︽ᠤᠨᠲᠠᠷᠠᠰᠢ ᠦᠭᠡᠢ ᠮᠦᠩᠬᠡ ᠶᠢᠨ ᠵᠤᠯᠠ︾ ᠴᠤᠪᠤᠷᠠᠯ ᠮᠡᠳᠡᠭᠡᠯᠡᠯ ︵ᠨᠢᠭᠡ︶
ᠨᠡᠶᠢᠲᠡᠯᠡᠭᠰᠡᠨ ᠴᠠᠭ᠄
2016-12-09
        ᠮᠤᠩᠭᠤᠯ ᠰᠤᠶᠤᠯ ᠤᠨ ᠵᠢᠳᠬᠦᠯᠳᠡᠨ ᠡᠷᠳᠡᠨᠢᠳᠤᠭᠳᠠᠬᠤ ᠨᠦᠬᠦᠷ ᠤᠨ ᠲᠤᠪᠴᠢ ᠨᠠᠮᠳᠠᠷ
        ᠮᠤᠩᠭᠤᠯ ᠰᠤᠶᠤᠯ ᠤᠨ ᠭᠠᠷᠮᠠᠭᠠᠢ ᠵᠢᠳᠬᠦᠯᠳᠡᠨ᠂ ᠮᠤᠩᠭᠤᠯ ᠭᠡᠯᠡ ᠪᠢᠴᠢᠭ ᠤᠨ ᠠᠯᠳᠠᠷᠳᠦ ᠡᠷᠳᠡᠮᠳᠡᠨ᠂ ᠮᠤᠩᠭᠤᠯ ᠦᠨᠳᠦᠰᠦᠳᠡᠨ ᠤ ᠤᠷᠴᠢᠨ ᠦᠶ᠎ᠡ ᠶᠢᠨ ᠨᠡᠷᠡᠳᠦ ᠵᠤᠬᠢᠶᠠᠯᠴᠢ᠂ ᠠᠯᠳᠠᠷᠳᠦ ᠤᠳᠬ᠎ᠠ ᠵᠤᠬᠢᠶᠠᠯ ᠰᠤᠳᠤᠯᠤᠭᠠᠴᠢ᠂ ᠤᠷᠴᠢᠭᠤᠯᠤᠭᠴᠢ᠂ ᠫᠷᠤᠹᠧᠰᠰᠤᠷ ᠡᠷᠳᠡᠨᠢᠳᠤᠭᠳᠠᠬᠤ ᠨᠦᠬᠦᠷ 1916 ᠤᠨ ᠳᠤ ᠦᠪᠦᠷ ᠮᠤᠩᠭᠤᠯ ᠤᠨ ᠭᠡᠰᠢᠭᠳᠡᠨ ᠬᠤᠰᠢᠭᠤᠨ ᠤ ᠪᠠᠶᠠᠨᠴᠠᠭᠠᠨ ᠰᠤᠮᠤ ᠶᠢᠨ ᠵᠢᠷᠢ ᠭᠠᠴᠠᠭ᠎ᠠ ᠳᠤ ᠮᠠᠯᠴᠢᠨ ᠲᠦᠮᠡᠨᠰᠠᠩ ᠤᠨ ᠬᠦᠪᠡᠬᠦᠨ ᠪᠤᠯᠤᠨ ᠵᠠᠶᠠᠭᠠᠵᠠᠢ᠃ ᠲᠡᠷᠡ 1932 —1935 ᠤᠨ ᠳᠤ ᠬᠤᠰᠢᠭᠤᠨ ᠤ ᠪᠠᠨ ᠪᠦᠷᠢᠨ ᠪᠠᠭ᠎ᠠ ᠰᠤᠷᠭᠠᠭᠤᠯᠢ ᠳᠤ ᠰᠤᠷᠤᠯᠴᠠᠵᠦ᠂ 1935—1939 ᠤᠨ ᠳᠤ ᠸᠠᠩ ᠤᠨ ᠰᠦᠮ᠎ᠡ ᠳᠠᠬᠢ ᠬᠢᠩᠭᠠᠨ ᠰᠤᠷᠭᠠᠯ  ᠤᠨ ᠬᠤᠷᠢᠶᠠᠨ ᠳᠤ ᠰᠤᠷᠤᠯᠴᠠᠵᠠᠢ᠃ 1940—1944 ᠤᠨ ᠳᠤ ᠺᠠᠶᠢᠯᠦ ᠶᠢᠨ ᠨᠢᠭᠡᠳᠦᠭᠡᠷ ᠲᠤᠮᠳᠠᠳᠦ ᠰᠤᠷᠭᠠᠭᠤᠯᠢ ᠳᠤ ᠮᠤᠩᠭᠤᠯ ᠭᠡᠯᠡ ᠪᠢᠴᠢᠭ ᠤᠨ ᠪᠠᠭᠰᠢ ᠪᠠᠷ ᠠᠵᠢᠯᠯᠠᠬᠤ ᠶᠢᠨ ᠲᠠᠭᠠᠤ ︽ᠤᠯᠠᠭᠠᠨ ᠪᠠᠷᠰ︾ ᠰᠡᠳᠬᠦᠯ ᠳᠤ ᠨᠠᠶᠢᠷᠠᠭᠤᠯᠤᠭᠴᠢ᠂ ᠡᠷᠬᠢᠯᠡᠭᠰᠡᠨ ᠨᠠᠶᠢᠷᠠᠭᠤᠯᠤᠭᠴᠢ ᠪᠠᠷ ᠠᠵᠢᠯᠯᠠᠪᠠ᠃ 1944—1945 ᠤᠨ  ᠳᠤ ᠬᠢᠩᠭᠠᠨ ᠶᠡᠷᠦᠩᠭᠡᠢ ᠮᠤᠵᠢ ᠶᠢᠨ ᠸᠠᠩ ᠤᠨ ᠰᠦᠮ᠎ᠡ ᠶᠢᠨ ᠦᠬᠢᠳ ᠤᠨ ᠲᠤᠮᠳᠠᠳᠦ ᠰᠤᠷᠭᠠᠭᠤᠯᠢ ᠳᠤ ᠪᠠᠭᠰᠢᠯᠠᠬᠤ ᠶᠢᠨ ᠲᠠᠭᠠᠤ ᠬᠢᠩᠭᠠᠨ ᠶᠡᠷᠦᠩᠭᠡᠢ ᠮᠤᠵᠢ ᠶᠢᠨ ᠨᠠᠶᠢᠷᠠᠭᠤᠯᠬᠤ ᠲᠠᠰᠤᠭ ᠲᠤ ᠠᠵᠢᠯ ᠬᠠᠷᠢᠭᠤᠴᠠᠪᠠ᠃ 1945—1946 ᠤᠨ ᠳᠤ ᠦᠪᠦᠷ ᠮᠤᠩᠭᠤᠯ ᠤᠨ ᠠᠷᠠᠳ ᠤᠨ ᠬᠤᠪᠢᠰᠬᠠᠯᠳᠦ ᠨᠠᠮ ᠤᠨ ᠰᠤᠷᠳᠠᠯ ᠤᠬᠠᠭᠤᠯᠭ᠎ᠠ ᠶᠢᠨ ᠠᠵᠢᠯᠳᠠᠨ᠂ ᠤᠯᠠᠭᠠᠨᠬᠤᠳᠠ ᠳᠠᠬᠢ ᠵᠡᠬᠦᠨ ᠮᠤᠩᠭᠤᠯ ᠤᠨ ᠺᠠᠳ᠋ᠷ ᠤᠨ ᠰᠤᠷᠭᠠᠭᠤᠯᠢ ᠶᠢᠨ ᠪᠠᠭᠰᠢ᠂ ᠵᠡᠬᠦᠨ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠤ ᠪᠠᠶᠢᠴᠠᠭᠠᠬᠤ ᠰᠠᠯᠠᠭᠠᠨ ᠤ ᠲᠠᠷᠤᠭ᠎ᠠ ᠪᠠᠷ ᠠᠵᠢᠯᠯᠠᠵᠠᠢ᠃ 1946—1947 ᠤᠨ ᠳᠤ ᠸᠠᠩ ᠤᠨ ᠰᠦᠮ᠎ᠡ ᠳᠠᠬᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠯᠪᠤᠭᠠᠳᠦ ᠬᠤᠷᠠᠯ ᠤᠨ ᠬᠦᠢᠴᠡᠳᠭᠡᠬᠦ ᠭᠡᠰᠢᠬᠦᠨ᠂ ᠵᠡᠬᠦᠨ ᠮᠤᠩᠭᠤᠯ ᠤᠨ ᠬᠤᠪᠢᠶᠠᠷᠢ ᠬᠤᠷᠠᠯ  ᠤᠨ ᠤᠬᠠᠭᠤᠯᠬᠤ ᠭᠡᠯᠳᠡᠰ ᠤᠨ ᠲᠡᠳ᠋ ᠲᠠᠷᠤᠭ᠎ᠠ ᠪᠠᠷ ᠠᠵᠢᠯᠯᠠᠬᠤ ᠶᠢᠨ ᠬᠠᠮᠳᠦ ᠲᠤᠰ ᠬᠤᠷᠠᠯ ᠤᠨ ᠬᠠᠶᠢᠯᠠᠷ ᠳᠠᠬᠢ ᠭᠡᠷᠡᠭ ᠡᠷᠬᠢᠯᠡᠬᠦ ᠭᠠᠵᠠᠷ ᠤᠨ ᠪᠢᠴᠢᠭᠡᠴᠢ᠂ ᠬᠦᠯᠦᠨ ᠪᠤᠶᠢᠷ ᠤᠨ ᠰᠤᠶᠤᠯ ᠢ ᠠᠬᠢᠭᠤᠯᠬᠤ ᠬᠤᠷᠠᠯ ᠤᠨ ᠡᠷᠬᠢᠯᠡᠭᠴᠢ᠂ ᠸᠠᠩ ᠤᠨ ᠰᠦᠮ᠎ᠡ ᠳᠠᠬᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠵᠠᠰᠠᠭ ᠤᠨ ᠤᠷᠳᠤᠨ ᠤ ᠲᠡᠳ᠋ ᠲᠢᠩᠬᠢᠮ ᠤᠨ ᠲᠠᠷᠤᠭ᠎ᠠ᠂ ᠴᠢᠴᠢᠬᠠᠷ ᠳᠠᠬᠢ ᠦᠪᠦᠷ ᠮᠤᠩᠭᠤᠯ ᠤᠨ ᠴᠡᠷᠢᠭ ᠵᠠᠰᠠᠭ ᠤᠨ ᠶᠡᠭᠡ ᠰᠤᠷᠭᠠᠭᠤᠯᠢ ᠳᠤ ᠪᠠᠭᠰᠢᠯᠠᠪᠠ᠃ 1948—1949 ᠤᠨ ᠳᠤ ᠤᠯᠠᠭᠠᠨᠬᠤᠳᠠ ᠳᠠᠬᠢ ᠲᠤᠮᠳᠠᠳᠦ ᠤᠯᠤᠰ ᠤᠨ ᠡᠪ ᠬᠠᠮᠳᠦ ᠨᠠᠮ ᠤᠨ ᠦᠪᠦᠷ ᠮᠤᠩᠭᠤᠯ ᠤᠨ ᠰᠤᠷᠭᠠᠭᠤᠯᠢ ᠳᠤ ᠰᠤᠷᠤᠯᠴᠠᠵᠠᠢ᠃ 1949 —1951 ᠤᠨ ᠳᠤ ᠤᠯᠠᠭᠠᠨᠬᠤᠳᠠ ᠳᠠᠬᠢ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠤ ᠮᠤᠩᠭᠤᠯ ᠨᠠᠶᠢᠷᠠᠭᠤᠯᠬᠤ ᠭᠡᠯᠳᠡᠰ ᠤᠨ ᠲᠡᠳ᠋ ᠡᠷᠬᠢᠯᠡᠭᠴᠢ᠂ 1951—1952 ᠤᠨ ᠳᠤ ᠵᠠᠩ ᠵᠢᠶᠠ ᠺᠸᠦ ᠳᠠᠬᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠭᠡᠪᠯᠡᠯ ᠤᠨ ᠲᠤᠪᠴᠢᠶᠠᠨ ᠤ ᠬᠢᠨᠠᠨ ᠪᠠᠶᠢᠴᠠᠭᠠᠬᠤ ᠲᠠᠰᠤᠭ ᠤᠨ ᠲᠡᠳ᠋ ᠡᠷᠬᠢᠯᠡᠭᠴᠢ᠂ 1952—1956 ᠤᠨ ᠳᠤ ᠬᠦᠭᠡᠬᠤᠳᠠ ᠳᠠᠬᠢ ᠦᠪᠦᠷ ᠮᠤᠩᠭᠤᠯ ᠤᠨ ᠠᠷᠠᠳ ᠤᠨ ᠭᠡᠪᠯᠡᠯ ᠤᠨ ᠬᠤᠷᠢᠶᠠᠨ ᠤ ᠬᠤᠷᠢᠶᠠᠨ ᠲᠠᠷᠤᠭ᠎ᠠ᠂ ᠪᠠᠰᠠ ᠰᠤᠶᠤᠯ ᠰᠤᠷᠭᠠᠨ ᠬᠦᠮᠦᠵᠢᠯ ᠤᠨ ᠵᠦᠪᠯᠡᠯ ᠤᠨ ᠭᠡᠰᠢᠬᠦᠨ᠂ ᠨᠠᠮ ᠤᠨ ᠲᠤᠭᠤᠶᠢᠯᠠᠩ ᠤᠨ ᠭᠡᠰᠢᠬᠦᠨ᠂ ᠮᠤᠩᠭᠤᠯ ᠭᠡᠯᠡ ᠪᠢᠴᠢᠭ ᠰᠤᠳᠤᠯᠬᠤ ᠬᠤᠷᠠᠯ ᠤᠨ ᠲᠡᠳ᠋ ᠡᠷᠬᠢᠯᠡᠭᠴᠢ᠂ ︽ᠮᠠᠤ ᠽᠧ ᠳ᠋ᠦᠩ ᠤᠨ ᠰᠤᠩᠭᠤᠮᠠᠯ ᠵᠤᠬᠢᠶᠠᠯ︾ ᠢ ᠮᠤᠩᠭᠤᠯᠴᠢᠯᠠᠨ ᠭᠡᠪᠯᠡᠬᠦᠯᠬᠦ ᠺᠤᠮᠢᠰ ᠤᠨ ᠲᠡᠳ᠋ ᠡᠷᠬᠢᠯᠡᠭᠴᠢ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠦ ᠪᠠᠶᠢᠪᠠ᠃ 1955 ᠤᠨ ᠤ 6 ᠰᠠᠷ᠎ᠠ ᠳᠤ ᠮᠤᠩᠭᠤᠯ ᠭᠡᠯᠡ ᠪᠢᠴᠢᠭ ᠰᠤᠳᠤᠯᠬᠤ ᠬᠤᠷᠠᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠦᠪᠯᠡᠯ ᠤᠨ ᠮᠤᠩᠭᠤᠯ ᠦᠰᠦᠭ ᠪᠢᠴᠢᠭ ᠦᠭᠡᠷᠡᠴᠢᠯᠡᠬᠦ ᠵᠦᠪᠯᠡᠯ ᠭᠡᠵᠦ ᠬᠠᠯᠠᠬᠤ ᠳᠤ ᠡᠷᠳᠡᠨᠢᠳᠤᠭᠳᠠᠬᠤ ᠮᠦᠨ ᠲᠡᠳ᠋ ᠡᠷᠬᠢᠯᠡᠭᠴᠢ ᠪᠠᠷ ᠲᠤᠮᠢᠯᠠᠭᠳᠠᠪᠠ᠃
       1957 ᠤᠨ ᠳᠤ ᠦᠪᠦᠷ ᠮᠤᠩᠭᠤᠯ ᠤᠨ ᠮᠤᠩᠭᠤᠯ ᠲᠡᠦᠭᠡ ᠭᠡᠯᠡ ᠪᠢᠴᠢᠭ ᠰᠤᠳᠤᠯᠬᠤ ᠭᠠᠵᠠᠷ ᠪᠠᠶᠢᠭᠤᠯᠤᠭᠳᠠᠬᠤ ᠦᠶ᠎ᠡ ᠳᠤ ᠲᠠᠷᠤᠭ᠎ᠠ ᠪᠠᠷ ᠲᠤᠮᠢᠯᠠᠭᠳᠠᠪᠠ᠃ 1958 ᠤᠨ ᠳᠤ ᠤᠯᠠᠭᠠᠨᠬᠦᠦ ᠲᠡᠷᠢᠬᠦᠯᠡᠭᠴᠢ ᠡᠷᠳᠡᠨᠢᠳᠤᠭᠳᠠᠬᠤ ᠶᠢ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠲᠤᠰᠢᠶᠠᠯ ᠬᠠᠪᠰᠤᠷᠭᠠᠭᠰᠠᠨ ᠫᠷᠤᠹᠧᠰᠰᠤᠷ ᠢᠶᠠᠷ ᠤᠷᠢᠪᠠ᠃ 1961 ᠤᠨ ᠳᠤ ᠲᠤᠮᠳᠠᠳᠦ ᠤᠯᠤᠰ  ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠦᠪᠦᠷ ᠮᠤᠩᠭᠤᠯ ᠤᠨ ᠬᠤᠪᠢᠶᠠᠷᠢ ᠬᠦᠷᠢᠶᠡᠯᠡᠩ ᠤᠨ ᠲᠡᠳ᠋ ᠲᠠᠷᠤᠭ᠎ᠠ  ᠪᠠᠷ ᠲᠤᠮᠢᠯᠠᠭᠳᠠᠪᠠ᠃  ︽ᠰᠤᠶᠤᠯ ᠤᠨ ᠬᠤᠪᠢᠰᠬᠠᠯ︾ ᠤᠨ ᠠᠷᠪᠠᠨ ᠵᠢᠯ ᠳᠤ ᠡᠷᠳᠡᠨᠢᠳᠤᠭᠳᠠᠬᠤ ᠨᠦᠬᠦᠷ ᠲᠠᠷᠴᠢᠯᠭᠠᠭᠳᠠᠵᠦ᠂ 1975 ᠤᠨ ᠳᠤ ᠬᠢᠯᠢᠰ ᠢᠶᠠᠨ ᠴᠠᠭᠠᠳᠬᠠᠭᠤᠯᠵᠠᠢ᠃1977 ᠤᠨ ᠠᠴᠠ ᠲᠠᠬᠢᠨ ᠦᠪᠦᠷ ᠮᠤᠩᠭᠤᠯ ᠤᠨ ᠮᠤᠩᠭᠤᠯ ᠭᠡᠯᠡ ᠪᠢᠴᠢᠭ ᠤᠨ ᠠᠵᠢᠯ ᠤᠨ ᠵᠦᠪᠯᠡᠯ ᠤᠨ ᠲᠡᠳ᠋ ᠡᠷᠬᠢᠯᠡᠭᠴᠢ᠂ ᠨᠠᠢᠮᠠᠨ ᠮᠤᠵᠢ ᠤᠷᠤᠨ ᠤ ᠮᠤᠩᠭᠤᠯ ᠭᠡᠯᠡ ᠪᠢᠴᠢᠭ ᠤᠨ ᠠᠵᠢᠯ ᠤᠨ ᠬᠠᠮᠵᠢᠯᠴᠠᠬᠤ ᠲᠤᠭᠤᠶᠢᠯᠠᠩ ᠤᠨ ᠠᠯᠪᠠᠨ ᠭᠡᠷ ᠤᠨ ᠨᠠᠮ ᠤᠨ ᠲᠣᠭᠤᠶᠢᠯᠠᠩ  ᠤᠨ ᠭᠡᠰᠢᠬᠦᠨ ᠪᠤᠯᠪᠠ᠃ 1979 ᠤᠨ ᠳᠤ ᠪᠦᠬᠦ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭᠠᠨ ᠤ ᠭᠡᠰᠢᠬᠦᠨ᠂ ᠪᠦᠬᠦ ᠤᠯᠤᠰ ᠤᠨ ᠠᠷᠠᠳ ᠤᠨ ᠠᠮᠠᠨ ᠤᠷᠠᠯᠢᠭ ᠰᠤᠳᠤᠯᠬᠤ ᠬᠤᠷᠠᠯ ᠤᠨ ᠲᠡᠳ᠋ ᠲᠡᠷᠢᠬᠦᠯᠡᠭᠴᠢ ᠪᠠᠷ ᠰᠤᠩᠭᠤᠭᠳᠠᠭᠰᠠᠨ ᠪᠦᠭᠡᠳ ᠲᠤᠮᠳᠠᠳᠦ ᠤᠯᠤᠰ ᠤᠨ ᠠᠷᠠᠳ ᠤᠨ ᠠᠮᠠᠨ ᠵᠤᠬᠢᠶᠠᠯ ᠰᠤᠳᠤᠯᠬᠤ ᠬᠤᠷᠠᠯ ᠤᠨ ᠲᠡᠷᠢᠬᠦᠯᠡᠭᠴᠢ ᠶᠢᠨ ᠲᠤᠰᠢᠶᠠᠯ ᠢ ᠨᠢ ᠰᠡᠷᠬᠦᠭᠡᠵᠦ ᠦᠭᠪᠡ᠃ 1979 ᠤᠨ ᠳᠤ ᠲᠤᠮᠳᠠᠳᠦ ᠤᠯᠤᠰ ᠤᠨ ᠮᠤᠩᠭᠤᠯ ᠭᠡᠯᠡ ᠪᠢᠴᠢᠭ ᠤᠨ ᠰᠢᠨᠵᠢᠯᠡᠭᠡᠨ ᠤ ᠨᠡᠶᠢᠭᠡᠮᠯᠢᠭ ᠤᠨ ᠭᠡᠷᠡᠭ ᠮᠡᠳᠡᠭᠴᠢᠳ ᠤᠨ ᠲᠠᠷᠤᠭ᠎ᠠ ᠪᠠᠷ ᠰᠣᠩᠭᠤᠭᠳᠠᠵᠦ᠂ 1981 ᠤᠨ ᠳᠤ ᠪᠠᠷᠠᠭᠤᠨ ᠬᠤᠶᠢᠳᠦ ᠶᠢᠨ ᠦᠨᠳᠦᠰᠦᠳᠡᠨ ᠤ ᠲᠡᠭᠡᠳᠦ ᠰᠤᠷᠭᠠᠭᠤᠯᠢ ᠶᠢᠨ ᠨᠡᠷ᠎ᠡ ᠬᠦᠨᠳᠦᠳᠦ ᠫᠷᠤᠹᠰᠰᠤᠷ ᠢᠶᠠᠷ ᠤᠷᠢᠭᠳᠠᠪᠠ᠃ 1984 ᠤᠨ ᠤ 4 ᠰᠠᠷ᠎ᠠ ᠶᠢᠨ 21 ᠳᠤ ᠠᠵᠢᠯ ᠤᠨ ᠠᠮᠠᠷᠠᠯᠳᠠ ᠪᠠᠨ ᠠᠪᠴᠦ᠂ 2001 ᠤᠨ ᠤ 1 ᠰᠠᠷ᠎ᠠ ᠶᠢᠨ 23 ᠤ ᠡᠳᠦᠷ ᠬᠦᠭᠡᠬᠤᠳᠠ ᠳᠤ ᠲᠠᠭᠠᠯᠠᠯ ᠲᠡᠬᠦᠰᠪᠡ᠃ ᠨᠠᠰᠤᠨ ᠰᠡᠬᠦᠳᠡᠷ ᠨᠠᠶᠠᠨ ᠲᠠᠪᠤ ᠲᠠᠢ᠃         ᠡᠷᠳᠡᠨᠢᠳᠤᠭᠳᠠᠬᠤ ᠨᠦᠬᠦᠷ ᠪᠤᠯ ᠵᠠᠰᠠᠭ ᠵᠠᠬᠢᠷᠭᠠᠨ ᠤ ᠤᠳᠤᠷᠢᠳᠬᠤ ᠪᠠᠶᠢᠷᠢᠨ ᠳᠤ ᠤᠳᠠᠭᠠᠨ ᠵᠢᠯ ᠠᠵᠢᠯᠯᠠᠭᠰᠠᠨ ᠮᠠᠨ ᠤ ᠤᠯᠤᠰ ᠤᠨ ᠮᠤᠩᠭᠤᠯ ᠭᠡᠯᠡ ᠪᠢᠴᠢᠭ ᠤᠨ ᠠᠵᠢᠯ ᠢ ᠵᠦᠪ ᠵᠠᠮ ᠢᠶᠠᠷ ᠬᠦᠳᠦᠯᠦᠭᠰᠡᠨ ᠭᠠᠷᠮᠠᠭᠠᠢ ᠲᠠᠭᠠᠭᠤᠯᠤᠭᠴᠢ᠂ ᠲᠤᠮᠳᠠᠳᠦ ᠤᠯᠤᠰ ᠤᠨ ᠮᠤᠩᠭᠤᠯ ᠭᠡᠯᠡ ᠰᠢᠨᠵᠢᠯᠡᠯ ᠤᠨ ᠰᠠᠭᠤᠷᠢᠯᠠᠭᠴᠢ᠂ ᠢᠨᠵᠠᠨᠨᠠᠰᠢ ᠰᠤᠳᠤᠯᠤᠯ ᠤᠨ ᠰᠠᠭᠤᠷᠢᠯᠠᠭᠴᠢ᠂ ᠲᠤᠮᠳᠠᠳᠦ ᠤᠯᠤᠰ ᠤᠨ ᠮᠤᠩᠭᠤᠯ ᠤᠳᠬ᠎ᠠ ᠵᠤᠬᠢᠶᠠᠯ ᠤᠨ ᠲᠡᠦᠭᠡ ᠰᠤᠳᠤᠯᠤᠯ ᠤᠨ ᠰᠠᠭᠤᠷᠢᠯᠠᠭᠴᠢ ᠪᠠᠶᠢᠵᠦ᠂ ᠨᠠᠮ ᠤᠨ ᠦᠨᠳᠦᠰᠦᠳᠡᠨ ᠤ ᠦᠭᠡ ᠭᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ  ᠶᠢ ᠢᠳᠡᠪᠬᠢᠳᠡᠢ ᠲᠤᠤᠱᠯᠠᠭᠤᠯᠵᠦ᠂ ᠨᠠᠰᠤᠨ ᠲᠤᠷᠰᠢᠳᠠ ᠮᠤᠩᠭᠤᠯ ᠭᠡᠯᠡ ᠪᠢᠴᠢᠭ ᠢᠶᠠᠨ ᠵᠢᠭᠠᠵᠦ ᠰᠤᠷᠭᠠᠬᠤ᠂ ᠰᠤᠳᠤᠯᠵᠦ ᠰᠢᠨᠵᠢᠯᠡᠬᠦ᠂ ᠡᠷᠬᠦᠨ ᠬᠦᠨᠳᠦᠯᠡᠵᠦ ᠡᠷᠡᠬᠦᠯ ᠰᠠᠷᠠᠭᠤᠯ ᠠᠪᠴᠦ ᠶᠠᠪᠤᠬᠤ ᠶᠢᠨ ᠲᠦᠯᠦᠭᠡ ᠯᠠ ᠴᠦᠬᠦᠷᠡᠯ ᠦᠭᠡᠢ ᠲᠡᠮᠡᠴᠡᠵᠦ᠂ ᠪᠠᠯᠠᠷᠠᠰᠢ ᠦᠭᠡᠢ ᠭᠠᠪᠢᠶ᠎ᠠ ᠵᠢᠳᠬᠦᠯ ᠢᠶᠠᠨ ᠬᠠᠨᠳᠢᠪᠯᠠᠵᠦ᠂ ᠬᠦᠮᠦᠰ ᠤᠨ ᠰᠡᠳᠬᠢᠯ ᠳᠤ ᠬᠦᠷᠡᠯ ᠬᠦᠰᠢᠶ᠎ᠡ ᠪᠠᠨ ᠪᠤᠰᠬᠠᠵᠦ᠂ ᠲᠡᠦᠭᠡ ᠰᠤᠳᠤᠷ ᠤᠨ ᠠᠯᠳᠠᠨ ᠬᠠᠭᠤᠳᠠᠰᠤᠨ᠎ᠠ ᠲᠡᠮᠳᠡᠭᠯᠡᠭᠳᠡᠭᠰᠡᠨ ᠪᠢᠯᠡ᠃
 
ᠢᠷᠡᠯᠲᠡ᠄ ᠬᠡᠰᠢᠭᠳᠡᠨ ᠬᠤᠰᠢᠭᠤᠨ ᠤ ︽ᠷᠤᠯᠭᠠᠷᠵᠠᠪ︾ ᠠᠷᠠᠳ ᠤᠨ ᠰᠤᠶᠤᠯ ᠤᠷᠠᠯᠢᠭ ᠤᠨ ᠨᠡᠶᠢᠬᠡᠮᠯᠢᠭ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号