| | ᠰᠤᠷᠪᠤᠯᠵᠢᠯᠠᠭᠰᠠᠨ ᠴᠠᠭ᠄ 2015 ᠣᠨ ᠤ 8 ᠳ᠋ᠤᠭᠠᠷ ᠰᠠᠷ᠎ᠠ ᠶᠢᠨ 19 ᠤ ᠡᠳᠦᠷ ᠤᠨ 10 ᠴᠠᠭ | ᠰᠤᠷᠪᠤᠯᠵᠢᠯᠠᠭᠰᠠᠨ ᠵᠣᠴᠢᠨ᠄ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ | ᠵᠦᠪᠯᠡᠯ ᠶᠢᠨ ᠳᠡᠳ᠋ ᠡᠷᠬᠢᠯᠡᠭᠴᠢ ᠵᠠᠩ ᠪᠠᠢ ᠴᠧᠩ ᠢ ᠰᠤᠷᠪᠤᠯᠵᠢᠯᠠᠭᠰᠠᠨ ᠲᠣᠪᠴᠢ ᠲᠠᠨᠢᠯᠴᠠᠭᠤᠯᠭ᠎ᠠ᠄ ︽︿ᠢᠨᠲ᠋ᠧᠷ | ᠰᠦᠯᠵᠢᠶ᠎ᠡ +﹀ ᠠᠵᠢᠯ ᠢ ᠲᠥᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ︵ᠳᠣᠷᠣᠭᠰᠢ ︽ᠰᠠᠨᠠᠯ︾ | ᠭᠡᠵᠦ ᠳᠦᠭᠦᠮᠴᠢᠯᠡᠨ᠎ᠡ︶ ᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠤ ᠲᠤᠰᠬᠠᠢ ᠰᠡᠳᠦᠪᠲᠦ ᠬᠤᠷᠠᠯ ᠵᠶᠡᠷ ᠬᠢᠨᠠᠨ ᠵᠦᠪᠯᠡᠵᠦ ᠪᠠᠲᠤᠯᠠᠭᠠᠳ ᠦᠪᠦᠷ ᠵᠠᠰᠠᠭ ᠠᠯᠪᠠᠨ | ᠲᠠᠷᠬᠠᠭᠠᠭᠰᠠᠨ ﹇2015﹈ 61 ᠳ᠋ᠦ᠋ᠭᠡᠷ ᠲᠤᠭᠠᠲᠤ ᠪᠢᠴᠢᠭ ᠮᠠᠲ᠋ᠧᠷᠢᠶᠠᠯ ᠢᠶᠠᠷ ᠢᠯᠡ ᠨᠡᠶᠢᠲᠡᠯᠡᠪᠡ᠃ ᠨᠡᠶᠢᠭᠡᠮ | ᠨᠡᠶᠢᠲᠡ ᠪᠣᠯᠤᠨ ᠥᠷᠭᠡᠨ ᠤᠯᠠᠨ ᠰᠦᠯᠵᠢᠶᠡᠨ ᠠᠨᠳᠠ ᠨᠠᠷ ᠲᠤ ︽ᠰᠠᠨᠠᠯ︾ ᠤᠨ ᠬᠠᠮᠢᠶ᠎ᠠ ᠪᠦᠬᠦᠢ ᠠᠭᠤᠯᠭ᠎ᠠ ᠶᠢ | ᠤᠯᠠᠮ ᠨᠢᠭᠡ ᠠᠯᠬᠤᠮ ᠭᠦᠨᠵᠡᠭᠡᠢ ᠤᠶᠢᠯᠭᠠᠭᠤᠯᠬᠤ ᠶᠢᠨ ᠲᠤᠰᠠᠳᠠ᠂ ᠤᠶᠢᠷ᠎ᠠ ᠳᠤ᠂ ᠪᠢᠳᠡ ᠦᠪᠡᠷᠲᠡᠭᠡᠨ ᠵᠠᠰᠠᠬᠤ | ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ︽ᠳᠤᠮᠳᠠᠳᠤ | ᠤᠯᠤᠰ ᠦᠪᠤᠷ ᠮᠤᠩᠭᠤᠯ︾ ᠰᠦᠯᠵᠢᠶᠡᠨ ᠳᠤ ᠤᠷᠢᠵᠤ ᠳᠠᠶᠠᠭᠠᠷ ᠲᠠᠢ ᠰᠦᠯᠵᠢᠶᠡᠨ ᠳᠡᠭᠡᠷ᠎ᠡ ᠵᠣᠭᠤᠭᠳᠠᠭᠤᠯᠬᠤ ᠪᠠᠷ | ᠪᠣᠯᠪᠠ᠃ ᠥᠷᠭᠡᠨ ᠤᠯᠠᠨ ᠰᠦᠯᠵᠢᠶᠡᠨ ᠠᠨᠳᠠ ᠨᠠᠷ ᠲᠤᠬᠠᠢ ᠶᠢᠨ ᠴᠠᠭ ᠲᠤᠨᠢ ᠢᠳᠡᠭᠬᠢᠲᠠᠢ ᠤᠷᠤᠯᠴᠠᠬᠤ ᠶᠢ | ᠤᠭᠲᠤᠵᠤ ᠪᠠᠶᠢᠨ᠎ᠠ᠃ | ᠰᠤᠷᠪᠤᠯᠵᠢᠯᠠᠨ ᠶᠠᠷᠢᠯᠴᠠᠭᠰᠠᠨ ᠪᠣᠳᠠᠲᠤ ᠲᠡᠮᠳᠡᠭᠯᠡᠯ᠄ | ᠬᠦᠲᠦᠯᠦᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠠ ᠪᠦᠬᠦᠨ ᠤ ᠲᠤᠰ | ᠬᠤᠭᠤᠴᠠᠭ᠎ᠠ ᠶᠢᠨ ︽ᠳᠤᠮᠳᠠᠳᠤ ᠤᠯᠤᠰ ᠦᠪᠤᠷ ᠮᠤᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠪᠤᠯᠤᠩ ᠢ | ᠬᠦᠯᠢᠶᠡᠨ ᠠᠪᠴᠤ ᠦᠵᠡᠬᠦ ᠶᠢ ᠪᠠᠶᠠᠷᠯᠠᠨ ᠤᠭᠳᠤᠵᠦ ᠪᠠᠶᠢᠨ᠎ᠠ᠃ ᠦᠨᠦᠳᠦᠷ ᠪᠢᠳᠡ ᠦᠪᠡᠷᠲᠡᠭᠡᠨ ᠵᠠᠰᠠᠬᠤ ᠤᠷᠤᠨ ᠤ | ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠤᠨ ᠳᠡᠳ᠋ ᠡᠷᠬᠢᠯᠡᠭᠴᠢ ᠵᠠᠩ ᠪᠠᠢ ᠴᠧᠩ ᠢ ᠤᠷᠢᠵᠤ ︽︿ᠢᠨᠲ᠋ᠧᠷ | ᠰᠦᠯᠵᠢᠶ᠎ᠡ +﹀ ᠠᠵᠢᠯ ᠢ ᠲᠥᠷᠭᠡᠳᠬᠡᠨ ᠠᠬᠢᠭᠤᠯᠬᠤ ᠲᠤᠬᠠᠢ ᠵᠢᠯᠣᠭᠤᠳᠬᠤ ᠰᠠᠨᠠᠯ︾ ᠤᠨ ᠬᠤᠯᠪᠤᠭᠳᠠᠯ ᠪᠦᠬᠦᠢ | ᠠᠭᠤᠯᠭ᠎ᠠ ᠶᠢ ᠰᠦᠯᠵᠢᠶᠡᠨ ᠳᠡᠭᠡᠷ᠎ᠡ ᠲᠠᠶᠢᠯᠪᠦᠷᠢᠯᠠᠭᠤᠯᠬᠤ ᠪᠠᠷ ᠪᠠᠶᠢᠨ᠎ᠠ᠃ ᠵᠠᠩ ᠡᠷᠬᠢᠯᠡᠭᠴᠢ ᠰᠠᠶᠢᠨ ᠦᠦ᠂ ᠲᠠᠨ ᠢ | ᠪᠠᠶᠠᠷᠯᠠᠨ ᠤᠭᠲᠤᠵᠤ ᠪᠠᠶᠢᠨ᠎ᠠ︕ ᠵᠠᠩ ᠪᠠᠢ ᠴᠧᠩ᠄ ᠬᠥᠲᠦᠯᠦᠭᠴᠢ ᠰᠠᠶᠢᠨ ᠦᠦ᠂ ᠥᠷᠭᠡᠨ ᠤᠯᠠᠨ ᠰᠦᠯᠵᠢᠶᠡᠨ | ᠠᠨᠳᠠ ᠨᠠᠷ ᠰᠠᠶᠢᠨ ᠪᠠᠶᠢᠵᠠᠭᠠᠨ᠎ᠠ ᠦᠦ︕ ᠬᠥᠲᠥᠯᠦᠭᠴᠢ᠄ ᠵᠠᠩ ᠡᠷᠬᠢᠯᠡᠭᠴᠢ ᠡ᠂ ᠡᠨᠡ ᠵᠢᠯ ᠤᠨ ᠪᠦᠬᠦ ᠤᠯᠤᠰ ᠤᠨ | ︽ᠬᠤᠶᠠᠷ ᠬᠤᠷᠠᠯ︾ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ︽ᠢᠨᠲ᠋ᠧᠷ ᠰᠦᠯᠵᠢᠶ᠎ᠡ +︾ ᠶᠢ | ᠳᠤᠷᠠᠳᠤᠭᠰᠠᠨ ᠤ ᠳᠠᠷᠠᠭ᠎ᠠ᠂ ᠡᠯ᠎ᠡ ᠭᠠᠵᠠᠷ ᠤᠨ ᠵᠠᠰᠠᠭ ᠤᠨ ᠤᠷᠳᠤᠨ ᠨᠤᠭᠤᠳ ︽ᠢᠨᠲ᠋ᠧᠷ ᠰᠦᠯᠵᠢᠶ᠎ᠡ +︾ | ᠠᠵᠢᠯᠯᠠᠭ᠎ᠠ ᠶᠢᠨ ᠲᠦᠯᠦᠪᠯᠡᠯᠭᠡ ᠶᠢ ᠬᠤᠶᠢᠨ᠎ᠠ ᠬᠤᠶᠢᠨ᠎ᠠ ᠠᠴᠠ ᠪᠠᠨ ᠭᠠᠷᠭᠠᠭᠰᠠᠨ ᠪᠤᠶᠤ ᠱᠠᠯᠠᠪᠳᠠᠨ ᠲᠣᠭᠲᠠᠭᠠᠪᠠ᠂ | ᠮᠠᠨ ᠤ ᠤᠷᠤᠨ ᠪᠠᠰᠠ ︽ᠢᠨᠲ᠋ᠧᠷ ᠰᠦᠯᠵᠢᠶ᠎ᠡ +︾ ᠭᠡᠰᠡᠨ ᠡᠨᠡᠬᠦ ᠲᠣᠮᠤ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠳᠣᠣᠷ᠎ᠠ᠂ ︽ᠢᠨᠲ᠋ᠧᠷ ᠰᠦᠯᠵᠢᠶ᠎ᠡ +︾ ᠠᠵᠢᠯ ᠢ ᠲᠥᠷᠭᠡᠳᠬᠡᠨ ᠠᠬᠢᠭᠤᠯᠬᠤ | ᠵᠢᠯᠣᠭᠤᠳᠬᠤ ᠰᠠᠨᠠᠯ ᠢ ᠭᠠᠷᠭᠠᠪᠠ᠂ ᠲᠠ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠠᠵᠢᠯ ᠢ ᠲᠥᠷᠭᠡᠳᠬᠡᠨ | ᠠᠬᠢᠭᠤᠯᠬᠤ ᠨᠢ ᠶᠠᠮᠠᠷ ᠶᠠᠮᠠᠷ ᠠᠴᠢ ᠬᠤᠯᠪᠤᠭᠳᠠᠯ ᠲᠠᠢ ᠭᠡᠳᠡᠭ ᠢ ᠶᠠᠷᠢᠭᠠᠳ ᠦᠭᠭᠦᠨ᠎ᠡ ᠦᠦ︖ ᠵᠠᠩ ᠪᠠᠢ ᠴᠧᠩ᠄ | ᠣᠳᠤᠬᠠᠨ ᠳᠤ᠂ ᠢᠨᠲ᠋ᠧᠷ ᠰᠦᠯᠵᠢᠶ᠎ᠡ ᠬᠢᠭᠡᠳ ᠡᠭᠦᠯᠡᠨ ᠪᠣᠳᠤᠯᠲᠠ᠂ ᠶᠡᠭᠡ ᠲᠤᠭ᠎ᠠ ᠪᠠᠷᠢᠮᠳᠠ᠂ ᠪᠣᠳᠠᠰᠯᠢᠭ | ᠬᠤᠯᠪᠤᠭᠠᠲᠤ ᠰᠦᠯᠵᠢᠶ᠎ᠡ ᠵᠡᠷᠭᠡ ᠰᠢᠨ᠎ᠡ ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠲᠠᠰᠤᠷᠠᠯᠲᠠ ᠦᠭᠡᠢ | ᠰᠢᠨ᠎ᠡ ᠶᠢ ᠡᠭᠦᠳᠴᠦ᠂ ᠬᠡᠷᠡᠭᠯᠡᠯᠲᠡ ᠨᠢ ᠲᠥᠷᠭᠡᠳᠴᠦ᠂ ᠠᠵᠤ ᠠᠬᠤᠶᠢᠯᠠᠯ ᠤᠨ ᠦᠢᠯᠡᠳᠪᠦᠷᠢᠯᠡᠯ᠂ ᠵᠠᠬ᠎ᠠ | ᠳᠡᠯᠭᠡᠭᠦᠷ ᠤᠨ ᠬᠠᠩᠭᠠᠯᠭ᠎ᠠ᠂ ᠬᠤᠳᠠᠯᠳᠤᠭᠠᠨ ᠤ ᠦᠢᠯᠡᠴᠢᠯᠡᠭᠡᠨ ᠬᠢᠭᠡᠳ ᠠᠮᠢᠳᠤᠷᠠᠯ ᠤᠨ ᠬᠡᠷᠡᠭᠯᠡᠭᠡᠨ ᠤ ᠠᠷᠭ᠎ᠠ | ᠮᠠᠶ᠋ᠢᠭ ᠢ ᠭᠥᠨᠵᠡᠭᠡᠢ ᠬᠤᠪᠢᠷᠠᠭᠤᠯᠵᠤ ᠪᠠᠶᠢᠬᠤ ᠶᠢᠨ ᠬᠠᠮᠲᠤ ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ | ᠤᠯᠠᠮᠵᠢᠯᠠᠯᠲᠤ ᠠᠵᠤ ᠦᠢᠯᠡᠰ ᠢ ᠳᠠᠬᠢᠨ ᠱᠤᠭᠤᠵᠤ ᠪᠠᠶᠢᠬᠤ ᠪᠠ ᠰᠢᠨ᠎ᠡ ᠪᠠᠷ ᠬᠥᠭᠵᠢᠵᠦ ᠪᠦᠬᠦᠢ ᠠᠵᠤ ᠦᠢᠯᠡᠰ ᠢ | ᠪᠣᠢ ᠪᠤᠯᠭᠠᠵᠤ ᠪᠠᠶᠢᠨ᠎ᠠ᠃ ᠯᠢ ᠺᠧ ᠴᠢᠶᠠᠩ ᠶᠡᠷᠦᠩᠬᠡᠢ ᠰᠠᠶᠢᠳ ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ | ᠢᠯᠡᠳᠭᠡᠯ ᠳᠡᠭᠡᠨ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢᠨ ᠲᠦᠯᠦᠪᠯᠡᠯᠭᠡ ᠲᠣᠭᠲᠠᠭᠠᠨ᠂ ᠡᠯᠧᠺᠲᠷᠣᠨ | ᠬᠤᠳᠠᠯᠳᠤᠭᠠᠨ ᠤ ᠶᠠᠪᠤᠳᠠᠯ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠪᠤᠯᠤᠨ ᠢᠨᠲ᠋ᠧᠷ ᠰᠦᠯᠵᠢᠶᠡᠨ | ᠮᠥᠩᠭᠦᠨ ᠭᠦᠢᠯᠭᠡᠭᠡᠨ ᠤ ᠡᠷᠡᠭᠦᠯ ᠢᠶᠠᠷ ᠭᠦᠭᠵᠢᠬᠦ ᠶᠢ ᠠᠬᠢᠭᠤᠯᠬᠤ ᠬᠡᠷᠡᠭᠲᠡᠢ ᠭᠡᠵᠦ ᠳᠤᠷᠠᠳᠤᠭᠰᠠᠨ ᠶᠠᠪᠤᠳᠠᠯ ᠨᠢ᠂ | ᠪᠦᠬᠦ ᠨᠡᠶᠢᠭᠡᠮ ᠤᠨ ᠬᠢᠨ ᠤ ᠳᠡᠭᠡᠳᠦ ᠬᠡᠮᠵᠢᠶ᠎ᠡ ᠪᠠᠷ ᠠᠩᠬᠠᠷᠬᠤ ᠪᠠ ᠰᠤᠳᠤᠯᠬᠤ ᠥᠷᠨᠢᠯᠲᠡ ᠶᠢ ᠤᠯᠠᠮ ᠨᠢᠭᠡ ᠠᠯᠬᠤᠮ | ᠡᠭᠦᠰᠭᠡᠪᠡ᠃ ᠡᠯ᠎ᠡ ᠭᠠᠵᠠᠷ ᠤᠨ ᠬᠢᠨ ᠨᠢ ᠪᠠᠰᠠ ᠴᠦᠮ ᠠᠵᠠ ᠲᠣᠬᠢᠶᠠᠯ ᠢ ᠵᠠᠪᠳᠤᠨ᠂ ᠢᠨᠲ᠋ᠧᠷ ᠰᠦᠯᠵᠢᠶᠡᠨ ᠤ | ᠠᠵᠤ ᠠᠬᠤᠢ ᠶᠢᠨ ᠬᠥᠭᠵᠢᠯᠲᠡ ᠶᠢ ᠲᠥᠷᠭᠡᠳᠬᠡᠨ ᠠᠬᠢᠭᠤᠯᠵᠤ᠂ ᠵᠠᠷᠢᠮ ᠮᠤᠵᠢ ᠨᠤᠭᠤᠳ ᠬᠠᠮᠢᠶ᠎ᠠ ᠪᠦᠬᠦᠢ | ᠰᠠᠨᠠᠯ ᠢᠶᠠᠨ ᠨᠡᠶᠢᠲᠡᠯᠡᠭᠰᠡᠨ ᠪᠠᠶᠢᠨ᠎ᠠ᠂ ᠵᠢᠱᠢᠶᠡᠯᠡᠪᠡᠯ ᠰᠧᠴᠤᠸᠠᠨ᠂ ᠭᠢᠷᠢᠨ ᠪᠤᠯᠤᠨ ᠹᠦᠵᠢᠶᠠᠨ ᠵᠡᠷᠭᠡ ᠭᠠᠵᠠᠷ ᠤᠳ | ᠪᠤᠯᠤᠨ᠎ᠠ᠂ ᠨᠡᠩ ᠤᠯᠠᠨ ᠮᠤᠵᠢ ᠬᠤᠲᠠ ᠨᠤᠭᠤᠳ ᠶᠠᠭ ᠵᠠᠪᠳᠤᠨ ᠰᠣᠳᠤᠯᠤᠨ ᠲᠣᠭᠲᠠᠭᠠᠵᠤ ᠪᠠᠶᠢᠨ᠎ᠠ᠃ ᠮᠠᠨ ᠤ | ᠤᠷᠤᠨ ᠶᠠᠭ ᠠᠵᠤ ᠠᠬᠤᠢ ᠶᠢᠨ ᠪᠦᠲᠦᠴᠡ ᠪᠠᠨ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠤᠨ ᠳᠡᠰ | ᠳᠡᠪᠰᠢᠭᠦᠯᠬᠦ ᠢ ᠲᠥᠷᠭᠡᠳᠭᠡᠬᠦ ᠵᠠᠩᠭᠢᠯᠠᠭ᠎ᠠ ᠶᠢᠨ ᠴᠠᠭ ᠦᠶ᠎ᠡ ᠳᠤ ᠤᠷᠤᠰᠢᠵᠤ ᠪᠠᠶᠢᠭ᠎ᠠ ᠪᠣᠯᠬᠤᠷ᠂ ︽ᠢᠨᠲ᠋ᠧᠷ | ᠰᠦᠯᠵᠢᠶ᠎ᠡ +︾ ᠠᠵᠢᠯ ᠢ ᠲᠥᠷᠭᠡᠳᠬᠡᠨ ᠠᠬᠢᠭᠤᠯᠬᠤ ᠨᠢ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ | ᠲᠣᠬᠢᠷᠠᠭᠤᠯᠬᠤ᠂ ᠬᠡᠯᠪᠡᠷᠢ ᠶᠢ ᠬᠤᠪᠢᠷᠠᠭᠤᠯᠬᠤ ᠪᠠ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠳᠠᠬᠢ ᠢᠨᠲ᠋ᠧᠷ | ᠰᠦᠯᠵᠢᠶ᠎ᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷ᠂ ᠰᠠᠭᠤᠷᠢ ᠴᠢᠨᠠᠷ ᠪᠠ ᠤᠳᠤᠷᠢᠳᠤᠮᠵᠢ ᠶᠢᠨ ᠴᠢᠨᠠᠷ ᠲᠠᠢ | ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠨ ᠤ ᠤᠷᠤᠨ ᠤ ᠢᠨᠲ᠋ᠧᠷ ᠰᠦᠯᠵᠢᠶ᠎ᠡ ᠶᠢᠨ ᠠᠵᠤ ᠠᠬᠤᠢ ᠶᠢᠨ | ᠬᠥᠭᠵᠢᠯᠲᠡ ᠶᠢ ᠲᠦᠯᠬᠢᠨ ᠠᠬᠢᠭᠤᠯᠵᠤ᠂ ᠮᠠᠨ ᠤ ᠤᠷᠤᠨ ᠤ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ | ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠪᠣᠯᠤᠨ᠎ᠠ᠃ ︽ᠢᠨᠲ᠋ᠧᠷ ᠰᠦᠯᠵᠢᠶ᠎ᠡ +︾ ᠠᠵᠢᠯ ᠢ ᠲᠥᠯᠬᠢᠨ | ᠠᠬᠢᠭᠤᠯᠬᠤ ᠶᠢᠨ ᠵᠢᠯᠣᠭᠤᠳᠬᠤ ᠰᠠᠨᠠᠯ ᠢ ᠰᠣᠳᠤᠯᠤᠨ ᠲᠣᠭᠲᠠᠭᠠᠬᠤ ᠨᠢ ᠮᠠᠨ ᠤ ᠤᠷᠤᠨ ᠤ ᠠᠵᠤ ᠠᠬᠤᠶ ᠶᠢᠨ | ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ ᠪᠣᠳᠠᠲᠤ ᠬᠡᠷᠡᠭᠴᠡᠭᠡ ᠪᠣᠯᠤᠨ᠎ᠠ᠃ | ︽ᠰᠠᠨᠠᠯ︾ ᠨᠢ ᠬᠤᠯᠪᠤᠭᠳᠠᠯ ᠪᠦᠬᠦᠢ ᠠᠬ᠎ᠠ ᠳᠡᠭᠦᠦ ᠮᠤᠵᠢ ᠬᠤᠲᠠ ᠶᠢᠨ ᠨᠢᠭᠡᠨᠲᠡ ᠨᠡᠶᠢᠲᠡᠯᠡᠭᠰᠡᠨ ᠲᠥᠷᠦ ᠶᠢᠨ | ᠪᠣᠳᠤᠯᠭ᠎ᠠ ᠶᠢ ᠰᠣᠳᠤᠯᠤᠭᠰᠠᠨ ᠰᠠᠭᠤᠷᠢᠨ ᠳᠡᠭᠡᠷ᠎ᠡ᠂ ᠮᠠᠨ ᠤ ᠤᠷᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ | ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠰᠢᠪᠲᠤᠯᠤᠯᠲᠠ ᠭᠠᠷᠭᠠᠬᠤ᠂ ᠰᠢᠨ᠎ᠡ ᠶᠢ | ᠡᠭᠦᠳᠬᠦ ᠪᠠᠷ ᠴᠢᠷᠮᠠᠶᠢᠨ᠂ ᠲᠥᠷᠦ ᠶᠢᠨ ᠪᠣᠳᠤᠯᠭ᠎ᠠ ᠶᠢᠨ ᠬᠡᠷᠡᠭᠵᠢᠭᠦᠯᠦᠬᠦᠶᠢᠴᠡ ᠴᠢᠨᠠᠷ ᠢ ᠨᠡᠩ ᠳᠣᠪᠤᠶᠢᠯᠭᠠᠬᠤ ᠶᠢ | ᠠᠩᠬᠠᠷᠴᠤ᠂ ᠢᠨᠲ᠋ᠧᠷ ᠰᠦᠯᠵᠢᠶᠡᠨ ᠤ ᠠᠵᠤ ᠠᠬᠤᠢ ᠶᠢᠨ ᠪᠦᠬᠦ ᠬᠦᠷᠢᠶ᠎ᠡ ᠬᠡᠪᠴᠢᠶ᠎ᠡ᠂ ᠪᠦᠬᠦ ᠶᠠᠪᠤᠴᠠ ᠳᠠᠬᠢ | ᠶᠡᠷᠥᠩᠬᠡᠢ ᠵᠢᠯᠤᠭᠤᠳᠤᠯᠭ᠎ᠠ ᠪᠠ ᠠᠬᠢᠭᠤᠯᠤᠯ ᠪᠣᠯᠬᠤ ᠪᠦᠭᠡᠳ ᠢᠨᠲ᠋ᠧᠷ ᠰᠦᠯᠵᠢᠶ᠎ᠡ ᠶᠢᠨ ᠮᠡᠷᠭᠡᠵᠢᠯ ᠢ ᠲᠦᠷᠭᠡᠨ | ᠭᠦᠨᠵᠡᠭᠡᠢ ᠬᠡᠷᠡᠭᠯᠡᠬᠦ ᠪᠠ ᠢᠨᠲ᠋ᠧᠷ ᠰᠦᠯᠵᠢᠶ᠎ᠡ + ᠠᠵᠢᠯᠯᠠᠭ᠎ᠠ ᠶᠢ ᠲᠦᠷᠭᠡᠳᠬᠡᠬᠦ ᠶᠢ ᠪᠡᠶᠡᠯᠡᠭᠦᠯᠬᠦ ᠳᠤ ᠬᠡᠷᠬᠢᠨ | ᠰᠠᠭᠤᠷᠢᠯᠠᠨ ᠪᠣᠳᠠᠲᠤ ᠠᠵᠤ ᠠᠬᠤᠢ ᠪᠣᠯᠤᠨ ᠢᠨᠲ᠋ᠧᠷ ᠰᠦᠯᠵᠢᠶᠡᠨ ᠠᠵᠤ ᠠᠬᠤᠢ ᠶᠢ ᠪᠦᠬᠦ ᠲᠠᠯ᠎ᠠ ᠪᠠᠷ ᠵᠠᠯᠭᠠᠭᠤᠯᠬᠤ | ᠠᠰᠠᠭᠤᠳᠠᠯ ᠢ ᠰᠢᠢᠳᠪᠦᠷᠢᠯᠡᠵᠦ᠂ ᠬᠦᠭᠵᠢᠯᠲᠡ ᠶᠢᠨ ᠭᠤᠣᠯᠳᠠᠯᠭ᠎ᠠ ᠲᠠᠢ ᠮᠦᠷᠲᠡᠭᠡᠨ ᠪᠠᠰᠠ ᠪᠤᠳᠠᠲᠠᠢ ᠲᠥᠷᠦ ᠶᠢᠨ | ᠪᠣᠳᠤᠯᠭ᠎ᠠ ᠶᠢᠨ ᠠᠷᠭ᠎ᠠ ᠬᠡᠮᠵᠢᠶ᠎ᠡ ᠲᠠᠢ ᠶᠤᠮ᠃ | ᠬᠦᠲᠦᠯᠦᠭᠴᠢ᠄ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠠᠵᠢᠯ ᠳᠤ ᠶᠠᠮᠠᠷᠰᠢᠦ ᠬᠦᠭᠵᠢᠯᠲᠡ ᠶᠢᠨ | ᠪᠣᠷᠣ ᠲᠥᠰᠦᠪ ᠢ ᠲᠦᠯᠦᠪᠵᠢᠭᠦᠯᠦᠭᠰᠡᠨ ᠪᠣᠢ︖ | ᠵᠠᠩ ᠪᠠᠢ ᠴᠧᠩ᠄ ᠶᠡᠷᠦᠩᠬᠡᠢ ᠴᠢᠭᠯᠡᠯᠲᠦ ᠴᠢᠨᠠᠷ᠂ ᠬᠠᠷᠠᠯᠲᠠ ᠶᠢᠨ ᠲᠠᠯ᠎ᠠ ᠠᠴᠠ ᠠᠪᠴᠤ ᠬᠡᠯᠡᠪᠡᠯ ᠢᠷᠡᠭᠡᠳᠦᠢ ᠶᠢᠨ | 15 ᠵᠢᠯ ᠳᠤ᠂ ︽ᠢᠨᠲ᠋ᠧᠷ ᠰᠦᠯᠵᠢᠶ᠎ᠡ +︾ ᠲᠦᠷᠭᠡᠨ ᠠᠬᠢᠵᠤ᠂ ᠡᠭᠦᠯᠡᠨ ᠪᠣᠳᠤᠯᠲᠠ᠂ ᠶᠡᠭᠡ ᠲᠤᠭ᠎ᠠ ᠪᠠᠷᠢᠮᠳᠠ᠂ | ᠪᠣᠳᠠᠰᠯᠢᠭ ᠬᠤᠯᠪᠤᠭᠠᠲᠤ ᠰᠦᠯᠵᠢᠶ᠎ᠡ᠂ ᠰᠢᠯᠵᠢᠮᠡᠯ ᠢᠨᠲ᠋ᠧᠷ ᠰᠦᠯᠵᠢᠶ᠎ᠡ ᠵᠡᠷᠭᠡ ᠪᠠᠷ ᠲᠦᠯᠦᠭᠡᠯᠡᠭᠦᠯᠦᠭᠰᠡᠨ ᠰᠢᠨ᠎ᠡ | ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠨᠢ ᠠᠵᠤ ᠠᠬᠤᠢ ᠨᠡᠶᠢᠭᠡᠮ ᠤᠨ ᠡᠯ᠎ᠡ ᠠᠵᠢᠯ ᠲᠦᠷᠦᠯ ᠡᠯ᠎ᠡ | ᠬᠦᠷᠢᠶ᠎ᠡ ᠬᠡᠪᠴᠢᠶᠡᠨ ᠳᠤ ᠥᠷᠭᠡᠨ ᠢᠶᠠᠷ ᠬᠡᠷᠡᠭᠯᠡᠭᠳᠡᠵᠦ᠂ ᠠᠵᠤ ᠠᠬᠤᠢ ᠶᠢᠨ ᠪᠦᠲᠦᠴᠡ ᠶᠢ ᠲᠣᠬᠢᠷᠠᠭᠤᠯᠬᠤ᠂ ᠠᠵᠤ | ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠠᠬᠢᠭᠤᠯᠬᠤ ᠳᠤ ᠢᠨᠲ᠋ᠧᠷ ᠰᠦᠯᠵᠢᠶ᠎ᠡ ᠶᠢᠨ | ᠪᠠᠳᠠᠷᠠᠭᠤᠯᠬᠤ ᠦᠢᠯᠡᠳᠦᠯ ᠨᠢ ᠢᠯᠡᠷᠬᠡᠢ ᠪᠠᠶᠢᠵᠤ᠂ ᠮᠡᠳᠡᠭᠡ ᠵᠠᠩᠬᠢ ᠶᠢᠨ ᠬᠡᠷᠡᠭᠯᠡᠭᠡᠨ ᠲᠦᠷᠭᠡᠨ ᠨᠡᠮᠡᠭᠳᠡᠵᠦ᠂ ᠢᠨᠲ᠋ᠧᠷ | ᠰᠦᠯᠵᠢᠶᠡᠨ ᠠᠵᠤ ᠠᠬᠤᠢ ᠶᠢᠨ ᠬᠦᠭᠵᠢᠯᠲᠡ ᠶᠢᠨ ᠬᠢᠷᠢ ᠬᠡᠮᠵᠢᠶ᠎ᠡ ᠪᠦᠬᠦ ᠲᠠᠯ᠎ᠠ ᠪᠠᠷ ᠳᠡᠭᠡᠭᠰᠢᠯᠡᠬᠦ ᠪᠣᠯᠤᠨ᠎ᠠ᠃ | ᠬᠡᠳᠦᠨ ᠭᠤᠣᠯᠳᠠᠯᠠᠭ᠎ᠠ ᠲᠠᠢ ᠬᠡᠮᠵᠢᠶᠡᠯᠡᠭᠰᠡᠨ ᠭᠦᠢᠴᠡᠳᠭᠡᠬᠦ ᠲᠤᠭ᠎ᠠ ᠪᠣᠯ᠄ 2020 ᠣᠨ ᠪᠣᠯᠬᠤ ᠳᠤ᠂ ᠦᠪᠡᠷᠲᠡᠭᠡᠨ | ᠵᠠᠰᠠᠬᠤ ᠤᠷᠤᠨ ᠤ ᠳᠡᠰ ᠤᠨ ᠢᠨᠲ᠋ᠧᠷ ᠰᠦᠯᠵᠢᠶᠡᠨ ᠠᠵᠤ ᠠᠬᠤᠢ ᠲᠦᠪᠯᠡᠷᠡᠭᠰᠡᠨ ᠤᠷᠤᠨ 5᠂ ᠡᠯᠧᠺᠲᠷᠣᠨ | ᠬᠤᠳᠠᠯᠳᠤᠭᠠᠨ ᠤ ᠶᠡᠪᠤᠳᠠᠯ ᠲᠥᠪᠯᠡᠷᠡᠭᠰᠡᠨ ᠣᠷᠣᠨ 10᠂ ᠶᠡᠭᠡ ᠬᠡᠮᠵᠢᠶᠡᠨ ᠤ ᠲᠠᠸᠠᠷ ᠤᠨ ᠡᠯᠧᠺᠲᠷᠣᠨ | ᠠᠷᠠᠯᠵᠢᠶᠠᠨ ᠤ ᠵᠠᠬ᠎ᠠ ᠳᠡᠯᠭᠡᠭᠦᠷ 10 ᠶᠢ ᠪᠠᠶᠢᠭᠤᠯᠵᠤ ᠳᠠᠭᠤᠰᠬᠠᠨ᠂ ᠡᠯᠧᠺᠲᠷᠣᠨ ᠬᠤᠳᠠᠯᠳᠤᠭᠠᠨ ᠤ ᠶᠡᠪᠤᠳᠠᠯ ᠤᠨ | ᠠᠷᠠᠯᠵᠢᠶᠠᠯᠠᠭ᠎ᠠ ᠶᠢᠨ ᠲᠤᠭ᠎ᠠ 5800 ᠳ᠋ᠥᠩᠰᠢᠭᠤᠷ ᠲᠦᠭᠦᠷᠢᠭ ᠲᠤ ᠬᠦᠷᠴᠦ᠂ ᠢᠨᠲ᠋ᠧᠷ ᠰᠦᠯᠵᠢᠶᠡᠨ | ᠦᠢᠯᠡᠴᠢᠯᠡᠭᠡᠨ ᠤ ᠣᠷᠤᠯᠭ᠎ᠠ 500 ᠳ᠋ᠥᠩᠰᠢᠭᠤᠷ ᠲᠦᠭᠦᠷᠢᠭ ᠲᠤ ᠬᠦᠷᠬᠦ ᠪᠣᠯᠤᠨ᠎ᠠ᠃ | ᠬᠦᠲᠦᠯᠦᠭᠴᠢ᠄ ᠲᠠ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ ᠶᠢ | ᠶᠠᠷᠢᠭᠠᠳ ᠦᠭᠭᠦᠨ᠎ᠡ ᠦᠦ᠂ ᠲᠡᠷᠡ ᠨᠢ ᠠᠯᠢ ᠬᠡᠳᠦᠨ ᠬᠦᠷᠢᠶ᠎ᠡ ᠬᠡᠪᠴᠢᠶᠡᠨ ᠠᠴᠠ ᠭᠤᠣᠯᠳᠠᠯᠭ᠎ᠠ ᠲᠠᠢ ᠰᠢᠪᠲᠤᠯᠤᠯᠲᠠ | ᠬᠢᠬᠦ ᠪᠣᠢ︖ | ᠵᠠᠩ ᠪᠠᠢ ᠴᠧᠩ᠄ ︽ᠢᠨᠲ᠋ᠧᠷ ᠰᠦᠯᠵᠢᠶ᠎ᠡ +︾ ᠶᠢ ᠶᠠᠷᠢᠪᠠᠯ᠂ ᠡᠨᠡ ᠨᠢ ᠪᠠᠰᠠ ᠡᠨᠡ ᠵᠢᠯ ᠤᠨ | ᠤᠯᠠᠨ ᠢᠶᠠᠷ ᠢᠶᠠᠨ ᠬᠠᠮᠤᠭ ᠠᠴᠠ ᠠᠷᠪᠢᠨ ᠶᠠᠷᠢᠯᠴᠠᠵᠤ ᠪᠠᠶᠢᠭ᠎ᠠ ᠨᠢᠭᠡᠨ ᠰᠡᠳᠦᠪ ᠪᠣᠯᠤᠨ᠎ᠠ᠃ ᠮᠢᠨᠦ ᠦᠵᠡᠬᠦ ᠪᠠᠷ ︽ | ᠢᠨᠲ᠋ᠧᠷ ᠰᠦᠯᠵᠢᠶ᠎ᠡ +︾ ᠪᠣᠯ ᠨᠢᠭᠡᠨ ᠲᠦᠢᠯ ᠤᠨ ᠶᠡᠭᠡ ᠤᠬᠠᠭᠳᠠᠬᠤᠨ ᠪᠣᠯᠤᠨ᠎ᠠ᠂ ᠢᠨᠲ᠋ᠧᠷ ᠰᠦᠯᠵᠢᠶ᠎ᠡ + | ᠨᠡᠶᠢᠭᠡᠮ ᠪᠣᠯ ᠳᠠᠷᠤᠢ ᠨᠡᠶᠢᠭᠡᠮ ᠤᠨ ᠮᠡᠳᠡᠭᠡ ᠵᠡᠩᠬᠢᠵᠢᠯᠳᠠ ᠪᠣᠯᠵᠤ ᠬᠤᠪᠢᠷᠠᠨ᠎ᠠ᠂ ᠢᠨᠲ᠋ᠧᠷ ᠰᠦᠯᠵᠢᠶ᠎ᠡ + ᠣᠷᠴᠢᠨ | ᠲᠣᠭᠤᠷᠢᠨ ᠤ ᠬᠠᠮᠠᠭᠠᠯᠠᠯᠲᠠ ᠪᠣᠯ ᠳᠠᠷᠤᠢ ᠪᠤᠬᠢᠷᠳᠤᠯ ᠦᠭᠡᠢ ᠬᠦᠭᠵᠢᠯᠲᠡ ᠪᠣᠯᠬᠤ ᠵᠡᠷᠭᠡ ᠪᠣᠯᠤᠨ᠎ᠠ᠃ ᠵᠢᠯᠣᠭᠤᠳᠬᠤ | ᠰᠠᠨᠠᠯ ᠳᠤ ᠪᠢᠳᠡ ︽8 +1︾ ᠠᠵᠢᠯ ᠤᠨ ᠭᠤᠣᠯᠳᠠᠯᠭ᠎ᠠ ᠶᠢ ᠳᠤᠷᠠᠳᠪᠠ᠂ ︽8︾ ᠭᠡᠳᠡᠭ ᠨᠢ ᠠᠵᠤ | ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ᠂ ᠠᠷᠠᠯᠵᠢᠶ᠎ᠠ ᠬᠤᠳᠠᠯᠳᠤᠭ᠎ᠠ ᠮᠦᠩᠭᠦᠨ ᠭᠦᠢᠯᠭᠡᠭᠡ᠂ ᠵᠠᠰᠠᠭ ᠤᠨ | ᠶᠠᠪᠤᠳᠠᠯ᠂ ᠰᠤᠶᠤᠯ᠂ ᠠᠷᠠᠳ ᠤᠨ ᠠᠮᠢᠳᠤᠷᠠᠯ᠂ ᠠᠮᠢ ᠠᠬᠤᠢ ᠵᠡᠷᠭᠡ ᠨᠠᠢᠮᠠᠨ ᠭᠤᠣᠯᠳᠠᠯᠭ᠎ᠠ ᠲᠠᠢ ᠬᠦᠷᠢᠶ᠎ᠡ ᠬᠡᠪᠴᠢᠶ᠎ᠡ | ᠪᠣᠯᠤᠨ᠎ᠠ᠂ ᠭᠤᠣᠯᠳᠠᠭᠤ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠲᠠᠷᠢᠶᠠᠯᠠᠩ ᠮᠠᠯ ᠠᠵᠤ ᠠᠬᠤᠢ ᠶᠢᠨ | ᠪᠣᠳᠠᠰᠯᠢᠭ ᠬᠤᠯᠪᠤᠭᠠᠲᠤ ᠰᠦᠯᠵᠢᠶ᠎ᠡ᠂ ᠡᠯᠧᠺᠲᠷᠣᠨ ᠬᠤᠳᠠᠯᠳᠤᠭᠠᠨ ᠤ ᠶᠡᠪᠤᠳᠠᠯ᠂ ᠢᠨᠲ᠋ᠧᠷ ᠰᠦᠯᠵᠢᠶᠡᠨ ᠮᠦᠩᠭᠦᠨ | ᠭᠦᠢᠯᠭᠡᠭᠡ᠂ ᠡᠯᠧᠺᠲᠷᠣᠨ ᠵᠠᠰᠠᠭ ᠤᠨ ᠶᠠᠪᠤᠳᠠᠯ ᠤᠨ ᠤᠯᠠᠨ ᠨᠡᠶᠢᠲᠡ ᠶᠢᠨ ᠡᠭᠦᠯᠡᠨ ᠲᠠᠪᠴᠠᠩ ᠤᠨ ᠦᠢᠯᠡᠴᠢᠯᠡᠭᠡᠨ ᠤ | ᠰᠢᠰᠲ᠋ᠧᠮᠵᠢ᠂ ᠰᠣᠶᠣᠯ ᠤᠨ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠠᠶᠢᠳᠠᠯ ᠲᠥᠯᠥᠪ ᠬᠢᠭᠡᠳ ᠵᠢᠭᠤᠯᠴᠢᠯᠠᠯ ᠤᠨ | ᠰᠦᠯᠵᠢᠶᠡᠨ ᠳᠡᠭᠡᠷᠡᠬᠢ ᠦᠢᠯᠡᠴᠢᠯᠡᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠠᠩᠭᠢ ᠪᠣᠯᠤᠨ ᠮᠡᠳᠡᠭᠡ ᠵᠠᠩᠭᠢ ᠪᠠᠷ | ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠵᠢᠴᠢ ᠤᠯᠤᠰ ᠤᠨ ᠭᠠᠵᠠᠷ ᠰᠢᠷᠤᠢ᠂ ᠣᠷᠴᠢᠨ ᠲᠣᠭᠤᠷᠢᠨ ᠤ | ᠬᠠᠮᠠᠭᠠᠯᠠᠯᠲᠠ᠂ ᠡᠨᠧᠷᠬᠢ᠂ ᠤᠰᠤᠨ ᠠᠰᠢᠭᠯᠠᠯᠲᠠ᠂ ᠣᠶ ᠰᠢᠭᠤᠶ ᠵᠡᠷᠭᠡ ᠠᠮᠢ ᠠᠬᠤᠢ ᠶᠢᠨ ᠬᠦᠷᠢᠶ᠎ᠡ ᠬᠡᠪᠴᠢᠶ᠎ᠡ ᠶᠢᠨ | ᠤᠶᠤᠨᠴᠢᠯᠠᠯᠲᠠ ᠶᠢ ᠳᠤᠪᠤᠶᠢᠯᠭᠠᠪᠠ᠃ ︽1︾ ᠭᠡᠰᠡᠨ ᠨᠢ ᠳᠠᠷᠤᠢ ᠢᠨᠲ᠋ᠧᠷ ᠰᠦᠯᠵᠢᠶ᠎ᠡ ᠪᠣᠯᠤᠨ ᠡᠭᠦᠯᠡᠨ ᠪᠣᠳᠤᠯᠲᠠ | ᠂ ᠶᠡᠭᠡ ᠲᠤᠭ᠎ᠠ ᠪᠠᠷᠢᠮᠳᠠ᠂ ᠪᠤᠳᠠᠰᠯᠢᠭ ᠬᠤᠯᠪᠤᠭᠠᠲᠤ ᠰᠦᠯᠵᠢᠶ᠎ᠡ᠂ ᠰᠢᠯᠵᠢᠮᠡᠯ ᠴᠢᠮᠡᠭᠡ ᠬᠤᠯᠪᠤᠭ᠎ᠠ ᠵᠡᠷᠭᠡ ᠰᠢᠨ᠎ᠡ | ᠨᠢᠭᠡᠨ ᠦᠶ᠎ᠡ ᠶᠢᠨ ᠮᠡᠳᠡᠭᠡ ᠵᠠᠩᠬᠢ ᠶᠢᠨ ᠮᠡᠷᠭᠡᠵᠢᠯ ᠤᠨ ᠠᠵᠤ ᠦᠢᠯᠡᠰ ᠤᠨ ᠨᠡᠶᠢᠯᠡᠯᠳᠦᠨ ᠬᠦᠭᠵᠢᠬᠦ ᠶᠢ ᠢᠳᠡᠪᠬᠢᠲᠡᠢ | ᠲᠦᠯᠬᠢᠨ ᠠᠬᠢᠭᠤᠯᠵᠤ᠂ ᠢᠨᠲ᠋ᠧᠷ ᠰᠦᠯᠵᠢᠶᠡᠨ ᠦᠢᠯᠡᠴᠢᠯᠡᠭᠡᠨ ᠤ ᠦᠢᠯᠡᠰ ᠢ ᠪᠤᠶᠢᠵᠢᠭᠤᠯᠤᠨ᠎ᠠ᠃ ᠪᠢ ᠲᠡᠭᠦᠨ ᠤ | ᠳᠣᠲᠤᠷᠠᠬᠢ ︽ᠢᠨᠲ᠋ᠧᠷ ᠰᠦᠯᠵᠢᠶ᠎ᠡ +︾ ᠠᠵᠤ ᠦᠢᠯᠡᠳᠪᠦᠷᠢ᠂ ᠵᠠᠰᠠᠭ ᠤᠨ ᠶᠠᠪᠤᠳᠠᠯ ᠡᠨᠡ ᠬᠤᠶᠠᠷ ᠬᠥᠷᠢᠶ᠎ᠡ | ᠬᠡᠪᠴᠢᠶ᠎ᠡ ᠶᠢ ᠭᠤᠣᠯᠳᠠᠯᠭ᠎ᠠ ᠲᠠᠢ ᠶᠠᠷᠢᠶ᠎ᠠ᠃ ︽ᠢᠨᠲ᠋ᠧᠷ ᠰᠦᠯᠵᠢᠶ᠎ᠡ +︾ ᠠᠵᠤ ᠦᠢᠯᠡᠳᠪᠦᠷᠢ ᠶᠢᠨ ᠲᠠᠯ᠎ᠠ ᠪᠠᠷ᠂ | ᠨᠡᠭᠦᠷᠡᠰᠦ᠂ ᠴᠠᠬᠢᠯᠭᠠᠨ ᠬᠦᠴᠦᠨ᠂ ᠲᠡᠮᠦᠷᠯᠢᠭ ᠬᠠᠶᠢᠯᠠᠭᠤᠯᠬᠤ᠂ ᠬᠢᠮᠢ ᠶᠢᠨ ᠠᠵᠤ ᠦᠢᠯᠡᠳᠪᠦᠷᠢ᠂ ᠲᠠᠷᠢᠶᠠᠯᠠᠩ ᠤᠨ | ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ᠂ ᠲᠣᠨᠤᠭ ᠲᠥᠬᠦᠭᠡᠷᠦᠮᠵᠢ ᠵᠡᠷᠭᠡ ᠭᠤᠣᠯᠳᠠᠯᠭ᠎ᠠ ᠲᠠᠢ | ᠠᠵᠢᠯ ᠲᠦᠷᠦᠯ ᠪᠣᠯᠤᠨ ᠭᠤᠣᠯᠳᠠᠯᠭ᠎ᠠ ᠲᠠᠢ ᠠᠵᠤ ᠠᠬᠤᠶᠢᠯᠠᠯ ᠳᠤ ᠲᠣᠳᠤᠷᠬᠠᠢ ᠬᠠᠨᠳᠤᠭᠤᠯᠤᠨ᠂ ︽ᠢᠨᠲ᠋ᠧᠷ | ᠰᠦᠯᠵᠢᠶ᠎ᠡ +︾ ᠶᠢ ᠲᠦᠯᠬᠢᠨ ᠠᠬᠢᠭᠤᠯᠬᠤ ᠡᠷᠴᠢᠮ ᠢ ᠴᠢᠩᠭᠠᠷᠠᠭᠤᠯᠵᠤ᠂ ᠤᠶᠤᠨᠴᠢ ᠦᠢᠯᠡᠳᠬᠦ ᠪᠠ ᠮᠡᠳᠡᠭᠡ | ᠵᠠᠩᠬᠢᠵᠢᠯᠲᠠ ᠠᠵᠤ ᠦᠢᠯᠡᠳᠪᠦᠷᠢᠵᠢᠯᠲᠡ ᠭᠦᠨᠵᠡᠭᠡᠢ ᠠᠭᠤᠰᠤᠯᠴᠠᠨ ᠨᠡᠶᠢᠯᠡᠭᠰᠡᠨ ᠬᠠᠮᠢᠶᠠᠷᠤᠯᠲᠠ ᠶᠢᠨ | ᠰᠢᠰᠲ᠋ᠧᠮᠵᠢ ᠶᠢᠨ ᠪᠠᠷᠢᠮᠵᠢᠶ᠎ᠠ ᠶᠢ ᠲᠤᠤᠱᠠᠯᠠᠭᠤᠯᠬᠤ ᠪᠠᠷᠢᠮᠵᠢᠶ᠎ᠠ ᠪᠠᠷ ᠬᠠᠷᠢᠴᠠᠭᠤᠯᠬᠤ ᠠᠵᠢᠯ ᠢ ᠦᠷᠨᠢᠭᠦᠯᠬᠦ ᠪᠣᠯᠤᠨ᠎ᠠ᠃ | ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ ᠦᠪᠡᠷᠮᠢᠴᠡ ᠴᠢᠨᠠᠷᠲᠠᠢ ᠦᠢᠯᠡᠳᠬᠦ᠂ ᠦᠷᠭᠡᠨ ᠲᠦᠮᠡᠨ ᠤ | ᠳᠠᠭᠠᠭᠠᠴᠢᠯᠠᠯᠲᠠ ᠶᠢᠨ ᠵᠢᠷᠤᠭ ᠲᠥᠯᠥᠪᠯᠡᠭᠡ᠂ ᠡᠭᠦᠯᠡᠨ ᠦᠢᠯᠡᠳᠬᠦ ᠵᠡᠷᠭᠡ ᠰᠢᠨ᠎ᠡ ᠮᠠᠶ᠋ᠢᠭ ᠤᠨ ᠦᠢᠯᠡᠳᠬᠦ ᠵᠠᠭᠪᠤᠷ ᠢ | ᠬᠦᠭᠵᠢᠭᠦᠯᠵᠦ᠂ ᠬᠡᠷᠡᠭᠯᠡᠭᠡᠨ ᠤ ᠬᠡᠷᠡᠭᠴᠡᠭᠡ ᠶᠢᠨ ᠬᠦᠳᠡᠯᠦᠩᠭᠦᠢ ᠮᠡᠳᠡᠷᠡᠴᠡ ᠳᠤ ᠰᠠᠭᠤᠷᠢᠯᠠᠭᠰᠠᠨ ᠰᠣᠳᠤᠯᠤᠨ ᠨᠡᠬᠡᠬᠡᠭᠦ | ᠂ ᠦᠢᠯᠡᠳᠬᠦ ᠪᠣᠯᠤᠨ ᠠᠵᠤ ᠦᠢᠯᠡᠰ ᠤᠨ ᠵᠤᠬᠢᠶᠠᠨ ᠪᠠᠶᠢᠭᠤᠯᠤᠯᠲᠠ ᠶᠢᠨ ᠠᠷᠭ᠎ᠠ ᠮᠠᠶ᠋ᠢᠭ ᠤᠨ ᠪᠣᠢ ᠪᠤᠯᠠᠬᠤ ᠶᠢ | ᠠᠬᠢᠭᠤᠯᠤᠨ᠎ᠠ᠃ ᠠᠵᠤ ᠦᠢᠯᠡᠳᠪᠦᠷᠢ ᠶᠢᠨ ᠦᠢᠯᠡᠴᠢᠯᠡᠭᠡᠨ ᠤ ᠲᠠᠪᠴᠠᠩ ᠬᠢᠭᠡᠳ ᠶᠡᠭᠡ ᠲᠤᠭ᠎ᠠ ᠪᠠᠷᠢᠮᠳᠠ ᠶᠢᠨ | ᠰᠢᠨ᠎ᠡ ᠢ ᠡᠭᠦᠳᠬᠦ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠪᠠ ᠬᠡᠷᠡᠭᠯᠡᠭᠡᠨ ᠤ ᠵᠢᠱᠢᠶ᠎ᠡ ᠦᠵᠡᠭᠦᠯᠬᠦ ᠶᠢ | ᠲᠦᠷᠭᠡᠳᠬᠡᠨ᠂ ᠵᠦᠭᠡᠯᠡᠨ ᠬᠡᠷᠡᠭᠰᠡᠯ ᠬᠢᠭᠡᠳ ᠦᠢᠯᠡᠴᠢᠯᠡᠭᠡᠨ᠂ ᠲᠦᠯᠦᠪᠯᠡᠯᠭᠡ ᠬᠢᠭᠡᠳ ᠦᠢᠯᠡᠳᠬᠦ ᠡᠬᠢ ᠪᠠᠶᠠᠯᠢᠭ᠂ | ᠵᠠᠩᠭᠢᠯᠠᠭ᠎ᠠ ᠶᠢᠨ ᠮᠡᠷᠭᠡᠵᠢᠯ ᠬᠢᠭᠡᠳ ᠪᠠᠷᠢᠮᠵᠢᠶ᠎ᠠ ᠶᠢ ᠴᠢᠯᠦᠭᠡᠲᠡᠢ ᠲᠠᠯᠪᠢᠨ ᠬᠠᠮᠲᠤᠪᠠᠷ ᠡᠳ᠋ᠯᠡᠬᠦ ᠶᠢ ᠲᠦᠯᠬᠢᠨ | ᠠᠬᠢᠭᠤᠯᠵᠤ᠂ ᠰᠦᠯᠵᠢᠶᠡᠨ ᠳᠡᠭᠡᠷ᠎ᠡ ᠰᠣᠳᠤᠯᠤᠨ ᠨᠡᠬᠡᠬᠡᠬᠦ ᠵᠢᠷᠤᠭ ᠲᠦᠯᠦᠪᠯᠡᠯᠭᠡ ᠬᠢᠬᠦ᠂ ᠬᠠᠮᠲᠤᠷᠠᠨ ᠬᠠᠩᠭᠠᠬᠤ | ᠬᠡᠯᠬᠢᠶ᠎ᠡ ᠶᠢᠨ ᠬᠠᠮᠢᠶᠠᠷᠤᠯᠲᠠ᠂ ᠬᠠᠮᠲᠤᠷᠠᠨ ᠦᠢᠯᠡᠳᠬᠦ ᠰᠢᠨ᠎ᠡ ᠡᠵᠡᠩᠨᠡᠯᠲᠡ ᠶᠢᠨ ᠪᠠᠶᠢᠳᠠᠯ ᠲᠦᠯᠦᠪ ᠢ ᠪᠣᠢ ᠪᠣᠯᠭᠠᠨ᠎ᠠ | ᠃ 2020 ᠣᠨ ᠪᠣᠯᠬᠤ ᠳᠤ᠂ ᠤᠶᠤᠨᠲᠤ ᠠᠵᠤ ᠦᠢᠯᠡᠳᠪᠦᠷᠢ 50 ᠶᠢ ᠪᠠᠶᠢᠭᠤᠯᠵᠤ ᠳᠠᠭᠤᠰᠬᠠᠨ᠂ ᠤᠶᠤᠨ | ᠪᠢᠯᠢᠭ ᠪᠦᠬᠦᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ 10 ᠶᠢ ᠪᠠᠶᠢᠭᠤᠯᠤᠨ᠎ᠠ᠃ | ᠵᠠᠩ ᠪᠠᠢ ᠴᠧᠩ᠄ ︽ᠢᠨᠲ᠋ᠧᠷ ᠰᠦᠯᠵᠢᠶ᠎ᠡ +︾ ᠵᠠᠰᠠᠭ ᠤᠨ ᠶᠠᠪᠤᠳᠠᠯ ᠤᠨ ᠲᠠᠯ᠎ᠠ ᠪᠠᠷ᠂ ᠡᠭᠦᠯᠡᠨ ᠪᠣᠳᠤᠯᠲᠠ | ᠪᠠ ᠢᠨᠲ᠋ᠧᠷ ᠰᠦᠯᠵᠢᠶ᠎ᠡ ᠳᠤ ᠰᠠᠭᠤᠷᠢᠯᠠᠭᠰᠠᠨ ᠡᠯᠧᠺᠲᠷᠣᠨ ᠵᠠᠰᠠᠭ ᠤᠨ ᠶᠠᠪᠤᠳᠠᠯ ᠤᠨ ᠤᠯᠠᠨ ᠨᠡᠶᠢᠲᠡ ᠶᠢᠨ | ᠲᠠᠪᠴᠠᠩ ᠤᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠢᠳᠡᠪᠬᠢᠲᠡᠢ ᠦᠷᠨᠢᠭᠦᠯᠵᠦ᠂ ᠵᠠᠰᠠᠭ ᠤᠨ ᠤᠷᠳᠤᠨ ᠡᠭᠦᠯᠡᠨ | ᠦᠢᠯᠡᠴᠢᠯᠡᠭᠡᠨ ᠬᠤᠳᠠᠯᠳᠤᠨ ᠠᠪᠬᠤ ᠵᠠᠭᠪᠤᠷ ᠢ ᠳᠡᠯᠭᠡᠷᠡᠭᠦᠯᠦᠨ᠎ᠡ᠃ ᠮᠠᠨ ᠤ ᠤᠷᠤᠨ ᠳᠤ ᠶᠠᠭ ᠪᠣᠢ ᠪᠤᠯᠵᠤ ᠪᠠᠶᠢᠭ᠎ᠠ | ᠡᠭᠦᠯᠡᠨ ᠪᠤᠳᠤᠯᠲᠠ ᠶᠢᠨ ᠲᠤᠭ᠎ᠠ ᠪᠠᠷᠢᠮᠳᠠ ᠶᠢᠨ ᠲᠥᠪ ᠤᠨ ᠡᠬᠢ ᠪᠠᠶᠠᠯᠢᠭ ᠢ ᠭᠦᠢᠴᠡᠳ ᠠᠰᠢᠭᠯᠠᠨ᠂ ᠦᠪᠡᠷᠲᠡᠭᠡᠨ | ᠵᠠᠰᠠᠬᠤ ᠤᠷᠤᠨ ᠤ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠭᠠᠳᠤ ᠰᠦᠯᠵᠢᠶ᠎ᠡ ᠳᠤ ᠰᠠᠭᠤᠷᠢᠯᠠᠨ᠂ ᠡᠯᠧᠺᠲᠷᠣᠨ | ᠵᠠᠰᠠᠭ ᠤᠨ ᠶᠠᠪᠤᠳᠠᠯ ᠤᠨ ᠡᠭᠦᠯᠡᠨ ᠲᠥᠪ ᠢ ᠪᠠᠶᠢᠭᠤᠯᠤᠨ ᠲᠡᠭᠦᠯᠳᠡᠷᠵᠢᠭᠦᠯᠵᠦ᠂ ᠦᠪᠡᠷᠲᠡᠭᠡᠨ ᠵᠠᠰᠠᠬᠤ ᠤᠷᠤᠨ ᠤ | ᠡᠯ᠎ᠡ ᠰᠠᠯᠠᠭ᠎ᠠ ᠮᠦᠴᠢᠷ ᠤᠨ ᠮᠡᠳᠡᠭᠡ ᠵᠠᠩᠬᠢ ᠶᠢᠨ ᠰᠢᠰᠲ᠋ᠧᠮ ᠢ ᠠᠯᠬᠤᠮ ᠠᠯᠬᠤᠮ ᠢᠶᠠᠷ ᠨᠡᠭᠦᠯᠭᠡᠵᠦ᠂ | ᠬᠡᠷᠡᠭᠯᠡᠯᠲᠡ ᠶᠢ ᠨᠢ ᠠᠯᠬᠤᠮ ᠠᠯᠬᠤᠮ ᠢᠶᠠᠷ ᠦᠷᠭᠡᠳᠭᠡᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂ | ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠤᠯᠭᠠᠬᠤ ᠵᠡᠷᠭᠡ ᠴᠢᠳᠠᠮᠵᠢ ᠶᠢ | ᠨᠢᠭᠡ ᠴᠣᠭᠴᠠᠵᠢᠭᠤᠯᠤᠭᠰᠠᠨ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ | ᠱᠠᠲᠤ ᠬᠠᠮᠲᠤᠷᠠᠨ ᠬᠥᠳᠡᠯᠦᠯᠴᠡᠬᠦ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠲᠢᠩᠬᠢᠮ ᠢ ᠲᠦᠷᠭᠡᠳᠬᠡᠨ | ᠪᠠᠶᠢᠭᠤᠯᠵᠤ᠂ ᠵᠠᠰᠠᠭ ᠵᠠᠬᠢᠷᠭᠠᠨ ᠤ ᠦᠢᠯᠡᠴᠢᠯᠡᠭᠡᠨ ᠤ ᠪᠣᠳᠠᠲᠤ ᠴᠣᠭᠴᠠ ᠲᠢᠩᠬᠢᠮ ᠯᠦᠭᠡ ᠨᠡᠶᠢᠯᠡᠭᠦᠯᠬᠦ ᠶᠢ | ᠪᠡᠶᠡᠯᠡᠭᠦᠯᠦᠨ᠎ᠡ᠃ | ᠬᠦᠲᠦᠯᠦᠭᠴᠢ᠄ ᠮᠠᠨ ᠤ ᠤᠷᠤᠨ ᠤ ︽ᠢᠨᠲ᠋ᠧᠷ ᠰᠦᠯᠵᠢᠶ᠎ᠡ +︾ ᠠᠵᠢᠯ ᠢ ᠲᠦᠷᠭᠡᠳᠬᠡᠨ ᠠᠬᠢᠭᠤᠯᠬᠤ | ᠲᠤᠬᠠᠢ ᠵᠢᠯᠤᠭᠤᠳᠬᠤ ᠰᠠᠨᠠᠯ ᠨᠢ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ︽ᠰᠠᠨᠠᠯ︾ ᠢᠶᠠᠷ | ᠪᠣᠳᠠᠲᠤ ᠭᠠᠵᠠᠷ ᠲᠤᠨᠢ ᠨᠠᠶᠢᠳᠠᠪᠦᠷᠢᠵᠢᠭᠤᠯᠤᠭᠰᠠᠨ ᠪᠤᠶ︖ | ᠵᠠᠩ ᠪᠠᠢ ᠴᠧᠩ᠄ ᠲᠥᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠠᠴᠠ ᠠᠪᠴᠤ ᠦᠵᠡᠪᠡᠯ᠂ ᠭᠤᠣᠯᠳᠠᠭᠤ | ᠠᠵᠤ ᠦᠢᠯᠡᠰ ᠤᠨ ᠴᠤᠭᠯᠠᠷᠠᠯ ᠢ ᠠᠬᠢᠭᠤᠯᠬᠤ᠂ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠬᠤ᠂ ᠰᠢᠨ᠎ᠡ ᠶᠢ | ᠡᠭᠦᠳᠴᠦ ᠠᠳᠠᠯ ᠦᠢᠯᠡᠰ ᠴᠤᠭᠴᠠᠯᠠᠬᠤ ᠶᠢ ᠵᠤᠷᠢᠭᠵᠢᠭᠤᠯᠬᠤ᠂ ᠵᠠᠬ᠎ᠠ ᠳᠡᠯᠭᠡᠭᠦᠷ ᠢᠶᠠᠷ ᠳᠠᠶᠢᠴᠢᠯᠠᠬᠤ ᠶᠢ | ᠴᠢᠩᠭᠠᠷᠠᠭᠤᠯᠬᠤ᠂ ᠴᠢᠳᠠᠪᠦᠷᠢᠲᠡᠨ ᠢᠶᠠᠷ ᠲᠤᠯᠭᠠᠭᠤᠷᠢᠯᠠᠭᠤᠯᠬᠤ ᠶᠢ ᠴᠢᠩᠭᠠᠳᠬᠠᠬᠤ᠂ ᠪᠡᠯᠡ ᠮᠦᠩᠭᠦ ᠶᠢᠨ | ᠳᠡᠮᠵᠢᠯᠭᠡ ᠶᠢ ᠨᠡᠮᠡᠭᠳᠡᠭᠦᠯᠬᠦ ᠲᠣᠭᠤᠷᠢᠨ ᠳᠤ ᠡᠳᠡᠭᠡᠷ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ ᠪᠠᠶᠢᠨ᠎ᠠ᠃ | ᠨᠢᠭᠡ ᠳᠤ ᠠᠵᠤ ᠦᠢᠯᠡᠰ ᠤᠨ ᠴᠤᠭᠯᠠᠷᠠᠯ ᠢ ᠠᠬᠢᠭᠤᠯᠬᠤ ᠲᠠᠯ᠎ᠠ ᠪᠠᠷ᠂ ᠢᠨᠲ᠋ᠧᠷ ᠰᠦᠯᠵᠢᠶᠡᠨ ᠠᠵᠤ ᠠᠬᠤᠶ | ᠲᠥᠪᠯᠡᠷᠡᠭᠰᠡᠨ ᠣᠷᠣᠨ ᠢ ᠲᠦᠯᠦᠪᠵᠢᠭᠦᠯᠦᠨ ᠪᠦᠲᠦᠭᠡᠨ ᠪᠠᠶᠢᠭᠤᠯᠵᠤ᠂ ᠨᠦᠭᠦᠴᠡᠯ ᠳᠤ ᠨᠡᠶᠢᠴᠡᠬᠦ ᠢᠨᠲ᠋ᠧᠷ | ᠰᠦᠯᠵᠢᠶᠡᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠬᠢᠭᠡᠳ ᠭᠤᠣᠯᠳᠠᠯᠭ᠎ᠠ ᠲᠠᠢ ᠲᠦᠷᠦᠯ ᠵᠦᠢᠯ ᠳᠤ ᠭᠠᠵᠠᠷ | ᠰᠢᠷᠤᠢ᠂ ᠴᠠᠬᠢᠯᠭᠠᠨ ᠤ ᠦᠨ᠎ᠡ᠂ ᠤᠯᠠᠨ ᠨᠡᠶᠢᠲᠡ ᠶᠢᠨ ᠡᠬᠢ ᠪᠠᠶᠠᠯᠢᠭ ᠵᠡᠷᠭᠡ ᠲᠠᠯ᠎ᠠ ᠪᠠᠷ ᠲᠥᠷᠦ ᠶᠢᠨ | ᠪᠣᠳᠤᠯᠭ᠎ᠠ ᠶᠢᠨ ᠳᠡᠮᠵᠢᠯᠭᠡ ᠦᠵᠡᠭᠦᠯᠦᠨ᠎ᠡ᠃ ᠬᠤᠶᠠᠷ ᠲᠤ ᠪᠣᠯ ᠳᠠᠭᠠᠭᠤᠯᠤᠭᠴᠢ ᠠᠵᠤ ᠠᠬᠤᠶᠢᠯᠠᠯ ᠢ ᠪᠤᠶᠢᠵᠢᠭᠤᠯᠬᠤ | ᠲᠠᠯ᠎ᠠ ᠪᠠᠷ᠂ ᠠᠷᠠᠯᠵᠢᠶᠠᠴᠢᠨ ᠢ ᠤᠷᠢᠬᠤ ᠵᠠᠭᠪᠤᠷ ᠤᠨ ᠰᠢᠨ᠎ᠡ ᠶᠢ ᠡᠭᠦᠳᠴᠦ᠂ ᠮᠡᠳᠡᠭᠡ ᠵᠠᠩᠬᠢ ᠶᠢᠨ ᠮᠡᠷᠭᠡᠵᠢᠯ ᠤᠨ | ᠠᠵᠢᠯ ᠲᠥᠷᠦᠯ ᠤᠨ ᠨᠢᠭᠡ ᠪᠦᠯᠦᠭ ᠳᠠᠭᠠᠭᠤᠯᠤᠭᠴᠢ ᠶᠢ ᠣᠷᠤᠭᠤᠯᠵᠤ ᠢᠷᠡᠬᠦ ᠶᠢᠨ ᠬᠠᠮᠲᠤ ᠪᠣᠢ ᠪᠤᠯᠭᠠᠵᠤ᠂ ᠠᠩᠬ᠎ᠠ | ᠤᠳᠠᠭ᠎ᠠ ᠪᠦᠬᠦ ᠤᠯᠤᠰ ᠤᠨ ᠢᠨᠲ᠋ᠧᠷ ᠰᠦᠯᠵᠢᠶ᠎ᠡ ᠶᠢᠨ ᠵᠠᠭᠤᠨ ᠬᠦᠴᠦᠷᠬᠡᠭ ᠠᠵᠤ ᠠᠬᠤᠶᠢᠯᠠᠯ ᠪᠤᠶᠤ ᠪᠦᠬᠦ | ᠤᠯᠤᠰ ᠤᠨ ᠵᠦᠭᠡᠯᠡᠨ ᠬᠡᠷᠡᠭᠰᠡᠯ ᠤᠨ ᠵᠠᠭᠤᠨ ᠬᠦᠴᠦᠷᠬᠡᠭ ᠤᠨ ᠠᠵᠤ ᠠᠬᠤᠶᠢᠯᠠᠯ ᠤᠨ ᠬᠡᠪᠴᠢᠶᠡᠨ ᠳᠤ ᠣᠷᠤᠪᠠᠯ | ᠱᠠᠩᠨᠠᠯ ᠣᠯᠭᠤᠨ᠎ᠠ᠃ ᠭᠤᠷᠪᠠ ᠳᠤ ᠪᠣᠯ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠲᠠᠯ᠎ᠠ ᠪᠠᠷ᠂ ᠵᠠᠬ᠎ᠠ | ᠳᠡᠯᠭᠡᠭᠦᠷ ᠲᠤ ᠵᠦᠪᠰᠢᠶᠡᠷᠡᠨ ᠣᠷᠤᠭᠤᠯᠬᠤ ᠨᠦᠭᠦᠴᠡᠯ ᠢ ᠠᠭᠤᠵᠢᠭᠤ ᠲᠠᠯᠪᠢᠵᠤ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠭᠠᠷᠳᠠᠮ ᠢ ᠳᠦᠭᠦᠮᠴᠢᠯᠡᠨ᠂ ᠤᠶᠤᠲᠠᠳ ᠤᠨ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠶᠢ | ᠲᠦᠯᠬᠢᠨ ᠠᠬᠢᠭᠤᠯᠵᠤ᠂ ᠢᠨᠲ᠋ᠧᠷ ᠰᠦᠯᠵᠢᠶᠡᠨ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠤᠷᠤᠯᠳᠤᠭᠠᠨ | ᠡᠷᠬᠢᠯᠡᠵᠦ᠂ ᠢᠨᠲ᠋ᠧᠷ ᠰᠦᠯᠵᠢᠶᠡᠨ ᠤ ᠦᠢ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠬᠤ ᠬᠦᠷᠢᠶᠡᠯᠡᠩ ᠡᠭᠦᠳᠦᠨ | ᠪᠠᠶᠢᠭᠤᠯᠬᠤ ᠶᠢ ᠵᠤᠷᠢᠭᠵᠢᠭᠤᠯᠤᠨ᠂ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠤ ᠲᠠᠪᠴᠠᠩ ᠢ ᠳᠡᠮᠵᠢᠨ | ᠬᠦᠭᠵᠢᠭᠦᠯᠦᠨ᠎ᠡ᠃ | ᠵᠠᠩ ᠪᠠᠢ ᠴᠧᠩ᠄ ᠳᠥᠷᠪᠡ ᠳᠤ ᠵᠠᠬ᠎ᠠ ᠳᠡᠯᠭᠡᠭᠦᠷ ᠢᠶᠠᠷ ᠳᠠᠶᠢᠴᠢᠯᠠᠬᠤ ᠶᠢ ᠴᠢᠩᠭᠠᠷᠠᠭᠤᠯᠬᠤ ᠲᠠᠯ᠎ᠠ ᠪᠠᠷ᠂ | ᠡᠭᠦᠯᠡᠨ ᠪᠣᠳᠤᠯᠲᠠ ᠪᠠ ᠢᠨᠲ᠋ᠧᠷ ᠰᠦᠯᠵᠢᠶ᠎ᠡ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ | ᠰᠠᠭᠤᠷᠢᠯᠠᠭᠰᠠᠨ ᠮᠡᠳᠡᠭᠡ ᠵᠠᠩᠬᠢ ᠶᠢᠨ ᠦᠢᠯᠡᠴᠢᠯᠡᠭᠡ ᠶᠢ ᠭᠠᠳᠠᠭᠰᠢ ᠳᠦᠷᠢᠶᠡᠰᠦᠯᠡᠭᠦᠯᠬᠦ ᠶᠢ ᠶᠠᠪᠤᠭᠳᠠᠭᠤᠯᠵᠤ᠂ | ᠭᠤᠣᠯᠳᠠᠯᠭ᠎ᠠ ᠲᠠᠢ ᠳᠡᠳᠭᠦᠵᠦ ᠪᠠᠶᠢᠭ᠎ᠠ ᠢᠨᠲ᠋ᠧᠷ ᠰᠦᠯᠵᠢᠶ᠎ᠡ ᠶᠢᠨ ᠠᠵᠤ ᠠᠬᠤᠶᠢᠯᠠᠯ ᠤᠨ ᠦᠪᠡᠷᠲᠡᠭᠡᠨ ᠵᠠᠰᠠᠬᠤ | ᠤᠷᠤᠨ ᠤ ᠳᠣᠲᠤᠷᠠᠬᠢ ᠡᠭᠦᠯᠡᠨ ᠪᠣᠳᠤᠯᠲᠠ ᠶᠢᠨ ᠲᠤᠭ᠎ᠠ ᠪᠠᠷᠢᠮᠳᠠ ᠶᠢᠨ ᠲᠥᠪ ᠤᠨ ᠦᠢᠯᠡᠴᠢᠯᠡᠭᠡ ᠶᠢ ᠬᠤᠳᠠᠯᠳᠤᠨ | ᠠᠪᠬᠤ ᠶᠢ ᠵᠤᠷᠢᠭᠵᠢᠭᠤᠯᠤᠨ᠎ᠠ᠃ ᠲᠠᠪᠤ ᠳᠤ ᠴᠢᠳᠠᠪᠦᠷᠢᠲᠡᠨ ᠢᠶᠠᠷ ᠲᠤᠯᠭᠠᠭᠤᠷᠢᠯᠠᠭᠤᠯᠬᠤ ᠴᠢᠩᠭᠠᠳᠬᠠᠬᠤ ᠲᠠᠯ᠎ᠠ ᠪᠠᠷ᠂ | ᠢᠨᠲ᠋ᠧᠷ ᠰᠦᠯᠵᠢᠶ᠎ᠡ ᠶᠢᠨ ᠬᠤᠪᠤᠷ ᠴᠤᠬᠠᠭ ᠪᠠᠶᠢᠭ᠎ᠠ ᠴᠢᠳᠠᠪᠦᠷᠢᠲᠠᠨ ᠢ ᠤᠷᠤᠭᠤᠯᠵᠤ ᠢᠷᠡᠬᠦ ᠪᠠ ᠬᠦᠮᠦᠵᠢᠭᠦᠯᠬᠦ ᠶᠢ | ᠴᠢᠩᠭᠠᠳᠬᠠᠨ᠂ ᠮᠠᠨ ᠤ ᠤᠷᠤᠨ ᠳᠤ ᠲᠦᠷᠦᠯ ᠵᠦᠢᠯ ᠠᠪᠴᠢᠷᠠᠨ ᠠᠳᠠᠯ ᠦᠢᠯᠡᠰ ᠴᠣᠭᠴᠠᠯᠠᠭᠰᠠᠨ᠂ ᠳᠣᠪᠤᠶᠢᠮ᠎ᠠ | ᠬᠤᠪᠢ ᠨᠡᠮᠡᠷᠢ ᠦᠵᠡᠭᠦᠯᠦᠭᠰᠡᠨ ᠴᠢᠳᠠᠪᠦᠷᠢᠲᠠᠨ ᠬᠢᠭᠡᠳ ᠲᠡᠭᠦᠨ ᠤ ᠪᠦᠯᠬᠦᠮ ᠨᠡᠶᠢᠲᠡ᠂ ᠪᠣᠯᠪᠠᠰᠤᠷᠠᠯ ᠤᠨ ᠰᠠᠭᠤᠷᠢᠨ | ᠭᠠᠵᠠᠷ ᠪᠦᠲᠦᠭᠡᠨ ᠪᠠᠶᠢᠭᠤᠯᠤᠭᠰᠠᠨ ᠠᠵᠤ ᠠᠬᠤᠶᠢᠯᠠᠯ ᠳᠤ ᠪᠡᠯᠡ ᠮᠦᠩᠭᠦ ᠵᠡᠷᠭᠡ ᠶᠢᠨ ᠳᠡᠮᠵᠢᠯᠭᠡ ᠦᠵᠡᠭᠦᠯᠦᠨ᠎ᠡ᠃ | ᠵᠢᠷᠭᠤᠭ᠎ᠠ ᠳᠤ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠬᠦ ᠲᠠᠯ᠎ᠠ ᠪᠠᠷ᠂ ᠪᠡᠯᠡ ᠤᠷᠤᠭᠤᠯᠵᠤ ᠪᠡᠯᠡ | ᠲᠣᠬᠢᠷᠠᠭᠤᠯᠬᠤ ᠣᠯᠠᠨ ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ ᠠᠵᠤ ᠦᠢᠯᠡᠰ ᠤᠨ ᠬᠥᠭᠵᠢᠯᠲᠡ ᠶᠢᠨ ᠰᠠᠭᠤᠷᠢ | ᠮᠥᠩᠭᠦ ᠪᠠᠶᠢᠭᠤᠯᠵᠤ᠂ ᠢᠨᠲ᠋ᠧᠷ ᠰᠦᠯᠵᠢᠶᠡᠨ ᠠᠵᠤ ᠠᠬᠤᠢ ᠶᠢ ᠳᠡᠮᠵᠢᠨ᠎ᠡ᠃ ᠰᠢᠨ᠎ᠡ ᠪᠠᠷ ᠦᠨᠡᠮᠰᠢᠭᠰᠡᠨ ᠢᠨᠲ᠋ᠧᠷ | ᠰᠦᠯᠵᠢᠶ᠎ᠡ ᠶᠢᠨ ᠰᠢᠨ᠎ᠡ ᠶᠢ ᠡᠭᠦᠳᠬᠦ ᠲᠠᠪᠴᠠᠩ᠂ ᠵᠢᠴᠢ ᠰᠢᠨ᠎ᠡ ᠭᠤᠷᠪᠠᠳᠤᠭᠠᠷ ᠰᠠᠮᠪᠠᠷ᠎ᠠ ᠳᠤ ᠠᠮᠵᠢᠯᠲᠠ ᠲᠠᠢ | ᠫᠠᠶᠢᠰᠠ ᠡᠯᠭᠦᠭᠰᠡᠨ ᠢᠨᠲ᠋ᠧᠷ ᠰᠦᠯᠵᠢᠶ᠎ᠡ ᠶᠢᠨ ᠬᠠᠮᠢᠶ᠎ᠠ ᠪᠦᠬᠦᠢ ᠠᠵᠤ ᠠᠬᠤᠶᠢᠯᠠᠯ ᠳᠤ ᠳᠡᠮᠵᠢᠯᠭᠡ ᠦᠵᠡᠭᠦᠯᠦᠨ᠎ᠡ᠃ | | ᠬᠦᠲᠦᠯᠦᠭᠴᠢ᠄ ᠰᠠᠶ᠋ᠢ ᠪᠢᠳᠡ ᠡᠳᠡᠭᠡᠷ ᠠᠷᠭ᠎ᠠ ᠬᠡᠮᠵᠢᠶ᠎ᠡ ᠶᠢᠨ ᠪᠠᠲᠤᠯᠠᠭ᠎ᠠ ᠶᠢ ︽ᠰᠠᠨᠠᠯ︾ ᠳᠤ ᠪᠣᠳᠠᠲᠤ | ᠭᠠᠵᠠᠷ ᠲᠤᠨᠢ ᠨᠠᠶᠢᠳᠠᠪᠦᠷᠢᠵᠢᠭᠤᠯᠤᠭᠰᠠᠨ ᠢ ᠶᠠᠷᠢᠯ᠎ᠠ᠂ ᠲᠡᠭᠡᠪᠡᠯ᠂ ︽ᠢᠨᠲ᠋ᠧᠷ ᠰᠦᠯᠵᠢᠶ᠎ᠡ +︾ ᠬᠡᠷᠬᠢᠨ ᠨᠢᠭᠡᠨ | ᠰᠠᠶᠢᠨ ᠰᠠᠶᠢᠬᠠᠨ ᠬᠦᠭᠵᠢᠯᠲᠡ ᠶᠢᠨ ᠣᠷᠴᠢᠨ ᠠᠬᠤᠢ ᠬᠠᠩᠭᠠᠬᠤ ᠪᠣᠢ︖ ᠶᠠᠮᠠᠷ ᠶᠠᠮᠠᠷ ᠠᠷᠭ᠎ᠠ ᠠᠪᠴᠠᠯ ᠪᠠᠶᠢᠬᠤ | ᠪᠣᠢ︖ | ᠵᠠᠩ ᠪᠠᠢ ᠴᠧᠩ᠄ ᠪᠦᠬᠦ᠋ᠢᠯᠡ ᠢᠨᠲ᠋ᠧᠷ ᠰᠦᠯᠵᠢᠶ᠎ᠡ ᠶᠢᠨ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠴᠤ ᠮᠠᠰᠢ ᠴᠢᠬᠤᠯᠠ ᠶᠤᠮ᠂ ᠵᠢᠱᠢᠶᠡᠯᠡᠪᠡᠯ ᠪᠦᠰᠡ ᠶᠢᠨ ᠬᠤᠷᠳᠤᠴᠠ᠂ ᠵᠠᠷᠤᠳᠠᠯ ᠰᠦᠢᠳᠭᠡᠯ᠂ ᠠᠮᠤᠷ | ᠲᠥᠪᠰᠢᠨ ᠵᠡᠷᠭᠡ ᠲᠠᠯ᠎ᠠ ᠪᠣᠯᠤᠨ᠎ᠠ ᠃ ᠬᠦᠭᠵᠢᠯᠲᠡ ᠶᠢᠨ ᠣᠷᠴᠢᠨ ᠠᠬᠤᠢ ᠶᠢ ᠰᠢᠯᠢᠳᠡᠭᠵᠢᠭᠦᠯᠬᠦ ᠲᠠᠯ᠎ᠠ ᠪᠠᠷ | ᠭᠤᠣᠯᠳᠠᠭᠤ ᠰᠦᠯᠵᠢᠶ᠎ᠡ ᠶᠢᠨ ᠰᠠᠭᠤᠷᠢ ᠶᠢ ᠳᠡᠭᠡᠭᠰᠢᠯᠡᠭᠦᠯᠬᠦ᠂ ᠢᠲᠡᠭᠡᠮᠵᠢ ᠶᠢᠨ ᠰᠢᠰᠲ᠋ᠧᠮᠵᠢ ᠪᠠᠶᠢᠭᠤᠯᠬᠤ᠂ | ᠰᠦᠯᠵᠢᠶ᠎ᠡ ᠶᠢᠨ ᠠᠮᠤᠷ ᠲᠦᠪᠰᠢᠨ ᠢ ᠪᠠᠲᠤᠯᠠᠬᠤ᠂ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ᠂ ᠵᠦᠢ | ᠵᠣᠬᠢᠰᠲᠠᠢ ᠲᠦᠯᠬᠢᠨ ᠠᠬᠢᠭᠤᠯᠬᠤ ᠶᠢ ᠴᠢᠩᠭᠠᠷᠠᠭᠤᠯᠬᠤ ᠵᠡᠷᠭᠡ ᠲᠠᠪᠤᠨ ᠲᠠᠯ᠎ᠠ ᠠᠴᠠ ᠭᠠᠷᠳᠠᠨ᠎ᠠ᠃ ᠨᠢᠭᠡ ᠳᠤ | ᠰᠦᠯᠵᠢᠶ᠎ᠡ ᠶᠢᠨ ᠰᠠᠭᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠥᠷᠭᠡᠨ ᠪᠦᠰᠡ ᠶᠢᠨ ᠪᠠᠶᠢᠯᠳᠤᠬᠤ ᠪᠣᠳᠣᠯᠭ᠎ᠠ ᠶᠢ | ᠬᠡᠷᠡᠭᠵᠢᠭᠦᠯᠵᠦ᠂ ᠵᠠᠬ᠎ᠠ ᠳᠡᠯᠭᠡᠭᠦᠷ ᠲᠤ ᠦᠷᠢᠰᠦᠯᠳᠦᠬᠦ ᠶᠢ ᠵᠤᠷᠢᠭᠵᠢᠭᠤᠯᠤᠨ᠂ ᠵᠠᠬ᠎ᠠ ᠳᠡᠯᠭᠡᠭᠦᠷ ᠲᠠᠬᠢ ᠭᠠᠭᠴᠠᠭᠠᠷ | ᠡᠵᠡᠮᠰᠢᠯ ᠢ ᠡᠪᠳᠡᠨ᠎ᠡ᠃ ᠥᠷᠭᠡᠨ ᠪᠦᠰᠡᠲᠦ ᠰᠦᠯᠵᠢᠶ᠎ᠡ ᠶᠢᠨ ᠬᠤᠷᠳᠤᠯᠠᠮᠵᠢ᠂ ᠮᠡᠳᠡᠭᠡ ᠵᠠᠩᠬᠢ ᠶᠢᠨ ᠦᠢᠯᠡᠴᠢᠯᠡᠭᠡᠨ ᠤ | ᠶᠠᠰᠤ ᠴᠢᠨᠠᠷ ᠪᠠ ᠡᠬᠢ ᠪᠠᠶᠠᠯᠢᠭ ᠤᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃ ᠬᠤᠶᠠᠷ ᠲᠤ ᠢᠲᠡᠭᠡᠮᠵᠢ ᠶᠢᠨ | ᠰᠢᠰᠲ᠋ᠧᠮᠵᠢ ᠪᠠᠶᠢᠭᠤᠯᠬᠤ ᠲᠠᠯ᠎ᠠ ᠪᠠᠷ᠂ ᠰᠦᠯᠵᠢᠶ᠎ᠡ ᠶᠢᠨ ᠢᠲᠡᠭᠡᠮᠵᠢ ᠶᠢᠨ ᠰᠢᠰᠲ᠋ᠧᠮᠵᠢ ᠪᠠ ᠢᠲᠡᠭᠡᠮᠵᠢᠲᠡᠢ | ᠠᠷᠠᠯᠵᠢᠶᠠᠯᠠᠭ᠎ᠠ ᠬᠢᠬᠦ ᠶᠢ ᠪᠠᠲᠤᠯᠠᠬᠤ ᠣᠷᠴᠢᠨ ᠠᠬᠤᠶ ᠶᠢᠨ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ | ᠢᠲᠡᠭᠡᠮᠵᠢ ᠶᠢᠨ ᠮᠡᠳᠡᠭᠡ ᠵᠠᠩᠬᠢ ᠶᠢᠨ ᠲᠠᠪᠴᠠᠩ ᠢ ᠪᠠᠶᠢᠭᠤᠯᠵᠤ᠂ ᠮᠡᠳᠡᠭᠡ ᠵᠠᠩᠬᠢ ᠶᠢᠨ ᠦᠢᠯᠡᠴᠢᠯᠡᠭᠡᠨ᠂ ᠰᠦᠯᠵᠢᠶᠡᠨ | ᠳᠡᠭᠡᠷ᠎ᠡ ᠠᠷᠠᠯᠵᠢᠶᠠᠯᠠᠭ᠎ᠠ ᠬᠢᠬᠦ ᠦᠢᠯᠡ ᠠᠵᠢᠯᠯᠠᠭ᠎ᠠ᠂ ᠦᠢᠯᠡᠳᠭᠦᠨ ᠬᠢᠭᠡᠳ ᠦᠢᠯᠡᠴᠢᠯᠡᠭᠡᠨ ᠤ ᠶᠠᠰᠤ ᠴᠢᠨᠠᠷ | ᠵᠡᠷᠭᠡ ᠶᠢᠨ ᠬᠢᠨᠠᠨ ᠬᠠᠮᠢᠶᠠᠷᠤᠯᠲᠠ ᠶᠢ ᠴᠢᠩᠭᠠᠳᠬᠠᠨ᠎ᠠ᠃ ᠭᠤᠷᠪᠠ ᠳᠤ ᠰᠦᠯᠵᠢᠶ᠎ᠡ ᠶᠢᠨ ᠠᠮᠤᠷ ᠲᠦᠪᠰᠢᠨ ᠢ | ᠪᠠᠲᠤᠯᠠᠬᠤ ᠲᠠᠯ᠎ᠠ ᠪᠠᠷ᠂ ᠰᠦᠯᠵᠢᠶ᠎ᠡ ᠶᠢ ᠠᠮᠤᠷ ᠲᠦᠪᠰᠢᠨ ᠠᠵᠢᠯᠯᠠᠭᠤᠯᠬᠤ ᠬᠠᠮᠲᠤᠷᠠᠨ ᠬᠦᠳᠡᠯᠦᠯᠴᠡᠬᠦ ᠲᠣᠭᠲᠠᠴᠠ | ᠪᠠ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠰᠦᠯᠵᠢᠶ᠎ᠡ ᠶᠢᠨ ᠠᠮᠤᠷ ᠲᠦᠪᠰᠢᠨ ᠬᠢᠭᠡᠳ ︽ | ᠢᠨᠲ᠋ᠧᠷ ᠰᠦᠯᠵᠢᠶ᠎ᠡ +︾ ᠶᠢ ᠲᠦᠯᠬᠢᠨ ᠠᠬᠢᠭᠤᠯᠬᠤ ᠶᠢ ᠵᠡᠷᠭᠡ ᠳᠤᠨᠢ ᠲᠦᠯᠦᠪᠵᠢᠭᠦᠯᠬᠦ᠂ ᠪᠦᠲᠦᠭᠡᠨ ᠪᠠᠶᠢᠭᠤᠯᠬᠤ᠂ | ᠠᠵᠢᠯᠯᠠᠭᠤᠯᠬᠤ ᠶᠢ ᠪᠠᠷᠢᠮᠳᠠᠯᠠᠨ᠎ᠠ᠃ ᠳᠥᠷᠪᠡ ᠳᠤ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠲᠠᠯ᠎ᠠ ᠪᠠᠷ᠂ | ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠢ ᠦᠷᠭᠡᠳᠬᠡᠨ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠦᠷᠨᠢᠭᠦᠯᠦᠨ᠎ᠡ᠃ ᠲᠠᠪᠤ ᠳᠤ ᠬᠦᠴᠦ ᠪᠠᠨ ᠨᠢᠭᠡᠳᠬᠡᠨ | ᠲᠦᠯᠬᠢᠨ ᠠᠬᠢᠭᠤᠯᠬᠤ ᠶᠢ ᠴᠢᠩᠭᠠᠷᠠᠭᠤᠯᠬᠤ ᠲᠠᠯ᠎ᠠ ᠪᠠᠷ᠂ ᠦᠪᠡᠷᠲᠡᠭᠡᠨ ᠵᠠᠰᠠᠬᠤ ᠤᠷᠤᠨ ᠤ ᠢᠨᠲ᠋ᠧᠷ ᠰᠦᠯᠵᠢᠶᠡᠨ | ᠠᠵᠤ ᠠᠬᠤᠶ ᠶᠢᠨ ᠬᠠᠮᠲᠤᠷᠠᠭᠰᠠᠨ ᠬᠤᠷᠠᠯ ᠤᠨ ᠠᠵᠢᠯ ᠤᠨ ᠲᠣᠭᠲᠠᠴᠠ ᠪᠠᠶᠢᠭᠤᠯᠤᠨ᠂ ᠬᠠᠮᠲᠤᠷᠠᠭᠰᠠᠨ ᠬᠤᠷᠠᠯ ᠤᠨ | ᠠᠯᠪᠠᠨ ᠭᠡᠷ ᠢ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠮᠡᠳᠡᠭᠡ ᠵᠠᠩᠭᠢᠵᠢᠯ ᠤᠨ ᠵᠦᠪᠯᠡᠯ ᠳᠤ | ᠲᠣᠬᠢᠷᠠᠭᠤᠯᠤᠨ᠎ᠠ᠃ | ᠬᠦᠲᠦᠯᠦᠭᠴᠢ᠄ ᠵᠠ᠂ ᠲᠠᠨ ᠤ ᠨᠠᠷᠢᠨ ᠲᠣᠳᠤᠷᠬᠠᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ᠂ ᠡᠳᠡᠭᠡᠷ | ᠠᠯᠢ ᠤᠯᠠᠨ ᠠᠷᠭ᠎ᠠ ᠬᠡᠮᠵᠢᠶ᠎ᠡ ᠪᠠᠷ ᠳᠠᠮᠵᠢᠭᠠᠳ᠂ ᠮᠠᠨ ᠳᠤ ᠤᠷᠤᠨ ᠤ ︽ᠢᠨᠲ᠋ᠧᠷ ᠰᠦᠯᠵᠢᠶ᠎ᠡ +︾ ᠳᠤ ᠨᠢᠭᠡᠨ | ᠰᠠᠶᠢᠨ ᠰᠠᠶᠢᠬᠠᠨ ᠬᠦᠭᠵᠢᠯᠲᠡ ᠶᠢᠨ ᠣᠷᠴᠢᠨ ᠠᠬᠤᠢ ᠬᠠᠩᠭᠠᠵᠤ᠂ ᠪᠠᠰᠠ ᠮᠠᠨ ᠤ ᠤᠷᠤᠨ ᠤ ᠠᠵᠤ ᠠᠬᠤᠢ ᠪᠤᠯᠤᠨ | ᠨᠡᠶᠢᠭᠡᠮ ᠤᠨ ᠬᠦᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠳᠤ ᠬᠦᠴᠦ ᠨᠡᠮᠡᠷᠢᠯᠡᠬᠦ ᠶᠢ ᠢᠲᠡᠭᠡᠵᠦ ᠪᠠᠶᠢᠨ᠎ᠠ᠃ ᠵᠠᠩ | ᠡᠷᠬᠢᠯᠡᠭᠴᠢ ᠶᠢᠨ ᠲᠠᠶᠢᠯᠪᠤᠷᠢᠯᠠᠨ ᠶᠠᠷᠢᠭᠰᠠᠨ ᠪᠠ ᠰᠦᠯᠵᠢᠶᠡᠨ ᠠᠨᠳᠠ ᠨᠠᠷ ᠤᠨ ᠢᠳᠡᠪᠬᠢᠲᠡᠢ ᠤᠷᠤᠯᠴᠠᠭᠰᠠᠨ ᠳᠤ | ᠳᠠᠬᠢᠨᠲᠠ ᠲᠠᠯᠠᠷᠬᠠᠵᠤ ᠪᠠᠶᠢᠨ᠎ᠠ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠣᠯᠭᠠᠶ᠎ᠠ︕ | ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ | | | | |