᠭᠠᠳᠤ ᠳᠤ ᠨᠡᠷ᠎ᠡ ᠠᠯᠳᠠᠷᠰᠢᠭᠰᠠᠨ | ᠵᠢᠭᠤᠯᠴᠢᠯᠠᠯ ᠤᠨ ᠵᠣᠷᠢᠯᠭᠠᠲᠤ ᠭᠠᠵᠠᠷ ᠢ ᠪᠦᠲᠦᠭᠡᠨ ᠪᠠᠶᠢᠭᠤᠯᠬᠤ ᠪᠠᠷ ᠴᠢᠬᠤᠯᠠ ᠭᠠᠷᠳᠠᠴᠠ ᠪᠣᠯᠭᠠᠨ᠎ᠠ᠃ | ◎ ᠭᠠᠳᠠᠭᠠᠳᠤ ᠨᠡᠭᠡᠭᠡᠯᠲᠡ ᠶᠢᠨ ᠣᠯᠠᠨ ᠲᠠᠯᠠᠲᠤ ᠰᠢᠨ᠎ᠡ ᠪᠠᠶᠢᠷᠢᠰᠢᠯ ᠢ ᠪᠣᠢ ᠪᠣᠯᠭᠠᠨ᠎ᠠ ᠄ | ᠲᠣᠲᠣᠭᠠᠲᠤ ᠳᠠᠭᠠᠨ ᠨᠠᠢᠮᠠᠨ ᠮᠤᠵᠢ ᠣᠷᠣᠨ ᠲᠠᠢ ᠬᠤᠯᠪᠣᠭᠠᠯᠠᠵᠤ᠂ ᠭᠠᠳᠠᠭᠠᠲᠤ ᠳᠤ ᠣᠷᠣᠰ | ᠮᠣᠩᠭᠤᠯ ᠯᠤᠭ᠎ᠠ ᠬᠦᠷᠰᠢᠯᠡᠵᠦ ᠪᠦᠬᠦᠢ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ︽ᠨᠢᠭᠡ | ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ᠂ ᠪᠡᠭᠡᠵᠢᠩ ᠲᠢᠶᠠᠨᠵᠢᠨ ᠡᠾᠧᠪᠸᠢ ᠶᠢᠨ ᠬᠠᠮᠵᠢᠯᠴᠠᠬᠤ | ᠬᠦᠭᠵᠢᠯᠲᠡ᠂ ᠬᠦᠬᠡᠮᠦ᠋ᠷᠡᠨ ᠤ ᠠᠵᠤ ᠠᠬᠤᠶ ᠶᠢᠨ ᠪᠦᠰᠡ ᠶᠢᠨ ᠪᠥᠳᠥᠭᠡᠨ ᠪᠠᠶᠢᠭᠤᠯᠤᠯᠲᠠ ᠵᠡᠷᠭᠡ ᠤᠯᠤᠰ ᠣᠷᠣᠨ ᠤ | ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠲᠠᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠨ ᠲᠡᠭᠦᠨ ᠳᠤ ᠦᠢᠯᠡᠴᠢᠯᠡᠵᠦ | ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ ᠶᠢᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠲᠣᠲᠤᠨ᠎ᠠ | ᠭᠠᠳᠠᠨ᠎ᠠ ᠬᠤᠯᠪᠣᠭᠠᠯᠠᠨ ᠬᠦᠳᠡᠯᠦᠯᠴᠡᠵᠦ᠂ ᠭᠠᠳᠠᠭᠠᠳᠤ ᠨᠡᠭᠡᠭᠡᠯᠲᠡ ᠶᠢᠨ ᠣᠯᠠᠨ ᠲᠠᠯᠠᠲᠤ ᠰᠢᠨ᠎ᠡ ᠪᠠᠶᠢᠷᠢᠰᠢᠯ ᠢ | ᠲᠦᠷᠭᠡᠨ ᠪᠣᠢ ᠪᠣᠯᠭᠠᠨ᠎ᠠ᠃ | | ᠣᠷᠣᠨ ᠤ ᠪᠦᠬᠦ ᠲᠠᠯ᠎ᠠ ᠪᠠᠷ ᠬᠠᠤᠯᠢ ᠪᠠᠷ ᠵᠠᠰᠠᠬᠤ ᠠᠬᠢᠴᠠ ᠶᠢ ᠲᠦᠯᠬᠢᠨ ᠠᠬᠢᠭᠤᠯᠤᠨ᠎ᠠ | ★ ᠬᠠᠤᠯᠢ ᠲᠣᠭᠲᠠᠭᠠᠬᠤ ᠳᠤ ᠠᠷᠠᠳ ᠢᠷᠭᠡᠳ ᠢ ᠡᠮᠬᠢ ᠵᠢᠷᠤᠮ ᠲᠠᠢ ᠪᠠᠷ ᠣᠷᠣᠯᠴᠠᠭᠤᠯᠤᠨ᠎ᠠ | ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠵᠠᠩᠭᠢᠯᠠᠭ᠎ᠠ ᠶᠢ ᠠᠳᠬᠤᠵᠤ᠂ ᠭᠤᠣᠯᠳᠠᠯᠭ᠎ᠠ ᠲᠠᠢ | ᠬᠦᠷᠢᠶᠡᠨ ᠳᠠᠬᠢ ᠬᠠᠤᠯᠢ ᠲᠣᠭᠲᠠᠭᠠᠬᠤ ᠠᠵᠢᠯ ᠢ ᠴᠢᠩᠭᠠᠳᠬᠠᠵᠤ᠂ ᠬᠠᠤᠯᠢ ᠲᠣᠭᠲᠠᠭᠠᠬᠤ ᠳᠤ ᠠᠷᠠᠳ ᠢᠷᠭᠡᠳ ᠢ | ᠡᠮᠬᠢ ᠵᠢᠷᠤᠮ ᠲᠠᠢ ᠪᠠᠷ ᠣᠷᠣᠯᠴᠠᠭᠤᠯᠬᠤ ᠠᠷᠭ᠎ᠠ ᠵᠠᠮ ᠢ ᠥᠷᠭᠡᠵᠢᠭᠦᠯᠵᠦ᠂ ᠣᠷᠣᠨ ᠨᠤᠲᠤᠭ ᠤᠨ ᠴᠢᠨᠠᠷᠲᠠᠶ ᠬᠠᠤᠯᠢ | ᠲᠣᠭᠲᠠᠭᠠᠯ ᠳᠦᠷᠢᠮ ᠲᠣᠭᠲᠠᠭᠠᠯ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ★ ᠡᠷᠬᠡ ᠬᠠᠷᠢᠭᠤᠴᠠᠯᠭ᠎ᠠ ᠨᠢᠭᠡᠳᠦᠯᠲᠡᠶ ᠡᠷᠬᠡ ᠰᠦᠷ ᠲᠠᠢ ᠪᠥᠭᠡᠳ ᠥᠨᠳᠥᠷ ᠪᠦᠲᠦᠮᠵᠢᠲᠡᠶ ᠪᠠᠶᠢᠯᠭᠠᠨ᠎ᠠ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠡᠷᠬᠡ ᠶᠢᠨ ᠨᠠᠷᠢᠨ ᠳᠠᠩᠰᠠ᠂ | ᠬᠠᠷᠢᠭᠤᠴᠠᠯᠭ᠎ᠠ ᠶᠢᠨ ᠨᠠᠷᠢᠨ ᠳᠠᠩᠰᠠᠨ ᠤ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠷᠬᠡ ᠬᠠᠷᠢᠭᠤᠴᠠᠯᠭ᠎ᠠ ᠨᠢ | ᠨᠢᠭᠡᠳᠦᠯᠲᠡᠶ᠂ ᠡᠷᠬᠡ ᠰᠦᠷ ᠲᠠᠢ ᠪᠥᠭᠡᠳ ᠥᠨᠳᠥᠷ ᠪᠦᠲᠦᠮᠵᠢᠲᠡᠶ ᠪᠠᠷ ᠬᠠᠤᠯᠢ ᠶᠣᠰᠣᠭᠠᠷ ᠵᠠᠰᠠᠭ ᠶᠠᠪᠤᠭᠤᠯᠬᠤ | ᠪᠠᠶᠢᠭᠤᠯᠤᠯ ᠢ ᠲᠥᠷᠭᠡᠨ ᠪᠣᠢ ᠪᠣᠯᠭᠠᠨ᠎ᠠ᠃ | ★ ᠬᠢᠯᠢᠰ ᠬᠤᠳᠠᠯ ᠪᠤᠷᠤᠭᠤ ᠬᠡᠷᠡᠭ ᠢ ᠴᠠᠭ ᠲᠤᠬᠠᠶ ᠳᠤᠨᠢ ᠵᠠᠯᠠᠷᠠᠭᠤᠯᠤᠨ᠎ᠠ | ᠬᠠᠤᠯᠢ ᠴᠠᠭᠠᠵᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠢᠭᠦᠨ ᠲᠠᠰᠤᠯᠬᠤ | ᠪᠠᠶᠢᠭᠤᠯᠭ᠎ᠠ᠂ ᠪᠠᠶᠢᠴᠠᠭᠠᠬᠤ ᠪᠠᠶᠢᠭᠤᠯᠭ᠎ᠠ ᠶᠢᠨ ᠰᠢᠭᠦᠨ ᠲᠠᠰᠤᠯᠬᠤ ᠡᠷᠬᠡ ᠪᠣᠯᠣᠨ ᠪᠠᠶᠢᠴᠠᠭᠠᠬᠤ ᠡᠷᠬᠡ ᠪᠠᠨ ᠬᠠᠤᠯᠢ | ᠶᠣᠰᠣᠭᠠᠷ ᠡᠵᠡᠨ ᠮᠡᠳᠡᠨ ᠲᠥᠪ ᠭᠤᠣᠯᠴᠢ ᠪᠠᠷ ᠬᠡᠷᠡᠭᠵᠢᠭᠦᠯᠬᠦ ᠶᠢ ᠪᠠᠲᠤᠯᠠᠬᠤ ᠳᠦᠷᠢᠮ ᠢ ᠪᠦᠷᠢᠨᠰᠢᠭᠦᠯᠦᠨ᠂ ᠬᠢᠯᠢᠰ | ᠬᠤᠳᠠᠯ ᠪᠤᠷᠤᠭᠤ ᠬᠡᠷᠡᠭ ᠢ ᠪᠦᠲᠦᠮᠵᠢᠲᠡᠶ ᠰᠡᠷᠭᠡᠶᠢᠯᠡᠬᠦ ᠪᠠ ᠴᠠᠭ ᠲᠤᠬᠠᠶ ᠳᠤᠨᠢ ᠵᠠᠯᠠᠷᠠᠭᠤᠯᠬᠤ ᠲᠣᠭᠲᠠᠴᠠ ᠶᠢ | ᠪᠦᠷᠢᠨᠰᠢᠭᠦᠯᠵᠦ᠂ ᠬᠠᠤᠯᠢ ᠴᠠᠭᠠᠵᠠ ᠶᠢᠨ ᠢᠲᠡᠭᠡᠮᠵᠢ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ | ★ ᠬᠠᠤᠯᠢ ᠶᠢ ᠭᠦᠨᠳᠦᠳᠬᠡᠨ ᠬᠠᠤᠯᠢ ᠰᠤᠷᠴᠤ ᠬᠠᠤᠯᠢ ᠶᠢ ᠰᠠᠬᠢᠨ ᠬᠠᠤᠯᠢ ᠬᠡᠷᠡᠭᠯᠡᠨ᠎ᠡ | ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠤᠯᠢ ᠴᠠᠭᠠᠵᠠ ᠶᠢ | ᠲᠦᠭᠡᠮᠡᠯᠵᠢᠭᠦᠯᠬᠦ ᠤᠬᠠᠭᠤᠯᠤᠯ ᠬᠥᠮᠦᠵᠢᠯ ᠢ ᠴᠢᠩᠭᠠᠳᠬᠠᠨ᠂ ᠪᠦᠬᠦ ᠨᠡᠶᠢᠭᠡᠮ ᠢᠯᠠᠩᠭᠤᠶ᠎ᠠ ᠠᠯᠪᠠᠨ | ᠲᠤᠰᠢᠶᠠᠯᠲᠠᠳ ᠤᠨ ᠬᠠᠤᠯᠢ ᠶᠢ ᠭᠦᠨᠳᠦᠳᠬᠡᠨ ᠬᠠᠤᠯᠢ ᠰᠤᠷᠴᠤ ᠬᠠᠤᠯᠢ ᠶᠢ ᠰᠠᠬᠢᠨ ᠬᠠᠤᠯᠢ ᠬᠡᠷᠡᠭᠯᠡᠬᠦ ᠶᠢ | ᠠᠬᠢᠭᠤᠯᠤᠨ᠎ᠠ᠃ | ★ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠠᠭᠤᠷ ᠠᠮᠢᠰᠬᠤᠯ ᠢ ᠪᠣᠢ ᠪᠣᠯᠭᠠᠨ᠎ᠠ | ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ | ᠴᠢᠩᠭᠠᠳᠬᠠᠨ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢᠨ ᠡᠷᠬᠡ ᠰᠦᠷ ᠢ ᠬᠠᠮᠠᠭᠠᠯᠠᠵᠤ᠂ ᠨᠡᠶᠢᠭᠡᠮ | ᠳᠠᠶᠠᠭᠠᠷ ᠲᠤ ᠬᠠᠤᠯᠢ ᠪᠠᠷ ᠵᠠᠰᠠᠬᠤ ᠶᠢ ᠴᠢᠩᠭ᠎ᠠ ᠬᠡᠷᠡᠭᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠨ᠎ᠠ | ᠃ | ◎ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠦᠭᠵᠢᠬᠦᠯᠦᠨ᠎ᠡ | ★ ᠢᠷᠠᠭᠤ ᠠᠯᠳᠠᠷ ᠢ ᠡᠬᠦᠷᠢᠳᠡ ᠬᠡᠷᠡᠯ ᠰᠠᠴᠤᠷᠠᠭᠤᠯᠤᠨ᠎ᠠ | ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠳᠦᠷᠢᠮ ᠢ ᠪᠠᠷᠢᠮᠲᠠᠯᠠᠨ ᠪᠦᠷᠢᠨᠰᠢᠬᠦᠯᠵᠤ᠂ | ᠦᠨᠳᠦᠰᠦᠲᠡᠨ ᠨᠦᠭᠦᠳ ᠤᠨ ᠰᠡᠳᠬᠢᠯ ᠰᠡᠳᠬᠢᠯ ᠢᠶᠠᠨ ᠬᠤᠯᠪᠤᠯᠴᠠᠨ᠂ ᠭᠠᠷ ᠭᠠᠷ ᠢᠶᠠᠨ ᠬᠤᠯᠪᠣᠯᠴᠠᠬᠤ ᠰᠡᠶᠢᠠ | ᠰᠠᠶᠢᠬᠠᠨ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ | ᠪᠤᠯᠤᠨ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠭᠤᠷᠪᠠᠨ ᠰᠠᠯᠵᠤ ᠪᠤᠯᠤᠰᠢ ᠦᠭᠡᠢ︾᠂ | ︽ᠲᠠᠪᠤ ᠶᠢ ᠮᠡᠳᠡᠷᠡᠭᠦᠢ︾ ᠶᠢᠨ ᠦᠵᠡᠯ ᠰᠠᠨᠠᠭ᠎ᠠ ᠶᠢ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ | ᠵᠢᠷᠦᠬᠡᠨ ᠳᠤ ᠭᠦᠨ ᠬᠠᠳᠠᠩᠰᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠢᠷᠠᠭᠤ ᠠᠯᠳᠠᠷ ᠢ | ᠡᠬᠦᠷᠢᠳᠡ ᠬᠡᠷᠡᠯ ᠰᠠᠴᠤᠷᠠᠭᠤᠯᠤᠨ᠎ᠠ᠃ | ★ ᠬᠤᠳᠠ ᠶᠢᠨ ᠦᠨᠳᠦᠰᠦᠲᠡᠨ ᠤ ᠠᠵᠢᠯ ᠢ ᠴᠢᠬᠤᠯᠠᠴᠢᠯᠠᠨ᠎ᠠ | ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠶ ᠲᠦᠯᠬᠢᠨ | ᠠᠬᠢᠭᠤᠯᠵᠤ᠂ ᠴᠥᠭᠡᠨ ᠲᠣᠭᠠᠲᠤ ᠦᠨᠳᠦᠰᠦᠲᠡᠨ ᠤ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠤᠯᠤᠨ ᠬᠥᠮᠦᠨ | ᠠᠮᠠ ᠪᠠᠷ ᠴᠥᠭᠡᠪᠲᠦᠷ ᠦᠨᠳᠦᠰᠦᠲᠡᠨ ᠤ ᠬᠥᠭᠵᠢᠯᠲᠡ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ | ᠬᠤᠳᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠶᠢ ᠴᠢᠬᠤᠯᠠᠴᠢᠯᠠᠵᠤ᠂ ᠦᠨᠳᠦᠰᠦᠲᠡᠨ ᠨᠦᠭᠦᠳ ᠬᠠᠮᠲᠤ ᠪᠠᠷ | ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠦᠭᠵᠢᠬᠦ ᠶᠢ ᠠᠬᠢᠭᠤᠯᠤᠨ᠎ᠠ᠃ | ★ ᠥᠪᠥᠷ ᠮᠣᠩᠭᠤᠯ ᠢᠶᠠᠨ ᠬᠠᠶᠢᠷᠠᠯᠠᠨ᠂ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠤᠨ᠎ᠠ | ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠶ ᠶᠢ ᠪᠡᠯᠭᠡᠯᠡᠬᠦ ᠰᠢᠷᠢᠰ | ᠠᠵᠢᠯᠯᠠᠭ᠎ᠠ ᠶᠢ ᠰᠠᠶᠢᠲᠤᠷ ᠵᠤᠬᠢᠶᠠᠨ ᠪᠠᠶᠢᠭᠤᠯᠤᠨ ᠥᠷᠨᠢᠭᠦᠯᠵᠦ᠂ ᠠᠮᠵᠢᠯᠲᠠ ᠪᠠᠨ ᠳᠡᠯᠭᠡᠨ ᠦᠵᠡᠬᠦᠯᠵᠤ᠂ | ᠲᠤᠷᠰᠢᠯᠭ᠎ᠠ ᠪᠠᠨ ᠳ᠋ᠦᠩᠨᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠦᠨᠳᠦᠰᠦᠲᠡᠨ ᠨᠦᠭᠦᠳ ᠤᠨ ᠺᠠᠳ᠋ᠷ | ᠤᠯᠠᠨ ᠲᠦᠮᠡᠨ ᠤ ᠥᠪᠥᠷ ᠮᠣᠩᠭᠤᠯ ᠢᠶᠠᠨ ᠬᠠᠶᠢᠷᠠᠯᠠᠬᠤ᠂ ᠥᠪᠥᠷ ᠮᠣᠩᠭᠤᠯ ᠢᠶᠠᠨ ᠪᠦᠳᠦᠭᠡᠨ ᠪᠠᠶᠢᠭᠤᠯᠬᠤ | ᠤᠮᠤᠭᠰᠢᠯᠳᠤ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠨ᠎ᠠ᠃ | ◎ ᠡᠭᠡ ᠣᠷᠣᠨᠴᠢ ᠨᠢᠭᠡᠳᠦᠮᠡᠯ ᠹᠷᠣᠨᠲ ᠢ ᠪᠠᠬᠢᠵᠢᠭᠦᠯᠦᠨ ᠪᠤᠵᠠᠭᠠᠶᠢᠷᠠᠭᠤᠯᠤᠨ᠎ᠠ | ★ ᠶᠡᠭᠡ ᠪᠦᠯᠬᠦᠮᠳᠡᠯ ᠶᠡᠭᠡ ᠬᠤᠯᠪᠣᠭᠠᠯᠠᠯ | ᠨᠢᠭᠡᠳᠦᠮᠡᠯ ᠹᠷᠣᠨᠲ ᠤᠨ ᠠᠵᠢᠯ ᠤᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ | ᠪᠦᠯᠬᠦᠮᠳᠡᠯ ᠶᠡᠭᠡ ᠬᠤᠯᠪᠣᠭᠠᠯᠠᠯ ᠤᠨ ᠭᠤᠣᠯ ᠰᠡᠳᠦᠪ ᠢ ᠪᠠᠲᠤ ᠡᠵᠡᠮᠳᠡᠵᠦ᠂ ᠨᠢᠭᠡᠳᠦᠯᠲᠦ ᠴᠢᠨᠠᠷ ᠬᠢᠭᠡᠳ ᠣᠯᠠᠨ | ᠶᠠᠩᠵᠤᠲᠤ ᠴᠢᠨᠠᠷ ᠤᠨ ᠬᠠᠷᠢᠴᠠᠭ᠎ᠠ ᠶᠢ ᠵᠥᠪ ᠰᠢᠢᠳᠪᠦᠷᠢᠯᠡᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ | ᠪᠠᠶᠢᠷᠢᠰᠢᠭᠤᠯᠤᠯᠲᠠ ᠶᠢ ᠪᠦᠷᠢᠨᠰᠢᠬᠦᠯᠵᠤ᠂ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠵᠦ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ | ᠬᠤᠯᠪᠤᠭ᠎ᠠ ᠪᠤᠯᠤᠨ ᠨᠠᠮ ᠪᠦᠯᠦᠭ ᠤᠨ ᠪᠤᠰᠤ ᠬᠥᠮᠦᠰ᠂ ᠨᠠᠮ ᠤᠨ ᠭᠠᠳᠠᠨᠠᠬᠢ ᠰᠡᠭᠡᠭᠡᠲᠠᠳ᠂ ᠦᠨᠳᠦᠰᠦᠲᠡᠨ ᠱᠠᠰᠢᠨ | ᠰᠤᠷᠲᠠᠬᠤᠨ ᠤ ᠬᠥᠮᠦᠰ᠂ ᠨᠡᠶᠢᠲᠡ ᠶᠢᠨ ᠦᠮᠴᠢᠯᠡᠯᠲᠦ ᠪᠤᠰᠤ ᠠᠵᠤ ᠠᠬᠤᠶ ᠶᠢᠨ ᠬᠥᠮᠦᠰ᠂ ᠨᠡᠶᠢᠭᠡᠮ ᠤᠨ ᠰᠢᠨ᠎ᠡ | ᠳᠠᠪᠬᠤᠷᠭ᠎ᠠ ᠶᠢᠨ ᠬᠥᠮᠦᠰ᠂ ᠭᠠᠳᠠᠭᠠᠳᠤ ᠳᠤ ᠭᠠᠷᠴᠤ ᠰᠤᠷᠤᠯᠴᠠᠭᠰᠠᠨ ᠪᠠ ᠭᠠᠳᠠᠭᠠᠳᠤ ᠳᠤ ᠰᠤᠷᠤᠯᠴᠠᠭᠠᠳ ᠪᠤᠴᠠᠵᠤ | ᠢᠷᠡᠭᠰᠡᠨ ᠬᠥᠮᠦᠰ᠂ ᠰᠢᠶᠠᠩᠭᠠᠩ ᠣᠣᠮᠧᠨ ᠲᠠᠶᠢᠸᠠᠨ ᠤ ᠬᠠᠷᠢᠶᠠᠲᠤ ᠵᠡᠷᠭᠡ ᠲᠠᠯ᠎ᠠ ᠲᠠᠯ᠎ᠠ ᠶᠢᠨ ᠬᠢᠨ ᠤ ᠦᠢᠯᠡᠳᠦᠯ ᠢ | ᠭᠦᠢᠴᠡᠳ ᠪᠠᠳᠠᠷᠠᠭᠤᠯᠵᠤ᠂ ᠪᠦᠯᠬᠦᠮᠳᠡᠯ ᠤᠨ ᠬᠡᠪᠴᠢᠶ᠎ᠡ ᠶᠢ ᠲᠡᠰᠦᠷᠡᠯᠳᠠ ᠤᠢᠭᠡᠢ ᠥᠷᠭᠡᠳᠬᠡᠵᠦ᠂ ᠵᠦᠪ ᠡᠨᠧᠷᠬᠢ ᠶᠢ | ᠬᠤᠷᠠᠮᠳᠤᠭᠤᠯᠤᠨ᠎ᠠ᠃ | ★ ᠱᠠᠰᠢᠨ ᠰᠤᠷᠲᠠᠬᠤᠨ ᠢ ᠨᠡᠶᠢᠭᠡᠮ ᠵᠢᠷᠤᠮᠲᠤ ᠨᠡᠶᠢᠭᠡᠮ ᠯᠦᠭᠡ ᠵᠤᠬᠢᠴᠠᠯᠳᠤᠭᠤᠯᠤᠨᠠ | ᠱᠠᠰᠢᠨ ᠰᠤᠷᠲᠠᠬᠤᠨ ᠤ ᠠᠵᠢᠯ ᠤᠨ ᠲᠤᠬᠠᠶ ᠨᠠᠮ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠱᠠᠰᠢᠨ ᠰᠤᠷᠲᠠᠬᠤᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠨᠡᠶᠢᠭᠡᠮ ᠵᠢᠷᠤᠮᠲᠤ | ᠨᠡᠶᠢᠭᠡᠮ ᠲᠠᠢ ᠵᠤᠬᠢᠴᠠᠯᠳᠠᠭᠤᠯᠤᠨᠠ᠃ | | ◎ ᠠᠷᠠᠳ ᠤᠨ ᠠᠷᠠᠳᠴᠢᠯᠠᠯ ᠢ ᠦᠷᠭᠡᠳᠭᠡᠨ᠎ᠡ | ★ ᠲᠦᠷᠢᠮ ᠢ ᠴᠠᠭ ᠦᠶ᠎ᠡ ᠲᠠᠢ ᠵᠡᠷᠭᠡ ᠪᠠᠷ ᠤᠷᠤᠭᠰᠢᠯᠠᠭᠤᠯᠤᠨ᠎ᠠ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠴᠠᠭ ᠦᠶ᠎ᠡ ᠲᠠᠢ ᠵᠡᠷᠭᠡ ᠪᠠᠷ | ᠤᠷᠤᠭᠰᠢᠯᠠᠭᠤᠯᠬᠤ ᠶᠢ ᠲᠦᠯᠬᠢᠨ ᠠᠬᠢᠭᠤᠯᠵᠤ᠂ ᠬᠠᠤᠯᠢ ᠶᠣᠰᠣᠭᠠᠷ ᠬᠠᠤᠯᠢ ᠲᠣᠭᠲᠠᠭᠠᠬᠤ᠂ ᠬᠢᠨᠠᠯᠲᠠ ᠲᠠᠯᠪᠢᠬᠤ᠂ | ᠲᠣᠭᠲᠠᠭᠠᠯ ᠭᠠᠷᠭᠠᠬᠤ᠂ ᠲᠣᠮᠢᠯᠠᠵᠤ ᠪᠠᠭᠤᠯᠭᠠᠬᠤ ᠵᠡᠷᠭᠡ ᠡᠷᠬᠡ ᠮᠡᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ | ᠬᠤᠰᠢᠭᠤ ᠰᠢᠶᠠᠨ᠂ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠠᠵᠢᠯ ᠪᠤᠯᠤᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢ ᠨᠠᠷ ᠤᠨ ᠬᠠᠤᠯᠢ ᠶᠣᠰᠣᠭᠠᠷ ᠲᠦᠯᠦᠭᠡᠯᠡᠭᠴᠢ ᠶᠢᠨ ᠡᠭᠦᠷᠭᠡ ᠬᠠᠷᠢᠭᠤᠴᠠᠯᠭ᠎ᠠ ᠪᠠᠨ | ᠬᠦᠢᠴᠡᠳᠭᠡᠬᠦ ᠶᠢ ᠨᠢ ᠳᠡᠮᠵᠢᠨ ᠪᠠᠲᠤᠯᠠᠵᠤ᠂ ᠠᠷᠠᠳ ᠤᠯᠠᠨ ᠲᠠᠢ ᠬᠠᠷᠢᠯᠴᠠᠬᠤ ᠠᠵᠢᠯ ᠢ ᠴᠢᠩᠭᠠᠳᠬᠠᠵᠤ᠂ | ᠦᠨᠳᠦᠰᠦᠨ ᠤᠯᠤᠰ ᠲᠦᠷᠦ ᠶᠢᠨ ᠲᠦᠷᠢᠮ ᠤᠨ ᠦᠢᠯᠡᠳᠦᠯ ᠪᠤᠯᠤᠨ ᠳᠠᠪᠠᠭᠤᠯᠢᠭ ᠲᠠᠯ᠎ᠠ ᠶᠢ ᠨᠡᠩ ᠰᠠᠶᠢᠲᠤᠷ | ᠪᠠᠳᠠᠷᠠᠭᠤᠯᠤᠨ᠎ᠠ᠃ | ★ ᠥᠷᠭᠡᠨ ᠳᠡᠯᠭᠡᠷᠡᠩᠭᠦᠶ ᠣᠯᠠᠨ ᠲᠡᠰ ᠳᠠᠪᠬᠤᠷᠭ᠎ᠠ ᠪᠠᠷ ᠳᠦᠷᠢᠮᠵᠢᠬᠦᠯᠦᠨ᠎ᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠤᠯᠠᠨ ᠨᠠᠮ ᠤᠨ ᠬᠠᠮᠲᠤᠷᠠᠨ ᠠᠵᠢᠯᠯᠠᠬᠤ | ᠪᠠ ᠤᠯᠤᠰ ᠲᠦᠷᠦ ᠶᠢᠨ ᠵᠦᠪᠯᠡᠯᠭᠡᠨ ᠤ ᠳᠦᠷᠢᠮ ᠢ ᠪᠠᠷᠢᠮᠲᠠᠯᠠᠨ ᠪᠦᠷᠢᠨᠰᠢᠬᠦᠯᠵᠤ᠂ ᠪᠦᠯᠬᠦᠮᠳᠡᠯ ᠪᠤᠯᠤᠨ ᠠᠷᠠᠳᠴᠢᠯᠠᠯ | ᠭᠡᠬᠦ ᠬᠤᠶᠠᠷ ᠶᠡᠭᠡ ᠭᠤᠣᠯ ᠰᠡᠳᠦᠪ ᠲᠠᠢ ᠤᠶᠠᠯᠳᠤᠭᠤᠯᠵᠤ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ | ᠵᠦᠪᠯᠡᠬᠦ ᠠᠷᠠᠳᠴᠢᠯᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠵᠦᠪᠯᠡᠬᠦ ᠠᠷᠠᠳᠴᠢᠯᠠᠯ ᠢ ᠥᠷᠭᠡᠨ ᠳᠡᠯᠭᠡᠷᠡᠩᠭᠦᠶ | ᠣᠯᠠᠨ ᠲᠡᠰ ᠳᠠᠪᠬᠤᠷᠭ᠎ᠠ ᠲᠠᠢ ᠳᠦᠷᠢᠮᠵᠢᠬᠦᠯᠦᠨ ᠬᠦᠭᠵᠢᠬᠦᠯᠬᠦ ᠶᠢ ᠲᠦᠯᠬᠢᠨ ᠠᠬᠢᠭᠤᠯᠤᠨ᠎ᠠ᠃ | ★ ᠦᠨᠳᠦᠰᠦᠨ ᠱᠠᠲᠤᠨ ᠤ ᠠᠷᠠᠳᠴᠢᠯᠠᠭᠰᠠᠨ ᠵᠦᠪᠯᠡᠯᠭᠡ ᠶᠢ ᠬᠡᠷᠡᠭᠵᠢᠬᠦᠯᠦᠨ᠎ᠡ | ᠦᠨᠳᠦᠰᠦᠨ ᠱᠠᠲᠤᠨ ᠤ ᠠᠷᠠᠳᠴᠢᠯᠠᠯ ᠤᠨ ᠲᠦᠷᠢᠮ ᠢ ᠪᠠᠷᠢᠮᠲᠠᠯᠠᠨ ᠪᠦᠷᠢᠨᠰᠢᠬᠦᠯᠵᠤ᠂ ᠤᠯᠠᠨ ᠶᠠᠩᠵᠤ ᠶᠢᠨ | ᠬᠡᠯᠪᠡᠷᠢᠲᠦ ᠦᠨᠳᠦᠰᠦᠨ ᠱᠠᠲᠤᠨ ᠤ ᠠᠷᠠᠳᠴᠢᠯᠠᠭᠰᠠᠨ ᠵᠥᠪᠯᠡᠯᠭᠡ ᠶᠢ ᠥᠷᠨᠢᠭᠦᠯᠵᠦ᠂ ᠠᠷᠠᠳ ᠲᠦᠮᠡᠨ ᠤ ᠬᠠᠤᠯᠢ | ᠶᠣᠰᠣᠭᠠᠷ ᠠᠷᠠᠳᠴᠢᠯᠠᠭᠰᠠᠨ ᠡᠷᠬᠡ ᠪᠠᠨ ᠰᠢᠭᠤᠳ ᠬᠡᠷᠡᠭᠵᠢᠭᠦᠯᠬᠦ ᠶᠢ ᠨᠢ ᠦᠨᠡᠨ ᠬᠦ ᠪᠠᠲᠤᠯᠠᠨ᠎ᠠ᠃ | ★ ᠬᠥᠭᠦᠷᠭᠡ ᠪᠤᠯᠤᠨ ᠬᠤᠯᠪᠣᠭᠠᠰᠤ | ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠨᠠᠷ ᠲᠡᠷᠢᠭᠦᠨ ᠤ | ᠴᠢᠨᠠᠷ ᠤᠯᠠᠨ ᠲᠦᠮᠡᠨᠴᠢ ᠴᠢᠨᠠᠷ ᠢ ᠨᠡᠮᠡᠭᠳᠡᠭᠦᠯᠵᠤ᠂ ᠬᠥᠭᠦᠷᠭᠡ ᠪᠤᠯᠤᠨ ᠬᠤᠯᠪᠣᠭᠠᠰᠤ ᠶᠢᠨ ᠦᠢᠯᠡᠳᠦᠯ ᠢ ᠨᠢ | ᠰᠠᠶᠢᠲᠤᠷ ᠪᠠᠳᠠᠷᠠᠭᠤᠯᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠵᠤᠬᠢᠶᠠᠨ ᠪᠠᠶᠢᠭᠤᠯᠤᠨ ᠳᠠᠶᠢᠴᠢᠯᠠᠵᠤ | ᠪᠠᠶᠢᠭᠠᠳ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠦᠭᠵᠢᠯᠲᠡ ᠲᠤᠭᠲᠠᠭᠤᠨ ᠢ ᠠᠬᠢᠭᠤᠯᠬᠤ ᠳᠤ ᠭᠠᠪᠢᠶ᠎ᠠ | ᠵᠢᠳᠬᠦᠯ ᠪᠠᠶᠢᠭᠤᠯᠤᠨ᠎ᠠ᠃ | ■ ᠨᠡᠶᠢᠭᠡᠮ ᠵᠢᠷᠤᠮᠲᠤ ᠠᠷᠠᠳᠴᠢᠯᠠᠭᠰᠠᠨ ᠤᠯᠤᠰ ᠲᠦᠷᠦ ᠶᠢ ᠢᠳᠡᠪᠬᠢᠲᠡᠶ ᠬᠦᠭᠵᠢᠬᠦᠯᠦᠨ᠎ᠡ | ᠠᠷᠠᠳᠴᠢᠯᠠᠯ ᠪᠤᠯᠤᠨ ᠬᠠᠤᠯᠢ ᠪᠠᠷ ᠵᠠᠰᠠᠬᠤ ᠶᠢ ᠴᠢᠩᠭᠠᠳᠬᠠᠨ᠂ ᠦᠨᠳᠦᠰᠦᠲᠡᠨ ᠤ ᠪᠦᠯᠬᠦᠮᠳᠡᠯ ᠢ | ᠬᠠᠮᠠᠭᠠᠯᠠᠬᠤ ᠪᠤᠯ ᠣᠳᠣᠬᠢᠴᠢᠯᠠᠭᠰᠠᠨ ᠥᠪᠥᠷ ᠮᠣᠩᠭᠤᠯ ᠢ ᠪᠦᠲᠦᠭᠡᠨ ᠪᠠᠶᠢᠭᠤᠯᠬᠤ ᠴᠢᠬᠤᠯᠠ ᠬᠠᠷᠠᠯᠲᠠ ᠪᠤᠯᠤᠨ | ᠪᠠᠲᠤᠯᠠᠭ᠎ᠠ ᠪᠤᠯᠤᠨ᠎ᠠ᠃ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ | ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠬᠦᠯᠬᠦ ᠶᠢ ᠪᠠᠷᠢᠮᠲᠠᠯᠠᠵᠤ᠂ ᠤᠯᠤᠰ ᠲᠦᠷᠦ ᠶᠢᠨ | ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠤᠨ | ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠵᠦ᠂ ᠪᠦᠯᠬᠦᠮᠳᠡᠨ ᠤᠷᠤᠭᠰᠢᠯᠠᠬᠤ ᠤᠶᠤᠨ ᠤᠬᠠᠭᠠᠨ ᠪᠤᠯᠤᠨ ᠬᠦᠴᠦᠨ | ᠴᠢᠳᠠᠯ ᠢ ᠥᠷᠭᠡᠨ ᠳᠡᠯᠭᠡᠷ ᠨᠢᠭᠲᠠᠷᠠᠭᠤᠯᠤᠨ᠎ᠠ᠃ | |