ᠭᠠᠯᠢ ᠲᠠᠢ ᠬᠤᠭᠤᠯᠠ ᠮᠡᠨᠡᠭᠰᠢᠬᠦ ᠶᠢ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2016-07-28
        ︽ᠠᠩᠭ᠍ᠯᠢ ᠶᠢᠨ ᠰᠢᠮ᠎ᠡ ᠲᠡᠵᠢᠭᠡᠯ ᠤᠨ ᠤᠬᠠᠭᠠᠨ ᠤ ᠰᠡᠳᠬᠦᠯ︾ ᠳᠤ ᠤᠷᠴᠢᠮᠬᠠᠨ ᠨᠡᠶᠢᠲᠡᠯᠡᠭᠰᠡᠨ ᠦᠭᠦᠯᠡᠯ ᠢ ᠦᠨᠳᠦᠰᠦᠯᠡᠪᠡᠯ᠂ ᠭᠠᠯᠢ ᠳᠤ ᠡᠯᠪᠡᠭ ᠠᠬᠤᠭᠤᠯᠤᠭᠳᠠᠳᠠᠭ ᠭᠠ ᠶᠢᠨ ᠰᠢᠷ᠎ᠠ ᠡᠳ᠋ ᠪᠤᠯ ᠨᠠᠰᠤᠲᠠᠶᠢᠴᠤᠤᠯ ᠤᠨ ᠮᠡᠨᠡᠭ ᠡᠪᠡᠳᠴᠢᠨ ᠳᠤ ᠨᠡᠷᠪᠡᠭᠳᠡᠬᠦ ᠠᠴᠠ ᠰᠡᠷᠭᠡᠶᠢᠯᠡᠬᠦ ᠵᠠᠩᠭᠢᠯᠠᠭ᠎ᠠ ᠶᠢᠨ ᠡᠳ᠋ ᠪᠤᠯᠤᠨ᠎ᠠ᠃ ᠰᠤᠳᠤᠯᠭᠠᠲᠠᠳ 60-85 ᠨᠠᠰᠤᠨ ᠤ 60 ᠨᠠᠰᠤᠲᠠᠨ ᠢ ᠰᠤᠩᠭᠤᠨ᠂ ᠭᠠᠯᠢ ᠠᠴᠠ ᠪᠤᠯᠪᠠᠰᠤᠷᠠᠭᠤᠯᠵᠤ ᠠᠪᠤᠭᠰᠠᠨ ᠭᠠ ᠶᠢᠨ ᠰᠢᠷ᠎ᠠ ᠡᠳ᠋ ᠤᠨ ᠬᠤᠮᠵᠢᠶ᠎ᠠ ᠶᠢ ᠡᠳᠦᠷ ᠪᠦᠷᠢ ᠶᠢᠨ ᠨᠢᠭᠡ ᠦᠷᠡᠯ ᠢᠳᠡᠭᠦᠯᠦᠭᠰᠡᠨ ᠤ ᠨᠢᠭᠡ ᠴᠠᠭ ᠤᠨ ᠳᠠᠷᠠᠭ᠎ᠠ ᠡᠳᠡᠭᠡᠷ ᠨᠠᠰᠤᠲᠠᠨ ᠤ ᠠᠩᠬᠠᠷᠤᠯ ᠲᠦᠪᠯᠡᠷᠡᠬᠦ ᠨᠢ ᠢᠯᠡᠳᠲᠡ ᠳᠡᠭᠡᠭᠰᠢᠯᠡᠪᠡ᠃ ᠠᠩᠬᠠᠷᠤᠯ ᠲᠦᠪᠯᠡᠷᠡᠳᠡᠭ ᠦᠭᠡᠢ ᠨᠢ ᠨᠠᠰᠤᠲᠠᠶᠢᠴᠤᠤᠯ ᠤᠨ ᠤᠶᠢᠳᠬᠠᠷᠯᠠᠭᠰᠠᠨ ᠪᠠ ᠮᠡᠳᠡᠷᠡᠬᠦᠢ ᠶᠢᠨ ᠬᠠᠷᠰᠢ ᠶᠢᠨ ᠢᠯᠡᠷᠡᠯ ᠪᠤᠯᠬᠤ ᠶᠤᠮ᠃ ᠨᠠᠰᠤᠲᠠᠶᠢᠴᠤᠤᠯ ᠭᠠ ᠶᠢᠨ ᠰᠢᠷ᠎ᠠ ᠡᠳ᠋ ᠤᠨ ᠬᠤᠮᠵᠢᠶ᠎ᠠ ᠶᠢ ᠤᠤᠭᠤᠭᠰᠠᠨ ᠤ ᠳᠠᠷᠠᠭ᠎ᠠ ᠮᠡᠳᠡᠷᠡᠬᠦᠢ ᠶᠢᠨ ᠬᠡᠮᠵᠢᠨ ᠪᠠᠶᠢᠴᠠᠭᠠᠯᠲᠠ ᠬᠢᠬᠦ ᠳᠤ ᠤᠷᠮ᠎ᠠ ᠰᠡᠳᠬᠢᠯᠭᠡ ᠨᠢ ᠢᠯᠡᠳᠲᠡ ᠰᠠᠶᠢᠵᠢᠷᠠᠵᠤ᠂ ᠬᠡᠮᠵᠢᠨ ᠪᠠᠶᠢᠴᠠᠭᠠᠯᠲᠠ ᠳᠤ ᠳᠤᠷ᠎ᠠ ᠦᠭᠡᠶᠢᠴᠡᠬᠦ ᠪᠠᠨ ᠪᠤᠯᠢᠭᠰᠠᠨ ᠪᠠᠶᠢᠪᠠ᠃ ᠭᠠ ᠶᠢᠨ ᠰᠢᠷ᠎ᠠ ᠡᠳ᠋ ᠨᠢ ᠵᠤᠬᠢᠬᠤ ᠰᠡᠳᠡᠯᠲᠡ ᠶᠢᠨ ᠴᠢᠨᠠᠷᠲᠠᠢ ᠪᠠᠶᠢᠳᠠᠭ ᠲᠤᠯᠠ ᠳᠠᠷᠢᠬᠢᠨ ᠤ ᠴᠢᠰᠤᠨ ᠤ ᠬᠠᠩᠭᠠᠯᠭ᠎ᠠ ᠶᠢ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ᠮᠡᠳᠡᠷᠡᠯ ᠤᠨ ᠳᠠᠮᠵᠢᠭᠤᠯᠬᠤ ᠡᠳ᠋ ᠢ ᠨᠡᠩ ᠠᠷᠪᠢᠨ ᠡᠭᠦᠰᠬᠡᠵᠦ᠂ ᠨᠠᠰᠤᠲᠠᠶᠢᠴᠤᠤᠯ ᠤᠨ ᠤᠷᠮ᠎ᠠ ᠰᠡᠳᠬᠢᠯᠭᠡ ᠶᠢ ᠢᠳᠡᠪᠬᠢᠵᠢᠭᠦᠯᠦᠨ᠂ ᠴᠡᠭᠡᠵᠢᠯᠡᠬᠦ ᠴᠢᠳᠠᠪᠤᠷᠢ ᠪᠠ ᠰᠤᠷᠤᠯᠴᠠᠬᠤ ᠴᠢᠳᠠᠪᠤᠷᠢ ᠶᠢ ᠰᠠᠶᠢᠵᠢᠷᠠᠭᠤᠯᠳᠠᠭ ᠶᠤᠮ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号