ᠥᠪᠥᠷ ᠮᠣᠩᠭᠤᠯ᠄ ︽ᠡᠮᠴᠢᠯᠡᠬᠦ ᠠᠰᠠᠷᠠᠬᠤ ᠶᠢ ᠤᠶᠠᠯᠳᠤᠭᠤᠯᠬᠤ︾ ᠪᠠᠷ ᠨᠠᠰᠤᠲᠠᠶᠢᠴᠤᠳ ᠤᠨ ᠥᠲᠡᠯᠦᠭᠡ ᠨᠠᠰᠤ ᠪᠠᠨ ᠵᠣᠪᠠᠯᠠᠩ ᠦᠭᠡᠶ ᠥᠩᠭᠡᠷᠡᠭᠦᠯᠬᠦ ᠶᠢ ᠨᠢ ᠪᠠᠲᠤᠯᠠᠬᠤ ᠪᠠᠷ ᠪᠤᠢ
ᠨᠡᠶᠢᠲᠡᠯᠡᠭᠰᠡᠨ ᠴᠠᠭ᠄
2016-12-05
       ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠠᠴᠠ ︽ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠠᠷᠢᠯᠴᠠᠨ ᠤᠶᠠᠯᠳᠤᠭᠤᠯᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠬᠠᠮᠲᠤᠷᠠᠨ ᠨᠡᠶᠢᠲᠡᠯᠡᠵᠡᠶ᠃ ᠰᠠᠨᠠᠯ ᠳᠤ ᠲᠣᠳᠣᠷᠬᠠᠶᠢᠯᠠᠭᠰᠠᠨ ᠨᠢ᠂ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠠᠭᠤᠰᠤᠯᠴᠠᠨ ᠬᠦᠭᠵᠢᠬᠦ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠬᠥᠮᠦᠨ ᠪᠣᠯᠭᠠᠨ ᠳᠤ ᠦᠨᠳᠦᠰᠦᠨ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠭᠥᠷᠲᠡᠬᠦ ᠶᠢ ᠪᠠᠲᠤᠯᠠᠨ᠎ᠠ᠃ ᠥᠨᠳᠥᠷ ᠨᠠᠰᠤᠲᠠᠶ᠂ ᠭᠤᠣᠨᠢ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ᠂ ᠠᠮᠢᠳᠤᠷᠠᠯ ᠤᠨ ᠴᠢᠳᠠᠪᠤᠷᠢ ᠪᠠᠨ ᠬᠠᠭᠠᠰ ᠠᠯᠳᠠᠭᠰᠠᠨ ᠵᠡᠷᠭᠡ ᠬᠦᠴᠢᠷᠳᠡᠯᠲᠡᠶ ᠨᠠᠰᠤᠲᠠᠶᠢᠴᠤᠳ ᠤᠨ ᠨᠡᠶᠢᠳᠡ ᠴᠣᠭᠴᠠ ᠪᠠᠷ ᠭᠤᠣᠯ ᠪᠣᠯᠭᠠᠨ᠂ ᠨᠠᠰᠤᠵᠢᠯ ᠤᠨ ᠠᠰᠠᠷᠠᠮᠵᠢ ᠶᠢᠨ ᠪᠠᠲᠤᠯᠠᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠤᠨᠴᠠᠭᠠᠢ ᠬᠦᠴᠢᠷᠳᠡᠯᠲᠡᠶ ᠨᠠᠰᠤᠲᠠᠶᠢᠴᠤᠳ ᠤᠨ ᠡᠷᠡᠭᠦᠯ ᠮᠡᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠪᠠᠲᠤᠯᠠᠬᠤ ᠬᠡᠷᠡᠭᠲᠡᠶ᠃        ᠥᠪᠥᠷ ᠮᠣᠩᠭᠤᠯ ᠤᠨ 60 ᠨᠠᠰᠤᠨ ᠠᠴᠠ ᠳᠡᠭᠡᠭᠰᠢᠬᠢ ᠨᠠᠰᠤᠲᠠᠨ 410 ᠲᠦᠮᠡ ᠳᠤ ᠬᠦᠷᠴᠦ ᠡᠮᠴᠢᠯᠡᠭᠡ ᠪᠠ ᠰᠤᠪᠢᠯᠠᠯᠲᠠ ᠶᠢᠨ ᠬᠡᠷᠡᠭᠴᠡᠭᠡ ᠲᠤᠯᠭᠠᠮ᠎ᠠ ᠱᠠᠭᠠᠷᠳᠠᠭᠳᠠᠵᠤ ᠪᠠᠶᠢᠨ᠎ᠠ        2015 ᠣᠨ ᠤ ᠰᠡᠭᠦᠯᠴᠢ ᠪᠣᠯᠲᠠᠯ᠎ᠠ᠂ ᠮᠠᠨ ᠤ ᠤᠯᠤᠰ ᠤᠨ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠪᠦᠬᠦ ᠬᠥᠮᠦᠨ ᠠᠮᠠ ᠶᠢᠨ 10.5% ᠶᠢ ᠡᠵᠡᠯᠡᠵᠦ᠂ ᠨᠢᠭᠡᠨᠲᠡ ᠤᠯᠠᠨ ᠤᠯᠤᠰ ᠤᠨ ᠬᠥᠮᠦᠨ ᠠᠮᠠ ᠶᠢᠨ ᠨᠠᠰᠤᠵᠢᠯ ᠤᠨ ᠪᠠᠷᠢᠮᠵᠢᠶ᠎ᠠ ᠠᠴᠠ ᠬᠡᠲᠦᠷᠡᠭᠰᠡᠨ ᠪᠠᠶᠢᠨ᠎ᠠ᠃ ᠵᠢᠱᠢᠯᠲᠡ ᠪᠠᠷ 2020 ᠣᠨ ᠪᠣᠯᠬᠤ ᠳᠤ᠂ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ 2.48 ᠳ᠋ᠦᠩᠰᠢᠭᠤᠷ ᠲᠤ ᠬᠦᠷᠴᠦ᠂ ᠪᠦᠬᠦ ᠬᠥᠮᠦᠨ ᠠᠮᠠ ᠶᠢᠨ 17.2% ᠢ ᠡᠵᠡᠯᠡᠬᠦ ᠪᠣᠯᠣᠨ᠎ᠠ᠃ ᠡᠭᠦᠨ ᠤ ᠬᠠᠮᠲᠤ᠂ ᠠᠮᠢᠳᠤᠷᠠᠯ ᠤᠨ ᠴᠢᠳᠠᠪᠤᠷᠢ ᠪᠠᠨ ᠠᠯᠳᠠᠭᠰᠠ ᠨᠠᠰᠤᠲᠠᠶᠢᠴᠤᠳ ᠤᠨ ᠲᠤᠭ᠎ᠠ ᠬᠡᠮᠵᠢᠶ᠎ᠡ ᠦᠷᠭᠦᠯᠵᠢᠯᠡᠨ ᠨᠡᠮᠡᠭᠳᠡᠬᠦ ᠪᠦᠭᠡᠳ ᠣᠳᠣᠬᠠᠨ ᠳᠤ ᠠᠮᠢᠳᠤᠷᠠᠯ ᠤᠨ ᠴᠢᠳᠠᠪᠤᠷᠢ ᠪᠠᠨ ᠠᠯᠳᠠᠭᠰᠠᠨ ︵ᠬᠠᠭᠠᠰ ᠠᠯᠳᠠᠭᠰᠠᠨ︶ ᠨᠠᠰᠤᠲᠠᠶᠢᠴᠤᠳ ᠨᠢᠭᠡᠨᠲᠡ 4023 ᠲᠦᠮᠡ ᠳᠤ ᠬᠦᠷᠪᠡ᠃ ᠲᠡᠷᠡᠴᠢᠯᠡᠨ᠂ ᠮᠠᠨ ᠤ ᠤᠯᠤᠰ ᠤᠨ ᠲᠦᠷᠦᠯᠲᠡ ᠶᠢᠨ ᠨᠤᠷᠮ᠎ᠠ ᠦᠷᠭᠦᠯᠵᠢᠯᠡᠨ ᠪᠠᠭᠤᠷᠠᠵᠤ ᠪᠠᠶᠢᠬᠤ ᠵᠢᠴᠢ ᠠᠷᠠᠳ ᠤᠯᠠᠨ ᠤ ᠨᠠᠰᠤᠨ ᠬᠤᠲᠤᠭ ᠦᠷᠭᠦᠯᠵᠢᠯᠡᠨ ᠳᠡᠭᠡᠭᠰᠢᠯᠡᠭᠰᠡᠨ ᠠᠴᠠ ᠮᠠᠨ ᠤ ᠤᠯᠤᠰ ᠤᠨ ᠨᠠᠰᠤᠵᠢᠯ ᠤᠨ ᠠᠬᠢᠴᠠ ᠤᠯᠠᠮ ᠨᠢᠭᠡ ᠠᠯᠬᠤᠮ ᠲᠥᠷᠭᠡᠨ ᠪᠣᠯᠪᠠ᠃        ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠲᠠᠯ᠎ᠠ ᠪᠠᠷ ᠬᠢ ᠬᠡᠷᠡᠭᠴᠡᠭᠡ ᠨᠢ ᠡᠩ ᠤᠨ ᠬᠥᠮᠦᠰ ᠤᠨ ᠬᠢ ᠠᠴᠠ ᠮᠡᠳᠡᠭᠳᠡᠬᠦ᠋ᠢᠴᠡ ᠥᠨᠳᠥᠷ ᠪᠠᠶᠢᠵᠤ᠂ ᠪᠢᠳᠠᠨᠠᠷ ᠠᠴᠠ ᠨᠠᠰᠤᠲᠠᠶᠢᠴᠤᠳ ᠲᠤ ᠶᠡᠷᠦᠩᠬᠡᠶᠢᠯᠡᠭᠰᠡᠨ ᠂ ᠥᠷᠭᠦᠯᠵᠢᠯᠡᠭᠰᠡᠨ᠂ ᠲᠣᠬᠢᠷᠠᠮᠵᠢᠲᠠᠶ ᠡᠮᠨᠡᠨ ᠵᠠᠰᠠᠬᠤ ᠦᠢᠯᠡᠴᠢᠯᠡᠭᠡ ᠬᠠᠩᠭᠠᠬᠤ ᠶᠢ ᠲᠤᠯᠭᠠᠮ᠎ᠠ ᠱᠠᠭᠠᠷᠳᠠᠵᠤ᠂ ᠨᠠᠰᠤᠲᠠᠶᠢᠴᠤᠳ ᠢ ᠤᠷᠲᠤ ᠬᠤᠭᠤᠴᠠᠭ᠎ᠠ ᠪᠠᠷ ᠬᠠᠷᠠᠭᠠᠯᠵᠠᠨ ᠰᠣᠪᠢᠯᠠᠬᠤ ᠰᠢᠰᠲ᠋ᠧᠮᠵᠢ ᠶᠢ ᠪᠦᠲᠦᠭᠡᠨ ᠪᠠᠶᠢᠭᠤᠯᠬᠤ ᠶᠠᠪᠤᠳᠠᠯ ᠪᠠᠴᠢᠮ ᠲᠤᠯᠭᠠᠮ᠎ᠠ ᠪᠣᠯᠵᠠᠶ᠃        ᠡᠮᠴᠢᠯᠡᠬᠦ ᠠᠰᠠᠷᠠᠬᠤ ᠶᠢ ᠤᠶᠠᠯᠳᠤᠭᠤᠯᠬᠤ ᠭᠡᠳᠡᠭ ᠨᠢ ᠡᠮᠴᠢᠯᠡᠭᠡᠨ ᠤ ᠡᠬᠢ ᠪᠠᠶᠠᠯᠢᠭ ᠬᠢᠭᠡᠳ ᠨᠠᠰᠤᠵᠢᠯ ᠤᠨ ᠠᠰᠠᠷᠠᠮᠵᠢ ᠶᠢᠨ ᠡᠬᠢ ᠪᠠᠶᠠᠯᠢᠭ ᠢ ᠬᠠᠷᠢᠯᠴᠠᠨ ᠤᠶᠠᠯᠳᠤᠭᠤᠯᠵᠤ᠂ ᠡᠮᠴᠢᠯᠡᠭᠡ᠂ ᠡᠷᠡᠭᠦᠯᠵᠢᠯ᠂ ᠪᠡᠶ᠎ᠡ ᠰᠤᠪᠢᠯᠠᠭ᠎ᠠ᠂ ᠨᠠᠰᠤᠵᠢᠯ ᠤᠨ ᠠᠰᠠᠷᠠᠮᠵᠢ ᠶᠢ ᠨᠢᠭᠡ ᠴᠣᠭᠴᠠᠵᠢᠭᠤᠯᠤᠨ᠂ ᠨᠡᠶᠢᠭᠡᠮ ᠤᠨ ᠡᠬᠢ ᠪᠠᠶᠠᠯᠢᠭ ᠢ ᠬᠠᠮᠤᠭ ᠤᠨ ᠶᠡᠭᠡ ᠬᠡᠮᠵᠢᠶ᠎ᠡ ᠪᠠᠷ ᠠᠰᠢᠭᠯᠠᠬᠤ ᠶᠠᠪᠤᠳᠠᠯ ᠪᠣᠯᠣᠨ᠎ᠠ᠃ ᠡᠮᠴᠢᠯᠡᠬᠦ ᠳᠤ ᠡᠮ ᠡᠮᠨᠡᠯᠭᠡ ᠪᠠᠷ ᠣᠨᠣᠰᠢᠯᠠᠨ ᠵᠠᠰᠠᠬᠤ᠂ ᠡᠷᠡᠭᠦᠯ ᠮᠡᠨᠳᠦ ᠶᠢᠨ ᠯᠠᠪᠯᠠᠯᠭ᠎ᠠ ᠥᠭᠬᠦ᠂ ᠡᠷᠡᠭᠦᠯ ᠮᠡᠨᠳᠦ ᠶᠢᠨ ᠪᠠᠶᠢᠴᠠᠭᠠᠯᠲᠠ ᠬᠢᠬᠦ᠂ ᠨᠠᠰᠤᠨ ᠡᠴᠦᠰ ᠤᠨ ᠬᠠᠯᠠᠮᠵᠢᠯᠠᠯ ᠬᠢᠬᠦ ᠵᠡᠷᠭᠡ ᠦᠢᠯᠡᠴᠢᠯᠡᠭᠡ ᠪᠠᠭᠲᠠᠨ᠎ᠠ︔ ᠠᠰᠠᠷᠠᠬᠤ ᠳᠤ ᠠᠮᠢᠳᠤᠷᠠᠯ ᠤᠨ ᠠᠰᠠᠷᠠᠯ ᠬᠠᠷᠠᠭᠠᠯᠵᠠᠯ᠂ ᠣᠶᠣᠨ ᠮᠡᠳᠡᠷᠡᠯ ᠰᠡᠳᠬᠢᠴᠡ᠂ ᠰᠣᠶᠣᠯ ᠤᠨ ᠠᠵᠢᠯᠯᠠᠭ᠎ᠠ ᠵᠡᠷᠭᠡ ᠦᠢᠯᠡᠴᠢᠯᠡᠭᠡ ᠪᠠᠭᠲᠠᠨ᠎ᠠ᠃ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠣᠨᠴᠠᠯᠢᠭ ᠢ᠄ ︽ᠡᠪᠡᠳᠴᠢᠨ ᠲᠠᠢ ᠪᠣᠯ ᠡᠮᠨᠡᠭᠦᠯᠬᠦ᠂ ᠡᠪᠡᠳᠴᠢᠨ ᠦᠭᠡᠢ ᠪᠣᠯ ᠰᠣᠪᠢᠯᠠᠬᠤ︾ ᠭᠡᠵᠦ ᠬᠤᠷᠢᠶᠠᠩᠭᠤᠶᠢᠯᠠᠵᠤ ᠪᠣᠯᠣᠨ᠎ᠠ᠂ ᠳᠠᠷᠤᠶ ᠡᠮᠨᠡᠯᠭᠡ ᠶᠢᠨ ᠬᠤᠷᠢᠶ᠎ᠠ ᠪᠣᠯᠣᠨ ᠨᠠᠰᠤᠲᠠᠨ ᠢ ᠠᠰᠠᠷᠠᠬᠤ ᠬᠦᠷᠢᠶᠡᠯᠡᠩ ᠬᠤᠶᠠᠷ ᠢ ᠨᠡᠶᠢᠯᠡᠭᠦᠯᠵᠦ᠂ ᠨᠠᠰᠤᠲᠠᠶᠢᠴᠤᠳ ᠲᠤ ᠪᠡᠶ᠎ᠡ ᠰᠣᠪᠢᠯᠠᠬᠤ ᠶᠢᠨ ᠬᠠᠮᠲᠤ ᠡᠮᠴᠢᠯᠡᠭᠡᠨ ᠤ ᠪᠠᠲᠤᠯᠠᠭ᠎ᠠ ᠬᠦᠷᠲᠡᠭᠡᠬᠦ ᠪᠣᠯᠭᠠᠨ᠎ᠠ᠃        ᠬᠥᠬᠡᠬᠤᠲᠠ᠂ ᠤᠷᠳᠤᠰ ᠨᠢ ᠤᠯᠤᠰ ᠤᠨ ᠲᠡᠰ ᠤᠨ ᠡᠮᠴᠢᠯᠡᠬᠦ ᠠᠰᠠᠷᠠᠬᠤ ᠶᠢ ᠤᠶᠠᠯᠳᠤᠭᠤᠯᠤᠭᠰᠠᠨ ᠠᠩᠬᠠᠳᠤᠭᠠᠷ ᠪᠦᠯᠦᠭ ᠲᠤᠷᠰᠢᠯᠲᠠ ᠶᠢᠨ ᠴᠡᠭ ᠪᠣᠯᠪᠠ        ᠣᠷᠴᠢᠮᠬᠠᠨ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ᠂ ᠠᠷᠠᠳ ᠤᠨ ᠶᠠᠪᠤᠳᠠᠯ ᠤᠨ ᠶᠠᠮᠤᠨ ᠮᠡᠳᠡᠭᠳᠡᠯ ᠪᠠᠭᠤᠯᠭᠠᠵᠤ᠂ ᠠᠩᠬᠠᠳᠤᠭᠠᠷ ᠪᠦᠯᠦᠭ ᠤᠯᠤᠰ ᠤᠨ ᠲᠡᠰ ᠤᠨ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠲᠤᠷᠰᠢᠯᠲᠠ ᠶᠢᠨ 50 ᠬᠤᠲᠠ ᠲᠤᠭᠤᠷᠢᠭ ᠢ ᠨᠡᠶᠢᠲᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ᠂ ᠤᠷᠳᠤᠰ ᠬᠤᠳᠠ ᠰᠤᠩᠭᠤᠭᠳᠠᠵᠤ᠂ ᠥᠪᠥᠷ ᠮᠣᠩᠭᠤᠯ ᠤᠨ ᠥᠷᠭᠡᠨ ᠣᠯᠠᠨ ᠰᠦᠯᠵᠢᠶᠡᠨ ᠢᠷᠭᠡᠳ ᠤᠨ ᠠᠩᠬᠠᠷᠤᠯ ᠢ ᠲᠠᠲᠠᠭᠰᠠᠨ ᠪᠠᠶᠢᠨ᠎ᠠ᠃ ᠬᠥᠬᠡᠬᠤᠲᠠ ᠨᠢ ᠡᠮᠴᠢᠯᠡᠬᠦ ᠠᠰᠠᠷᠠᠬᠤ ᠶᠢ ᠤᠶᠠᠯᠳᠤᠭᠤᠯᠬᠤ ︽ᠡᠷᠡᠭᠦᠯ ᠮᠡᠨᠳᠦ ᠶᠢᠨ ᠨᠠᠰᠤᠵᠢᠯ ᠤᠨ ᠠᠰᠠᠷᠠᠮᠵᠢ ᠶᠢᠨ ᠠᠵᠢᠯᠯᠠᠭ᠎ᠠ︾ ᠶᠢ ᠬᠥᠬᠡᠬᠤᠲᠠ ᠶᠢᠨ ᠦᠢᠯᠡᠴᠢᠯᠡᠭᠡᠨ ᠤ ᠦᠢᠯᠡᠰ ᠤᠨ ︽ᠠᠷᠪᠠᠨ ᠶᠡᠭᠡ ᠠᠵᠢᠯᠯᠠᠭ᠎ᠠ︾ ᠶᠢᠨ 2016 ᠣᠨ ᠤ ᠭᠤᠣᠯᠳᠠᠯᠭ᠎ᠠ ᠲᠠᠢ ᠲᠥᠷᠥᠯ ᠵᠦᠢᠯ ᠳᠤ ᠣᠷᠣᠭᠤᠯᠵᠤ᠂ ᠠᠯᠪᠠᠨ ᠠᠴᠠ ᠡᠷᠬᠢᠯᠡᠭᠰᠡᠨ ᠲᠤᠮᠤ ᠬᠡᠯᠪᠡᠷᠢ ᠶᠢᠨ ᠡᠮᠴᠢᠯᠡᠭᠡ ᠠᠰᠠᠷᠠᠮᠵᠢ ᠶᠢᠨ ᠪᠠᠶᠢᠭᠤᠯᠤᠮᠵᠢ ᠶᠢ 3 ᠪᠠᠶᠢᠭᠤᠯᠵᠤ᠂ 2000 ᠭᠠᠷᠤᠢ ᠣᠷᠣ ᠶᠢ ᠵᠢᠷᠤᠵᠤ ᠲᠥᠯᠥᠪᠯᠡᠪᠡ᠃        2020 ᠣᠨ ᠪᠣᠯᠬᠤ ᠳᠤ ᠥᠪᠥᠷ ᠮᠣᠩᠭᠤᠯ ᠤᠨ ᠪᠤᠶ ᠪᠦᠬᠦᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠴᠥᠮ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ        2015 ᠣᠨ ᠤ ᠰᠡᠭᠦᠯᠴᠢ ᠪᠣᠯᠲᠠᠯ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠬᠥᠮᠦᠨ ᠠᠮᠠ 410 ᠲᠦᠮᠨ ᠪᠠᠶᠢᠵᠤ᠂ ᠪᠦᠬᠦ ᠬᠥᠮᠦᠨ ᠠᠮᠠ ᠶᠢᠨ 16.8 % ᠶᠢ ᠡᠵᠡᠯᠡᠪᠡ︔ 80 ᠨᠠᠰᠤᠨ ᠠᠴᠠ ᠳᠡᠭᠡᠭᠰᠢᠬᠢ ᠥᠨᠳᠥᠷ ᠨᠠᠰᠤᠲᠠᠶᠢᠴᠤᠳ 52.77 ᠲᠦᠮᠡᠨ ᠬᠥᠮᠦᠨ ᠪᠠᠶᠢᠵᠤ᠂ ᠨᠠᠰᠤᠲᠠᠶᠢᠴᠤᠳ ᠤᠨ 12.9 % ᠶᠢ ᠡᠵᠡᠯᠡᠵᠦ᠂ ᠡᠷᠡᠭᠦᠯ ᠮᠡᠨᠳᠦ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠦᠳᠲᠡᠷ ᠲᠦᠷᠭᠡᠨ ᠨᠡᠮᠡᠭᠳᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠬᠡᠷᠡᠭᠴᠡᠭᠡ ᠱᠠᠭᠠᠷᠳᠠᠯᠭ᠎ᠠ ᠡᠳᠦᠷ ᠢᠷᠡᠬᠦᠶ᠎ᠡ ᠲᠤᠯᠭᠠᠮ᠎ᠠ ᠱᠠᠭᠠᠷᠳᠠᠭᠳᠠᠵᠤ ᠪᠠᠶᠢᠨ᠎ᠠ᠃        2020 ᠣᠨ ᠪᠣᠯᠬᠤ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠳᠤ ᠨᠡᠶᠢᠴᠡᠬᠦ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠪᠠᠶᠢᠭᠤᠯᠤᠯ ᠲᠣᠭᠲᠠᠴᠠ ᠪᠣᠯᠣᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠰᠢᠰᠲ᠋ᠧᠮᠵᠢ ᠦᠨᠳᠦᠰᠦᠨ ᠳᠡᠭᠡᠨ ᠪᠠᠶᠢᠭᠤᠯᠤᠭᠳᠠᠨ᠎ᠠ᠃ ᠪᠥᠬᠦ ᠣᠷᠣᠨ ᠤ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠵᠤ ᠦᠢᠯᠡᠴᠢᠯᠡᠬᠦ ᠶᠢ ᠪᠦᠷᠢᠨ ᠪᠦᠷᠬᠦᠭᠦᠯᠵᠦ᠂ ᠪᠤᠢ ᠪᠦᠬᠦᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠴᠥᠮ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠠᠩᠭᠠᠵᠤ ᠪᠣᠯᠬᠤ ᠪᠣᠯᠭᠠᠨ᠎ᠠ᠃        ︽13 · 5︾ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ᠤᠯᠤᠰ ᠤᠨ ᠲᠡᠰ ᠤᠨ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠵᠢᠱᠢᠶ᠎ᠡ ᠦᠵᠡᠭᠦᠯᠬᠦ ᠭᠠᠵᠠᠷ ᠣᠷᠣᠨ ᠢ 3᠂ ᠤᠯᠤᠰ ᠤᠨ ᠲᠡᠰ ᠤᠨ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠵᠢᠱᠢᠶ᠎ᠡ ᠦᠵᠡᠭᠦᠯᠬᠦ ᠲᠥᠷᠥᠯ ᠵᠦᠢᠯ ᠢ 10᠂ ᠥᠪᠡᠷᠲᠡᠭᠡᠨ ᠵᠠᠰᠠᠬᠤ ᠣᠷᠣᠨ ᠤ ᠳᠡᠰ ᠤᠨ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 30᠂ ᠠᠶᠢᠮᠠᠭ ᠬᠤᠳᠠ ᠶᠢᠨ ᠱᠠᠲᠤᠨ ᠤ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠵᠢᠱᠢᠶ᠎ᠡ ᠦᠵᠡᠭᠦᠯᠬᠦ ᠪᠠᠶᠢᠭᠤᠯᠤᠮᠵᠢ ᠶᠢ 100᠂ ᠨᠡᠶᠢᠭᠡᠮ ᠲᠣᠭᠤᠷᠢᠭ ᠤᠨ ᠡᠮᠴᠢᠯᠡᠬᠦ ᠠᠰᠠᠷᠠᠬᠤ ᠶᠢ ᠤᠶᠠᠯᠳᠤᠭᠤᠯᠬᠤ ᠵᠢᠱᠢᠶ᠎ᠡ ᠦᠵᠡᠭᠦᠯᠬᠦ ᠲᠥᠪ ᠢ 200 ᠶᠢ ᠪᠠᠶᠢᠭᠤᠯᠬᠤ ᠪᠠᠷ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号