ᠮᠠᠨ ᠤ ᠤᠷᠤᠨ ᠤ ᠭᠤᠤᠯ ᠪᠤᠯᠬᠤ ᠬᠢᠯᠢ ᠠᠯᠤᠰᠯᠠᠭᠰᠠᠨ ᠵᠤᠭᠠᠴᠠᠯ ᠤᠨ ᠵᠠᠮ ᠱᠤᠭᠤᠮ
ᠨᠡᠶᠢᠲᠡᠯᠡᠭᠰᠡᠨ ᠴᠠᠭ᠄
2016-12-20
       ᠮᠠᠨᠵᠤᠤᠷ — ᠤᠯᠠᠭᠠᠨᠴᠢᠯᠠᠭᠤ        ᠤᠯᠠᠭᠠᠨᠴᠢᠯᠠᠭᠤ ᠬᠤᠲᠠ ᠤᠷᠤᠰ ᠤᠨ ᠰᠢᠪᠧᠷᠢᠶ᠎ᠠ ᠭᠠᠵᠠᠷ ᠤᠷᠤᠨ ᠤ ᠴᠢᠲ᠋ᠠ ᠵᠸᠦ ᠶᠢᠨ ᠵᠡᠭᠦᠨ ᠡᠮᠦᠨ᠎ᠡ ᠬᠡᠰᠡᠭ ᠲᠤ ᠪᠠᠶᠢᠷᠢᠯᠠᠳᠠᠭ᠃ ᠳᠤᠮᠳᠠᠳᠤ ᠤᠷᠤᠰ ᠤᠨ ᠬᠢᠯᠢ ᠶᠢᠨ ᠭᠤᠤᠯ ᠪᠤᠯᠬᠤ ᠡᠷᠭᠦᠨ᠎ᠡ ᠭᠤᠤᠯ ᠠᠴᠠ 20 ᠭᠠᠷᠤᠢ ᠺᠢᠯᠤᠮᠧᠲᠷ ᠵᠠᠶᠢᠲᠠᠢ ᠪᠠᠶᠢᠳᠠᠭ᠃ ᠮᠠᠨᠵᠤᠤᠷ ᠪᠤᠭᠤᠮᠲᠠ ᠠᠴᠠ ᠭᠠᠷᠪᠠᠯ ᠵᠠᠮ ᠲᠤᠵᠢ ᠰᠢᠪᠧᠷᠢᠶ᠎ᠠ ᠶᠢᠨ ᠪᠠᠶᠢᠭᠠᠯᠢ ᠶᠢᠨ ᠦᠵᠡᠮᠵᠢ ᠶᠢ ᠰᠤᠨᠢᠷᠬᠠᠵᠤ᠂ ᠫᠠᠪᠯᠦᠸ᠋ ᠲᠠᠯᠠᠪᠠᠢ᠂ ᠤᠷᠤᠰ ᠮᠠᠶ᠋ᠢᠭ ᠤᠨ ᠱᠠᠰᠢᠨ ᠤ ᠳᠤᠭᠠᠩ ᠵᠡᠷᠭᠡ ᠭᠤᠶᠤ ᠦᠵᠡᠮᠵᠢ ᠶᠢ ᠰᠤᠨᠢᠷᠬᠠᠵᠤ ᠪᠤᠯᠳᠠᠭ᠃
       ᠡᠷᠢᠶᠡᠨ — ᠵᠠᠮ ᠤᠨ ᠡᠭᠦᠳᠡ        ᠵᠠᠮ ᠤᠨ ᠡᠭᠦᠳᠡ ᠪᠤᠯ ᠮᠤᠩᠭᠤᠯ ᠤᠨ ᠵᠡᠭᠦᠨ ᠡᠮᠦᠨ᠎ᠡ ᠬᠡᠰᠡᠭ ᠲᠠᠬᠢ ᠬᠢᠯᠢ ᠶᠢᠨ ᠬᠤᠲᠠ ᠪᠤᠯᠤᠨ᠎ᠠ᠃ ᠵᠠᠮ ᠤᠨ ᠡᠭᠦᠳᠡ ᠶᠢᠨ ᠰᠠᠭᠤᠭᠠᠯᠢ ᠠᠷᠠᠳ ᠭᠤᠤᠯᠳᠠᠭᠤ ᠠᠷᠠᠯᠵᠢᠶ᠎ᠠ ᠬᠤᠳᠠᠯᠳᠤᠭ᠎ᠠ ᠪᠠ ᠦᠢᠯᠡᠴᠢᠯᠡᠭᠡᠨ ᠤ ᠦᠢᠯᠡᠰ ᠡᠷᠬᠢᠯᠡᠳᠡᠭ᠃ ᠭᠤᠤᠯ ᠪᠤᠯᠬᠤ ᠦᠵᠡᠮᠵᠢ ᠪᠤᠯ ᠭᠤᠤᠯᠳᠠᠭᠤ ᠬᠢᠲᠠᠳ ᠡᠸᠦ᠋ᠷᠦᠫᠡ ᠶᠢᠨ ᠪᠠᠷᠢᠯᠭ᠎ᠠ ᠶᠢᠨ ᠬᠡᠪ ᠨᠠᠮᠪᠠ  ᠲᠠᠢ ᠲᠡᠷᠭᠡᠨ ᠦᠷᠲᠡᠭᠡᠨ ᠤ ᠠᠰᠠᠷ᠂ ᠡᠸᠦ᠋ᠷᠦᠫᠡ ᠮᠠᠶ᠋ᠢᠭ ᠤᠨ ᠦᠷᠲᠡᠭᠡᠨ ᠤ ᠡᠮᠦᠨᠡᠬᠢ ᠠᠭᠤᠳᠠᠮ ᠲᠠᠯᠠᠪᠠᠢ᠂ ᠰᠦᠬᠡᠪᠠᠭᠠᠲᠤᠷ ᠤᠨ ᠳᠤᠷᠠᠰᠬᠠᠯ ᠤᠨ ᠬᠦᠰᠢᠶ᠎ᠡ ᠵᠡᠷᠭᠡ ᠪᠠᠶᠢᠳᠠᠭ᠂ ᠠᠳᠡ ᠠᠴᠠ ᠮᠤᠩᠭᠤᠯ ᠤᠯᠤᠰ ᠤᠨ ᠵᠠᠩ ᠢᠷᠭᠡᠨᠰᠢᠯ ᠪᠠ ᠳᠠᠭᠤ ᠪᠦᠵᠢᠭ ᠰᠤᠶᠤᠯ ᠢ ᠰᠤᠨᠢᠷᠬᠠᠵᠤ ᠪᠤᠯᠤᠨ᠎ᠠ᠃
       ᠷᠠᠰᠢᠶᠠᠨ — ᠰᠦᠮᠪᠦᠷ        ᠷᠠᠰᠢᠶᠠᠨ ᠠᠴᠠ ᠰᠦᠮᠪᠦᠷ ᠬᠦᠷᠬᠦ ᠠᠶᠠᠯᠠᠯ ᠵᠤᠭᠠᠴᠠᠯ ᠤᠨ ᠲᠦᠷᠦᠯ ᠵᠦᠢᠯ ᠢ 2014 ᠤᠨ ᠳᠤ ᠡᠬᠢᠯᠡᠨ ᠬᠡᠷᠡᠭᠵᠢᠭᠦᠯᠵᠦ᠂ ᠷᠠᠰᠢᠶᠠᠨ ᠠᠴᠠ ᠮᠤᠩᠭᠤᠯ ᠤᠯᠤᠰ ᠤᠨ ᠳᠤᠷᠤᠨᠠᠲᠤ ᠠᠶᠢᠮᠠᠭ ᠤᠨ ᠦᠨᠳᠦᠷ ᠬᠠᠨ ᠬᠤᠲᠠ ᠵᠡᠷᠭᠡ ᠬᠢᠯᠢ ᠠᠯᠤᠰᠯᠠᠭᠰᠠᠨ 3 ᠵᠤᠭᠠᠴᠠᠯ ᠤᠨ ᠵᠠᠮ ᠱᠤᠭᠤᠮ ᠨᠢ ᠨᠢᠭᠡᠨᠲᠡ ᠤᠯᠤᠰ ᠤᠨ ᠵᠤᠭᠠᠴᠠᠯ ᠤᠨ ᠲᠤᠪᠴᠢᠶᠠᠨ ᠤ ᠵᠦᠪᠰᠢᠶᠡᠷᠡᠯ ᠢ ᠦᠩᠭᠡᠷᠡᠭᠰᠡᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号