| | | 2016 ᠤᠨ ᠪᠤᠯ ᠳᠤᠮᠳᠠᠳᠤ ᠤᠯᠤᠰ ᠤᠨ ᠮᠤᠩᠭᠤᠯ ᠬᠡᠯᠡ ᠪᠢᠴᠢᠭ ᠤᠨ ᠠᠵᠢᠯ ᠢ ᠵᠦᠪ ᠵᠠᠮ ᠢᠶᠠᠷ | ᠬᠦᠳᠦᠯᠦᠭᠰᠡᠨ ᠭᠠᠷᠮᠠᠭᠠᠢ ᠤᠳᠤᠷᠢᠳᠤᠭᠴᠢ᠂ ᠳᠤᠮᠳᠠᠳᠤ ᠤᠯᠤᠰ ᠤᠨ ᠮᠤᠩᠭᠤᠯ ᠬᠡᠯᠡ ᠰᠢᠨᠵᠢᠯᠡᠯ ᠤᠨ ᠰᠠᠭᠤᠷᠢᠯᠠᠭᠴᠢ | ᠂ ᠮᠤᠩᠭᠤᠯ ᠦᠨᠳᠦᠰᠦᠳᠡᠨ ᠤ ᠤᠷᠴᠢᠨ ᠦᠶ᠎ᠡ ᠶᠢᠨ ᠠᠯᠳᠠᠷᠳᠤ ᠤᠳᠬ᠎ᠠ ᠵᠤᠬᠢᠶᠠᠯᠴᠢ ᠪᠦᠬᠡᠳ ᠤᠷᠴᠢᠭᠤᠯᠤᠭᠴᠢ | ᠡᠷᠳᠡᠨᠢᠳᠤᠭᠳᠠᠬᠤ ᠶᠢᠨ ᠮᠡᠨᠳᠤᠯᠡᠭᠰᠡᠨ ᠵᠠᠭᠤᠨ ᠵᠢᠯ ᠤᠨ ᠤᠢ ᠪᠤᠯᠬᠤ ᠶᠤᠮ᠃ | | | ᠤᠳᠤ ᠠᠴᠠ ᠵᠠᠭᠤᠨ ᠵᠢᠯ ᠤᠨ ᠡᠮᠦᠨ᠎ᠡ ᠲᠠᠷᠤᠢ 1916 ᠤᠨ ᠤ 2 ᠳ᠋ᠤᠭᠠᠷ ᠰᠠᠷ᠎ᠠ ᠶᠢᠨ 3 ᠤ ᠡᠳᠦᠷ | ᠡᠷᠳᠡᠨᠢᠳᠤᠭᠳᠠᠬᠤ ᠭᠤᠸᠠᠢ ᠦᠪᠤᠷ ᠮᠤᠩᠭᠤᠯ ᠤᠨ ᠵᠤᠤ ᠤᠳᠠ ᠠᠶᠢᠮᠠᠭ ᠤᠳᠤ ᠶᠢᠨ ᠤᠯᠠᠭᠠᠨᠬᠠᠳᠠ ᠬᠤᠳᠠ ᠶᠢᠨ | ᠬᠡᠰᠢᠭᠳᠡᠨ ᠬᠤᠰᠢᠭᠤᠨ ᠤ ᠵᠡᠬᠦᠨ ᠠᠷᠤ ᠨᠤᠳᠤᠭ ᠪᠤᠯᠬᠤ ᠪᠠᠶᠠᠨᠴᠠᠭᠠᠨ ᠰᠤᠮᠤᠨ ᠤ ᠮᠠᠯᠴᠢᠨ ᠲᠦᠮᠡᠨᠰᠠᠩ ᠤᠨ ᠬᠡᠷ | ᠲᠤ ᠲᠦᠷᠦᠵᠡᠢ᠃ ᠪᠠᠭ᠎ᠠ ᠳᠤᠨᠢ ᠡᠴᠢᠬᠡ ᠨᠢ ᠨᠠᠰᠤ ᠪᠠᠷᠠᠵᠦ᠂ ᠡᠵᠢ ᠠᠬ᠎ᠠ ᠡᠬᠡᠴᠢ ᠲᠡᠬᠦᠦ ᠲᠦᠷᠪᠡᠬᠦᠯᠡ ᠪᠠᠨ ᠮᠠᠯ | ᠬᠦᠯ ᠴᠦᠬᠡᠨ ᠲᠠᠢ ᠵᠦᠳᠡᠬᠦᠬᠡᠨ ᠠᠮᠢᠳᠤᠷᠠᠵᠦ᠂ 12 ᠨᠠᠰᠤ ᠪᠤᠯᠳᠠᠯ᠎ᠠ ᠪᠠᠨ ᠰᠤᠷᠭᠠᠭᠤᠯᠢ ᠳᠤ ᠤᠷᠤᠵᠦ ᠴᠢᠳᠠᠯ | ᠦᠬᠡᠢ ᠬᠡᠷ ᠵᠠᠭᠤᠷ᠎ᠠ ᠪᠠᠨ ᠮᠠᠯ ᠮᠠᠯᠵᠢᠵᠦ ᠬᠦᠳᠡᠯᠮᠤᠷᠢ ᠬᠢᠵᠦ ᠶᠠᠪᠤᠭᠰᠠᠨ ᠲᠡᠷᠡ ᠪᠠᠷ ᠡᠬᠢᠯᠡᠵᠦ ᠬᠡᠷ ᠤᠨ ᠪᠠᠭᠰᠢ ᠳᠤ | ᠱᠠᠪᠢᠯᠠᠨ ᠰᠤᠷᠤᠯᠴᠠᠵᠦ 1935 ᠤᠨ ᠳᠤ ᠬᠡᠰᠢᠭᠳᠡᠨ ᠬᠤᠰᠢᠭᠤᠨ ᠤ ᠪᠢᠷᠠᠭᠤ ᠪᠠᠯᠭᠠᠰᠤᠨ ᠤ ᠨᠢᠬᠡᠳᠦᠬᠡᠷ ᠪᠦᠷᠢᠨ | ᠪᠠᠭ᠎ᠠ ᠰᠤᠷᠭᠠᠭᠤᠯᠢ ᠶᠢ ᠲᠡᠬᠦᠰᠬᠡᠭᠰᠡᠨ ᠤ ᠲᠠᠷᠠᠭ᠎ᠠ 1939 ᠤᠨ ᠳᠤ ᠸᠠᠩ ᠤᠨ ᠰᠦᠮ᠎ᠡ ᠶᠢᠨ ᠬᠢᠩᠭᠠᠨ | ᠰᠤᠷᠭᠠᠭᠤᠯᠢ ᠶᠢᠨ ᠬᠤᠷᠢᠶ᠎ᠠ ᠳᠤ ᠰᠤᠷᠤᠯᠭ᠎ᠠ ᠪᠠᠨ ᠲᠡᠬᠦᠰᠬᠡᠵᠡᠢ᠃ | | 1940 ᠤᠨ ᠠᠴᠠ 1945 ᠤᠨ ᠬᠦᠷᠳᠡᠯ᠎ᠡ ᠦᠪᠤᠷ ᠮᠤᠩᠭᠤᠯ ᠤᠨ ᠵᠤᠤ ᠤᠳᠠ ᠠᠶᠢᠮᠠᠭ ᠤᠨ ᠺᠠᠶᠢᠯᠤ | ᠶᠢᠨ ᠨᠢᠬᠡᠳᠦᠬᠡᠷ ᠲᠤᠮᠳᠠᠳᠤ ᠰᠤᠷᠭᠠᠭᠤᠯᠢ᠂ ᠬᠢᠩᠭᠠᠨ ᠶᠡᠷᠦᠩᠬᠡᠢ ᠮᠤᠵᠢ ᠶᠢᠨ ᠸᠠᠩ ᠤᠨ ᠰᠦᠮ᠎ᠡ ᠶᠢᠨ ᠦᠬᠢᠦᠨ ᠤᠨ | ᠲᠤᠮᠳᠠᠳᠤ ᠰᠤᠷᠭᠠᠭᠤᠯᠢ ᠳᠤ ᠮᠤᠩᠭᠤᠯ ᠬᠡᠯᠡ ᠪᠢᠴᠢᠭ ᠵᠢᠭᠠᠵᠦ ᠪᠠᠶᠢᠭᠰᠠᠨ ᠪᠦᠬᠡᠦᠨ ᠮᠤᠩᠭᠤᠯ ᠤᠤᠠᠬ᠎ᠠ ᠶᠢᠨ | ᠰᠤᠷᠭᠠᠯ ᠤᠨ ᠬᠤᠷᠠᠯ ᠤᠨ ᠡᠷᠬᠢᠯᠡᠭᠰᠡᠨ ︽ᠤᠯᠠᠭᠠᠨ ᠪᠠᠷᠰ︾ ᠰᠡᠦᠨᠬᠦᠯ ᠤᠨ ᠭᠤᠤᠯ ᠨᠠᠶᠢᠷᠠᠭᠤᠯᠤᠭᠴᠢ ᠪᠠᠷ | ᠠᠵᠢᠯᠯᠠᠵᠦ ᠪᠠᠶᠢᠪᠠ᠃ 1947 ᠤᠨ ᠳᠤ ᠦᠪᠤᠷ ᠮᠤᠩᠭᠤᠯ ᠤᠨ ᠬᠦᠯᠦᠨ ᠪᠤᠶᠢᠷ ᠠᠶᠢᠮᠠᠭ ᠤᠨ ᠲᠦᠯᠦᠬᠡᠯᠡᠭᠴᠢ | ᠶᠢᠨ ᠬᠤᠪᠢ ᠪᠠᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠢ ᠪᠠᠶᠢᠭᠤᠯᠬᠤ ᠶᠡᠭᠡ ᠬᠤᠷᠠᠯ ᠳᠤ | ᠤᠷᠤᠯᠴᠠᠭᠰᠠᠨ ᠪᠦᠬᠡᠦᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠤᠨ ᠤᠨ ᠵᠠᠰᠠᠭ ᠤᠨ | ᠤᠷᠳᠤᠨ ᠤ ᠠᠯᠪᠠᠨ ᠲᠢᠩᠬᠢᠮ ᠤᠨ ᠨᠢᠬᠡᠳᠦᠬᠡᠷ ᠲᠡᠳ᠋ ᠡᠷᠬᠢᠯᠡᠭᠴᠢ ᠪᠠᠷ ᠲᠤᠮᠢᠯᠠᠭᠳᠠᠵᠠᠢ᠃ ᠡᠬᠦᠨ ᠤ ᠲᠠᠷᠠᠭ᠎ᠠ | ᠴᠢᠴᠢᠬᠠᠷ ᠲᠠᠬᠢ ᠦᠪᠤᠷ ᠮᠤᠩᠭᠤᠯ ᠤᠨ ᠴᠡᠷᠢᠭ ᠵᠠᠰᠠᠭ ᠤᠨ ᠶᠡᠭᠡ ᠰᠤᠷᠭᠠᠭᠤᠯᠢ ᠳᠤ ᠪᠠᠭᠰᠢᠯᠠᠵᠦ᠂ ᠨᠦᠬᠦᠷ | ᠴᠡᠩᠬᠡᠯᠳᠡᠢ ᠨᠡᠷ ᠤᠨ ᠬᠠᠮᠳᠤ ᠮᠤᠩᠭᠤᠯ ᠬᠡᠯᠡᠨ ᠤ ᠰᠤᠳᠤᠯᠬᠤ ᠲᠠᠰᠤᠭ ᠢ ᠪᠠᠶᠢᠭᠤᠯᠵᠦ᠂ ᠮᠠᠷᠺᠰ ᠤᠨ ᠦᠵᠡᠯ ᠤᠨ | ᠤᠨᠤᠯ ᠢᠶᠠᠷ ᠡᠷᠳᠡᠮ ᠰᠢᠨᠵᠢᠯᠡᠬᠡᠨ ᠤ ᠠᠵᠢᠯ ᠢᠶᠠᠨ ᠵᠢᠩᠬᠢᠨᠢ ᠪᠠᠷ ᠡᠬᠢᠯᠡᠬᠦᠯᠦᠭᠰᠡᠨ ᠶᠤᠮ᠃ 1949 ᠤᠨ ᠠᠴᠠ | ᠦᠪᠤᠷ ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠤ ᠮᠤᠩᠭᠤᠯ ᠨᠠᠶᠢᠷᠠᠭᠤᠯᠬᠤ ᠬᠡᠯᠳᠡᠰ ᠤᠨ | ᠬᠠᠷᠢᠭᠤᠴᠠᠯᠭᠠᠳᠠᠨ ᠪᠤᠯᠪᠠ᠃ ᠡᠷᠳᠡᠨᠢᠳᠤᠭᠳᠠᠬᠤ ᠲᠡᠬᠡᠷ᠎ᠡ ᠵᠠᠭᠤᠨ ᠤ ᠲᠠᠪᠢᠭᠠᠤᠨ ᠤᠨ ᠤ ᠡᠬᠢ ᠠᠴᠠ ᠵᠢᠷᠠᠭᠠᠤᠨ | ᠤᠨ ᠤ ᠲᠤᠮᠳᠠᠴᠢ ᠬᠦᠷᠳᠡᠯ᠎ᠡ ᠦᠪᠤᠷ ᠮᠤᠩᠭᠤᠯ ᠤᠨ ᠠᠷᠠᠤᠨ ᠤᠨ ᠬᠡᠪᠯᠡᠯ ᠤᠨ ᠬᠤᠷᠢᠶᠠᠨ ᠤ ᠲᠠᠷᠤᠭ᠎ᠠ᠂ ᠦᠪᠤᠷ | ᠮᠤᠩᠭᠤᠯ ᠤᠨ ᠲᠡᠦᠬᠡ᠂ ᠬᠡᠯᠡ᠂ ᠤᠤᠠᠬ᠎ᠠ ᠵᠤᠬᠢᠶᠠᠯ ᠰᠤᠳᠤᠯᠬᠤ ᠭᠠᠵᠠᠷ ᠤᠨ ᠲᠠᠷᠤᠭ᠎ᠠ᠂ ᠦᠪᠤᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠮᠤᠩᠭᠤᠯ ᠬᠡᠯᠡ ᠪᠢᠴᠢᠭ ᠤᠨ ᠠᠵᠢᠯ ᠤᠨ ᠵᠦᠪᠯᠡᠯ ᠤᠨ ᠲᠡᠳ᠋ ᠡᠷᠬᠢᠯᠡᠭᠴᠢ᠂ ᠮᠠᠤ | ᠽᠧ ᠳ᠋ᠦᠩ ᠤᠨ ᠮᠤᠩᠭᠤᠯ ᠬᠡᠪᠯᠡᠯ ᠤᠨ ᠺᠤᠮᠢᠰ ᠤᠨ ᠲᠡᠳ᠋ ᠡᠷᠬᠢᠯᠡᠭᠴᠢ ᠪᠠᠷ ᠠᠵᠢᠯᠯᠠᠵᠦ ᠪᠠᠶᠢᠪᠠ᠃ ᠡᠨᠡ | ᠬᠤᠭᠤᠴᠠᠭᠠᠨ ᠳᠤ ᠪᠠᠰᠠ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠲᠠᠷᠤᠭ᠎ᠠ ᠤᠯᠠᠭᠠᠨᠬᠦᠦ ᠨᠦᠬᠦᠷ ᠤᠨ | ᠤᠷᠢᠯᠭ᠎ᠠ ᠪᠠᠷ ᠲᠤᠰ ᠰᠤᠷᠭᠠᠭᠤᠯᠢ ᠶᠢᠨ ᠲᠤᠰᠢᠶᠠᠯ ᠬᠠᠪᠰᠤᠷᠤᠭᠰᠠᠨ ᠫᠷᠦᠹᠧᠰᠰᠤᠷ ᠢᠶᠠᠷ ᠠᠵᠢᠯᠯᠠᠵᠦ ᠪᠠᠶᠢᠪᠠ᠃ | ᠪᠠᠰᠠ ᠲᠤᠮᠳᠠᠳᠤ ᠤᠯᠤᠰ ᠤᠨ ᠠᠷᠠᠤᠨ ᠤᠨ ᠠᠮᠠᠨ ᠵᠤᠬᠢᠶᠠᠯ ᠰᠤᠳᠤᠯᠬᠤ ᠬᠤᠷᠠᠯ ᠤᠨ ᠪᠠᠶᠢᠩᠭᠤ ᠶᠢᠨ ᠬᠡᠰᠢᠬᠦᠨ ᠢᠶᠠᠷ | ᠰᠤᠩᠭᠤᠭᠳᠠᠭᠰᠠᠨ ᠪᠦᠬᠡᠦᠨ ᠦᠪᠤᠷ ᠮᠤᠩᠭᠤᠯ ᠤᠨ ᠬᠤᠪᠢᠶᠠᠷᠢ ᠬᠤᠷᠠᠯ ᠤᠨ ᠲᠡᠷᠢᠬᠦᠯᠡᠭᠴᠢ ᠪᠠᠷ ᠠᠵᠢᠯᠯᠠᠵᠦ ᠪᠠᠶᠢᠵᠠᠢ | ᠃ | | ᠡᠷᠳᠡᠨᠢᠳᠤᠭᠳᠠᠬᠤ ᠲᠦᠴᠢ ᠭᠠᠷᠤᠢ ᠵᠢᠯ ᠮᠤᠩᠭᠤᠯ ᠬᠡᠯᠡ ᠪᠢᠴᠢᠭ ᠤᠨ ᠹᠷᠤᠨᠲ ᠲᠤ ᠠᠵᠢᠯᠯᠠᠬᠤ ᠳᠠᠭᠠᠨ | ᠢᠯᠠᠩᠭᠤᠶ᠎ᠠ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ ᠠᠴᠠ ᠨᠠᠰᠢ ᠮᠤᠩᠭᠤᠯ ᠬᠡᠯᠡ | ᠪᠢᠴᠢᠭ ᠤᠨ ᠠᠵᠢᠯ ᠢ ᠤᠳᠤᠷᠢᠤᠨᠬᠤ ᠶᠠᠪᠤᠳᠠᠯ ᠳᠤ ᠤᠷᠤᠯᠴᠠᠬᠤ ᠳᠠᠭᠠᠨ ᠨᠠᠮ ᠤᠨ ᠦᠨᠳᠦᠰᠦᠳᠡᠨ ᠤ ᠲᠦᠷᠦ ᠶᠢᠨ | ᠪᠤᠳᠤᠯᠭ᠎ᠠ ᠶᠢ ᠬᠡᠷᠡᠭᠵᠢᠬᠦᠯᠵᠦ᠂ ᠮᠤᠩᠭᠤᠯ ᠦᠬᠡ ᠬᠡᠯᠡ ᠦᠰᠦᠭ ᠪᠢᠴᠢᠭ ᠢᠶᠠᠨ ᠬᠦᠭᠵᠢᠬᠦᠯᠬᠦ ᠲᠤᠬᠠᠢ ᠮᠠᠰᠢ ᠤᠯᠠᠨ | ᠴᠢᠨᠡᠷ ᠰᠠᠶᠢᠳᠠᠢ ᠢᠯᠡᠦᠨᠬᠡᠯ ᠦᠬᠦᠯᠡᠯ ᠢ ᠨᠡᠶᠢᠳᠡᠯᠡᠬᠦᠯᠦᠭᠰᠡᠨ ᠶᠤᠮ᠃ ᠲᠡᠷᠡ ᠪᠠᠷ 1957 ᠤᠨ ᠳᠤ ᠲᠤᠮᠳᠠᠳᠤ | ᠤᠯᠤᠰ ᠤᠨ ᠮᠤᠩᠭᠤᠯ ᠬᠡᠯᠡ ᠪᠢᠴᠢᠭ ᠤᠨ ᠠᠵᠢᠯᠳᠠᠨ ᠤ ᠲᠦᠯᠦᠬᠡᠯᠡᠭᠴᠢᠦᠨ ᠤᠨ ᠪᠦᠯᠬᠦᠮ ᠤᠨ ᠲᠠᠷᠤᠭ᠎ᠠ ᠪᠠᠷ | ᠪᠦᠬᠦᠳᠡ ᠨᠠᠶᠢᠷᠠᠮᠳᠠᠬᠤ ᠮᠤᠩᠭᠤᠯ ᠠᠷᠠᠤᠨ ᠤᠯᠤᠰ ᠲᠤ ᠠᠶᠢᠯᠴᠢᠯᠠᠵᠦ᠂ ᠤᠯᠠᠭᠠᠨᠪᠠᠭᠠᠳᠤᠷ ᠲᠤ ᠮᠤᠩᠭᠤᠯ ᠦᠰᠦᠭ | ᠪᠢᠴᠢᠭ ᠤᠨ ᠡᠷᠳᠡᠮ ᠰᠢᠨᠵᠢᠯᠡᠬᠡᠨ ᠤ ᠬᠤᠷᠠᠯ ᠳᠤ ᠤᠷᠤᠯᠴᠠᠭᠰᠠᠨ ᠪᠠ 1959 ᠤᠨ ᠳᠤ ᠲᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠦᠯᠦᠬᠡᠯᠡᠭᠴᠢᠦᠨ ᠤᠨ ᠪᠦᠯᠬᠦᠮ ᠳᠤ ᠤᠷᠤᠵᠦ᠂ ᠤᠯᠠᠭᠠᠨᠪᠠᠭᠠᠳᠤᠷ ᠲᠤ | ᠪᠤᠯᠤᠭᠰᠠᠨ ᠲᠡᠯᠡᠬᠡᠢ ᠶᠢᠨ ᠠᠩᠬᠠᠳᠤᠭᠠᠷ ᠤᠳᠠᠭᠠᠨ ᠤ ᠮᠤᠩᠭᠤᠯ ᠬᠡᠯᠡ ᠤᠤᠠᠬ᠎ᠠ ᠵᠤᠬᠢᠶᠠᠯ ᠤᠨ ᠡᠷᠳᠡᠮ ᠰᠢᠨᠵᠢᠯᠡᠬᠡᠨ | ᠤ ᠬᠤᠷᠠᠯ ᠳᠤ ᠤᠷᠤᠯᠴᠠᠵᠠᠢ᠃ ᠲᠡᠷᠡ ᠪᠠᠰᠠ ᠤᠯᠠᠨ ᠭᠠᠵᠠᠷ ᠤᠨ ᠨᠤᠳᠤᠭ ᠤᠨ ᠠᠶᠠᠯᠭᠤ ᠨᠤᠭᠤᠳ ᠬᠤᠭᠤᠷᠤᠨᠳᠤ | ᠪᠠᠨ ᠵᠦᠷᠢᠶ᠎ᠠ ᠲᠠᠢ ᠪᠠᠶᠢᠭ᠎ᠠ ᠮᠦᠷᠳᠡᠬᠡᠨ ᠤᠯᠠᠮ ᠢᠶᠠᠷ ᠬᠤᠯᠠᠤᠨᠴᠤ ᠪᠠᠶᠢᠭᠰᠠᠨ ᠬᠠᠨᠳᠤᠰᠢ ᠳᠤ ᠴᠢᠭᠯᠡᠬᠦᠯᠦᠨ ︽ | ᠪᠠᠷᠢᠮᠳᠠ ᠪᠤᠯᠬᠤ ᠦᠬᠡ︾ ︵ᠤᠳᠤ ᠶᠢᠨ ᠬᠡᠯᠡ ᠵᠦᠢ ᠶᠢᠨ ᠨᠤᠮ ᠳᠤ ᠶᠠᠷᠢᠳᠠᠭ ᠰᠠᠭᠤᠷᠢ ᠠᠶᠠᠯᠭᠤ᠂ ᠪᠠᠷᠢᠮᠵᠢᠶ᠎ᠠ | ᠠᠪᠢᠶ᠎ᠠ︶ ᠶᠢ ᠲᠤᠭᠳᠠᠭᠠᠬᠤ ᠠᠰᠠᠭᠤᠳᠠᠯ ᠢ ᠮᠠᠨ ᠤ ᠤᠷᠤᠨ ᠳᠤ ᠠᠩᠬᠠᠳᠠᠭᠴᠢ ᠤᠳᠠᠭ᠎ᠠ ᠲᠤᠷᠠᠤᠨᠴᠠᠢ᠃ ᠡᠬᠦᠨ | ᠠᠴᠠ ᠭᠠᠳᠠᠨ᠎ᠠ ᠪᠠᠰᠠ ᠮᠤᠩᠭᠤᠯ ᠦᠰᠦᠭ ᠤᠨ ᠪᠢᠴᠢᠯᠬᠡ ᠶᠢᠨ ᠲᠦᠷᠰᠦ ᠬᠡᠯᠪᠡᠷᠢ ᠳᠤ ᠦᠬᠡᠷᠡᠴᠢᠯᠡᠯᠳᠡ | ᠤᠷᠤᠭᠤᠯᠬᠤ᠂ ᠲᠠᠶᠢᠨ ᠢᠯᠭᠠᠯ ᠤᠨ ᠲᠠᠭᠠᠪᠤᠷᠢ ᠶᠢ ᠴᠦᠬᠡᠴᠢᠯᠡᠬᠦ᠂ ᠭᠠᠵᠠᠷ ᠤᠷᠤᠨ ᠤ ᠨᠡᠷ᠎ᠡ ᠶᠢ ᠨᠢᠬᠡᠦᠨᠬᠡᠬᠦ᠂ | ᠵᠢᠬᠡᠯᠡᠯᠬᠡ ᠦᠬᠡ ᠶᠢ ᠲᠡᠮᠳᠡᠭᠯᠡᠬᠦ ᠦᠰᠦᠭ ᠢ ᠬᠡᠷᠡᠭᠯᠡᠬᠦ ᠵᠡᠷᠬᠡ ᠮᠠᠰᠢ ᠤᠯᠠᠨ ᠰᠢᠨ᠎ᠡ ᠰᠠᠨᠠᠭᠠᠴᠢᠯᠭ᠎ᠠ ᠲᠤᠷᠠᠳᠤᠭᠰᠠᠨ | ᠡᠷᠳᠡᠮᠳᠡᠨ ᠰᠤᠳᠤᠯᠭᠠᠳᠠᠨ ᠪᠢᠯᠡ᠃ | ᠦᠨᠦᠳᠦᠷ ᠤᠨ ᠮᠤᠩᠭᠤᠯᠴᠤᠤᠨ ᠲᠤ ᠡᠷᠳᠡᠨᠢᠳᠤᠭᠳᠠᠬᠤ ᠶᠢᠨ ᠲᠠᠯ᠎ᠠ ᠰᠢᠬᠠᠭᠤ ᠵᠢᠯ ᠤᠨ ᠡᠮᠦᠨ᠎ᠡ ᠪᠢᠴᠢᠭᠰᠡᠨ | ︽ᠬᠠᠭᠤᠴᠢᠨ ᠢᠶᠠᠨ ᠰᠢᠨ᠎ᠠ ᠪᠠᠷ ᠴᠢᠮᠡᠭᠯᠡᠶ᠎ᠡ︾ ᠬᠡᠰᠡᠨ ᠨᠠᠶᠢᠷᠠᠭᠤᠯᠤᠯ ᠤᠨ ᠲᠤᠳᠤᠷᠠᠬᠢ ︽ᠪᠢᠳᠠᠨᠠᠷ ᠬᠠᠭᠤᠴᠢᠨ ᠤ | ᠭᠠᠶᠢᠬᠠᠮᠰᠢᠭ ᠰᠠᠶᠢᠨ ᠳᠠᠭᠠᠨ᠂ ᠰᠢᠨ᠎ᠠ ᠶᠢᠨ ᠰᠢᠯᠢᠳᠡᠭ ᠮᠠᠩᠯᠠᠢ ᠶᠢ ᠰᠢᠮᠡᠦᠨᠬᠡᠪᠡᠰᠦ ᠮᠠᠨ ᠤ ᠮᠤᠩᠭᠤᠯ ᠤᠨ ᠮᠠᠨᠳᠤᠨ | ᠰᠠᠶᠢᠵᠢᠷᠠᠬᠤᠢ ᠳᠤᠷ ᠮᠠᠭᠠᠤᠨ ᠲᠤᠰᠠ ᠪᠤᠯᠤᠨ᠎ᠠ︾ ᠬᠡᠰᠡᠨ ᠦᠬᠡ ᠬᠡᠷᠡᠭ ᠲᠠᠢ ᠤᠤ ᠦᠬᠡᠢ ᠤᠤ︖ ᠪᠤᠳᠤᠭᠤᠰᠢᠳᠠᠢ | ᠶᠤᠮ᠃ ᠡᠷᠳᠡᠨᠢᠳᠤᠭᠳᠠᠬᠤ ᠭᠤᠸᠠᠢ ᠮᠤᠩᠭᠤᠯ ᠬᠡᠯᠡ ᠪᠢᠴᠢᠭ ᠤᠨ ᠠᠵᠢᠯ ᠢ ᠤᠳᠤᠷᠢᠤᠨᠬᠤ ᠶᠢᠨ ᠵᠡᠷᠬᠡᠪᠡᠷ ᠬᠡᠵᠢᠶᠡᠳᠡ | ᠪᠠᠶᠢᠴᠠᠭᠠᠨ ᠰᠤᠳᠤᠯᠤᠯᠳᠠ ᠲᠠᠢ ᠪᠠᠷ ᠰᠢᠨᠵᠢᠯᠡᠬᠦ ᠤᠬᠠᠭᠠᠨᠴᠢ ᠪᠠᠷ ᠳ᠋ᠦᠩᠨᠡᠵᠦ ᠬᠡᠯᠡ ᠪᠢᠴᠢᠭ ᠤᠨ ᠠᠵᠢᠯ ᠤᠳ ᠢ | ᠡᠷᠳᠡᠮ ᠰᠢᠨᠵᠢᠯᠡᠬᠡᠨ ᠤ ᠰᠤᠳᠤᠯᠭᠠᠨ ᠤ ᠬᠢᠷᠢ ᠲᠦᠪᠰᠢᠨ ᠳᠤ ᠬᠦᠷᠳᠡᠯ᠎ᠡ ᠲᠡᠬᠡᠭᠰᠢᠯᠡᠬᠦᠯᠵᠦ ᠪᠠᠶᠢᠳᠠᠭ᠃ ᠲᠡᠬᠦᠨ ᠤ | ᠬᠡᠯᠡᠭᠰᠡᠨ ᠰᠢᠭ ᠢᠶᠠᠷ ᠪᠦᠬᠦᠳᠡ ᠨᠠᠶᠢᠷᠠᠮᠳᠠᠬᠤ ᠲᠤᠮᠳᠠᠳᠤ ᠠᠷᠠᠤᠨ ᠤᠯᠤᠰ ᠤᠨ ᠦᠨᠳᠦᠰᠦᠨ ᠬᠠᠤᠯᠢ ᠳᠤ ︽ | ᠦᠨᠳᠦᠰᠦᠳᠡᠨ ᠨᠦᠭᠦᠳ ᠦᠬᠡ ᠬᠡᠯᠡ ᠦᠰᠦᠭ ᠪᠢᠴᠢᠭ ᠢᠶᠠᠨ ᠬᠡᠷᠡᠭᠯᠡᠨ ᠬᠦᠭᠵᠢᠬᠦᠯᠬᠦ ᠡᠷᠬᠡ ᠴᠢᠯᠦᠬᠡ ᠲᠠᠢ︾ ᠬᠡᠵᠦ | ᠲᠤᠭᠳᠠᠭᠠᠭᠰᠠᠨ ᠪᠠᠶᠢᠳᠠᠭ᠃ ᠲᠡᠬᠡᠪᠡᠯ ᠴᠤᠬᠤᠮ ᠶᠠᠭᠠᠬᠢᠪᠠᠯ ᠦᠬᠡ ᠬᠡᠯᠡ ᠦᠰᠦᠭ ᠪᠢᠴᠢᠭ ᠢ ᠬᠦᠭᠵᠢᠯ᠎ᠡ ᠬᠡᠵᠦ | ᠦᠵᠡᠬᠦ ᠪᠤᠢ︖ ᠮᠢᠨᠤ ᠤᠶᠢᠯᠠᠭᠠᠬᠤ ᠪᠠᠷ ᠰᠤᠷᠬᠤ ᠬᠦᠮᠦᠰ ᠤᠯᠠᠰᠢᠷᠠᠵᠦ᠂ ᠬᠡᠷᠡᠭᠯᠡᠬᠦ ᠬᠡᠪᠴᠢᠶ᠎ᠠ ᠦᠷᠬᠡᠵᠢᠬᠡᠦᠨ | ᠡᠷᠳᠡᠮ ᠰᠢᠨᠵᠢᠯᠡᠬᠡᠨ ᠤ ᠲᠦᠪᠰᠢᠨ ᠲᠡᠬᠡᠭᠰᠢᠯᠡᠬᠦ ᠶᠢᠨ ᠵᠡᠷᠬᠡᠴᠡᠭᠡ ᠪᠠᠷ ᠤᠤᠠᠬ᠎ᠠ ᠵᠤᠬᠢᠶᠠᠯ ᠤᠨ ᠬᠡᠯᠡ ᠪᠠᠶᠠᠯᠢᠭᠵᠢᠨ | ᠲᠦᠷᠢᠮᠵᠢᠵᠦ᠂ ᠢᠯᠡᠦᠨᠬᠡᠬᠦ ᠴᠢᠳᠠᠪᠤᠷᠢ ᠨᠢ ᠢᠯᠡᠦᠨᠳᠡ ᠲᠡᠬᠡᠭᠰᠢᠯᠡᠪᠡᠯ ᠰᠠᠶ᠋ᠢ ᠬᠦᠭᠵᠢᠭᠰᠡᠨ ᠤ ᠪᠠᠷᠢᠮᠵᠢᠶ᠎ᠠ ᠪᠤᠯᠤᠨ᠎ᠠ | ᠬᠡᠵᠦ ᠳ᠋ᠦᠩᠨᠡᠵᠦ ᠬᠡᠯᠡᠭᠰᠡᠨ ᠪᠦᠬᠡᠦᠨ ᠡᠨᠡ ᠦᠵᠡᠯᠳᠡ ᠪᠠᠨ ᠪᠠᠷᠢᠮᠳᠠᠯᠠᠭᠠᠤᠨ ᠢᠷᠡᠭᠰᠡᠨ ᠬᠠᠳᠠᠭᠤ ᠴᠢᠩᠭ᠎ᠠ ᠪᠤᠳᠤᠯᠭ᠎ᠠ | ᠲᠠᠢ ᠬᠢᠷᠠᠬᠠᠢ ᠬᠠᠷᠠᠴᠠ ᠬᠤᠯᠠ ᠶᠢᠨ ᠤᠬᠠᠭᠠᠨ ᠲᠠᠢ ᠮᠤᠩᠭᠤᠯ ᠰᠤᠶᠤᠯ ᠤᠨ ᠨᠤᠶᠠᠨ ᠨᠢᠷᠤᠭᠤ ᠪᠠᠶᠢᠭᠰᠠᠨ ᠶᠤᠮ᠃ | ᠦᠨᠦᠳᠦᠷ ᠪᠢᠳᠡ ᠡᠷᠳᠡᠨᠢᠳᠤᠭᠳᠠᠬᠤ ᠭᠤᠸᠠᠢ ᠶᠢᠨ ᠮᠡᠨᠳᠦᠯᠡᠭᠰᠡᠨ ᠵᠠᠭᠤᠨ ᠵᠢᠯ ᠤᠨ ᠤᠢ ᠶᠢ ᠲᠤᠷᠠᠰᠬᠠᠨ | ᠲᠡᠮᠳᠡᠭᠯᠡᠵᠦ ᠪᠠᠶᠢᠭ᠎ᠠ ᠡᠨᠡ ᠴᠠᠭ ᠮᠦᠴᠡ ᠳᠤ ᠲᠡᠬᠦᠨ ᠤ ᠮᠤᠩᠭᠤᠯ ᠬᠡᠯᠡ ᠰᠤᠶᠤᠯ ᠳᠠᠭᠠᠨ ᠦᠵᠡᠬᠦᠯᠦᠭᠰᠡᠨ ᠭᠠᠩᠳᠠᠨ | ᠪᠠᠭᠤᠷᠠᠰᠢ ᠦᠬᠡᠢ ᠭᠠᠪᠢᠶ᠎ᠠ ᠵᠢᠦᠨᠬᠦᠯ ᠬᠤᠯᠠᠴᠢ ᠤᠬᠠᠭᠠᠨ ᠬᠦᠨ ᠪᠤᠳᠤᠯᠭ᠎ᠠ ᠶᠢ ᠬᠦᠨᠳᠦᠦᠨᠬᠡᠨ ᠪᠢᠰᠢᠷᠡᠬᠦ ᠦᠬᠡᠢ | ᠪᠠᠶᠢᠬᠤ ᠶᠢᠨ ᠠᠷᠭ᠎ᠠ ᠦᠬᠡᠢ ᠪᠦᠬᠡᠦᠨ ᠦᠨᠦᠳᠦᠷ ᠤᠨ ᠮᠤᠩᠭᠤᠯ ᠬᠡᠯᠡ ᠰᠤᠶᠤᠯ ᠤᠨ ᠬᠦᠭᠵᠢᠯᠳᠡ ᠶᠢᠨ ᠬᠡᠬᠡᠨ ᠵᠠᠮ | ᠢ ᠠᠮᠢ ᠨᠠᠰᠤ ᠪᠠᠷ ᠢᠶᠠᠨ ᠬᠠᠮᠠᠭᠠᠯᠠᠵᠦ ᠦᠪᠯᠡᠬᠦᠯᠵᠦ ᠤᠯᠠᠮᠵᠢᠯᠠᠵᠦ ᠢᠷᠡᠭᠰᠡᠨ ᠲᠡᠬᠦᠨ ᠳᠤ ᠬᠠᠮᠤᠭ ᠤᠨ ᠶᠡᠭᠡ | ᠬᠦᠨᠳᠦᠦᠨᠬᠡᠯ ᠦᠵᠡᠬᠦᠯᠬᠦ ᠶᠤᠰᠤᠳᠠᠢ ᠪᠢᠯᠡ᠃ | | | | | |