ᠨᠠᠭᠠᠳᠤᠮ ᠢᠶᠠᠷ ᠵᠢᠷᠭᠠᠬᠤ ᠮᠦᠩᠭᠦᠨ ᠡᠪᠦᠯ — ᠤᠯᠠᠭᠠᠨᠬᠠᠳᠠ ᠬᠤᠲᠠ
ᠨᠡᠶᠢᠲᠡᠯᠡᠭᠰᠡᠨ ᠴᠠᠭ᠄
2016-12-22
             ᠤᠯᠠᠭᠠᠨᠬᠠᠳᠠ ᠨᠤᠲᠤᠭ ᠲᠤ ᠠᠭᠤᠯᠠ ᠬᠠᠶᠢᠷᠬᠠᠨ᠂ ᠡᠯᠡᠰᠦ ᠮᠠᠩᠬ᠎ᠠ᠂ ᠲᠠᠯ᠎ᠠ ᠨᠤᠲᠤᠭ᠂ ᠤᠢ ᠰᠢᠭᠤᠢ᠂ ᠬᠠᠯᠠᠭᠤᠨ ᠷᠠᠰᠢᠶᠠᠨ᠂ ᠴᠠᠰᠤ ᠮᠦᠰᠦ᠂ ᠨᠠᠭᠤᠷ ᠴᠦᠬᠦᠷᠦᠮ᠂ ᠮᠦᠰᠦᠨ ᠬᠤᠩᠬᠤᠷ᠂ ᠪᠤᠷᠵᠢᠨ ᠴᠢᠯᠠᠭᠤᠯᠢᠭ ᠤᠨ ᠤᠢ᠂ ᠬᠤᠪᠤᠷ ᠴᠤᠬᠠᠭ ᠠᠮᠢᠲᠠᠨ ᠤᠷᠭᠤᠮᠠᠯ᠂ ᠮᠤᠩᠭᠤᠯ ᠦᠨᠳᠦᠰᠦᠲᠡᠨ ᠤ ᠵᠠᠩ ᠢᠷᠭᠡᠨᠰᠢᠯ᠂ ᠲᠡᠦᠬᠡᠨ ᠳᠤᠷᠠᠰᠬᠠᠯᠲᠤ ᠪᠤᠳᠠᠰ ᠵᠡᠷᠭᠡ ᠵᠤᠭᠠᠴᠠᠯ ᠤᠨ ᠲᠦᠷᠦᠯ ᠵᠦᠢᠯ ᠮᠠᠰᠢ ᠤᠯᠠᠨ ᠪᠠᠶᠢᠳᠠᠭ᠃
       ᠤᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠤᠯᠠᠭᠠᠨᠬᠠᠳᠠ ᠬᠤᠲᠠ ᠲᠠᠯ᠎ᠠ ᠨᠤᠲᠤᠭ ᠤᠨ ᠠᠮᠢ ᠠᠬᠤᠢ ᠶᠢᠨ ᠦᠵᠡᠮᠵᠢ ᠶᠢᠨ ᠵᠤᠭᠠᠴᠠᠯ᠂ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ ᠶᠢᠨ ᠵᠤᠭᠠᠴᠠᠯ᠂ ᠬᠦᠳᠡᠭᠡ ᠲᠤᠰᠬᠤᠨ ᠤ ᠰᠡᠯᠡᠭᠦᠴᠡᠯ ᠪᠠ ᠵᠠᠩ ᠢᠷᠭᠡᠨᠰᠢᠯ ᠤᠨ ᠵᠤᠭᠠᠴᠠᠯ᠂ ᠯᠢᠶᠤᠤ ᠤᠯᠤᠰ ᠤᠨ ᠡᠷᠲᠡᠨ ᠤ ᠨᠡᠶᠢᠰᠯᠡᠯ ᠤᠨ ᠨᠢᠭᠤᠴᠠ ᠬᠠᠶᠢᠬᠤ ᠵᠤᠭᠠᠴᠠᠯ᠂ ᠡᠯᠡᠰᠦ ᠮᠠᠩᠬᠠᠨ ᠳᠤ ᠠᠶᠠᠯᠠᠬᠤ ᠵᠤᠭᠠᠴᠠᠯ᠂ ᠮᠦᠰᠦ ᠴᠠᠰᠤᠨ ᠤ ᠵᠤᠭᠠᠴᠠᠯ ᠵᠡᠷᠭᠡ ᠵᠤᠭᠠᠴᠠᠯ ᠤᠨ ᠨᠡᠷᠡᠲᠦ ᠲᠡᠮᠳᠡᠭ ᠲᠠᠢ ᠪᠤᠯᠵᠠᠢ᠃
       ᠤᠯᠠᠭᠠᠨᠬᠠᠳᠠ ᠶᠢᠨ ᠡᠪᠦᠯ ᠤᠨ ᠤᠯᠠᠷᠢᠯ ᠤᠨ ᠵᠤᠭᠠᠴᠠᠯ ᠤᠨ ᠵᠠᠮ ᠱᠤᠭᠤᠮ᠄        1. ᠴᠠᠰᠤ ᠮᠦᠰᠦ ᠬᠠᠯᠠᠭᠤᠨ ᠷᠠᠰᠢᠶᠠᠨ ᠤ ᠵᠤᠭᠠᠴᠠᠯ        ᠮᠡᠶᠢᠷᠡᠨ ᠭᠤᠤ ᠶᠢᠨ ᠴᠠᠰᠤᠨ ᠳᠤ ᠭᠤᠯᠭᠤᠬᠤ ᠲᠠᠯᠠᠪᠠᠢ 40 ᠲᠡᠭᠰᠢ ᠳᠦᠷᠪᠡᠯᠵᠢᠨ ᠺᠢᠯᠤᠮᠧᠲᠷ ᠲᠠᠯᠠᠪᠠᠢ  ᠲᠠᠢ᠂ ᠡᠪᠦᠯ ᠤᠨ ᠤᠯᠠᠷᠢᠯ ᠤᠨ ᠳᠤᠮᠳᠠᠴᠢ ᠠᠭᠠᠷ ᠤᠨ ᠳᠤᠯᠠᠭᠠᠨ ᠨᠢ ᠲᠡᠭ ᠠᠴᠠ ᠳᠤᠷᠤᠭᠰᠢ 20 ᠭᠷᠡᠳᠦ᠋ᠰ ᠤᠷᠴᠢᠮ ᠪᠠᠶᠢᠵᠤ᠂ ᠵᠢᠯ ᠪᠦᠷᠢ ᠶᠢᠨ 11 ᠳ᠋ᠦ᠋ᠭᠡᠷ ᠰᠠᠷ᠎ᠠ ᠠᠴᠠ ᠳᠠᠷᠠᠭ᠎ᠠ ᠵᠢᠯ ᠤᠨ ᠬᠢᠨᠢ 3 ᠳ᠋ᠤᠭᠠᠷ ᠰᠠᠷ᠎ᠠ ᠬᠦᠷᠲᠡᠯ᠎ᠡ ᠭᠠᠳᠠᠭᠰᠢ ᠨᠡᠭᠡᠭᠡᠵᠦ᠂ ᠤᠯᠤᠰ ᠤᠨ ᠲᠤᠲᠤᠭᠠᠲᠤ ᠶᠢᠨ ᠮᠠᠰᠢ ᠤᠯᠠᠨ ᠴᠠᠰᠤᠨ ᠳᠤ ᠭᠤᠯᠭᠤᠬᠤ ᠲᠠᠯᠠᠪᠠᠢ ᠶᠢᠨ ᠡᠵᠡᠩᠨᠡᠯᠲᠡ ᠶᠢᠨ ᠬᠤᠭᠤᠴᠠᠭ᠎ᠠ ᠤᠬᠤᠷ ᠪᠠᠶᠢᠳᠠᠭ ᠬᠠᠷᠠᠮᠰᠠᠯ ᠢ ᠨᠦᠬᠦᠭᠰᠡᠨ ᠶᠤᠮ᠃
       ᠴᠠᠰᠤᠨ ᠳᠤ ᠭᠤᠯᠭᠤᠬᠤ ᠲᠠᠯᠠᠪᠠᠢ ᠠᠴᠠ 70 ᠺᠢᠯᠦᠮᠧᠲᠷ ᠠᠶᠠᠯᠠᠪᠠᠯ᠂ ᠨᠢᠩᠴᠧᠩ ᠰᠢᠶᠠᠨ ᠤ ᠬᠠᠯᠠᠭᠤᠨ ᠷᠠᠰᠢᠶᠠᠨ ᠤ ᠬᠤᠲᠠ ᠳᠤ ᠬᠦᠷᠦᠨ᠎ᠡ᠃ ᠲᠤᠰ ᠬᠠᠯᠠᠭᠤᠨ ᠷᠠᠰᠢᠶᠠᠨ ᠨᠢ 104 ᠭᠷᠡᠳᠦ᠋ᠰ ᠬᠠᠯᠠᠭᠤᠨ ᠪᠠᠶᠢᠳᠠᠭ᠃ ᠬᠠᠯᠠᠭᠤᠨ ᠷᠠᠰᠢᠶᠠᠨ ᠤ ᠬᠤᠲᠠ ᠨᠢ ᠲᠤᠨᠤᠭ ᠲᠦᠬᠦᠭᠡᠷᠦᠮᠵᠢ ᠪᠠᠷ ᠪᠦᠷᠢᠨ᠂ ᠤᠯᠠᠨ ᠲᠦᠷᠦᠯ ᠤᠨ ᠡᠷᠡᠭᠦᠯᠵᠢᠯ ᠰᠤᠪᠢᠯᠠᠯᠲᠠ ᠬᠢᠵᠦ ᠪᠤᠯᠤᠨ᠎ᠠ᠃
       2. ᠬᠡᠰᠢᠭᠲᠡᠨ ᠤ ᠡᠪᠦᠯ ᠤᠨ ᠤᠯᠠᠷᠢᠯ ᠤᠨ ᠴᠠᠰᠤ ᠮᠦᠰᠦᠨ ᠤ ᠨᠠᠭᠠᠳᠤᠮ ᠤᠨ ᠵᠤᠭᠠᠴᠠᠯ        ᠤᠯᠠᠭᠠᠨᠬᠠᠳᠠ — ᠪᠢᠷᠠᠭᠤ ᠪᠠᠯᠭᠠᠰᠤ — ᠭᠠᠯᠲᠠᠰᠤᠲᠠᠢ ᠶᠢᠨ ᠵᠤᠭᠠᠴᠠᠯ ᠤᠨ ᠨᠡᠭᠡᠭᠡᠯᠲᠡ ᠶᠢᠨ ᠤᠷᠤᠨ — ᠳᠠᠯᠠᠶᠢᠨᠠᠭᠤᠷ — ᠳᠠᠷᠬᠠᠨ᠋ᠠ᠋ᠭᠤᠯᠠ — ᠳᠠᠯᠠᠶᠢᠨᠠᠭᠤᠷ — ᠤᠯᠠᠭᠠᠨᠬᠠᠳᠠ ᠳᠤ ᠪᠤᠴᠠᠨ᠎ᠠ        ᠲᠤᠰ ᠠᠶᠠᠯᠠᠯ ᠵᠤᠭᠠᠴᠠᠯ ᠤᠨ ᠵᠠᠮ ᠱᠤᠭᠤᠮ ᠢᠶᠠᠷ ᠶᠠᠪᠤᠪᠠᠯ ᠤᠯᠠᠨ ᠤᠯᠤᠰ ᠤᠨ ᠠᠭᠤᠷ ᠤᠨ ᠮᠠᠰᠢᠨ ᠤ ᠭᠡᠷᠡᠯ ᠵᠢᠷᠤᠭ ᠤᠨ ᠨᠠᠶᠢᠷ᠂ ᠳᠠᠷᠬᠠᠨ᠋ᠠ᠋ᠭᠤᠯᠠ ᠶᠢᠨ ᠮᠦᠩᠭᠦᠨ ᠡᠪᠦᠯ ᠤᠨ ᠲᠡᠮᠡᠭᠡᠨ ᠰᠤᠶᠤᠯ ᠤᠨ ᠨᠠᠶᠢᠷ ᠵᠡᠷᠭᠡ ᠳᠤ ᠤᠷᠤᠯᠴᠠᠵᠤ ᠪᠤᠯᠤᠨ᠎ᠠ᠃
       3. ᠠᠩ ᠠᠩᠨᠠᠯ ᠬᠠᠯᠠᠭᠤᠨ ᠷᠠᠰᠢᠶᠠᠨ ᠤ ᠵᠤᠭᠠᠴᠠᠯ        ᠱᠧᠩ ᠶᠤᠸᠠᠨ ᠤᠯᠠᠨ ᠤᠯᠤᠰ ᠤᠨ ᠠᠩᠨᠠᠯ ᠤᠨ ᠲᠠᠯᠠᠪᠠᠢ ᠶᠠᠭ ᠬᠤᠩᠬᠤ ᠶᠢᠨ ᠳᠠᠪᠠᠭ᠎ᠠ ᠤᠯᠤᠰ ᠤᠨ ᠤᠢ ᠰᠢᠭᠤᠢ ᠶᠢᠨ ᠴᠡᠴᠡᠷᠯᠢᠭ ᠲᠤᠲᠤᠷ᠎ᠠ ᠪᠠᠶᠢᠷᠢᠯᠠᠳᠠᠭ᠃ ᠬᠤᠩᠬᠤ ᠶᠢᠨ ᠳᠠᠪᠠᠭ᠎ᠠ ᠠᠩᠨᠠᠯ ᠤᠨ ᠲᠠᠯᠠᠪᠠᠢ 32 ᠲᠦᠮᠡᠨ ᠮᠦ ᠲᠠᠯᠠᠪᠠᠢ ᠲᠠᠢ᠂ ᠠᠭᠤᠯᠠᠨ ᠭᠠᠵᠠᠷ᠂ ᠨᠤᠭᠤ ᠭᠠᠵᠠᠷ᠂ ᠭᠤᠤᠯ ᠮᠦᠷᠡᠨ᠂ ᠪᠠᠯᠠᠷ ᠤᠢ ᠪᠠᠷ ᠪᠦᠷᠢᠯᠳᠦᠵᠦ᠂ ᠲᠤᠷᠤᠭ ᠪᠤᠭᠤ᠂ ᠪᠤᠷᠤ ᠭᠦᠷᠦᠭᠡᠰᠦ᠂ ᠠᠭᠤᠯᠠᠨ ᠲᠠᠤᠯᠠᠢ᠂ ᠭᠤᠷᠭᠤᠤᠯ ᠵᠡᠷᠭᠡ ᠮᠠᠰᠢ ᠤᠯᠠᠨ ᠬᠡᠭᠡᠷ᠎ᠡ ᠶᠢᠨ ᠠᠮᠢᠲᠠᠨ ᠠᠳᠡ ᠡᠰᠡᠨᠢᠨ ᠲᠦᠯᠵᠢᠳᠡᠭ ᠪᠠᠶᠢᠨ᠎ᠠ᠃ ᠲᠤᠰ ᠲᠠᠯᠠᠪᠠᠢ ᠳᠤ ᠤᠯᠤᠰ ᠤᠨ ᠤᠢ ᠰᠢᠭᠤᠢ ᠶᠢᠨ ᠲᠤᠪᠴᠢᠶ᠎ᠠ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠲᠠᠷᠬᠠᠭᠠᠭᠰᠠᠨ ᠵᠦᠪᠰᠢᠶᠡᠷᠡᠯ ᠤᠨ ᠲᠡᠮᠳᠡᠭ ᠲᠠᠢ᠂ ᠤᠳᠤ ᠬᠤᠤᠰ ᠬᠤᠭᠤᠯᠠᠢ ᠲᠠᠢ ᠠᠪᠠ ᠶᠢᠨ ᠫᠤᠤ᠂ ᠵᠢᠵᠢᠭ ᠨᠦᠬᠡ ᠲᠠᠢ ᠶᠠᠪᠠᠭᠠᠨ ᠫᠤᠤ ᠪᠠ ᠲᠤᠰᠬᠠᠢ ᠮᠡᠷᠭᠡᠵᠢᠯ ᠤᠨ ᠠᠩᠨᠠᠯ ᠤᠨ ᠵᠢᠯᠤᠭᠤᠳᠤᠭᠴᠢ  ᠲᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号