ᠤᠶᠢᠷ᠎ᠠ ᠳᠤ᠂ ᠰᠤᠷᠭᠠᠨ ᠬᠦᠮᠦᠵᠢᠯ ᠤᠨ ᠶᠠᠮᠤᠨ᠂ ᠬᠦᠳᠡᠭᠡ ᠲᠤᠰᠬᠤᠨ ᠤ ᠠᠯᠪᠠᠨ ᠵᠢᠷᠦᠮ ᠤᠨ ᠰᠤᠷᠭᠠᠨ | ᠬᠦᠮᠦᠵᠢᠯ ᠤᠨ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠲᠤᠬᠢᠷᠠᠭᠤᠯᠬᠤ ᠬᠠᠮᠢᠶ᠎ᠠ ᠪᠦᠬᠦᠢ ᠠᠰᠠᠭᠤᠳᠠᠯ ᠤᠨ ᠲᠤᠬᠠᠢ | ᠮᠡᠳᠡᠭᠳᠡᠯ ᠨᠡᠶᠢᠲᠡᠯᠡᠵᠦ᠂ ᠡᠯ᠎ᠡ ᠭᠠᠵᠠᠷ ᠤᠷᠤᠨ ᠪᠠᠶᠢᠷᠢᠯᠠᠭᠤᠯᠤᠯᠲᠠ ᠶᠢ ᠲᠤᠬᠢᠷᠠᠭᠤᠯᠬᠤ᠂ ᠳᠦᠷᠢᠮᠵᠢᠭᠦᠯᠬᠦ ᠠᠵᠢᠯ ᠢ ᠰᠠᠶᠢᠲᠤᠷ | ᠬᠢᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠤᠬᠤᠷ ᠪᠠᠯᠠᠢ ᠪᠠᠷ᠂ ᠠᠯᠪᠠᠳᠠᠯᠭ᠎ᠠ ᠪᠠᠷ ᠬᠠᠰᠤᠵᠤ | ᠨᠡᠶᠢᠯᠡᠭᠦᠯᠬᠦ ᠶᠢ ᠡᠷᠡᠰ ᠵᠤᠭᠰᠤᠭᠠᠨ᠂ ᠬᠠᠰᠤᠵᠤ ᠨᠡᠶᠢᠯᠡᠭᠦᠯᠬᠦ ᠨᠦᠬᠦᠴᠡᠯ ᠢ ᠴᠢᠩᠭᠠᠳᠬᠠᠵᠤ᠂ ᠰᠤᠷᠤᠭᠴᠢᠳ ᠢ ᠬᠠᠮᠤᠭ | ᠤᠶᠢᠷᠠᠬᠠᠨ ᠰᠤᠷᠭᠠᠭᠤᠯᠢ ᠳᠤ ᠰᠤᠷᠤᠯᠴᠠᠬᠤ ᠬᠡᠷᠡᠭᠴᠡᠭᠡ ᠶᠢ ᠤᠷᠢᠳᠠᠪᠠᠷ ᠪᠠᠲᠤᠯᠠᠵᠤ᠂ ᠪᠠᠶᠢᠬᠤ ᠴᠢᠬᠤᠯᠠ ᠲᠠᠢ ᠬᠦᠳᠡᠭᠡ | ᠲᠤᠰᠬᠤᠨ ᠤ ᠬᠡᠪᠴᠢᠶ᠎ᠡ ᠪᠠᠷ ᠪᠠᠭ᠎ᠠ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠰᠠᠶᠢᠲᠤᠷ ᠬᠢᠬᠦ ᠬᠡᠷᠡᠭᠲᠡᠢ ᠭᠡᠵᠡᠢ᠃ | ᠮᠡᠳᠡᠭᠳᠡᠯ ᠳᠤ ᠳᠤᠷᠠᠳᠤᠭᠰᠠᠨ ᠨᠢ᠂ 2016 ᠤᠨ ᠤ 8 ᠰᠠᠷ᠎ᠠ ᠳᠤ᠂ ᠶᠦᠨᠨᠡᠨ ᠮᠤᠵᠢ ᠶᠢᠨ ᠪᠤᠤ ᠱᠠᠨ | ᠬᠤᠲᠠ ᠶᠢᠨ ᠱᠢ ᠳ᠋ᠢᠶᠠᠨ ᠰᠢᠶᠠᠨ ᠤ ᠪᠠᠢ ᠯᠠᠩ ᠲᠤᠰᠬᠤᠨ ᠤ ᠪᠠᠢ ᠯᠠᠩ ᠦᠨᠳᠦᠰᠦᠲᠡᠨ ᠤ ᠳᠤᠮᠳᠠᠳᠤ ᠰᠤᠷᠭᠠᠭᠤᠯᠢ ᠶᠢ | ᠬᠠᠰᠤᠵᠤ ᠨᠡᠶᠢᠯᠡᠭᠦᠯᠬᠦ ᠶᠠᠪᠤᠴᠠ ᠳᠤ ᠭᠦᠢᠴᠡᠳ ᠤᠨᠤᠯ ᠪᠠᠷᠢᠮᠲᠠ ᠶᠢᠨ ᠰᠠᠭᠤᠷᠢ ᠳᠡᠭᠡᠷ᠎ᠡ ᠵᠦᠪ ᠤᠨᠤᠪᠴᠢᠲᠠᠢ ᠬᠠᠰᠤᠵᠤ | ᠨᠡᠶᠢᠯᠡᠭᠦᠯᠬᠦ ᠲᠦᠰᠦᠪ ᠲᠤᠭᠲᠠᠭᠠᠭᠰᠠᠨ ᠦᠭᠡᠢ ᠠᠴᠠ ᠪᠤᠯᠵᠤ᠂ ᠤᠯᠠᠨ ᠲᠦᠮᠡᠨ ᠬᠠᠮᠲᠤᠪᠠᠷ ᠳᠡᠭᠡᠳᠦ ᠱᠠᠲᠤᠨ ᠳᠤ ᠭᠤᠮᠤᠳᠠᠯ | ᠲᠤᠭᠠᠴᠢᠵᠤ᠂ ᠮᠡᠳᠡᠭᠦᠯᠦᠯᠲᠡ ᠬᠢᠭᠰᠡᠨ ᠬᠡᠷᠡᠭ ᠭᠠᠷᠴᠠᠢ᠃ ᠬᠦᠳᠡᠭᠡ ᠲᠤᠰᠬᠤᠨ ᠤ ᠠᠯᠪᠠᠨ ᠵᠢᠷᠦᠮ ᠤᠨ ᠰᠤᠷᠭᠠᠨ | ᠬᠦᠮᠦᠵᠢᠯ ᠤᠨ ᠪᠠᠶᠢᠷᠢᠯᠠᠭᠤᠯᠤᠯᠲᠠ ᠶᠢ ᠲᠤᠬᠢᠷᠠᠭᠤᠯᠬᠤ ᠶᠢ ᠤᠯᠠᠮ ᠨᠢᠭᠡ ᠠᠯᠬᠤᠮ ᠳᠦᠷᠢᠮᠵᠢᠭᠦᠯᠬᠦ ᠶᠢᠨ ᠲᠤᠰᠠᠳᠠ | ᠡᠶᠢᠮᠦᠷᠬᠦᠦ ᠬᠡᠷᠡᠭ ᠲᠠᠬᠢᠨ ᠡᠭᠦᠰᠬᠡᠬᠦ ᠶᠢ ᠬᠤᠷᠢᠭᠯᠠᠵᠤ᠂ ᠳᠤᠤᠷᠠᠬᠢ ᠮᠡᠲᠦ ᠶᠢᠨ ᠠᠵᠢᠯ ᠤᠨ ᠱᠠᠭᠠᠷᠳᠠᠯᠭ᠎ᠠ ᠳᠤᠷᠠᠳᠴᠠᠢ᠃ | ᠨᠢᠭᠡ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠪᠤᠳᠠᠲᠠᠶᠢᠵᠢᠭᠤᠯᠬᠤ ᠬᠡᠷᠡᠭᠲᠡᠢ᠃ ᠡᠯ᠎ᠡ ᠭᠠᠵᠠᠷ ᠤᠷᠤᠨ | ᠪᠠᠶᠢᠷᠢᠯᠠᠭᠤᠯᠤᠯᠲᠠ ᠶᠢ ᠲᠤᠬᠢᠷᠠᠭᠤᠯᠵᠤ᠂ ᠳᠦᠷᠢᠮᠵᠢᠭᠦᠯᠬᠦ ᠠᠵᠢᠯ ᠢ ᠰᠠᠶᠢᠲᠤᠷ ᠬᠢᠬᠦ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠲᠤᠬᠠᠢ ᠶᠢᠨ ᠭᠠᠵᠠᠷ ᠤᠷᠤᠨ ᠤ ᠬᠦᠳᠡᠭᠡ ᠲᠤᠰᠬᠤᠨ ᠤ ᠭᠠᠵᠠᠷ ᠵᠦᠢ ᠶᠢᠨ ᠤᠷᠴᠢᠨ ᠲᠤᠭᠤᠷᠢᠨ | ᠵᠢᠴᠢ ᠵᠠᠮ ᠬᠠᠷᠢᠯᠴᠠᠭᠠᠨ ᠤ ᠪᠠᠶᠢᠳᠠᠯ᠂ ᠰᠤᠷᠤᠭᠴᠢ ᠶᠢᠨ ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠵᠡᠷᠭᠡ ᠡᠯᠧᠮᠧᠨ᠋ᠲ ᠢ | ᠪᠦᠬᠦᠨ ᠢ ᠬᠠᠷᠠᠭᠠᠯᠵᠠᠬᠤ ᠶᠢ ᠭᠦᠢᠴᠡᠳ ᠪᠤᠳᠤᠯᠬᠢᠯᠡᠵᠦ᠂ ᠰᠤᠷᠤᠭᠴᠢ ᠶᠢᠨ ᠨᠠᠰᠤ ᠵᠢᠯ᠂ ᠦᠰᠦᠨ ᠪᠤᠶᠢᠵᠢᠯᠲᠠ ᠶᠢᠨ ᠵᠢᠮ᠎ᠡ | ᠭᠤᠷᠢᠮ ᠪᠠ ᠭᠡᠷ ᠤᠨ ᠠᠬᠠᠮᠠᠳ ᠤᠨ ᠰᠠᠨᠠᠯ ᠵᠡᠷᠭᠡ ᠶᠢ ᠭᠦᠢᠴᠡᠳ ᠪᠤᠳᠤᠯᠬᠢᠯᠠᠨ᠂ ᠬᠦᠳᠡᠭᠡ ᠲᠤᠰᠬᠤᠨ ᠤ ᠠᠯᠪᠠᠨ | ᠵᠢᠷᠦᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠲᠤᠬᠢᠷᠠᠭᠤᠯᠬᠤ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠰᠤᠬᠤᠷ ᠪᠠᠯᠠᠢ ᠪᠠᠷ ᠬᠠᠰᠤᠵᠤ ᠨᠡᠶᠢᠯᠡᠭᠦᠯᠬᠦ ᠵᠢᠴᠢ ᠠᠯᠪᠠᠳᠠᠯᠭ᠎ᠠ ᠪᠠᠷ ᠬᠠᠰᠤᠵᠤ ᠨᠡᠶᠢᠯᠡᠭᠦᠯᠬᠦ ᠶᠢ ᠡᠷᠡᠰ | ᠵᠤᠭᠰᠤᠭᠠᠵᠤ᠂ ᠤᠯᠠᠨ ᠲᠦᠮᠡᠨ ᠤ ᠳᠤᠷ᠎ᠠ ᠦᠭᠡᠶᠢᠴᠡᠯ ᠪᠠ ᠰᠤᠷᠤᠭᠴᠢ ᠶᠢᠨ ᠰᠤᠷᠤᠯᠭ᠎ᠠ ᠪᠠᠨ ᠲᠤᠷᠭᠤᠨ ᠵᠤᠭᠰᠤᠬᠤ | ᠶᠠᠪᠤᠳᠠᠯ ᠡᠭᠦᠰᠬᠦ ᠠᠴᠠ ᠵᠠᠶᠢᠯᠠᠰᠬᠢᠬᠦ ᠬᠡᠷᠡᠭᠲᠡᠢ᠃ | ᠬᠤᠶᠠᠷ᠂ ᠬᠠᠰᠤᠵᠤ ᠨᠡᠶᠢᠯᠡᠭᠦᠯᠬᠦ ᠨᠦᠬᠦᠴᠡᠯ ᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠤᠷᠤᠨ ᠡᠷᠬᠡᠪᠰᠢ | ᠬᠤᠲᠠ ᠪᠠᠯᠭᠠᠰᠤᠨ ᠤ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠲᠤᠬᠢᠷᠠᠭᠤᠯᠬᠤ ᠶᠢ ᠰᠢᠨᠵᠢᠯᠡᠬᠦ ᠤᠬᠠᠭᠠᠨᠴᠢ ᠪᠠᠷ | ᠲᠦᠯᠦᠪᠯᠡᠵᠦ᠂ ᠬᠤᠲᠠ ᠪᠠᠯᠭᠠᠰᠤᠨ ᠤ ᠬᠦᠮᠦᠨ ᠠᠮᠠ ᠶᠢᠨ ᠨᠡᠭᠦᠳᠡᠯ᠂ ᠰᠤᠷᠤᠭᠴᠢ ᠶᠢᠨ ᠲᠤᠭᠠᠨ ᠤ ᠬᠤᠪᠢᠷᠠᠯ ᠢ ᠬᠠᠮᠲᠤ | ᠳᠤᠨᠢ ᠪᠤᠳᠤᠯᠬᠢᠯᠡᠵᠦ᠂ ᠪᠠᠶᠢᠩᠭᠤ ᠶᠢᠨ ᠬᠦᠮᠦᠨ ᠠᠮᠠ ᠶᠢᠨ ᠨᠡᠮᠡᠭᠳᠡᠯ ᠪᠠ ᠤᠷᠤᠨ ᠵᠠᠢ ᠶᠢᠨ ᠪᠠᠶᠢᠷᠢᠯᠠᠭᠤᠯᠤᠯᠲᠠ ᠳᠤ | ᠲᠤᠬᠢᠷᠠᠯᠴᠠᠬᠤ ᠬᠤᠲᠠ ᠪᠠᠯᠭᠠᠰᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢ ᠪᠠᠶᠢᠷᠢᠯᠠᠭᠤᠯᠬᠤ | ᠪᠦᠲᠦᠭᠡᠨ ᠪᠠᠶᠢᠭᠤᠯᠤᠯᠲᠠ ᠶᠢᠨ ᠲᠤᠭᠲᠠᠯᠴᠠᠭ᠎ᠠ ᠶᠢ ᠪᠠᠶᠢᠭᠤᠯᠬᠤ ᠶᠢ ᠲᠦᠷᠭᠡᠳᠬᠡᠵᠦ᠂ ᠰᠤᠷᠤᠭᠴᠢᠳ ᠤᠨ ᠬᠠᠮᠤᠭ ᠤᠨ | ᠤᠶᠢᠷᠠᠬᠠᠨ ᠰᠤᠷᠭᠠᠭᠤᠯᠢ ᠳᠤ ᠰᠤᠷᠤᠯᠴᠠᠬᠤ ᠬᠡᠷᠡᠭᠴᠡᠭᠡ ᠶᠢ ᠤᠷᠢᠳᠠᠪᠠᠷ ᠪᠠᠲᠤᠯᠠᠨ᠂ ᠪᠠᠶᠢᠬᠤ ᠬᠡᠷᠡᠭᠴᠡᠭᠡ ᠲᠠᠢ ᠬᠦᠳᠡᠭᠡ | ᠲᠤᠰᠬᠤᠨ ᠤ ᠬᠡᠪᠴᠢᠶ᠎ᠡ ᠪᠠᠷ ᠪᠠᠭ᠎ᠠ ᠰᠤᠷᠭᠠᠭᠤᠯᠢ ︵ᠵᠢᠭᠠᠨ ᠰᠤᠷᠭᠠᠯᠲᠠ ᠶᠢᠨ ᠴᠡᠭ ᠢ ᠪᠠᠭᠲᠠᠭᠠᠨ᠎ᠠ︶ ᠶᠢᠨ | ᠪᠠᠶᠢᠭᠤᠯᠤᠯᠲᠠ ᠶᠢ ᠦᠨᠡᠨ ᠬᠦ ᠰᠠᠶᠢᠲᠤᠷ ᠬᠢᠬᠦ ᠬᠡᠷᠡᠭᠲᠡᠢ᠃ | ᠭᠤᠷᠪᠠ᠂ ᠬᠠᠰᠤᠵᠤ ᠨᠡᠶᠢᠯᠡᠭᠦᠯᠬᠦ ᠶᠠᠪᠤᠴᠠ ᠶᠢ ᠳᠦᠷᠢᠮᠵᠢᠭᠦᠯᠬᠦ ᠬᠡᠷᠡᠭᠲᠡᠢ᠃ ᠡᠯ᠎ᠡ ᠭᠠᠵᠠᠷ ᠤᠷᠤᠨ ᠡᠷᠬᠡᠪᠰᠢ | ᠬᠠᠰᠤᠵᠤ ᠨᠡᠶᠢᠯᠡᠭᠦᠯᠬᠦ ᠲᠦᠰᠦᠪ ᠤᠨ ᠲᠤᠭᠲᠠᠭᠠᠯ᠂ ᠭᠡᠷᠡᠴᠢᠯᠡᠨ ᠨᠤᠲᠠᠯᠠᠬᠤ᠂ ᠠᠯᠪᠠᠨ ᠵᠠᠷᠯᠠᠯ᠂ ᠮᠡᠳᠡᠭᠦᠯᠦᠨ | ᠵᠦᠪᠰᠢᠶᠡᠷᠡᠭᠦᠯᠬᠦ ᠵᠡᠷᠭᠡ ᠶᠠᠪᠤᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠡᠷ ᠤᠨ ᠠᠬᠠᠮᠠᠳ᠂ ᠪᠠᠭᠰᠢᠨᠠᠷ᠂ ᠲᠤᠰᠬᠤᠨ ᠤ | ᠠᠷᠠᠳ ᠤᠨ ᠰᠠᠨᠠᠯ ᠢ ᠦᠷᠭᠡᠨ ᠢᠶᠠᠷ ᠰᠤᠨᠤᠰᠴᠤ᠂ ᠤᠯᠠᠨ ᠲᠦᠮᠡᠨ ᠤ ᠤᠷᠤᠯᠴᠠᠯᠭ᠎ᠠ ᠪᠠ ᠬᠢᠨᠠᠯᠲᠠ ᠲᠠᠯᠪᠢᠬᠤ ᠶᠢ ᠪᠠᠲᠤᠯᠠᠬᠤ | ᠬᠡᠷᠡᠭᠲᠡᠢ᠃ | ᠳᠦᠷᠪᠡ᠂ ᠬᠢᠨᠠᠯᠲᠠ ᠬᠢᠵᠦ᠂ ᠰᠢᠯᠭᠠᠨ ᠪᠠᠶᠢᠴᠠᠭᠠᠬᠤ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠮᠤᠵᠢ ᠶᠢᠨ | ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠡᠷᠬᠡᠪᠰᠢ 2013 ᠤᠨ ᠤ ᠤᠯᠤᠰ ᠤᠨ | ᠦᠭᠡᠷᠡᠴᠢᠯᠡᠯᠲᠡ ᠶᠢᠨ ᠤᠳᠤᠷᠢᠳᠬᠤ ᠪᠠᠭ ᠤᠨ ᠳᠠᠩᠰᠠᠯᠠᠭᠰᠠᠨ ᠬᠦᠳᠡᠭᠡ ᠲᠤᠰᠬᠤᠨ ᠤ ᠠᠯᠪᠠᠨ ᠵᠢᠷᠦᠮ ᠤᠨ ᠰᠤᠷᠭᠠᠨ | ᠬᠦᠮᠦᠵᠢᠯ ᠤᠨ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠲᠤᠬᠢᠷᠠᠭᠤᠯᠬᠤ ᠲᠤᠰᠬᠠᠢ ᠲᠦᠰᠦᠪ ᠢ ᠦᠨᠳᠦᠰᠦᠯᠡᠨ᠂ ᠵᠢᠯ ᠤᠨ | ᠡᠴᠦᠰ ᠠᠴᠠ ᠡᠮᠦᠨ᠎ᠡ ᠡᠯ᠎ᠡ ᠰᠢᠶᠠᠨ ᠪᠠᠯᠭᠠᠰᠤ ᠶᠢᠨ ᠬᠦᠳᠡᠭᠡ ᠲᠤᠰᠬᠤᠨ ᠤ ᠠᠯᠪᠠᠨ ᠵᠢᠷᠦᠮ ᠤᠨ ᠰᠤᠷᠭᠠᠨ ᠬᠦᠮᠦᠵᠢᠯ ᠤᠨ | ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠲᠤᠬᠢᠷᠠᠭᠤᠯᠬᠤ ᠲᠤᠰᠬᠠᠢ ᠲᠦᠰᠦᠪ ᠢ ᠴᠢᠩᠭ᠎ᠠ ᠨᠠᠶᠢᠳᠠᠪᠤᠷᠢᠵᠢᠭᠤᠯᠵᠤ ᠪᠠᠶᠢᠬᠤ | ᠡᠰᠡᠭᠦ᠂ ᠠᠷᠭ᠎ᠠ ᠠᠪᠴᠠᠯ ᠨᠢ ᠵᠤᠬᠢᠰᠲᠠᠢ ᠡᠰᠡᠬᠦ᠂ ᠠᠵᠢᠯ ᠤᠨ ᠶᠠᠪᠤᠴᠠ ᠲᠡᠭᠦᠯᠳᠡᠷᠵᠢᠭᠰᠡᠨ ᠡᠰᠡᠭᠦ ᠵᠡᠷᠭᠡ ᠲᠤᠰᠬᠠᠢ | ᠪᠠᠶᠢᠴᠠᠭᠠᠯᠲᠠ ᠬᠢᠵᠦ᠂ ᠪᠠᠶᠢᠴᠠᠭᠠᠯᠲᠠ ᠶᠢᠨ ᠳ᠋ᠦᠩ ᠢ ᠨᠡᠶᠢᠭᠡᠮ ᠳᠠᠶᠠᠭᠠᠷ ᠲᠤ ᠨᠡᠶᠢᠲᠡᠯᠡᠬᠦ ᠬᠡᠷᠡᠭᠲᠡᠢ᠃ ᠤᠷᠤᠰᠢᠵᠤ ᠪᠠᠶᠢᠭ᠎ᠠ | ᠠᠰᠠᠭᠤᠳᠠᠯ ᠢ ᠲᠤᠭᠲᠠᠭᠰᠠᠨ ᠴᠠᠭ ᠤᠨ ᠲᠤᠳᠤᠷ᠎ᠠ ᠰᠢᠢᠳᠪᠦᠷᠢᠯᠡᠬᠦ ᠬᠡᠷᠡᠭᠲᠡᠢ᠃ ᠰᠤᠷᠭᠠᠭᠤᠯᠢ ᠶᠢ ᠬᠠᠰᠤᠵᠤ | ᠨᠡᠶᠢᠯᠡᠭᠦᠯᠬᠦ ᠠᠴᠠ ᠪᠤᠯᠵᠤ ᠬᠦᠨᠳᠦ ᠨᠤᠴᠢᠲᠠᠢ ᠦᠷ᠎ᠡ ᠨᠦᠯᠦᠭᠡ ᠭᠠᠷᠭᠠᠪᠠᠯ᠂ ᠬᠠᠤᠯᠢ ᠴᠠᠭᠠᠵᠠ ᠪᠠ ᠬᠠᠮᠢᠶ᠎ᠠ ᠪᠦᠬᠦᠢ | ᠲᠤᠭᠲᠠᠭᠠᠯ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃ | |