ᠳᠤᠮᠳᠠᠳᠤ ᠤᠷᠤᠰ ᠮᠤᠩᠭᠤᠯ ᠭᠤᠷᠪᠠᠨ ᠤᠯᠤᠰ ᠤᠨ ᠡᠨᠡ ᠵᠢᠯ ᠳᠤ ᠶᠠᠪᠤᠭᠳᠠᠭᠤᠯᠤᠭᠰᠠᠨ ᠵᠤᠭᠠᠴᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2016-12-20
       ᠳᠤᠮᠳᠠᠳᠤ ᠮᠤᠩᠭᠤᠯ ᠤᠷᠤᠰ ᠤᠨ ᠲᠦᠮᠡᠨ ᠭᠠᠵᠠᠷ ᠤᠨ ᠴᠠᠢ ᠶᠢᠨ ᠵᠠᠮ ᠤᠨ ︽ᠨᠢᠭᠡ ᠮᠦᠷᠡᠨ ᠤ ᠤᠰᠤ᠂ ᠬᠤᠶᠠᠷ ᠡᠷᠭᠢ ᠶᠢᠨ ᠬᠠᠶᠢᠷ᠎ᠠ︾ ᠬᠤᠪᠢ ᠶᠢᠨ ᠮᠠᠰᠢᠨ ᠢᠶᠠᠷ ᠢᠶᠠᠨ ᠵᠤᠭᠠᠴᠠᠬᠤ ᠠᠵᠢᠯᠯᠠᠭ᠎ᠠ        ᠲᠤᠰ ᠠᠵᠢᠯᠯᠠᠭ᠎ᠠ ᠨᠢ 2016 ᠤᠨ ᠤ 9 ᠰᠠᠷ᠎ᠠ ᠠᠴᠠ ᠡᠬᠢᠯᠡᠨ 8 ᠡᠳᠦᠷ ᠳᠠᠷᠠᠭᠠᠯᠠᠨ ᠶᠠᠪᠤᠭᠳᠠᠵᠠᠢ᠂ ᠮᠠᠰᠢᠨ ᠲᠡᠷᠭᠡᠨ ᠤ ᠠᠩᠭᠢ ᠡᠷᠭᠦᠨ᠎ᠡ ᠬᠤᠲᠠ ᠠᠴᠠ ᠮᠤᠷᠳᠠᠵᠤ᠂ ᠡᠾᠸᠢ ᠱᠠᠨ ᠲᠤᠤ ᠪᠤᠭᠤᠮᠲᠠ ᠪᠠᠷ ᠬᠢᠯᠢ ᠳᠠᠪᠠᠵᠤ ᠤᠷᠤᠰ ᠤᠨ ᠪᠤᠷᠵᠧ ᠬᠤᠲᠠ᠂ ᠴᠢᠲ᠋ᠠ ᠬᠤᠲᠠ᠂ ᠤᠯᠠᠭᠠᠬᠤᠢᠳᠡ ᠬᠤᠲᠠ᠂ ᠭᠧᠷᠮᠧᠴᠧᠩᠰᠺ ᠲᠤᠭᠤᠷᠢᠭ ᠪᠠ ᠪᠠᠶᠢᠭᠠᠯ ᠨᠠᠭᠤᠷ᠂ ᠱᠠᠰᠢᠨᠲᠠᠳ ᠤᠨ ᠬᠠᠭᠤᠴᠢᠨ ᠲᠤᠰᠬᠤᠨ ᠳᠤ ᠬᠦᠷᠴᠦ᠂ ᠰᠤᠶᠤᠯ ᠪᠠ ᠵᠤᠭᠠᠴᠠᠯ ᠤᠨ ᠰᠤᠯᠢᠯᠴᠠᠭᠠᠨ ᠤ ᠠᠵᠢᠯᠯᠠᠭ᠎ᠠ ᠦᠷᠨᠢᠭᠦᠯᠵᠦ᠂ ᠤᠷᠤᠰ ᠤᠨ ᠲᠡᠦᠬᠡ ᠰᠤᠶᠤᠯ᠂ ᠦᠨᠳᠦᠰᠦᠲᠡᠨ ᠤ ᠵᠠᠩ ᠢᠷᠭᠡᠨᠰᠢᠯ ᠪᠠ ᠪᠠᠶᠢᠭᠠᠯᠢ ᠶᠢᠨ ᠦᠵᠡᠮᠵᠢ ᠶᠢ ᠭᠦᠢᠴᠡᠳ ᠤᠶᠢᠯᠠᠭᠠᠵᠤ᠂ ᠮᠠᠨ ᠤ ᠤᠷᠤᠨ ᠤ ᠪᠠᠨ ᠵᠤᠭᠠᠴᠠᠯ ᠤᠨ ᠡᠬᠢ ᠪᠠᠶᠠᠯᠢᠭ ᠪᠠ ᠵᠤᠭᠠᠴᠠᠯ ᠤᠨ ᠪᠦᠲᠦᠭᠡᠭᠳᠡᠭᠦᠨ ᠢ ᠲᠠᠨᠢᠯᠴᠠᠭᠤᠯᠪᠠ᠃
       ᠳᠤᠮᠳᠠᠳᠤ ᠮᠤᠩᠭᠤᠯ ᠤᠷᠤᠰ ᠤᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠵᠢᠭᠠᠰᠤ ᠬᠦᠬᠢᠲᠡᠬᠦ ᠤᠷᠤᠯᠳᠤᠭᠠᠨ        2016 ᠤᠨ ᠤ 17 ᠤ ᠡᠳᠦᠷ ᠠᠴᠠ 19 ᠤ ᠡᠳᠦᠷ ᠪᠤᠯᠲᠠᠯ᠎ᠠ ᠰᠢᠨ᠎ᠡ ᠪᠠᠷᠭᠤ ᠵᠡᠭᠦᠨ ᠬᠤᠰᠢᠭᠤᠨ ᠤ ᠨᠤᠭᠤᠭᠠᠨᠨᠠᠭᠤᠷ ᠵᠤᠭᠠᠴᠠᠯ ᠤᠨ ᠭᠠᠵᠠᠷ ᠲᠤ ᠶᠠᠪᠤᠭᠳᠠᠪᠠ᠃ ᠲᠤᠰ ᠤᠷᠤᠯᠳᠤᠭᠠᠨ ᠳᠤ ᠤᠷᠤᠰ᠂ ᠮᠤᠩᠭᠤᠯ᠂ ᠪᠡᠭᠡᠵᠢᠩ᠂ ᠯᠢᠶᠤᠤᠨᠢᠩ᠂ ᠭᠤᠸᠠᠩᠰᠢ ᠵᠡᠷᠭᠡ ᠤᠯᠤᠰ ᠤᠷᠤᠨ ᠠᠴᠠ ᠢᠷᠡᠭᠰᠡᠨ 120 ᠭᠠᠷᠤᠢ ᠵᠢᠭᠠᠰᠤ ᠬᠦᠬᠢᠲᠡᠬᠦ ᠳᠤ ᠳᠤᠷ᠎ᠠ ᠪᠠᠭ᠋ᠠᠲᠠᠢ ᠬᠦᠮᠦᠰ ᠤᠷᠤᠯᠴᠠᠵᠤ᠂ ᠵᠢᠭᠠᠰᠤ ᠬᠦᠬᠢᠲᠡᠬᠦ ᠠᠴᠠ ᠭᠠᠳᠠᠨ᠎ᠠ ᠮᠤᠷᠢ ᠤᠨᠤᠵᠤ᠂ ᠰᠤᠷ ᠬᠠᠷᠪᠤᠨ᠂ ᠤᠰᠤᠨ ᠳᠡᠭᠡᠷ᠎ᠡ ᠳᠤᠭᠤᠢ ᠲᠡᠷᠭᠡ ᠤᠨᠤᠬᠤ ᠵᠡᠷᠭᠡ ᠤᠯᠠᠨ ᠵᠦᠢᠯ ᠤᠨ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃
       ᠳᠤᠮᠳᠠᠳᠤ ᠤᠷᠤᠰ ᠮᠤᠩᠭᠤᠯ ᠤᠨ ᠲᠦᠮᠡᠨ ᠭᠠᠵᠠᠷ ᠤᠨ ᠴᠠᠢ ᠶᠢᠨ ᠵᠠᠮ ᠤᠨ ᠵᠤᠭᠠᠴᠠᠯ ᠤᠨ ᠭᠡᠷᠡᠯ ᠵᠢᠷᠤᠭ ᠤᠨ ᠦᠵᠡᠭᠦᠯᠦᠯᠭᠡ        ᠲᠤᠰ ᠠᠵᠢᠯᠯᠠᠭ᠎ᠠ ᠨᠢ ᠦᠨᠦ ᠵᠢᠯ ᠤᠨ 7 ᠰᠠᠷ᠎ᠠ ᠶᠢᠨ 2 ᠤ ᠡᠳᠦᠷ ᠮᠠᠨᠵᠤᠤᠷ ᠬᠤᠲᠠ ᠳᠤ ᠶᠠᠪᠤᠭᠳᠠᠪᠠ᠃ ᠲᠤᠰ ᠦᠵᠡᠭᠦᠯᠦᠯᠭᠡ ᠳᠤ ᠭᠤᠤᠯᠳᠠᠭᠤ ︽ᠲᠦᠮᠡᠨ ᠭᠠᠵᠠᠷ ᠤᠨ ᠴᠠᠢ ᠶᠢᠨ ᠵᠠᠮ︾ ᠤᠨ ᠳᠤᠮᠳᠠᠳᠤ ᠮᠤᠩᠭᠤᠯ ᠤᠷᠤᠰ ᠤᠨ ᠵᠠᠮ ᠳᠠᠭᠠᠤ ᠭᠠᠵᠠᠷ ᠤᠷᠤᠨ ᠤ ᠪᠠᠶᠢᠭᠠᠯᠢ ᠶᠢᠨ ᠦᠵᠡᠮᠵᠢ᠂ ᠵᠤᠭᠠᠴᠠᠯ ᠤᠨ ᠰᠤᠶᠤᠯ ᠤᠨ ᠡᠬᠢ ᠪᠠᠶᠠᠯᠢᠭ ᠪᠠ ᠨᠡᠶᠢᠭᠡᠮ ᠤᠨ ᠵᠠᠩ ᠢᠷᠭᠡᠨᠰᠢᠯ ᠢ ᠭᠡᠷᠡᠯ ᠵᠢᠷᠤᠭ ᠤᠨ ᠬᠡᠯᠪᠡᠷᠢ ᠪᠠᠷ ᠢᠯᠡᠷᠡᠭᠦᠯᠵᠦ᠂ ᠳᠤᠮᠳᠠᠳᠤ ᠮᠤᠩᠭᠤᠯ ᠤᠷᠤᠰ ᠭᠤᠷᠪᠠᠨ ᠤᠯᠤᠰ ᠤᠨ ᠵᠤᠭᠠᠴᠠᠯ ᠤᠨ ᠬᠠᠮᠲᠤᠷᠠᠯᠴᠠᠭᠠᠨ ᠤ ᠬᠦᠭᠵᠢᠯᠲᠡ ᠶᠢ ᠬᠠᠷᠠᠭᠤᠯᠤᠭᠰᠠᠨ ᠪᠠᠶᠢᠨ᠎ᠠ᠃
       ᠳᠤᠮᠳᠠᠳᠤ ᠮᠤᠩᠭᠤᠯ ᠤᠷᠤᠰ ᠤᠨ ︽ᠲᠦᠮᠡᠨ ᠭᠠᠵᠠᠷ ᠤᠨ ᠴᠠᠢ ᠶᠢᠨ ᠵᠠᠮ︾ ᠤᠨ ᠵᠤᠭᠠᠴᠠᠯ ᠤᠨ ᠢᠳᠡᠭᠡᠨ ᠤ ᠰᠤᠯᠢᠯᠴᠠᠭ᠎ᠠ ᠠᠮᠳᠠᠷᠬᠠᠯ ᠤᠨ ᠵᠤᠭᠠᠴᠠᠯ        ᠦᠨᠦ ᠵᠢᠯ ᠤᠨ 6 ᠰᠠᠷ᠎ᠠ ᠳᠤ᠂ ᠬᠦᠯᠦᠨ ᠪᠤᠶᠢᠷ ᠬᠤᠲᠠ ᠳᠤ ᠶᠠᠪᠤᠭᠳᠠᠵᠠᠢ᠃ ᠵᠤᠭᠠᠴᠠᠭᠰᠠᠳ ᠭᠠᠯᠲᠤ ᠲᠡᠷᠭᠡ ᠪᠠᠷ ᠤᠷᠤᠰ ᠤᠨ ᠴᠢᠲ᠋ᠠ ᠬᠤᠲᠠ᠂ ᠤᠯᠠᠭᠠᠬᠤᠢᠳᠡ ᠬᠤᠲᠠ ᠪᠠ ᠪᠠᠶᠢᠭᠠᠯ ᠨᠠᠭᠠᠤᠷ᠂ ᠱᠠᠰᠢᠨᠲᠠᠨ ᠤ ᠬᠠᠭᠤᠴᠢᠨ ᠲᠤᠰᠬᠤᠨ ᠵᠡᠷᠭᠡ ᠤᠷᠤᠰ ᠤᠨ ᠨᠡᠷᠡᠲᠦ ᠵᠤᠭᠠᠴᠠᠯ ᠤᠨ ᠦᠵᠡᠮᠵᠢ ᠶᠢᠨ ᠤᠷᠤᠨ ᠢᠶᠠᠷ ᠦᠩᠭᠡᠷᠡᠵᠦ᠂ ᠭᠠᠵᠠᠷ ᠤᠷᠤᠨ ᠤ ᠤᠨᠴᠠᠯᠢᠭ ᠲᠠᠢ ᠢᠳᠡᠭᠡᠨ ᠤᠮᠳᠠᠭᠠᠨ᠂ ᠰᠤᠶᠤᠯ᠂ ᠵᠤᠭᠠᠴᠠᠯ ᠤᠨ ᠰᠤᠯᠢᠯᠴᠠᠭᠠᠨ ᠤ ᠠᠵᠢᠯᠯᠠᠭ᠎ᠠ ᠦᠷᠨᠢᠭᠦᠯᠦᠭᠰᠡᠨ ᠪᠠᠶᠢᠨ᠎ᠠ᠃
       ᠳᠤᠮᠳᠠᠳᠤ ᠮᠤᠩᠭᠤᠯ ᠤᠷᠤᠰ ᠤᠨ ᠤᠯᠠᠨ ᠤᠯᠤᠰ ᠤᠨ ᠬᠤᠪᠴᠠᠰᠤ ᠵᠠᠰᠠᠯ ᠤᠨ ᠤᠷᠠᠯᠢᠭ ᠤᠨ ᠨᠠᠶᠢᠷ        2016 ᠤᠨ ᠤ 6 ᠰᠠᠷ᠎ᠠ ᠳᠤ᠂ ᠬᠦᠯᠦᠨ ᠪᠤᠶᠢᠷ ᠬᠤᠲᠠ ᠶᠢᠨ ᠬᠠᠶᠢᠯᠠᠷ ᠲᠤᠭᠤᠷᠢᠭ ᠲᠤ ᠶᠠᠪᠤᠭᠳᠠᠪᠠ᠃ ᠲᠤᠰ ᠤᠳᠠᠭᠠᠨ ᠤ ᠨᠠᠶᠢᠷ ᠲᠤ ᠮᠤᠩᠭᠤᠯ ᠦᠨᠳᠦᠰᠦᠲᠡᠨ᠂ ᠡᠸᠡᠩᠭᠢ ᠦᠨᠳᠦᠰᠦᠲᠡᠨ᠂ ᠤᠷᠴᠤᠨ ᠦᠨᠳᠦᠰᠦᠲᠡᠨ᠂ ᠳᠠᠭᠤᠷ ᠦᠨᠳᠦᠰᠦᠲᠡᠨ᠂ ᠤᠷᠤᠰ ᠦᠨᠳᠦᠰᠦᠲᠡᠨ ᠵᠡᠷᠭᠡ 35 ᠳᠤᠭᠤᠶᠢᠯᠠᠩ ᠤᠷᠤᠯᠴᠠᠵᠤ᠂ ᠮᠤᠩᠭᠤᠯ ᠤᠯᠤᠰ ᠤᠷᠤᠰ ᠤᠨ ᠲᠦᠯᠦᠭᠡᠯᠡᠭᠴᠢᠳ ᠪᠠᠰᠠ ᠲᠤᠰ ᠨᠠᠶᠢᠷ ᠲᠤ ᠤᠷᠤᠯᠴᠠᠵᠠᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号