| ᠵᠢᠯ ᠪᠤᠯᠭᠠᠨ ᠤ 6 ᠰᠠᠷ᠎ᠠ ᠶᠢᠨ 14 ᠤ ᠡᠳᠦᠷ ᠪᠤᠯ ᠲᠡᠯᠡᠬᠡᠢ ᠶᠢᠨ ᠴᠢᠰᠤ ᠬᠠᠨᠳᠢᠪᠯᠠᠬᠤ ᠡᠳᠦᠷ ᠮᠦᠨ᠃ | ᠨᠡᠩ ᠤᠯᠠᠨ ᠬᠦᠮᠦᠨ ᠢ ᠵᠤᠷᠢᠭᠵᠢᠭᠤᠯᠤᠨ ᠲᠦᠯᠦᠪᠦᠷᠢ ᠦᠭᠡᠢ ᠪᠠᠷ ᠴᠢᠰᠤ ᠬᠠᠨᠳᠢᠪᠯᠠᠭᠤᠯᠬᠤ᠂ ᠪᠦᠬᠦ ᠳᠡᠯᠡᠬᠡᠢ ᠶᠢᠨ | ᠴᠢᠰᠤᠨ ᠤ ᠰᠢᠩᠭᠡᠨ ᠤ ᠠᠮᠤᠷ ᠲᠦᠪᠰᠢᠨ ᠤ ᠲᠦᠯᠦᠪᠵᠢᠭᠦᠯᠭᠡ ᠶᠢ ᠨᠠᠶᠢᠳᠠᠪᠦᠷᠢᠵᠢᠭᠤᠯᠤᠯᠲᠠ ᠶᠢ ᠤᠬᠠᠭᠤᠯᠬᠤ ᠪᠠ | ᠠᠬᠢᠭᠤᠯᠬᠤ ᠶᠢᠨ ᠲᠦᠯᠦᠭᠡ᠂ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠲᠠ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠪᠠ ᠬᠤᠩ ᠰᠢᠨ ᠶᠤᠸᠠᠢ ᠾᠦᠢ ᠤᠯᠠᠨ ᠤᠯᠤᠰ ᠤᠨ ᠬᠤᠯᠪᠤᠭᠠᠲᠤ ᠬᠤᠷᠠᠯ᠂ ᠤᠯᠠᠨ | ᠤᠯᠤᠰ ᠤᠨ ᠴᠢᠰᠤ ᠶᠡᠭᠦᠯᠡᠬᠦ ᠨᠡᠶᠢᠭᠡᠮᠯᠢᠭ ᠠᠴᠠ 2004 ᠤᠨ ᠤ 6 ᠰᠠᠷ᠎ᠠ ᠶᠢᠨ 14 ᠤ ᠡᠳᠦᠷ ᠢ ᠠᠩᠬᠠᠳᠠᠭᠴᠢ | ᠳᠡᠯᠡᠬᠡᠢ ᠶᠢᠨ ᠴᠢᠰᠤ ᠬᠠᠨᠳᠢᠪᠯᠠᠬᠤ ᠡᠳᠦᠷ ᠢᠶᠠᠷ ᠲᠤᠭᠲᠠᠭᠠᠵᠠᠢ᠃ | ᠠᠽᠢᠶ᠎ᠠ ᠲᠢᠪ ᠤᠨ ᠡᠯ᠎ᠡ ᠤᠯᠤᠰ ᠤᠨ ᠴᠢᠰᠤ ᠬᠠᠨᠳᠢᠪᠯᠠᠭᠰᠠᠨ ᠬᠠᠷᠢᠴᠠᠯ | ᠮᠠᠨ ᠤ ᠤᠯᠤᠰ ᠤᠨ 《 ᠴᠢᠰᠤ ᠬᠠᠨᠳᠢᠪᠯᠠᠬᠤ ᠬᠠᠤᠯᠢ 》 ᠳᠠᠬᠢ ᠳᠤᠤᠷᠠᠬᠢ ᠡᠯ᠎ᠡ ᠲᠦᠷᠦᠯ ᠤᠨ | ᠲᠤᠭᠲᠠᠭᠠᠯ ᠨᠢ ᠳᠡᠯᠡᠬᠡᠢ ᠳᠡᠭᠡᠷᠡᠬᠢ ᠬᠦᠭᠵᠢᠭᠰᠡᠨ ᠤᠯᠤᠰ ᠪᠠ ᠠᠽᠢᠶ᠎ᠠ ᠲᠢᠪ ᠤᠨ ᠪᠤᠰᠤᠳ ᠤᠯᠤᠰ ᠤᠨ ᠬᠢ ᠠᠴᠠ | ᠪᠦᠷ ᠳᠤᠤᠷ᠎ᠠ ᠪᠠᠶᠢᠳᠠᠭ᠃ | ᠴᠢᠰᠤ ᠬᠠᠨᠳᠢᠪᠯᠠᠬᠤ ᠨᠠᠰᠤ᠄ ᠮᠠᠨ ᠤ ᠤᠯᠤᠰ ᠤᠨ ᠲᠤᠭᠲᠠᠭᠠᠯ ᠳᠤ 18-55 ᠪᠦᠬᠦᠯᠢ ᠨᠠᠰᠤ ︵ᠡᠷᠡᠭᠲᠡᠢ᠂ | ᠡᠮᠡᠭᠲᠡᠢ︶︔ ᠰᠢᠶᠠᠩᠭᠠᠩ ᠤᠨ ᠤᠨᠴᠠᠭᠠᠢ ᠵᠠᠰᠠᠭ ᠵᠠᠬᠢᠷᠭᠠᠨ ᠤ ᠤᠷᠤᠨ ᠤ ᠲᠤᠭᠲᠠᠭᠠᠯ ᠳᠤ 16 ᠨᠠᠰᠤᠨ ᠠᠴᠠ | ᠳᠡᠭᠡᠭᠰᠢ᠂ ᠵᠦᠪᠬᠡᠨ ᠲᠤᠤᠷ᠎ᠠ ᠬᠢᠵᠠᠭᠠᠷ ᠲᠠᠢ᠂ ᠳᠡᠭᠡᠷ᠎ᠡ ᠬᠢᠵᠠᠭᠠᠷ ᠦᠭᠡᠢ︔ ᠶᠠᠫᠤᠨ ᠤ ᠲᠤᠭᠲᠠᠭᠠᠯ ᠳᠤ᠄ 18-69 | ᠨᠠᠰᠤ︔ ᠺᠤᠷᠢᠶᠠ ᠤᠯᠤᠰ ᠤᠨ ᠲᠤᠭᠲᠠᠭᠠᠯ ᠳᠤ 16-65 ᠨᠠᠰᠤ︔ ᠲᠠᠶᠢᠸᠠᠨ ᠤ ᠲᠤᠭᠲᠠᠭᠠᠯ ᠳᠤ 17-65 ᠨᠠᠰᠤ | ᠃ ᠨᠢᠭᠡ ᠤᠳᠠᠭᠠᠨ ᠤ ᠴᠢᠰᠤ ᠬᠠᠨᠳᠢᠪᠯᠠᠬᠤ ᠬᠡᠮᠵᠢᠶ᠎ᠡ᠄ ᠮᠠᠨ ᠤ ᠤᠯᠤᠰ ᠤᠨ ᠲᠤᠭᠲᠠᠭᠠᠯ ᠳᠤ ᠨᠢᠭᠡ ᠤᠳᠠᠭ᠎ᠠ 200 | ᠮᠢᠯᠢᠯᠢᠲᠷ᠂ ᠬᠠᠮᠤᠭ ᠤᠯᠠᠨ ᠳᠠᠭᠠᠨ 400 ᠮᠢᠯᠢᠯᠢᠲᠷ ᠠᠴᠠ ᠳᠠᠪᠠᠵᠤ ᠪᠤᠯᠬᠤ ᠦᠭᠡᠢ︔ ᠺᠤᠷᠢᠶᠠ ᠤᠯᠤᠰ ᠤᠨ | ᠲᠤᠭᠲᠠᠭᠠᠯ ᠳᠤ 320-400 ᠮᠢᠯᠢᠯᠢᠲᠷ︔ ᠰᠢᠶᠠᠩᠭᠠᠩ ᠤᠨ ᠤᠨᠴᠠᠭᠠᠢ ᠵᠠᠰᠠᠭ ᠵᠠᠬᠢᠷᠭᠠᠨ ᠤ ᠤᠷᠤᠨ ᠤ | ᠲᠤᠭᠲᠠᠭᠠᠯ ᠳᠤ 300-430 ᠮᠢᠯᠢᠯᠢᠲᠷ︔ ᠲᠠᠶᠢᠸᠠᠨ ᠤ ᠲᠤᠭᠲᠠᠭᠠᠯ ᠳᠤ 250-500 ᠮᠢᠯᠢᠯᠢᠲᠷ︔ ᠨᠧᠫᠡᠯ ᠤᠨ | ᠲᠤᠭᠲᠠᠭᠠᠯ ᠳᠤ 250-500 ᠮᠢᠯᠢᠯᠢᠲᠷ᠃ ᠬᠤᠶᠠᠷ ᠤᠳᠠᠭᠠᠨ ᠤ ᠴᠢᠰᠤ ᠬᠠᠨᠳᠢᠪᠯᠠᠬᠤ ᠴᠠᠭ ᠤᠨ ᠵᠦᠷᠢᠶ᠎ᠡ᠄ | ᠮᠠᠨ ᠤ ᠤᠯᠤᠰ ᠤᠨ ᠲᠤᠭᠲᠠᠭᠠᠯ ᠳᠤ ᠵᠢᠷᠭᠤᠭᠠᠨ ᠰᠠᠷ᠎ᠠ ᠠᠴᠠ ᠤᠬᠤᠷ ᠪᠠᠶᠢᠵᠤ ᠪᠤᠯᠬᠤ ᠦᠭᠡᠢ︔ ᠶᠠᠫᠤᠨ᠂ ᠺᠤᠷᠢᠶᠠ | ᠂ ᠰᠢᠶᠠᠩᠭᠠᠩ ᠤᠨ ᠤᠨᠴᠠᠭᠠᠢ ᠵᠠᠰᠠᠭ ᠵᠠᠬᠢᠷᠭᠠᠨ ᠤ ᠤᠷᠤᠨ᠂ ᠲᠠᠶᠢᠸᠠᠨ ᠤ ᠲᠣᠭᠲᠠᠭᠠᠯ ᠳᠤ 3 ᠰᠠᠷ᠎ᠠ᠃ ᠭᠠᠳᠠᠷ | ᠤᠯᠤᠰ ᠤᠨ ᠨᠢᠭᠡᠨ ᠮᠡᠳᠡᠭᠡᠯᠡᠯ ᠳᠤ᠂ ᠨᠢᠭᠡᠨ ᠬᠦᠮᠦᠨ ᠨᠢᠭᠡ ᠵᠢᠯ 10 ᠤᠳᠠᠭ᠎ᠠ ᠴᠢᠰᠤ ᠬᠠᠨᠳᠢᠪᠯᠠᠭᠰᠠᠨ ᠢ | ᠮᠡᠳᠡᠭᠡᠯᠡᠵᠡᠢ᠂ ᠡᠭᠦᠨ ᠠᠴᠠ ᠦᠵᠡᠪᠡᠯ ᠴᠢᠰᠤ ᠬᠠᠨᠳᠢᠪᠯᠠᠬᠤ ᠨᠢ ᠡᠷᠡᠭᠦᠯ ᠴᠢᠬᠢᠷᠠᠭ ᠢ ᠨᠦᠯᠦᠭᠡᠯᠡᠬᠦ ᠦᠭᠡᠢ᠃ | ᠴᠢᠰᠤ ᠬᠠᠨᠳᠢᠪᠯᠠᠭᠰᠠᠳ ᠶᠠᠮᠠᠷ ᠬᠠᠮᠠᠭᠠᠯᠠᠪᠠᠰᠤ ᠵᠤᠬᠢᠬᠤ ᠡᠷᠬᠡ ᠪᠠᠶᠢᠬᠤ ᠪᠤᠢ︖ | 1. ᠠᠯᠢᠪᠠ ᠴᠢᠰᠤ ᠬᠠᠨᠳᠢᠪᠯᠠᠭᠰᠠᠳ ᠪᠦᠷ ᠬᠦᠬᠢᠭᠦᠯᠦᠯ ᠱᠠᠩᠨᠠᠯ ᠤᠯᠬᠤ ᠡᠷᠬᠡ ᠲᠠᠢ᠃ | 2. ᠴᠢᠰᠤ ᠬᠠᠨᠳᠢᠪᠯᠠᠭᠰᠠᠳ ᠤᠨ ᠭᠦᠮᠦᠨ ᠴᠢᠨᠡᠷ ᠢ ᠭᠤᠲᠠᠭᠠᠨ ᠳᠤᠷᠤᠮᠵᠢᠯᠠᠬᠤ ᠦᠭᠡᠢ᠂ ᠬᠤᠪᠢ ᠶᠢᠨ | ᠨᠢᠭᠤᠴᠠ ᠶᠢ ᠬᠠᠮᠠᠭᠠᠯᠠᠬᠤ ᠡᠷᠬᠡ ᠲᠠᠢ᠃ | 3. ᠴᠢᠰᠤ ᠬᠠᠨᠳᠢᠪᠯᠠᠭᠰᠠᠳ ᠲᠦᠯᠦᠪᠦᠷᠢ ᠦᠭᠡᠢ ᠪᠠᠷ ᠪᠡᠶ᠎ᠡ ᠶᠢᠨ ᠪᠠᠶᠢᠴᠠᠭᠠᠯᠲᠠ ᠬᠢᠵᠦ᠂ ᠰᠢᠯᠭᠠᠨ | ᠪᠠᠶᠢᠴᠠᠭᠠᠬᠤ ᠬᠠᠷᠠᠭᠠᠯᠵᠠᠯ ᠲᠠᠢ᠃ | ᠨᠢᠭᠡ ᠡᠷᠡᠭᠦᠯ ᠡᠷᠬᠡᠲᠦ ᠠᠷᠠᠳ ᠨᠢᠭᠡ ᠨᠠᠰᠤᠨ ᠳᠠᠭᠠᠨ ᠬᠡᠳᠦᠢ ᠴᠢᠰᠤ ᠬᠠᠨᠳᠢᠪᠯᠠᠵᠤ ᠪᠤᠯᠬᠤ ᠪᠤᠢ︖ 《 | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ 》 ᠶᠢᠨ ᠲᠤᠭᠲᠠᠭᠠᠯ ᠢ | ᠦᠨᠳᠦᠰᠦᠯᠡᠪᠡᠯ᠂ ᠴᠢᠰᠤ ᠬᠠᠨᠳᠢᠪᠯᠠᠬᠤ ᠨᠠᠰᠤᠨ ᠤ ᠬᠢᠵᠠᠭᠠᠷ ᠨᠢ 18-55 ᠪᠦᠬᠦᠯᠢ ᠨᠠᠰᠤ᠂ ᠬᠤᠶᠠᠷ ᠤᠳᠠᠭᠠᠨ ᠤ | ᠴᠢᠰᠤ ᠬᠠᠨᠳᠢᠪᠯᠠᠬᠤ ᠴᠠᠭ ᠤᠨ ᠵᠦᠷᠢᠶ᠎ᠡ ᠵᠢᠷᠭᠤᠭᠠᠨ ᠰᠠᠷ᠎ᠠ ᠠᠴᠠ ᠳᠡᠭᠡᠭᠰᠢ ᠪᠠᠶᠢᠵᠤ᠂ ᠤᠳᠠᠭ᠎ᠠ ᠪᠦᠷᠢ ᠶᠢᠨ ᠴᠢᠰᠤ | ᠬᠠᠨᠳᠢᠪᠯᠠᠬᠤ ᠬᠡᠮᠵᠢᠶ᠎ᠡ 200-400 ᠮᠢᠯᠢᠯᠢᠲᠷ᠃ ᠬᠡᠷᠪᠡ ᠨᠢᠭᠡ ᠴᠢᠰᠤ ᠬᠠᠨᠳᠢᠪᠯᠠᠬᠤ ᠪᠠᠷᠢᠮᠵᠢᠶ᠎ᠠ ᠳᠤ ᠨᠡᠶᠢᠴᠡᠭᠰᠡᠨ | ᠡᠷᠡᠭᠦᠯ ᠬᠦᠮᠦᠨ ᠵᠢᠷᠭᠤᠭᠠᠨ ᠰᠠᠷ᠎ᠠ ᠦᠩᠭᠡᠷᠡᠬᠦ ᠪᠦᠷᠢ ᠨᠢᠭᠡ ᠤᠳᠠᠭ᠎ᠠ ᠴᠢᠰᠤ ᠬᠠᠨᠳᠢᠪᠯᠠᠨ᠂ ᠤᠳᠠᠭ᠎ᠠ ᠪᠦᠷᠢ 400 | ᠮᠢᠯᠢᠯᠢᠲᠷ ᠬᠠᠨᠳᠢᠪᠯᠠᠬᠤ ᠪᠠᠷ ᠪᠤᠳᠤᠪᠠᠯ᠂ ᠨᠢᠭᠡ ᠬᠦᠮᠦᠨ ᠨᠢᠭᠡ ᠨᠠᠰᠤᠨ ᠳᠠᠭᠠᠨ 74 ᠤᠳᠠᠭ᠎ᠠ ᠴᠢᠰᠤ ᠬᠠᠨᠳᠢᠪᠯᠠᠵᠤ᠂ | ᠨᠡᠶᠢᠲᠡ 3 ᠲᠦᠮᠡᠨ ᠮᠢᠯᠢᠯᠢᠲᠷ ᠴᠢᠰᠤ ᠬᠠᠨᠳᠢᠪᠯᠠᠨ᠎ᠠ᠃ | ᠴᠢᠰᠤ ᠬᠠᠨᠳᠢᠪᠯᠠᠬᠤ ᠨᠢ ᠡᠷᠡᠭᠦᠯ ᠮᠡᠨᠳᠦ ᠶᠢ ᠨᠦᠯᠦᠭᠡᠯᠡᠬᠦ ᠦᠭᠡᠢ | ᠴᠢᠰᠤᠨ ᠤ ᠰᠢᠩᠭᠡᠨ ᠤ ᠹᠢᠽᠢᠦᠯᠤᠭᠢ ᠶᠢᠨ ᠤᠬᠠᠭᠠᠨ ᠠᠴᠠ ᠦᠵᠡᠪᠡᠯ᠄ 200 ᠮᠢᠯᠢᠯᠢᠲᠷ ᠴᠢᠰᠤ | ᠬᠠᠨᠳᠢᠪᠯᠠᠬᠤ ᠨᠢ ᠶᠠᠮᠠᠷ ᠤᠬᠠᠭᠳᠠᠬᠤᠨ ᠪᠤᠯ︖ ᠬᠦᠮᠦᠨ ᠤ ᠪᠡᠶ᠎ᠡ ᠳᠠᠬᠢ ᠴᠢᠰᠤᠨ ᠤ ᠰᠢᠩᠭᠡᠨ ᠤ ᠶᠡᠷᠦᠩᠬᠡᠢ ᠬᠡᠮᠵᠢᠶ᠎ᠡ | ᠨᠢ ᠬᠦᠮᠦᠨ ᠤ ᠪᠡᠶ᠎ᠡ ᠶᠢᠨ ᠬᠦᠨᠳᠦ ᠶᠢᠨ 8% ᠶᠢ ᠡᠵᠡᠯᠡᠨ᠎ᠡ᠂ ᠡᠩ ᠤᠨ ᠪᠠᠶᠢᠳᠠᠯ ᠳᠤ᠂ ᠨᠠᠰᠤᠨ ᠳᠤ | ᠬᠦᠷᠦᠭᠰᠡᠳ ᠤᠨ ᠴᠢᠰᠤᠨ ᠤ ᠰᠢᠩᠭᠡᠨ ᠤ ᠶᠡᠷᠦᠩᠬᠡᠢ ᠬᠡᠮᠵᠢᠶ᠎ᠡ ᠨᠢ 4000-5000 ᠮᠢᠯᠢᠯᠢᠲᠷ᠂ ᠨᠢᠭᠡ ᠤᠳᠠᠭ᠎ᠠ | 200 ᠮᠢᠯᠢᠯᠢᠲᠷ ᠴᠢᠰᠤ ᠬᠠᠨᠳᠢᠪᠯᠠᠬᠤ ᠨᠢ ᠴᠢᠰᠤᠨ ᠤ ᠶᠡᠷᠦᠩᠬᠡᠢ ᠬᠡᠮᠵᠢᠶᠡᠨ ᠤ 1/20-1/25 ᠶᠢ ᠡᠵᠡᠯᠡᠨ᠎ᠡ︔ | ᠡᠮᠴᠢᠯᠡᠭᠡᠨ ᠤ ᠠᠨᠠᠭᠠᠬᠤ ᠤᠬᠠᠭᠠᠨ ᠤ ᠦᠢᠯᠡᠳᠦᠯᠭᠡ ᠳᠤᠮᠳᠠ᠂ ᠡᠩ ᠤᠨ ᠪᠠᠶᠢᠳᠠᠯ ᠳᠤ᠂ ᠴᠢᠰᠤ ᠲᠤᠲᠠᠭᠰᠠᠨ | ᠬᠡᠮᠵᠢᠶ᠎ᠡ ᠨᠢ 600 ᠮᠢᠯᠢᠯᠢᠲᠷ ᠠᠴᠠ ᠪᠠᠭ᠎ᠠ ᠦᠶᠡᠰ᠂ ᠴᠢᠰᠤ ᠶᠡᠭᠦᠯᠡᠬᠦ ᠶᠢ ᠰᠠᠨᠠᠭᠠᠴᠢᠯᠠᠬᠤ ᠦᠭᠡᠢ᠂ ᠡᠭᠦᠨ ᠠᠴᠠ | 200 ᠮᠢᠯᠢᠯᠢᠲᠷ ᠴᠢᠰᠤ ᠬᠠᠨᠳᠢᠪᠯᠠᠬᠤ ᠨᠢ ᠡᠷᠡᠭᠦᠯ ᠮᠡᠨᠳᠦ ᠶᠢ ᠨᠦᠯᠦᠭᠡᠯᠡᠬᠦ ᠦᠭᠡᠢ ᠭᠡᠳᠡᠭ ᠢ ᠮᠡᠳᠡᠵᠦ ᠪᠤᠯᠤᠨ᠎ᠠ᠃ | ᠬᠦᠮᠦᠨ ᠤ ᠪᠡᠶ᠎ᠡ ᠶᠢᠨ ᠴᠢᠰᠤᠨ ᠤ ᠰᠢᠩᠭᠡᠨ ᠨᠢ ᠪᠦᠭᠦᠳᠡᠭᠡᠷ ᠴᠢᠰᠤᠨ ᠤ ᠡᠷᠭᠢᠯᠲᠡ ᠳᠤ ᠤᠷᠤᠯᠴᠠᠬᠤ ᠪᠢᠰᠢ᠂ | 20-25% ᠶᠢᠨ ᠴᠢᠰᠤᠨ ᠤ ᠰᠢᠩᠭᠡᠨ ᠨᠢ ᠳᠡᠯᠢᠭᠦᠦ᠂ ᠡᠯᠢᠭᠡ᠂ ᠠᠭᠤᠰᠬᠢ᠂ ᠠᠷᠠᠰᠤ ᠵᠡᠷᠭᠡ 《 ᠴᠢᠰᠤᠨ ᠤ | ᠬᠦᠮᠦᠷᠭᠡ 》 ᠲᠤᠲᠤᠷ᠎ᠠ ᠤᠷᠤᠰᠢᠵᠤ᠂ ᠳᠡᠯᠢᠭᠦᠦ ᠪᠤᠯ ᠬᠦᠮᠦᠨ ᠤ ᠪᠡᠶ᠎ᠡ ᠶᠢᠨ ᠬᠠᠮᠤᠭ ᠤᠨ ᠶᠡᠭᠡ 《 ᠴᠢᠰᠤᠨ ᠤ | ᠬᠦᠮᠦᠷᠭᠡ 》 ᠮᠦᠨ᠂ ᠬᠦᠮᠦᠨ ᠤ ᠪᠡᠶ᠎ᠡ ᠶᠢᠨ ᠶᠡᠷᠦᠩᠬᠡᠢ ᠴᠢᠰᠤᠨ ᠤ ᠬᠡᠮᠵᠢᠶᠡᠨ ᠤ 20% ᠶᠢᠨ ᠴᠢᠰᠤᠨ ᠤ | ᠰᠢᠩᠭᠡᠨ ᠢ ᠬᠠᠳᠠᠭᠠᠯᠠᠵᠤ ᠳᠡᠶᠢᠯᠦᠨ᠎ᠡ᠃ ᠬᠦᠮᠦᠨ ᠤ ᠪᠡᠶ᠎ᠡ ᠶᠢᠨ ᠴᠢᠰᠤᠨ ᠤ ᠡᠷᠭᠢᠯᠲᠡ ᠴᠢᠰᠤ ᠬᠡᠷᠡᠭᠰᠡᠬᠦ ᠦᠶᠡᠰ᠂ | ᠳᠡᠯᠢᠭᠦᠦ ᠵᠡᠷᠭᠡ ᠨᠢ ᠲᠠᠰᠤᠷᠠᠯᠲᠠ ᠦᠭᠡᠢ ᠴᠢᠰᠤᠨ ᠤ ᠰᠢᠩᠭᠡᠨ ᠢ ᠴᠢᠰᠤᠨ ᠰᠤᠳᠠᠯ ᠳᠤ ᠤᠷᠤᠭᠤᠯᠵᠤ᠂ ᠴᠢᠰᠤᠨ ᠤ | ᠡᠷᠭᠢᠯᠲᠠ ᠳᠤ ᠤᠷᠤᠯᠴᠠᠭᠤᠯᠤᠨ᠎ᠠ᠃ 200 ᠮᠢᠯᠢᠯᠢᠲᠷ ᠴᠢᠰᠤ ᠬᠠᠨᠳᠢᠪᠯᠠᠬᠤ ᠨᠢ ᠴᠢᠰᠤᠨ ᠤ ᠡᠷᠭᠢᠯᠲᠡ ᠶᠢ | ᠨᠦᠯᠦᠭᠡᠯᠡᠬᠦ ᠦᠭᠡᠢ᠂ ᠬᠡᠷᠬᠢᠨ ᠡᠷᠡᠭᠦᠯ ᠴᠢᠬᠢᠷᠠᠭ ᠢ ᠨᠦᠯᠦᠭᠡᠯᠡᠬᠦ ᠠᠵᠠᠢ︖ ᠬᠦᠮᠦᠨ ᠤ ᠪᠡᠶ᠎ᠡ ᠶᠢᠨ ᠴᠢᠰᠤᠨ ᠤ | ᠪᠦᠷᠢᠯᠳᠦᠭᠦᠨ ᠤ ᠬᠠᠭᠤᠴᠢᠨ ᠢ ᠭᠠᠷᠭᠠᠵᠤ ᠰᠢᠨ᠎ᠡ ᠶᠢ ᠠᠪᠬᠤ ᠬᠦᠳᠡᠯᠭᠡᠭᠡᠨ ᠨᠢ ᠤᠨᠴᠠᠭᠠᠢ ᠬᠦᠳᠡᠯᠦᠩᠭᠦᠢ᠂ | ᠬᠦᠮᠦᠨ ᠤ ᠪᠡᠶ᠎ᠡ ᠳᠤᠲᠤᠷ᠎ᠠ ᠡᠳᠦᠷ ᠪᠦᠷᠢ ᠪᠠᠷᠤᠭ 1/120 ᠶᠢᠨ ᠤᠯᠠᠭᠠᠨ ᠡᠰ ︵20 ᠳ᠋ᠦᠩᠰᠢᠭᠤᠷ ᠤᠯᠠᠭᠠᠨ ᠡᠰ | ︶ ᠦᠲᠡᠯᠵᠦ᠂ ᠦᠬᠦᠵᠦ᠂ ᠴᠠᠭᠠᠨ ᠡᠰ ᠤᠨ ᠳᠤᠮᠳᠠᠴᠢ ᠠᠮᠢ ᠨᠠᠰᠤ ᠪᠠᠷᠤᠭ 7-14 ᠡᠳᠦᠷ᠂ ᠴᠢᠰᠤᠨ | ᠢᠯᠳᠠᠰᠤ ᠶᠢᠨ ᠠᠮᠢ ᠨᠠᠰᠤ ᠨᠢ ᠨᠡᠩ ᠤᠬᠤᠷ᠂ ᠪᠠᠷᠤᠭ 7-9 ᠡᠳᠦᠷ᠃ ᠳᠠᠬᠢᠪᠠᠯ᠂ ᠬᠦᠮᠦᠨ ᠤ ᠪᠡᠶ᠎ᠡ ᠶᠢᠨ ᠴᠢᠮᠦᠭᠡ | ᠬᠦᠴᠦᠷᠬᠡᠭ ᠶᠡᠭᠡ ᠨᠦᠬᠦᠪᠦᠷᠢᠯᠡᠬᠦ ᠴᠢᠳᠠᠪᠤᠷᠢ ᠲᠠᠢ᠂ ᠵᠤᠬᠢᠬᠤ ᠨᠦᠬᠦᠴᠡᠯ ᠤᠨ ᠲᠦᠯᠬᠢᠴᠡ ᠳᠤᠤᠷ᠎ᠠ᠂ ᠴᠢᠮᠦᠭᠡ ᠶᠢᠨ | ᠴᠢᠰᠤ ᠪᠦᠷᠢᠯᠳᠦᠭᠦᠯᠬᠦ ᠴᠢᠳᠠᠪᠤᠷᠢ ᠨᠢ ᠡᠩ ᠤᠨ ᠬᠢ ᠠᠴᠠ ᠪᠠᠨ 6-8 ᠳᠠᠬᠢᠨ ᠨᠡᠮᠡᠭᠳᠡᠬᠦ ᠪᠤᠯᠤᠯᠴᠠᠭ᠎ᠠ ᠲᠠᠢ᠂ ᠨᠢᠭᠡᠨ | ᠡᠷᠡᠭᠦᠯ ᠬᠦᠮᠦᠨ ᠡᠳᠦᠷ ᠪᠦᠷᠢ ᠪᠠᠷᠤᠭ 2000 ᠳ᠋ᠦᠩᠰᠢᠭᠤᠷ ᠤᠯᠠᠭᠠᠨ ᠡᠰ᠂ 1200 ᠳ᠋ᠦᠩᠰᠢᠭᠤᠷ ᠴᠢᠰᠤᠨ | ᠢᠯᠳᠠᠰᠤ ᠶᠢ ᠪᠦᠷᠢᠯᠳᠦᠭᠦᠯᠦᠨ᠎ᠡ᠂ ᠳᠠᠷᠣᠢ ᠡᠷᠡᠭᠦᠯ ᠬᠦᠮᠦᠨ ᠤ ᠵᠢᠯ ᠪᠦᠷᠢ ᠶᠢᠨ ᠰᠢᠨ᠎ᠡ ᠪᠠᠷ ᠨᠡᠮᠡᠭᠳᠡᠭᠰᠡᠨ ᠴᠢᠰᠤᠨ ᠤ | ᠡᠰ ᠨᠢ ᠪᠠᠷᠤᠭ ᠬᠦᠮᠦᠨ ᠤ ᠪᠡᠶ᠎ᠡ ᠶᠢᠨ ᠴᠢᠰᠤᠨ ᠤ ᠡᠰ ᠤᠨ ᠶᠡᠷᠦᠩᠬᠡᠢ ᠬᠡᠮᠵᠢᠶ᠎ᠡ ᠲᠠᠢ ᠲᠡᠩᠴᠡᠨ᠎ᠡ᠃ 200 | ᠮᠢᠯᠢᠯᠢᠲᠷ ᠴᠢᠰᠤ ᠬᠠᠨᠳᠢᠪᠯᠠᠭᠰᠠᠨ ᠤ ᠳᠠᠷᠠᠭ᠎ᠠ᠂ ᠬᠦᠮᠦᠨ ᠤ ᠪᠡᠶ᠎ᠡ ᠠᠯᠢ ᠲᠦᠷᠭᠡᠨ ᠢᠶᠠᠷ ᠨᠦᠭᠦᠪᠦᠷᠢᠯᠡᠨ ᠴᠢᠳᠠᠬᠤ | ᠲᠤᠯᠨ ᠡᠷᠡᠭᠦᠯ ᠴᠢᠬᠢᠷᠠᠭ ᠢ ᠤᠭᠲᠤ ᠨᠦᠯᠦᠭᠡᠯᠡᠬᠦ ᠦᠭᠡᠢ᠃ | ᠶᠠᠮᠠᠷ ᠬᠦᠮᠦᠰ ᠴᠢᠰᠤ ᠬᠠᠨᠳᠢᠪᠯᠠᠵᠤ ᠪᠤᠯᠬᠤ ᠪᠤᠢ︖ | 1998 ᠤᠨ ᠤ 9 ᠰᠠᠷ᠎ᠠ ᠳᠤ᠂ ᠡᠷᠡᠭᠦᠯ ᠬᠠᠮᠠᠭᠠᠯᠠᠯ ᠤᠨ ᠶᠠᠮᠤᠨ ᠤ ᠬᠤᠶᠠᠳᠤᠭᠠᠷ ᠲᠤᠭᠠᠲᠤ ᠵᠠᠷᠯᠢᠭ 《 | ᠴᠢᠰᠤᠨ ᠤ ᠦᠷᠲᠡᠭᠡ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠯᠡᠬᠦ︶ 》 ᠳᠤ᠂ ᠴᠢᠰᠤ | ᠬᠠᠨᠳᠢᠪᠯᠠᠭᠰᠠᠳ ᠤᠨ ᠡᠷᠡᠭᠦᠯ ᠴᠢᠬᠢᠷᠠᠭ ᠤᠨ ᠪᠠᠶᠢᠴᠠᠭᠠᠯᠲᠠ ᠶᠢᠨ ᠪᠠᠷᠢᠮᠵᠢᠶ᠎ᠠ ᠶᠢᠨ ᠲᠤᠬᠠᠢ ᠲᠤᠭᠲᠠᠭᠠᠯ ᠨᠢ ᠲᠤᠤᠷᠠᠬᠢ | ᠮᠡᠲᠦ᠄ | 1. ᠨᠠᠰᠤ᠄ 18-55 ᠪᠦᠬᠦᠯᠢ ᠨᠠᠰᠤ | 2. ᠪᠡᠶ᠎ᠡ ᠶᠢᠨ ᠬᠦᠨᠳᠦ᠄ ᠡᠷᠡᠭᠲᠡᠢ 50 ᠺᠢᠯᠤᠭ᠍ᠷᠡᠮ ᠲᠠᠢ ᠲᠡᠩᠴᠡᠭᠦᠦ ᠪᠤᠶᠤ ᠶᠡᠭᠡ᠂ ᠡᠮᠡᠭᠲᠡᠢ 45 | ᠺᠢᠯᠤᠭ᠍ᠷᠡᠮ ᠲᠠᠢ ᠲᠡᠩᠴᠡᠭᠦᠦ ᠪᠤᠶᠤ ᠶᠡᠭᠡ᠃ | 3. ᠴᠢᠰᠤᠨ ᠳᠠᠷᠤᠯᠲᠠ᠄ 12-20/8-12kpa᠂ ᠰᠤᠳᠠᠯ ᠤᠨ ᠳᠠᠷᠤᠯᠲᠠ ᠶᠢᠨ ᠵᠦᠷᠢᠶ᠎ᠡ᠄ 4kpa | ᠪᠤᠶᠤ 90mmHg-140mmHg/60mmHg-90mmHg᠂ ᠰᠤᠳᠠᠯ ᠤᠨ ᠳᠠᠷᠤᠯᠲᠠ ᠶᠢᠨ | ᠵᠦᠷᠢᠶ᠎ᠡ 30mmHg ᠲᠠᠢ ᠲᠡᠩᠴᠡᠭᠦᠦ ᠪᠤᠶᠤ ᠶᠡᠭᠡ᠃ | 4. ᠰᠤᠳᠠᠯ ᠤᠨ ᠯᠤᠭᠰᠢᠯᠲᠠ᠄ 60-100 ᠤᠳᠠᠭ᠎ᠠ / ᠮᠢᠨᠦ᠋ᠲ᠂ ᠲᠤᠩ ᠲᠡᠰᠪᠤᠷᠢ ᠲᠠᠢ ᠲᠠᠮᠢᠷᠴᠢᠨ | ᠮᠢᠨᠦ᠋ᠲ ᠪᠦᠷᠢ 50 ᠲᠠᠢ ᠲᠡᠩᠴᠡᠭᠦᠦ ᠪᠤᠶᠤ ᠶᠡᠭᠡ᠃ | 5. ᠪᠡᠶ᠎ᠡ ᠶᠢᠨ ᠳᠤᠯᠠᠭᠠᠨ ᠬᠡᠪ ᠤᠨ ᠪᠠᠶᠢᠳᠠᠯ ᠲᠠᠢ᠃ | 6. ᠠᠷᠠᠰᠤ ᠨᠢ ᠰᠢᠷᠠᠯᠠᠵᠤ ᠬᠠᠯᠳᠠᠪᠤᠷᠢᠯᠠᠭᠰᠠᠨ ᠦᠭᠡᠢ᠂ ᠶᠡᠭᠡ ᠠᠷᠠᠰᠤᠨ ᠡᠪᠡᠳᠴᠢᠨ ᠦᠭᠡᠢ᠂ | ᠯᠢᠮᠹᠠ ᠵᠢᠨᠵᠠᠩᠭᠢᠯᠠᠭᠠ ᠨᠢ ᠢᠯᠡᠷᠬᠡᠢ ᠬᠠᠪᠤᠳᠠᠷ ᠦᠭᠡᠢ᠃ | 7. ᠲᠠᠪᠤᠨ ᠴᠤᠯᠤ ᠨᠢ ᠬᠦᠨᠳᠦ ᠡᠪᠡᠳᠴᠢᠨ ᠦᠭᠡᠢ᠂ ᠰᠠᠯᠢᠰᠦᠲᠦ ᠪᠦᠷᠭᠦᠪᠴᠢ ᠨᠢ ᠰᠢᠷᠠᠯᠠᠵᠦ | ᠬᠠᠯᠳᠠᠪᠦᠷᠢᠯᠠᠭᠰᠡᠨ ᠦᠭᠡᠢ᠂ ᠪᠠᠮᠪᠠᠢ ᠪᠤᠯᠴᠢᠷᠬᠠᠢ ᠨᠢ ᠬᠠᠪᠤᠳᠠᠷ ᠦᠭᠡᠢ᠃ | 8. ᠳᠦᠷᠪᠡᠨ ᠮᠦᠴᠡ ᠨᠢ ᠤᠨᠴᠠᠭᠠᠢ ᠵᠡᠮᠳᠡᠭ ᠪᠢᠰᠢ᠂ ᠭᠦᠨᠳᠦ ᠠᠵᠢᠯᠯᠠᠭ᠎ᠠ ᠶᠢᠨ ᠰᠢᠨᠵᠢᠲᠦ ᠬᠠᠷᠰᠢᠯᠠᠯ | ᠦᠭᠡᠢ ᠵᠢᠴᠢ ᠦᠶ᠎ᠡ ᠭᠡᠰᠢᠭᠦᠦ ᠨᠢ ᠬᠦᠬᠡᠷᠡᠵᠦ ᠬᠠᠪᠤᠳᠤᠭᠰᠠᠨ ᠦᠭᠡᠢ᠃ | 9. ᠴᠡᠭᠡᠵᠢ ᠶᠢᠨ ᠬᠡᠰᠡᠭ᠄ ᠵᠢᠷᠦᠬᠡ ᠠᠭᠤᠰᠬᠢᠨ ᠤ ᠠᠵᠢᠯᠯᠠᠭ᠎ᠠ ᠨᠢ ᠬᠡᠪ ᠤᠨ ᠪᠠᠶᠢᠳᠠᠯ ᠲᠠᠢ ︵ᠵᠢᠷᠦᠬᠡ ᠶᠢᠨ | ᠮᠠᠬᠠᠪᠤᠳ ᠤᠨ ᠴᠢᠨᠡᠷᠲᠦ ᠱᠤᠤᠬᠢᠶᠠᠨ ᠨᠢ ᠬᠡᠪ ᠤᠨ ᠪᠠᠶᠢᠳᠠᠯ ᠳᠤ ᠪᠠᠭᠲᠠᠨ᠎ᠠ︶᠃ | 10. ᠬᠡᠪᠡᠯᠢ ᠶᠢᠨ ᠬᠡᠰᠡᠭ᠄ ᠬᠡᠪᠡᠯᠢ ᠲᠡᠭᠰᠢ ᠵᠦᠭᠡᠯᠡᠨ᠂ ᠬᠠᠪᠤᠳᠠᠷ ᠦᠭᠡᠢ᠂ ᠬᠦᠨᠳᠡᠭᠦᠷᠢ ᠦᠭᠡᠢ᠂ ᠡᠯᠢᠭᠡ | ᠳᠡᠯᠢᠭᠦᠦ ᠨᠢ ᠬᠠᠪᠤᠳᠠᠷ ᠦᠭᠡᠢ᠃ | ᠳᠡᠭᠡᠷᠡᠬᠢ ᠪᠠᠷᠢᠮᠵᠢᠶ᠎ᠠ ᠳᠤ ᠨᠡᠶᠢᠴᠡᠭᠰᠡᠨ ᠡᠷᠬᠡᠲᠦ ᠠᠷᠠᠳ ᠴᠢᠰᠤ ᠬᠠᠨᠳᠢᠪᠯᠠᠵᠤ ᠪᠤᠯᠤᠨ᠎ᠠ᠃ | ᠴᠢᠰᠤ ᠬᠠᠨᠳᠢᠪᠯᠠᠬᠤ ᠠᠴᠠ ᠡᠮᠦᠨ᠎ᠡ ᠶᠠᠮᠠᠷ ᠪᠡᠯᠡᠳᠬᠡᠯ ᠬᠢᠬᠦ ᠬᠡᠷᠡᠭᠲᠡᠢ ᠪᠤᠢ︖ | ᠬᠡᠷᠪᠡ ᠲᠠᠨ ᠤ ᠡᠷᠡᠭᠦᠯ ᠴᠢᠬᠢᠷᠠᠭ ᠤᠨ ᠪᠠᠶᠢᠴᠠᠭᠠᠯᠲᠠ ᠴᠢᠨᠢ ᠴᠢᠰᠤ ᠬᠠᠨᠳᠢᠪᠯᠠᠬᠤ ᠪᠠᠷᠢᠮᠵᠢᠶ᠎ᠠ ᠳᠤ ᠨᠡᠶᠢᠴᠡᠵᠦ | ᠴᠢᠰᠤ ᠬᠠᠨᠳᠢᠪᠯᠠᠬᠤ ᠳᠤ ᠬᠦᠷᠪᠡᠯ᠂ ᠴᠢᠰᠤ ᠬᠠᠨᠳᠢᠪᠯᠠᠬᠤ ᠠᠴᠠ ᠡᠮᠦᠨ᠎ᠡ᠂ ᠲᠤᠤᠷᠠᠬᠢ ᠪᠡᠯᠡᠳᠬᠡᠯ ᠢ ᠬᠢᠭᠡᠷᠡᠢ᠄ | 1. ᠴᠢᠰᠤ ᠬᠠᠨᠳᠢᠪᠯᠠᠬᠤ ᠲᠤᠬᠠᠢ ᠮᠡᠳᠡᠯᠭᠡ ᠶᠢ ᠰᠤᠷᠤᠯᠴᠠᠨ᠂ ᠪᠠᠴᠢᠮᠳᠠᠬᠤ ᠰᠡᠳᠬᠢᠯᠭᠡ ᠪᠠᠨ ᠦᠭᠡᠶᠢᠰᠬᠡᠨ᠎ᠡ᠃ | | 2. ᠴᠢᠰᠤ ᠬᠠᠨᠳᠢᠪᠯᠠᠬᠤ ᠠᠴᠠ ᠡᠮᠦᠨ᠎ᠡ ᠡᠮ ᠤᠤᠭᠤᠵᠤ ᠪᠤᠯᠬᠤ ᠦᠭᠡᠢ᠃ ᠠᠰᠫᠢᠷᠢᠨ ᠤᠤᠭᠤᠭᠰᠠᠨ ᠤ | ᠳᠠᠷᠠᠭ᠎ᠠ 3 ᠡᠳᠦᠷ ᠤᠨ ᠳᠤᠲᠤᠷ᠎ᠠ ᠴᠢᠰᠤᠨ ᠤ ᠢᠯᠳᠠᠰᠤ ᠶᠢᠨ ᠵᠠᠷᠢᠮ ᠴᠢᠳᠠᠮᠵᠢ ᠳᠤᠷᠤᠭᠰᠢᠯᠠᠨ᠎ᠠ᠂ ᠡᠶᠢᠮᠦ ᠠᠴᠠ | ᠴᠢᠰᠤ ᠬᠠᠨᠳᠢᠪᠯᠠᠬᠤ ᠠᠴᠠ 3 ᠡᠳᠦᠷ ᠤᠨ ᠡᠮᠦᠨ᠎ᠡ ᠡᠮ ᠤᠤᠭᠤᠵᠤ ᠪᠤᠯᠬᠤ ᠦᠭᠡᠢ᠃ | 3. ᠦᠭᠡᠬᠦ ᠲᠤᠰᠤ ᠪᠠᠭ᠎ᠠ ᠢᠳᠡᠬᠦ ᠬᠡᠷᠡᠭᠲᠡᠢ᠃ ᠴᠢᠰᠤ ᠬᠠᠨᠳᠢᠪᠯᠠᠬᠤ ᠠᠴᠠ ᠡᠮᠦᠨ᠎ᠡ ᠨᠢᠭᠡ ᠡᠳᠦᠷ ᠪᠠ ᠲᠤᠰ | ᠡᠳᠦᠷ ᠳᠠᠳᠬᠠᠯ ᠶᠤᠰᠤᠭᠠᠷ ᠬᠤᠭᠤᠯᠠᠯᠨᠠ᠂ ᠭᠡᠪᠡᠴᠦ ᠦᠭᠡᠬᠦ ᠲᠤᠰᠤᠨ ᠤ ᠠᠭᠤᠯᠤᠭᠳᠠᠴᠠ ᠪᠠᠭ᠎ᠠ ᠪᠠᠶᠢᠬᠤ ᠬᠡᠷᠡᠭᠲᠡᠢ᠃ | | 4. ᠠᠷᠢᠬᠢ ᠤᠤᠭᠤᠬᠤ ᠦᠭᠡᠢ᠂ ᠤᠨᠴᠠᠭᠠᠶᠢᠯᠠᠨ ᠲᠤᠭᠰᠢᠨ ᠬᠠᠷ᠎ᠠ ᠤᠤᠭᠤᠵᠤ ᠪᠤᠯᠬᠤ ᠦᠭᠡᠢ᠃ | 5. ᠭᠦᠢᠴᠡᠳ ᠤᠨᠲᠠᠵᠤ ᠠᠮᠠᠷᠠᠨ᠂ ᠰᠢᠷᠦᠭᠦᠨ ᠬᠦᠳᠡᠯᠭᠡᠭᠡᠨ ᠳᠤ ᠤᠷᠤᠯᠴᠠᠵᠤ ᠪᠤᠯᠬᠤ ᠦᠭᠡᠢ᠃ | ᠮᠠᠨ ᠤ ᠤᠯᠤᠰ ᠤᠨ ᠡᠷᠬᠡᠲᠦ ᠠᠷᠠᠳ ᠤᠨ ᠴᠢᠰᠤ ᠬᠠᠨᠳᠢᠪᠯᠠᠬᠤ ᠳᠤ ᠤᠷᠤᠯᠴᠠᠬᠤ ᠬᠠᠤᠯᠢ ᠳᠤ | ᠲᠤᠭᠲᠠᠭᠠᠭᠰᠠᠨ ᠨᠠᠰᠤᠨ ᠤ ᠬᠢᠵᠠᠭᠠᠷ ᠨᠢ ᠬᠡᠳᠦᠢ ᠪᠤᠢ︖ | 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠢᠰᠤ ᠬᠠᠨᠳᠢᠪᠯᠠᠬᠤ ᠬᠠᠤᠯᠢ 》 ᠶᠢᠨ | ᠲᠤᠭᠲᠠᠭᠠᠯ ᠳᠤ᠄ 《 ᠤᠯᠤᠰ ᠠᠴᠠ 18-55 ᠪᠦᠬᠦᠯᠢ ᠨᠠᠰᠤᠨ ᠤ ᠡᠷᠡᠭᠦᠯ ᠡᠷᠬᠡᠲᠦ ᠠᠷᠠᠳ ᠤᠨ ᠰᠠᠶᠢᠨ | ᠳᠤᠷ᠎ᠠ ᠠᠴᠠ ᠪᠠᠨ ᠴᠢᠰᠤ ᠬᠠᠨᠳᠢᠪᠯᠠᠬᠤ ᠶᠢ ᠤᠷᠢᠶᠠᠯᠠᠨ᠎ᠠ᠃ 》 ᠴᠢᠰᠤ ᠬᠠᠨᠳᠢᠪᠯᠠᠬᠤ ᠨᠠᠰᠤᠨ ᠤ ᠬᠢᠵᠠᠭᠠᠷ ᠤᠨ | ᠲᠤᠬᠠᠢ᠂ ᠡᠯ᠎ᠡ ᠤᠯᠤᠰ ᠤᠨ ᠲᠤᠭᠲᠠᠭᠠᠯ ᠠᠳᠠᠯᠢ ᠦᠭᠡᠢ᠂ ᠮᠠᠨ ᠤ ᠤᠯᠤᠰ ᠤᠨ ᠡᠯ᠎ᠡ ᠮᠤᠵᠢ᠂ ᠬᠤᠲᠠ ᠶᠢᠨ | ᠲᠤᠭᠲᠠᠭᠠᠯ ᠪᠠᠰᠠ ᠵᠦᠷᠢᠶ᠎ᠡ ᠲᠠᠢ᠃ 《 ᠴᠢᠰᠤ ᠬᠠᠨᠳᠢᠪᠯᠠᠬᠤ ᠬᠠᠤᠯᠢ 》 ᠶᠢᠨ ᠲᠤᠭᠲᠠᠭᠠᠯ ᠨᠢ ᠮᠠᠨ ᠤ | ᠤᠯᠤᠰ ᠤᠨ ᠡᠷᠬᠡᠲᠦ ᠠᠷᠠᠳ ᠤᠨ ᠪᠡᠶ᠎ᠡ ᠶᠢᠨ ᠬᠡᠪ ᠴᠢᠨᠠᠷ ᠪᠠ ᠴᠢᠰᠤ ᠬᠡᠷᠡᠭᠰᠡᠬᠦ ᠱᠠᠭᠠᠷᠳᠠᠯᠭ᠎ᠠ ᠶᠢ ᠬᠠᠩᠭᠠᠬᠤ ᠵᠡᠷᠭᠡ | ᠡᠯᠧᠮᠧᠨ᠋ᠲ ᠠᠴᠠ ᠲᠤᠭᠲᠠᠭᠠᠭᠳᠠᠵᠠᠢ᠃ 18 ᠪᠦᠬᠦᠯᠢ ᠨᠠᠰᠤ ᠪᠤᠯ ᠮᠠᠨ ᠤ ᠤᠯᠤᠰ ᠤᠨ ᠪᠦᠷᠢᠨ ᠦᠢᠯᠡ | ᠠᠵᠢᠯᠯᠠᠭ᠎ᠠ ᠶᠢᠨ ᠴᠢᠳᠠᠪᠤᠷᠢ ᠲᠠᠢ ᠬᠦᠮᠦᠨ ᠤ ᠨᠠᠰᠤᠨ ᠤ ᠬᠢᠵᠠᠭᠠᠷ ᠪᠤᠯᠤᠨ᠎ᠠ᠂ ᠲᠦᠯᠦᠪᠦᠷᠢ ᠦᠭᠡᠢ ᠪᠠᠷ ᠴᠢᠰᠤ | ᠬᠠᠨᠳᠢᠪᠯᠠᠬᠤ ᠪᠤᠯ ᠡᠷᠬᠡᠲᠦ ᠠᠷᠠᠳ ᠤᠨ ᠰᠠᠶᠢᠨ ᠳᠤᠷ᠎ᠠ ᠶᠢᠨ ᠠᠵᠢᠯᠯᠠᠭ᠎ᠠ ᠮᠦᠨ᠂ ᠪᠦᠷᠢᠨ ᠦᠢᠯᠡ ᠠᠵᠢᠯᠯᠠᠭ᠎ᠠ ᠶᠢᠨ | ᠴᠢᠳᠠᠪᠤᠷᠢ ᠲᠠᠢ ᠬᠦᠮᠦᠨ ᠦᠪᠡᠷ ᠢᠶᠠᠨ ᠰᠢᠢᠳᠪᠦᠷᠢ ᠭᠠᠷᠭᠠᠨ᠎ᠠ᠂ ᠴᠢᠰᠤ ᠬᠠᠨᠳᠢᠪᠯᠠᠬᠤ ᠬᠠᠤᠯᠢ ᠶᠢᠨ ᠲᠤᠭᠲᠠᠭᠠᠯ ᠳᠤ | 18 ᠨᠠᠰᠤ ᠪᠤᠯ ᠲᠦᠯᠦᠪᠦᠷᠢ ᠦᠭᠡᠢ ᠪᠠᠷ ᠴᠢᠰ ᠬᠠᠨᠳᠢᠪᠯᠠᠬᠤ ᠬᠠᠮᠤᠭ ᠲᠤᠤᠷ᠎ᠠ ᠨᠠᠰᠤᠨ ᠤ ᠬᠢᠵᠠᠭᠠᠷ ᠪᠤᠯᠤᠨ᠎ᠠ᠂ | ᠮᠠᠨ ᠤ ᠤᠯᠤᠰ ᠤᠨ ᠪᠤᠰᠤᠳ ᠬᠠᠤᠯᠢ ᠴᠠᠭᠠᠵᠠ ᠶᠢᠨ ᠲᠤᠭᠲᠠᠭᠠᠯ ᠲᠠᠢ ᠨᠢᠭᠡᠲᠦᠯ ᠲᠠᠢ᠃ ᠮᠠᠨ ᠤ ᠤᠯᠤᠰ ᠤᠨ | ᠡᠷᠬᠡᠲᠦ ᠠᠷᠠᠳ ᠤᠨ ᠪᠡᠶ᠎ᠡ ᠶᠢᠨ ᠪᠠᠶᠢᠳᠠᠯ ᠪᠠ ᠡᠯ᠎ᠡ ᠭᠠᠵᠠᠷ ᠤᠨ ᠪᠠᠶᠢᠳᠠᠯ ᠢ ᠪᠤᠳᠤᠯᠬᠢᠯᠠᠨ᠂ ᠬᠠᠤᠯᠢ ᠶᠢᠨ | ᠲᠤᠭᠲᠠᠭᠠᠯ ᠳᠤ 55 ᠪᠦᠬᠦᠯᠢ ᠨᠠᠰᠤ ᠪᠤᠯ ᠲᠦᠯᠦᠪᠦᠷᠢ ᠦᠭᠡᠢ ᠪᠠᠷ ᠴᠢᠰᠤ ᠬᠠᠨᠳᠢᠪᠯᠠᠬᠤ ᠬᠠᠮᠤᠭ ᠳᠡᠭᠡᠲᠦ ᠨᠠᠰᠤᠨ ᠤ | ᠬᠢᠵᠠᠭᠠᠷ ᠪᠤᠯᠤᠨ᠎ᠠ᠃ ᠭᠡᠪᠡᠴᠦ ᠬᠠᠤᠯᠢ ᠶᠢᠨ ᠲᠤᠭᠲᠠᠭᠠᠯ ᠳᠠᠬᠢ ᠴᠢᠰᠤ ᠬᠠᠨᠳᠢᠪᠯᠠᠬᠤ ᠨᠠᠰᠤᠨ ᠤ ᠬᠢᠵᠠᠭᠠᠷ ᠨᠢ | ᠵᠦᠪᠬᠡᠨ ᠬᠠᠤᠯᠢ ᠴᠠᠭᠠᠵᠠ ᠶᠢᠨ ᠡᠩ ᠤᠨ ᠲᠤᠭᠲᠠᠭᠠᠯ ᠪᠤᠯᠤᠨ᠎ᠠ᠂ ᠨᠠᠰᠤᠨ ᠤ ᠬᠢᠵᠠᠭᠠᠷ ᠨᠢ ᠬᠡᠲᠦᠷᠡᠪᠡᠯ ᠴᠢᠰᠤ | ᠬᠠᠨᠳᠢᠪᠯᠠᠵᠤ ᠪᠤᠯᠬᠤ ᠦᠭᠡᠢ ᠭᠡᠰᠡᠨ ᠦᠭᠡ ᠪᠢᠰᠢ ᠶᠤᠮ᠃ |