| 110 ᠲᠦᠭᠰᠢᠭᠦᠷᠢ ᠮᠡᠳᠡᠭᠦᠯᠬᠦ ᠲᠠᠪᠴᠠᠩ ︵ᠤᠤᠯ ᠤᠨ 110᠂ 119᠂ 112 ᠭᠤᠷᠪᠠᠨ ᠲᠠᠪᠴᠠᠩ ᠢ | ᠨᠢᠭᠡᠳᠬᠡᠵᠦ 110 ᠪᠣᠯᠭᠠᠪᠠ︶ ᠣᠯᠠᠨ ᠲᠦᠮᠡᠨ ᠤ ᠲᠦᠭᠰᠢᠭᠦᠷᠢ ᠮᠡᠳᠡᠭᠦᠯᠦᠨ ᠲᠤᠰᠠᠯᠠᠮᠵᠢ ᠭᠤᠶᠤᠴᠢᠯᠠᠬᠤ ᠪᠠ ᠵᠠᠮ | ᠬᠠᠷᠢᠯᠴᠠᠭ᠎ᠠ᠂ ᠭᠠᠯ ᠤᠨ ᠠᠶᠤᠯ ᠤᠨ ᠠᠳᠡᠯ ᠤᠨ ᠲᠦᠭᠰᠢᠭᠦᠷᠢ ᠮᠡᠳᠡᠭᠦᠯᠥᠭᠰᠡᠨ ᠢ ᠨᠢᠭᠡᠳᠦᠯᠲᠡᠢ ᠬᠦᠯᠢᠶᠡᠨ ᠠᠪᠴᠤ | ᠰᠢᠢᠳᠪᠦᠷᠢᠯᠡᠨ᠎ᠡ᠃ 110 ᠲᠦᠭᠰᠢᠭᠦᠷᠢ ᠮᠡᠳᠡᠭᠦᠯᠬᠦ ᠲᠠᠪᠴᠠᠩ ᠤᠨ ᠤᠯᠠᠨ ᠲᠦᠮᠡᠨ ᠤ ᠲᠦᠭᠰᠢᠭᠦᠷᠢ | ᠮᠡᠳᠡᠭᠦᠯᠥᠭᠰᠡᠨ ᠢ ᠬᠦᠯᠢᠶᠠᠨ ᠠᠪᠴᠤ ᠰᠢᠢᠳᠪᠦᠷᠢᠯᠡᠬᠦ ᠬᠡᠪᠴᠢᠶ᠎ᠡ᠄ ︵1︶ ᠡᠷᠡᠭᠦᠦ ᠶᠢᠨ ᠬᠡᠷᠡᠭ ︔ ︵2︶ | ᠠᠮᠤᠷ ᠢ ᠬᠠᠮᠠᠭᠠᠯᠠᠬᠤ ᠬᠡᠷᠡᠭ ︵ᠤᠴᠢᠷ︶ ︔ ︵3︶ ᠬᠦᠮᠦᠨ ᠤ ᠪᠡᠶ᠎ᠡ᠂ ᠡᠳ᠋ ᠬᠥᠷᠥᠩᠭᠡ ᠶᠢᠨ ᠠᠮᠤᠷ ᠲᠦᠪᠰᠢᠨ | ᠪᠤᠶᠤ ᠨᠡᠶᠢᠭᠡᠮ ᠤᠨ ᠠᠮᠤᠷ ᠢ ᠬᠠᠮᠠᠭᠠᠯᠠᠬᠤ ᠡᠮᠬᠢ ᠳᠢᠭᠯᠢᠮ ᠳᠤ ᠲᠦᠭᠰᠢᠭᠦᠷᠢᠲᠠᠢ ᠪᠦᠯᠦᠭᠯᠡᠯ ᠴᠢᠨᠠᠷᠲᠠᠢ ᠬᠡᠷᠡᠭ ︔ ︵ | 4︶ ᠪᠠᠶᠢᠭᠠᠯᠢ ᠶᠢᠨ ᠭᠠᠮᠰᠢᠭ᠂ ᠠᠮᠤᠷ ᠢ ᠬᠠᠮᠠᠭᠠᠯᠠᠬᠤ ᠭᠠᠮᠰᠢᠭ ᠤᠨ ᠠᠳᠡᠯ ︔ ︵5︶ ᠲᠣᠳᠣᠭᠠᠳᠣ ᠶᠢ | ᠬᠠᠮᠠᠭᠠᠯᠠᠬᠤ ᠪᠠᠶᠢᠭᠤᠯᠭ᠎ᠠ ᠰᠢᠢᠳᠪᠦᠷᠢᠯᠡᠬᠦ ᠴᠢᠬᠤᠯᠠ ᠲᠠᠢ ᠬᠠᠤᠯᠢ ᠠᠴᠠ ᠵᠥᠷᠢᠴᠡᠨ ᠶᠠᠯ᠎ᠠ ᠬᠢᠭᠰᠡᠨ ᠯᠦᠭᠡ | ᠬᠠᠮᠢᠶ᠎ᠠ ᠲᠠᠢ ᠪᠤᠰᠤᠳ ᠲᠦᠭᠰᠢᠭᠦᠷᠢ ᠮᠡᠳᠡᠭᠦᠯᠬᠦ᠃ ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄ 110 ᠪᠣᠯ | ᠳ᠋ᠢᠶᠠᠩᠬᠤᠸᠠ ᠶᠢᠨ ᠵᠠᠷᠤᠳᠠᠯ ᠬᠤᠷᠢᠶᠠᠬᠤ ᠦᠭᠡᠢ ᠪᠦᠭᠡᠳ ᠲᠣᠭᠲᠠᠮᠠᠯ ᠳ᠋ᠢᠶᠠᠩᠬᠤᠸᠠ᠂ ᠰᠢᠯᠵᠢᠮᠡᠯ ᠳ᠋ᠢᠶᠠᠩᠬᠤᠸᠠ ᠪᠠᠷ | ᠰᠢᠭᠤᠳ ᠤᠲᠠᠰᠤᠳᠠᠵᠦ ᠪᠣᠯᠣᠨ᠎ᠠ ︔ ᠣᠨᠳᠤᠤ ᠭᠠᠵᠠᠷ ᠠᠴᠠ ᠬᠡᠷᠡᠭ ᠡᠭᠦᠰᠦᠭᠰᠡᠨ ᠭᠠᠵᠠᠷ ᠤᠨ 110 ᠶᠢ | ᠤᠲᠠᠰᠤᠳᠠᠪᠠᠯ᠂ ᠬᠡᠷᠡᠭ ᠡᠭᠦᠰᠦᠭᠰᠡᠨ ᠭᠠᠵᠠᠷ ᠣᠷᠣᠨ ᠤ ᠨᠣᠮᠧᠷ ᠢ ᠤᠷᠢᠳᠠᠪᠡᠷ ᠳ᠋ᠤᠭᠠᠷᠳᠠᠵᠦ᠂ ᠳᠠᠷᠠᠭ᠎ᠠ ᠨᠢ | 110 ᠶᠢ ᠤᠲᠠᠰᠤᠳᠠᠨ᠎ᠠ᠃ ᠲᠦᠭᠰᠢᠭᠦᠷᠢ ᠮᠡᠳᠡᠭᠦᠯᠬᠦ ᠳᠡᠭᠡᠨ ᠬᠡᠷᠡᠭ ᠭᠠᠷᠤᠭᠰᠠᠨ ᠴᠠᠭ ᠬᠤᠭᠤᠴᠠᠭ᠎ᠠ᠂ ᠣᠷᠣᠨ | ᠪᠠᠶᠢᠷᠢ᠂ ᠦᠪᠡᠷ ᠤᠨ ᠣᠪᠣᠭ ᠨᠡᠷ᠎ᠡ ᠬᠢᠭᠡᠳ ᠬᠠᠷᠢᠯᠴᠠᠬᠤ ᠠᠷᠭ᠎ᠠ ᠮᠠᠶ᠋ᠢᠭ ᠵᠡᠷᠭᠡ ᠪᠠᠨ ᠲᠣᠲᠣᠷᠬᠠᠢ ᠶᠠᠷᠢᠵᠤ ᠦᠭᠬᠦ | ᠬᠡᠷᠡᠭᠲᠡᠢ᠃ ᠬᠡᠷᠡᠭ ᠭᠠᠷᠤᠭᠰᠠᠨ ᠭᠠᠵᠠᠷ ᠨᠢ ᠶᠠᠮᠠᠷ ᠭᠠᠵᠠᠷ ᠪᠣᠯᠬᠤ ᠶᠢ ᠮᠡᠳᠡᠬᠦ ᠦᠭᠡᠢ ᠪᠣᠯ ᠲᠤᠬᠠᠢ ᠶᠢᠨ ᠲᠠᠯᠠᠪᠠᠢ ᠶᠢᠨ | ᠣᠶᠢᠷ᠎ᠡ ᠬᠠᠪᠢ ᠳᠠᠬᠢ ᠢᠯᠡᠷᠬᠡᠢ ᠲᠡᠮᠳᠡᠭ ᠪᠣᠯᠬᠤ ᠪᠠᠷᠢᠯᠭ᠎ᠠ᠂ ᠲᠣᠮᠣ ᠬᠡᠯᠪᠡᠷᠢ ᠶᠢᠨ ᠲᠠᠯᠠᠪᠤᠷ᠂ ᠣᠯᠠᠨ ᠨᠡᠶᠢᠲᠡ ᠶᠢᠨ | ᠮᠠᠰᠢᠨ ᠲᠡᠷᠭᠡᠨ ᠤ ᠥᠷᠲᠡᠭᠡ᠂ ᠨᠢᠭᠡᠴᠡ ᠶᠢᠨ ᠨᠡᠷᠡᠶᠢᠳᠦᠯ ᠵᠡᠷᠭᠡ ᠶᠢ ᠬᠠᠩᠭᠠᠵᠤ ᠪᠣᠯᠣᠨ᠎ᠠ᠃ ᠲᠦᠭᠰᠢᠭᠦᠷᠢ | ᠮᠡᠳᠡᠭᠦᠯᠦᠭᠰᠡᠨ ᠤ ᠳᠠᠷᠠᠭ᠎ᠠ᠂ ᠲᠤᠬᠠᠢ ᠶᠢᠨ ᠲᠠᠯᠠᠪᠠᠢ ᠶᠢ ᠬᠠᠮᠠᠭᠠᠯᠠᠵᠤ᠂ ᠠᠷᠠᠳ ᠤᠨ ᠴᠠᠭᠳᠠᠭ᠎ᠠ ᠭᠡᠷᠡᠴᠢ ᠠᠪᠬᠤ ᠳᠤ | ᠳᠦᠭᠦᠮ ᠦᠵᠡᠬᠦᠯᠦᠨ᠎ᠡ᠃ |