ᠦᠳᠡ ᠳᠤ 40 ᠮᠢᠨᠦ᠋ᠲ ᠠᠴᠠ ᠢᠯᠡᠭᠦᠦ ᠤᠨᠲᠠᠵᠤ ᠪᠤᠯᠬᠤ ᠦᠭᠡᠢ
ᠨᠡᠶᠢᠲᠡᠯᠡᠭᠰᠡᠨ ᠴᠠᠭ᠄
2016-07-28
        ᠦᠳᠡ ᠶᠢᠨ ᠤᠨᠲᠠᠯᠭ᠎ᠠ ᠬᠡᠲᠦ ᠤᠷᠳᠤ ᠪᠤᠯᠪᠠᠯ ᠰᠢᠨ᠎ᠡ ᠬᠠᠭᠤᠴᠢᠨ ᠤ ᠰᠤᠯᠢᠭᠳᠠᠯ ᠤᠨ ᠨᠡᠶᠢᠯᠡᠭ ᠡᠪᠡᠳᠴᠢᠨ ᠳᠤ ᠨᠡᠷᠪᠡᠭᠳᠡᠨ᠎ᠡ᠃ ᠠᠮᠧᠷᠢᠺᠡ ᠶᠢᠨ ᠡᠮᠨᠡᠯᠭᠡ ᠶᠢᠨ ᠤᠬᠠᠭᠠᠨ ᠤ ᠰᠤᠳᠤᠯᠤᠭᠠᠴᠢ ᠠᠮᠧᠷᠢᠺᠡ ᠶᠢᠨ 65 ᠡᠭᠡᠯᠵᠢ ᠶᠢᠨ ᠵᠢᠷᠦᠬᠡᠨ ᠡᠪᠡᠳᠴᠢᠨ ᠤ ᠤᠬᠠᠭᠠᠨ ᠤ ᠤᠨ ᠤ ᠬᠤᠷᠠᠯ ᠳᠡᠭᠡᠷ᠎ᠡ ᠡᠨᠡᠬᠦ ᠰᠤᠳᠤᠯᠭᠠᠨ ᠤ ᠳ᠋ᠦᠩ ᠢ ᠨᠡᠶᠢᠲᠡᠯᠡᠬᠦ ᠪᠠᠷ ᠪᠤᠢ᠃ ᠦᠳᠡ ᠶᠢᠨ ᠤᠨᠲᠠᠯᠭ᠎ᠠ 40 ᠮᠢᠨᠦ᠋ᠲ ᠠᠴᠠ ᠬᠡᠲᠦᠷᠡᠪᠡᠯ ᠰᠢᠨ᠎ᠡ ᠬᠠᠭᠤᠴᠢᠨ ᠤ ᠰᠤᠯᠢᠭᠳᠠᠯ ᠢ ᠵᠠᠮᠪᠠᠷᠠᠭ᠎ᠠ ᠠᠯᠳᠠᠭᠤᠯᠬᠤ ᠬᠠᠮᠢᠶ᠎ᠠ ᠪᠦᠬᠦᠢ ᠡᠪᠡᠳᠴᠢᠨ ᠳᠤ ᠨᠡᠷᠪᠡᠭᠳᠡᠬᠦ ᠬᠠᠷᠢᠴᠠᠯ ᠢ ᠨᠡᠮᠡᠭᠳᠡᠭᠦᠯᠵᠦ᠂ ᠴᠢᠰᠤᠨ ᠤ ᠳᠠᠷᠤᠯᠲᠠ᠂ ᠴᠢᠰᠤᠨ ᠤ ᠰᠢᠬᠢᠷ ᠪᠤᠯᠤᠨ ᠺᠤᠯᠧᠰᠲ᠋ᠧᠷᠦᠯ ᠤᠨ ᠬᠡᠮᠵᠢᠶ᠎ᠡ ᠳᠡᠭᠡᠭᠰᠢᠯᠡᠵᠦ ᠨᠢᠷᠤᠭᠤᠨ ᠤ ᠬᠡᠰᠡᠭ ᠲᠤ ᠠᠮᠠᠷᠬᠠᠨ ᠦᠭᠡᠬᠦ ᠬᠤᠷᠠᠨ᠎ᠠ᠃         ᠡᠮᠨᠡᠯᠭᠡ ᠶᠢᠨ ᠤᠬᠠᠭᠠᠨᠲᠠᠨ 21 ᠤᠳᠠᠭ᠎ᠠ ᠶᠢᠨ ᠲᠤᠷᠰᠢᠯᠲᠡ ᠶᠢᠨ ᠳ᠋ᠦᠩ ᠢ ᠶᠡᠷᠦᠩᠬᠡᠶᠢᠯᠡᠨ ᠰᠤᠳᠤᠯᠤᠭᠰᠠᠨ ᠤ ᠡᠴᠦᠰ ᠲᠤ᠂ ᠰᠢᠨ᠎ᠡ ᠬᠠᠭᠤᠴᠢᠨ ᠤ ᠰᠤᠯᠢᠭᠳᠠᠯ ᠵᠠᠮᠪᠠᠷᠠᠭ᠎ᠠ ᠪᠠᠨ ᠠᠯᠳᠠᠬᠤ ᠨᠢ ᠡᠳᠦᠷ ᠲᠡᠭᠡᠨ ᠦᠩᠭᠡᠷᠡᠦ ᠶᠠᠳᠠᠷᠠᠬᠤ ᠪᠤᠶᠤ ᠨᠤᠶᠢᠷᠮᠤᠭᠯᠠᠬᠤ ᠲᠠᠢ ᠬᠠᠷᠢᠴᠠᠭ᠎ᠠ ᠲᠠᠢ ᠭᠡᠳᠡᠭ ᠳ᠋ᠦᠩᠨᠡᠯᠲᠡ ᠭᠠᠷᠭᠠᠵᠠᠢ᠃ ᠡᠨᠡ 21 ᠤᠳᠠᠭ᠎ᠠ ᠶᠢᠨ ᠲᠤᠷᠰᠢᠯᠲᠠ ᠳᠤ ᠠᠽᠢᠶ᠎ᠠ ᠲᠢᠪ ᠪᠠ ᠡᠸᠦ᠋ᠷᠦᠫᠡ ᠲᠢᠪ ᠤᠨ 307237 ᠬᠦᠮᠦᠨ ᠤᠷᠤᠯᠴᠠᠵᠤ᠂ ᠬᠠᠮᠤᠭ ᠤᠨ ᠠᠷᠪᠢᠨ ᠬᠦᠮᠦᠨ ᠤᠷᠤᠯᠴᠠᠭᠤᠯᠤᠭᠰᠠᠨ ᠨᠢᠭᠡᠨ ᠲᠤᠷᠰᠢᠯᠲᠠ ᠪᠤᠯᠵᠠᠢ᠃             ᠮᠡᠷᠭᠡᠵᠢᠯᠲᠡᠳ ᠲᠤᠷᠰᠢᠯᠲᠠ ᠪᠠᠷ᠂ ᠬᠦᠮᠦᠰ ᠤᠨ ᠦᠳᠡ ᠳᠤ ᠤᠨᠲᠠᠬᠤ ᠡᠰᠡᠬᠦ᠂ ᠦᠳᠡ ᠶᠢᠨ ᠤᠨᠲᠠᠯᠭ᠎ᠠ ᠶᠢᠨ ᠴᠠᠭ ᠤᠨ ᠤᠷᠲᠤ ᠤᠬᠤᠷ ᠵᠡᠷᠭᠡ ᠶᠢ ᠤᠶᠢᠯᠠᠭᠠᠭᠰᠠᠨ ᠤ ᠳᠠᠷᠠᠭ᠎ᠠ ᠤᠯᠤᠭᠰᠠᠨ ᠲᠤᠭ᠎ᠠ ᠪᠦᠷᠢᠳᠬᠡᠯ ᠢᠶᠠᠨ ᠬᠦᠮᠦᠨ ᠤ ᠡᠷᠡᠭᠦᠯ ᠮᠡᠨᠳᠦ ᠶᠢᠨ ᠪᠠᠶᠢᠳᠠᠯ ᠢ ᠬᠠᠷᠠᠭᠤᠯᠤᠭᠰᠠᠨ ᠡᠮᠴᠢᠯᠡᠭᠡᠨ ᠤ ᠮᠠᠲ᠋ᠧᠷᠢᠶᠠᠯ ᠲᠠᠢ ᠬᠠᠷᠢᠴᠠᠭᠤᠯᠵᠠᠢ᠃ ᠬᠠᠷᠢᠴᠠᠭᠤᠯᠤᠭᠰᠠᠨ ᠤ ᠳ᠋ᠦᠩ ᠳᠤ᠂ ᠦᠳᠡ ᠶᠢᠨ ᠤᠨᠲᠠᠯᠭ᠎ᠠ ᠶᠢᠨ ᠴᠠᠭ ᠪᠤᠯᠤᠨ ᠰᠢᠨ᠎ᠡ ᠬᠠᠭᠤᠴᠢᠨ ᠤ ᠰᠤᠯᠢᠭᠳᠠᠯ ᠤᠨ ᠨᠡᠶᠢᠯᠡᠭ ᠡᠪᠡᠳᠴᠢᠨ ᠳᠤ ᠨᠡᠷᠪᠡᠭᠳᠡᠬᠦ ᠨᠢ ᠬᠠᠷᠢᠴᠠᠭ᠎ᠠ ᠲᠠᠢ ᠶᠢ ᠢᠯᠡᠷᠡᠭᠦᠯᠪᠡ᠃ ᠦᠳᠡ ᠳᠤ 40 ᠮᠢᠨᠦ᠋ᠲ ᠠᠴᠠ ᠪᠠᠭ᠎ᠠ ᠤᠨᠲᠠᠳᠠᠭ ᠬᠦᠮᠦᠰ ᠤᠨ ᠰᠢᠨ᠎ᠡ ᠬᠠᠭᠤᠴᠢᠨ ᠤ ᠰᠤᠯᠢᠭᠳᠠᠯ ᠤᠨ ᠨᠡᠶᠢᠯᠡᠭ ᠡᠪᠡᠳᠴᠢᠨ ᠳᠤ ᠨᠡᠷᠪᠡᠭᠳᠡᠬᠦ ᠬᠠᠷᠢᠴᠠᠯ ᠲᠤᠤᠷ᠎ᠠ᠂ ᠦᠳᠡ ᠳᠡᠭᠡᠨ 1 ᠴᠠᠭ ᠠᠴᠠ ᠢᠯᠡᠭᠦᠦ ᠤᠨᠲᠠᠳᠠᠭ ᠬᠦᠮᠦᠰ ᠤᠨ ᠰᠢᠨ᠎ᠡ ᠬᠠᠭᠤᠴᠢᠨ ᠤ ᠰᠤᠯᠢᠭᠳᠠᠯ ᠤᠨ ᠨᠡᠶᠢᠯᠡᠭ ᠡᠪᠡᠳᠴᠢᠨ ᠳᠤ ᠨᠡᠷᠪᠡᠭᠳᠡᠬᠦ ᠨᠤᠷᠮ᠎ᠠ 50% ᠪᠠᠷ ᠨᠡᠮᠡᠭᠳᠡᠳᠡᠭ ︵ᠭᠡᠪᠡᠴᠦ ᠦᠳᠡ ᠶᠢᠨ ᠤᠨᠲᠠᠬᠤ ᠴᠠᠭ 30 ᠮᠢᠨᠦ᠋ᠲ ᠠᠴᠠ ᠤᠬᠤᠷ ᠬᠦᠮᠦᠰ ᠤᠨ ᠰᠢᠨ᠎ᠡ ᠬᠠᠭᠤᠴᠢᠨ ᠤ ᠰᠤᠯᠢᠭᠳᠠᠯ ᠤᠨ ᠨᠡᠶᠢᠯᠡᠭ ᠡᠪᠡᠳᠴᠢᠨ ᠳᠤ ᠨᠡᠷᠪᠡᠭᠳᠡᠬᠦ ᠬᠠᠷᠢᠴᠠᠯ ᠪᠠᠭᠠᠰᠬᠤ ᠨᠢ ᠲᠡᠶᠢᠮᠦ ᠢᠯᠡᠳᠲᠡ ᠪᠢᠰᠢ︶᠃ ᠡᠬᠦᠨ ᠠᠴᠠ ᠡᠮᠦᠨ᠎ᠡ ᠮᠡᠷᠭᠡᠵᠢᠯᠲᠡᠳ ᠪᠠᠰᠠ ᠦᠳᠡ ᠶᠢᠨ ᠤᠨᠲᠠᠯᠭ᠎ᠠ 1 ᠴᠠᠭ ᠠᠴᠠ ᠬᠡᠲᠦᠷᠡᠪᠡᠯ ᠵᠢᠷᠦᠬᠡᠨ ᠤ ᠴᠢᠰᠤᠨ ᠰᠤᠳᠠᠯ ᠤᠨ ᠡᠪᠡᠳᠴᠢᠨ ᠪᠠ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ ᠬᠠᠷᠢᠴᠠᠯ ᠢ ᠳᠡᠭᠡᠭᠰᠢᠯᠡᠭᠦᠯᠳᠡᠭ ᠢ ᠢᠯᠡᠷᠡᠭᠦᠯᠪᠡ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号