| ᠨᠢᠭᠡ᠂ ᠮᠤᠩᠭᠤᠯ ᠵᠢᠭᠠᠬᠤ ᠮᠠᠲ᠋ᠧᠷᠢᠶᠠᠯ ᠢ ᠵᠤᠬᠢᠶᠠᠨ ᠪᠦᠲᠦᠭᠡᠬᠦ ᠶᠢᠨ ᠴᠢᠬᠤᠯᠠ ᠴᠢᠨᠠᠷ | ᠮᠤᠩᠭᠤᠯ ᠵᠢᠭᠠᠬᠤ ᠮᠠᠲ᠋ᠧᠷᠢᠶᠠᠯ ᠢ ᠵᠤᠬᠢᠶᠠᠨ ᠪᠦᠲᠦᠭᠡᠬᠦ ᠨᠢ ᠰᠤᠷᠭᠠᠨ ᠬᠦᠮᠦᠵᠢᠯ ᠤᠨ ᠳᠡᠭᠡᠳᠦ ᠰᠤᠷᠭᠠᠭᠤᠯᠢ ᠶᠢᠨ | ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠪᠠᠷ ᠪᠠᠷᠠᠬᠤ ᠦᠭᠡᠢ ᠰᠤᠷᠭᠠᠭᠤᠯᠢ ᠪᠠ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ | ᠪᠤᠯᠬᠤ ᠶᠤᠮ᠃ | 1. ᠮᠤᠩᠭᠤᠯ ᠵᠢᠭᠠᠬᠤ ᠮᠠᠲ᠋ᠧᠷᠢᠶᠠᠯ ᠤᠨ ᠵᠤᠬᠢᠶᠠᠨ ᠪᠦᠲᠦᠭᠡᠯᠲᠡ ᠶᠢᠨ ᠪᠤᠰᠤᠳ ᠲᠤᠰᠬᠠᠢ ᠮᠡᠷᠭᠡᠵᠢᠯ ᠤᠨ | ᠬᠦᠮᠦᠰ ᠲᠤ ᠦᠵᠡᠭᠦᠯᠬᠦ ᠴᠢᠬᠤᠯᠠ ᠦᠢᠯᠡᠳᠦᠯ᠃ | ᠵᠢᠭᠠᠬᠤ ᠮᠠᠲ᠋ᠧᠷᠢᠶᠠᠯ ᠭᠡᠬᠦ ᠲᠠᠢ ᠵᠡᠷᠭᠡ ᠵᠦᠪᠬᠡᠨ ᠯᠡ ᠰᠤᠷᠭᠠᠭᠤᠯᠢ ᠶᠢᠨ ᠬᠡᠪᠴᠢᠶᠡᠨ ᠳᠤ ᠯᠡ ᠪᠢᠴᠢᠭ ᠵᠢᠭᠠᠵᠤ | ᠬᠦᠮᠦᠨ ᠢ ᠬᠦᠮᠦᠵᠢᠭᠦᠯᠬᠦ ᠯᠡ ᠲᠡᠳᠦᠢ ᠪᠢᠰᠢ᠂ ᠰᠤᠷᠭᠠᠭᠤᠯᠢ ᠠᠴᠠ ᠭᠠᠳᠠᠨ᠎ᠠ ᠪᠠᠰᠠ ᠨᠡᠶᠢᠭᠡᠮ ᠨᠡᠶᠢᠲᠡ ᠳᠤ ᠮᠤᠩᠭᠤᠯ | ᠵᠢᠭᠠᠬᠤ ᠮᠠᠲ᠋ᠧᠷᠢᠶᠠᠯ ᠨᠢ ᠮᠦᠨ ᠯᠡ ᠬᠦᠮᠦᠵᠢᠭᠦᠯᠬᠦ ᠴᠢᠬᠤᠯᠠ ᠦᠢᠯᠡᠳᠦᠯ ᠢᠶᠠᠨ ᠪᠠᠳᠠᠷᠠᠭᠤᠯᠵᠤ ᠪᠠᠶᠢᠳᠠᠭ᠃ | 2. ᠮᠤᠩᠭᠤᠯ ᠵᠢᠭᠠᠬᠤ ᠮᠠᠲ᠋ᠧᠷᠢᠶᠠᠯ ᠤᠨ ᠵᠤᠬᠢᠶᠠᠨ ᠪᠦᠲᠦᠭᠡᠯᠲᠡ ᠨᠢ ᠳᠡᠭᠡᠳᠦ ᠰᠤᠷᠭᠠᠭᠤᠯᠢ ᠶᠢᠨ ᠨᠢᠭᠡ ᠪᠦᠯᠦᠭ | ᠪᠠᠭᠰᠢ ᠨᠠᠷ ᠤᠨ ᠡᠩᠨᠡᠭᠡ ᠶᠢ ᠬᠦᠮᠦᠵᠢᠭᠦᠯᠦᠨ ᠬᠦᠭᠵᠢᠭᠦᠯᠬᠦ ᠳᠤ ᠴᠢᠬᠤᠯᠠ ᠦᠢᠯᠡᠳᠦᠯ ᠦᠵᠡᠭᠦᠯᠳᠡᠭ᠃ | ᠦᠨᠳᠦᠷ ᠵᠡᠷᠭᠡ ᠶᠢᠨ ᠰᠤᠷᠭᠠᠨ ᠬᠦᠮᠦᠵᠢᠯ ᠤᠨ ᠰᠢᠰᠲ᠋ᠧᠮ ᠲᠤᠲᠤᠷ᠎ᠠ᠂ ᠪᠠᠭᠰᠢ ᠪᠤᠯ ᠰᠤᠷᠭᠠᠨ ᠬᠦᠮᠦᠵᠢᠯ ᠢ | ᠦᠢᠯᠡᠳᠦᠯᠭᠡᠵᠢᠭᠦᠯᠦᠭᠴᠢ᠂ ᠮᠦᠨ ᠴᠦ ᠰᠢᠨ᠎ᠡ ᠮᠡᠳᠡᠯᠭᠡ ᠶᠢ ᠬᠦᠯᠢᠶᠡᠨ ᠠᠪᠤᠭᠴᠢ ᠪᠠᠶᠢᠵᠤ᠂ ᠡᠨᠡᠬᠦ ᠤᠷᠴᠢᠨ ᠳᠤ ᠪᠠᠭᠰᠢ | ᠵᠠᠪᠠᠯ ᠰᠢᠨᠵᠢᠯᠡᠬᠦ ᠤᠬᠠᠭᠠᠨ ᠤ ᠬᠦᠭᠵᠢᠯᠲᠡ ᠶᠢᠨ ᠤᠷᠤᠰᠬᠠᠯ ᠢ ᠳᠠᠭᠠᠵᠤ ᠠᠮᠵᠢᠬᠤ ᠮᠦᠷᠲᠡᠭᠡᠨ ᠴᠠᠭ ᠢᠮᠠᠭᠲᠠ ᠵᠢᠭᠠᠨ | ᠰᠤᠷᠭᠠᠬᠤ ᠠᠭᠤᠯᠭ᠎ᠠ ᠬᠢᠭᠡᠳ ᠵᠢᠭᠠᠨ ᠰᠤᠷᠭᠠᠬᠤ ᠠᠷᠭ᠎ᠠ ᠪᠠᠷᠢᠯ ᠢᠶᠠᠨ ᠰᠢᠨᠡᠴᠢᠯᠡᠵᠦ ᠪᠠᠶᠢᠬᠤ ᠬᠡᠷᠡᠭᠲᠡᠢ᠃ ᠡᠶᠢᠮᠦ ᠠᠴᠠ | ᠲᠡᠷᠡ ᠵᠢᠭᠠᠬᠤ ᠮᠠᠲ᠋ᠧᠷᠢᠶᠠᠯ ᠲᠤᠲᠤᠷ᠎ᠠ ᠠᠴᠠ ᠪᠠᠨ ᠨᠡᠩ ᠤᠬᠢ ᠰᠢᠯᠢᠳᠡᠭ᠂ ᠨᠡᠩ ᠲᠤᠰᠬᠠᠶᠢᠵᠢᠭᠰᠠᠨ ᠤᠨᠤᠯ ᠤᠨ | ᠮᠡᠳᠡᠯᠭᠡ ᠶᠢ ᠠᠰᠢᠭᠯᠠᠵᠤ᠂ ᠦᠪᠡᠷ ᠤᠨ ᠳᠠᠷᠢᠬᠤᠢ ᠲᠤᠯᠤᠭᠠᠢ ᠪᠠᠨ ᠵᠡᠪᠰᠡᠭᠯᠡᠨ᠂ ᠦᠪᠡᠷ ᠤᠨ ᠵᠢᠭᠠᠨ ᠰᠤᠷᠭᠠᠬᠤ ᠬᠢᠷᠢ | ᠬᠡᠮᠵᠢᠶ᠎ᠡ ᠪᠠᠨ ᠳᠡᠭᠡᠭᠰᠢᠯᠡᠭᠦᠯᠳᠡᠭ ᠪᠠᠶᠢᠨ᠎ᠠ᠃ ᠡᠶᠢᠮᠦ ᠠᠴᠠ ᠰᠤᠷᠭᠠᠭᠤᠯᠢ ᠶᠢᠨ ᠮᠤᠩᠭᠤᠯ ᠵᠢᠭᠠᠬᠤ ᠮᠠᠲ᠋ᠧᠷᠢᠶᠠᠯ ᠤᠨ ᠵᠤᠬᠢᠶᠠᠨ | ᠪᠦᠲᠦᠭᠡᠯᠭᠡ ᠨᠢ ᠳᠡᠭᠡᠳᠦ ᠰᠤᠷᠭᠠᠭᠤᠯᠢ ᠶᠢᠨ ᠮᠤᠩᠭᠤᠯ ᠪᠠᠭᠰᠢ ᠨᠠᠷ ᠲᠤ ᠨᠡᠩ ᠲᠤᠰᠬᠠᠶᠢᠵᠢᠭᠰᠠᠨ᠂ ᠨᠡᠩ ᠰᠢᠨᠵᠢᠯᠡᠬᠦ | ᠤᠬᠠᠭᠠᠨᠴᠢ ᠴᠢᠨᠠᠷ ᠲᠠᠢ ᠤᠨᠤᠯ ᠤᠨ ᠮᠡᠳᠡᠯᠭᠡ ᠶᠢ ᠬᠠᠩᠭᠠᠬᠤ ᠳᠤ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ | 3. ᠮᠤᠩᠭᠤᠯ ᠵᠢᠭᠠᠬᠤ ᠮᠠᠲ᠋ᠧᠷᠢᠶᠠᠯ ᠤᠨ ᠵᠤᠬᠢᠶᠠᠨ ᠪᠦᠲᠦᠭᠡᠯᠭᠡ ᠶᠢᠨ ᠰᠤᠷᠤᠭᠴᠢ ᠳᠤ ᠦᠵᠡᠭᠦᠯᠬᠦ ᠴᠢᠬᠤᠯᠠ | ᠦᠢᠯᠡᠳᠦᠯ᠃ | ᠡᠩ ᠲᠡᠷᠢᠭᠦᠨ ᠳᠤ᠂ ᠵᠢᠭᠠᠬᠤ ᠮᠠᠲ᠋ᠧᠷᠢᠶᠠᠯ ᠪᠤᠯ ᠮᠡᠳᠡᠯᠭᠡ ᠶᠢᠨ ᠠᠴᠢᠶᠠᠯᠠᠭᠴᠢ ᠪᠤᠯᠤᠭᠰᠠᠨ ᠤ ᠬᠤᠪᠢ ᠳᠤ ᠲᠡᠷᠡ | ᠪᠤᠯ ᠰᠤᠷᠤᠭᠴᠢ ᠶᠢᠨ ᠮᠡᠳᠡᠯᠭᠡ ᠤᠯᠵᠤ ᠬᠦᠷᠲᠡᠬᠦ ᠶᠢᠨ ᠭᠤᠤᠯ ᠵᠠᠮ ᠪᠠᠶᠢᠵᠤ᠂ ᠮᠦᠨ ᠴᠦ ᠪᠠᠭᠰᠢ ᠶᠢᠨ ᠮᠡᠳᠡᠯᠭᠡ | ᠤᠯᠠᠮᠵᠢᠯᠠᠬᠤ ᠶᠢᠨ ᠭᠤᠤᠯ ᠵᠠᠭᠤᠴᠢ ᠪᠤᠯᠳᠠᠭ᠃ ᠰᠤᠷᠤᠭᠴᠢ ᠨᠡᠩ ᠤᠯᠠᠨ ᠬᠤᠯᠪᠤᠭᠳᠠᠯ ᠪᠦᠬᠦᠢ ᠮᠡᠳᠡᠯᠭᠡ ᠶᠢ ᠤᠯᠵᠤ | ᠬᠦᠷᠲᠡᠬᠦ ᠭᠡᠪᠡᠯ᠂ ᠵᠢᠭᠠᠬᠤ ᠮᠠᠲ᠋ᠧᠷᠢᠶᠠᠯ ᠢ ᠤᠩᠰᠢᠵᠤ ᠤᠶᠢᠯᠠᠭᠠᠬᠤ ᠪᠠᠷ ᠳᠠᠮᠵᠢᠨ ᠨᠡᠩ ᠤᠯᠠᠨ ᠮᠡᠳᠡᠯᠭᠡ ᠶᠢ ᠰᠤᠷᠴᠤ | ᠡᠵᠡᠮᠰᠢᠨ᠂ ᠡᠭᠦᠨ ᠢᠶᠠᠷ ᠳᠠᠮᠵᠢᠨ ᠪᠠᠭᠰᠢ ᠶᠢᠨ ᠤᠯᠠᠮᠵᠢᠯᠠᠭᠰᠠᠨ ᠮᠡᠳᠡᠯᠭᠡ ᠶᠢ ᠨᠡᠩ ᠪᠦᠲᠦᠮᠵᠢᠲᠡᠢ ᠪᠠᠷ ᠰᠢᠩᠭᠡᠭᠡᠨ ᠠᠪᠴᠤ | ᠪᠠᠲᠤᠳᠬᠠᠭᠠᠳ ᠲᠠᠰᠤᠷᠠᠯᠲᠠ ᠦᠭᠡᠢ ᠦᠪᠡᠷ ᠤᠨ ᠰᠤᠶᠤᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ | ᠳᠠᠷᠠᠭ᠎ᠠ ᠨᠢ᠂ ᠮᠤᠩᠭᠤᠯ ᠵᠢᠭᠠᠬᠤ ᠮᠠᠲ᠋ᠧᠷᠢᠶᠠᠯ ᠤᠨ ᠵᠤᠬᠢᠶᠠᠵᠦ ᠪᠦᠲᠦᠭᠡᠬᠦ ᠠᠵᠢᠯ ᠨᠢ ᠰᠢᠨᠵᠢᠯᠡᠬᠦ ᠤᠬᠠᠭᠠᠨᠴᠢ | ᠦᠨᠳᠦᠰᠦᠯᠡᠯ ᠲᠠᠢ ᠪᠠᠶᠢᠳᠠᠭ᠃ ᠲᠡᠷᠡ ᠪᠤᠯ ᠤᠯᠤᠰ ᠤᠨ ᠰᠤᠷᠭᠠᠨ ᠬᠦᠮᠦᠵᠢᠯ ᠤᠨ ᠶᠠᠮᠤᠨ ᠤ ᠳᠠᠷᠤᠮᠠᠯᠯᠠᠵᠤ ᠲᠠᠷᠬᠠᠭᠠᠭᠰᠠᠨ | ᠲᠤᠰᠬᠠᠢ ᠮᠡᠷᠭᠡᠵᠢᠯ ᠤᠨ ᠰᠡᠳᠦᠪ ᠵᠢᠴᠢ ᠰᠤᠷᠭᠠᠭᠤᠯᠢ ᠳᠠᠬᠢ ᠵᠢᠭᠠᠨ ᠰᠤᠷᠭᠠᠬᠤ ᠬᠦᠲᠦᠯᠪᠦᠷᠢ᠂ ᠵᠢᠭᠠᠨ ᠰᠤᠷᠭᠠᠬᠤ | ᠲᠦᠯᠦᠪᠯᠡᠭᠡ ᠬᠢᠭᠡᠳ ᠵᠢᠭᠠᠨ ᠰᠤᠷᠭᠠᠬᠤ ᠴᠠᠭ ᠢᠶᠠᠷ ᠦᠨᠳᠦᠰᠦᠯᠡᠯ ᠪᠤᠯᠭᠠᠵᠤ ᠨᠠᠶᠢᠷᠠᠭᠤᠯᠤᠨ ᠪᠢᠴᠢᠭᠰᠡᠨ ᠶᠤᠮ᠃ | ᠭᠤᠳᠠᠭᠠᠷ ᠲᠤ᠂ ᠤᠳᠤᠬᠢ ᠪᠠᠶᠢᠳᠠᠯ ᠠᠴᠠ ᠦᠵᠡᠪᠡᠯ᠂ ᠮᠠᠨ ᠤ ᠤᠯᠤᠰ ᠤᠨ ᠦᠨᠳᠦᠷ ᠵᠡᠷᠭᠡ ᠶᠢᠨ ᠰᠤᠷᠭᠠᠨ | ᠬᠦᠮᠦᠵᠢᠯ ᠨᠢ ᠶᠠᠭ ᠰᠠᠶᠢᠬᠠᠨ ᠤᠯᠠᠨ ᠲᠦᠮᠡᠨᠴᠢᠯᠡᠭᠰᠡᠨ ᠴᠢᠭᠯᠡᠯ ᠲᠡᠰᠢ ᠬᠦᠭᠵᠢᠵᠦ ᠪᠠᠶᠢᠭ᠎ᠠ ᠶᠤᠮ᠃ ᠲᠡᠮᠡᠢ ᠤᠳᠠᠯ ᠦᠭᠡᠢ | ᠦᠨᠳᠦᠷ ᠵᠡᠷᠭᠡ ᠶᠢᠨ ᠰᠤᠷᠭᠠᠨ ᠬᠦᠮᠦᠵᠢᠯ ᠪᠠᠰᠠ ᠡᠩ ᠤᠨ ᠰᠤᠷᠭᠠᠨ ᠬᠦᠮᠦᠵᠢᠯ ᠤᠨ ᠦᠨᠳᠦᠷ ᠳᠡᠰ ᠤᠨ ᠬᠢᠷᠢ | ᠲᠦᠪᠰᠢᠨ ᠳᠤ ᠬᠦᠷᠬᠦ ᠪᠤᠯᠤᠨ᠎ᠠ᠃ ᠳᠡᠭᠡᠪᠡᠯ ᠡᠨᠡ ᠨᠢᠭᠡᠨ ᠴᠠᠭ ᠦᠶ᠎ᠡ ᠳᠠᠬᠢ ᠴᠢᠳᠠᠪᠤᠷᠢᠲᠠᠨ ᠢ ᠬᠦᠮᠦᠵᠢᠭᠦᠯᠬᠦ ᠳᠤ | ᠰᠤᠷᠤᠭᠴᠢᠳ ᠤᠨ ᠤᠨᠤᠯ ᠤᠨ ᠴᠢᠨᠠᠷᠲᠠᠢ ᠮᠡᠳᠡᠯᠭᠡ ᠶᠢᠨ ᠬᠦᠮᠦᠵᠢᠯ ᠢ ᠳᠡᠭᠡᠭᠰᠢᠯᠡᠭᠦᠯᠪᠡᠯ ᠵᠤᠬᠢᠨ᠎ᠠ᠃ | 4. ᠮᠤᠩᠭᠤᠯ ᠵᠢᠭᠠᠬᠤ ᠮᠠᠲ᠋ᠧᠷᠢᠶᠠᠯ ᠤᠨ ᠵᠤᠬᠢᠶᠠᠨ ᠪᠦᠲᠦᠭᠡᠯᠭᠡ ᠶᠢᠨ ᠳᠡᠭᠡᠳᠦ ᠰᠤᠷᠭᠠᠭᠤᠯᠢ ᠶᠢᠨ ᠬᠦᠭᠵᠢᠯᠲᠡ ᠶᠢᠨ | ᠪᠠᠶᠢᠳᠠᠯ ᠠᠴᠠ ᠦᠵᠡᠪᠡᠯ᠂ ᠵᠢᠭᠠᠬᠤ ᠮᠠᠲ᠋ᠧᠷᠢᠶᠠᠯ ᠤᠨ ᠵᠤᠬᠢᠶᠠᠨ ᠪᠦᠲᠦᠭᠡᠯᠭᠡ ᠪᠤᠯ ᠮᠠᠨ ᠤ ᠳᠡᠭᠡᠳᠦ ᠰᠤᠷᠭᠠᠭᠤᠯᠢ ᠶᠢᠨ | ᠰᠤᠷᠭᠠᠨ ᠬᠦᠮᠦᠵᠢᠯ ᠤᠨ ᠳᠤᠮᠳᠠᠬᠢ ᠦᠨᠳᠦᠰᠦᠨ ᠵᠢᠭᠠᠨ ᠰᠤᠷᠭᠠᠯᠲᠠ ᠶᠢᠨ ᠬᠢᠷᠢ ᠲᠦᠪᠰᠢᠨ ᠤ ᠳᠡᠭᠡᠭᠰᠢᠯᠡᠯᠲᠡ᠂ ᠦᠨᠢᠷ | ᠪᠠᠶᠠᠯᠢᠭ ᠵᠢᠭᠠᠨ ᠰᠤᠷᠭᠠᠯᠲᠠ ᠶᠢᠨ ᠠᠭᠤᠯᠭ᠎ᠠ ᠵᠢᠴᠢ ᠵᠢᠭᠠᠨ ᠰᠤᠷᠭᠠᠯᠲᠠ ᠶᠢᠨ ᠠᠷᠭ᠎ᠠ ᠪᠠᠷᠢᠯ ᠤᠨ ᠦᠭᠡᠷᠡᠴᠢᠯᠡᠯᠲᠡ ᠶᠢᠨ | ᠦᠨᠳᠦᠰᠦᠨ ᠠᠵᠢᠯ ᠪᠤᠯᠤᠨ᠎ᠠ᠃ | ᠬᠤᠶᠠᠷ᠂ ᠮᠤᠩᠭᠤᠯ ᠵᠢᠭᠠᠬᠤ ᠮᠠᠲ᠋ᠧᠷᠢᠶᠠᠯ ᠤᠨ ᠵᠤᠬᠢᠶᠠᠨ ᠪᠦᠲᠦᠭᠡᠯᠲᠡ ᠶᠢ ᠨᠠᠶᠢᠷᠠᠭᠤᠯᠬᠤ ᠪᠠᠷ ᠳᠠᠮᠵᠢᠵᠦ | ᠤᠯᠤᠭᠰᠠᠨ ᠰᠡᠩᠬᠡᠷᠡᠭᠦᠯᠦᠯ | 1. ᠵᠠᠯᠭᠠᠮᠵᠢᠯᠠᠬᠤ ᠪᠠ ᠰᠢᠨ᠎ᠡ ᠶᠢ ᠡᠭᠦᠳᠬᠦ᠂ ᠦᠪᠡᠷ ᠤᠨ ᠪᠡᠶ᠎ᠡ ᠳᠡᠭᠡᠨ ᠲᠤᠬᠢᠷᠠᠭᠰᠠᠨ ᠮᠤᠩᠭᠤᠯ ᠵᠢᠭᠠᠬᠤ | ᠮᠠᠲ᠋ᠧᠷᠢᠶᠠᠯ ᠢ ᠡᠭᠦᠳᠬᠦ ᠪᠠᠷ ᠴᠢᠷᠮᠠᠶᠢᠬᠤ᠃ | ᠮᠤᠩᠭᠤᠯ ᠵᠢᠭᠠᠬᠤ ᠮᠠᠲ᠋ᠧᠷᠢᠶᠠᠯ ᠤᠨ ᠵᠤᠬᠢᠶᠠᠨ ᠪᠦᠲᠦᠭᠡᠯᠭᠡ ᠶᠢᠨ ᠨᠠᠶᠢᠷᠠᠭᠤᠯᠭ᠎ᠠ ᠶᠢᠨ ᠬᠦᠭᠵᠢᠯᠲᠡ ᠦᠩᠭᠡᠷᠡᠯᠲᠡ᠂ ᠭᠤᠤᠯ | ᠤᠷᠤᠰᠬᠠᠯ ᠤᠨ ᠳᠠᠭᠠᠷᠢᠯᠲᠠ᠂ ᠤᠯᠤᠰ ᠤᠨ ᠭᠠᠳᠠᠨᠠᠬᠢ ᠰᠤᠶᠤᠯ ᠤᠨ ᠬᠠᠷᠰᠢᠯᠠᠯ ᠠᠴᠠ ᠡᠷᠬᠡᠪᠰᠢ ᠴᠠᠭ ᠦᠶᠡᠲᠦ ᠴᠢᠨᠠᠷ᠂ | ᠦᠨᠳᠦᠰᠦᠲᠡᠨᠴᠢ ᠴᠢᠨᠠᠷ ᠰᠢᠨᠵᠢ᠂ ᠭᠠᠳᠠᠭᠠᠲᠤ ᠰᠤᠶᠤᠯ ᠪᠤᠯᠤᠨ ᠦᠪᠡᠷ ᠪᠡᠶ᠎ᠡ ᠶᠢᠨ ᠰᠤᠶᠤᠯ ᠤᠨ ᠬᠤᠪᠢᠷᠠᠯᠲᠠ ᠵᠢᠴᠢ | ᠬᠡᠷᠬᠢᠨ ᠦᠷ᠎ᠡ ᠪᠦᠲᠦᠮᠵᠢ ᠲᠠᠢ ᠰᠤᠷᠤᠯᠴᠠᠬᠤ᠂ ᠪᠤᠰᠤᠳ ᠢᠶᠠᠷ ᠲᠤᠯᠢ ᠪᠤᠯᠭᠠᠬᠤ ᠪᠠ ᠨᠡᠶᠢᠯᠡᠭᠦᠯᠬᠦ ᠰᠠᠭᠤᠷᠢᠨ ᠳᠡᠭᠡᠷ᠎ᠡ | ᠦᠪᠡᠷ ᠤᠨ ᠦᠨᠳᠦᠰᠦᠲᠡᠨ ᠤ ᠤᠨᠴᠠᠯᠢᠭ ᠢ ᠪᠦᠷᠢᠯᠳᠦᠭᠦᠯᠦᠨ᠎ᠡ᠃ | ᠮᠠᠨ ᠤ ᠤᠯᠤᠰ ᠤᠨ ᠰᠤᠷᠭᠠᠨ ᠬᠦᠮᠦᠵᠢᠯ ᠤᠨ ᠵᠢᠭᠠᠬᠤ ᠮᠠᠲ᠋ᠧᠷᠢᠶᠠᠯ ᠤᠨ ᠬᠦᠭᠵᠢᠯᠲᠡ ᠶᠢᠨ ᠦᠩᠭᠡᠷᠡᠯᠲᠡ ᠶᠢ | ᠡᠷᠭᠢᠴᠡᠭᠦᠯᠪᠡᠯ᠂ ᠦᠨᠦᠳᠦᠷ ᠪᠢᠳᠡ ᠭᠠᠳᠠᠭᠠᠲᠤ ᠶᠢᠨ ᠬᠢ ᠶᠢ ᠰᠤᠷᠤᠯᠴᠠᠵᠤ ᠪᠠᠶᠢᠬᠤ ᠮᠦᠷᠲᠡᠭᠡᠨ ᠦᠨᠳᠦᠰᠦᠲᠡᠨ ᠤ ᠬᠢ ᠶᠢ | ᠪᠠᠷᠢᠮᠲᠠᠯᠠᠬᠤ᠂ ᠤᠯᠠᠮᠵᠢᠯᠠᠯ ᠢᠶᠠᠨ ᠪᠠᠳᠠᠷᠠᠭᠤᠯᠬᠤ ᠵᠢᠴᠢ ᠰᠢᠯᠢᠵᠦ ᠤᠷᠬᠢᠬᠤ ᠰᠢᠨ᠎ᠡ ᠶᠢ ᠡᠭᠦᠳᠬᠦ ᠲᠤᠮᠤ ᠠᠰᠠᠭᠤᠳᠠᠯ ᠳᠤ | ᠲᠤᠯᠭᠠᠷᠠᠵᠤ ᠪᠠᠶᠢᠨ᠎ᠠ᠃ ᠵᠦᠪ ᠰᠤᠷᠤᠯᠴᠠᠬᠤ ᠠᠷᠭ᠎ᠠ ᠨᠢ ᠵᠠᠯᠭᠠᠮᠵᠢᠯᠠᠬᠤ ᠪᠠ ᠰᠢᠨ᠎ᠡ ᠶᠢ ᠡᠭᠦᠳᠦᠨ᠎ᠡ᠂ ᠪᠤᠰᠤᠳ ᠤᠨ ᠬᠢ ᠪᠠᠷ | ᠲᠤᠯᠢ ᠪᠤᠯᠭᠠᠨ ᠰᠠᠶᠢᠨ ᠲᠠᠯ᠎ᠠ ᠶᠢ ᠨᠢ ᠠᠪᠴᠤ ᠲᠤᠲᠠᠭᠳᠠᠯ ᠲᠠᠢ ᠲᠠᠯ᠎ᠠ ᠪᠠᠨ ᠨᠦᠬᠦᠬᠦ᠂ ᠦᠪᠡᠷ ᠢ ᠪᠠᠨ ᠰᠠᠶᠢᠵᠢᠷᠠᠭᠤᠯᠤᠨ᠂ | ᠪᠤᠰᠤᠳᠴᠢ ᠴᠢᠨᠠᠷ ᠪᠠ ᠪᠡᠶᠡᠴᠢ ᠲᠠᠨᠢᠯᠲᠠ ᠶᠢ ᠭᠦᠢᠴᠡᠳ ᠪᠠᠳᠠᠷᠠᠭᠤᠯᠤᠨ᠂ ᠦᠪᠡᠷ ᠤᠨ ᠪᠡᠶ᠎ᠡ ᠳᠡᠭᠡᠨ ᠲᠤᠬᠢᠷᠠᠭᠰᠠᠨ | ᠶᠠᠭᠤᠮ᠎ᠠ ᠶᠢ ᠵᠤᠷᠢᠭᠲᠠᠢ ᠬᠡᠷᠡᠭᠯᠡᠵᠦ᠂ ᠬᠡᠷᠡᠭ ᠦᠭᠡᠢ ᠵᠦᠢᠯᠡᠰ ᠢ ᠲᠠᠶᠠᠭᠳᠠᠵᠤ᠂ ᠤᠯᠤᠰ ᠤᠨ ᠪᠤᠳᠠᠲᠠᠢ ᠪᠠᠶᠢᠳᠠᠯ ᠠᠴᠠ | ᠡᠭᠦᠰᠴᠦ ᠦᠢᠯᠡᠳᠦᠯᠭᠡ ᠪᠠᠷ ᠳᠠᠮᠵᠢᠨ ᠦᠷ᠎ᠡ ᠪᠦᠲᠦᠮᠵᠢᠲᠦ ᠴᠢᠨᠠᠷ ᠪᠠ ᠲᠣᠬᠢᠷᠠᠮᠵᠢᠲᠤ ᠴᠢᠨᠠᠷ ᠢ ᠤᠯᠵᠤ᠂ ᠲᠠᠰᠤᠷᠠᠯᠲᠠ | ᠦᠭᠡᠢ ᠤᠯᠠᠮᠵᠢᠯᠠᠯᠲᠤ ᠴᠦᠷᠬᠡᠯᠡᠭᠡ ᠶᠢᠨ ᠲᠤᠬᠢᠶᠠᠯ ᠠᠴᠠ ᠰᠦᠪᠡᠭᠴᠢᠯᠡᠵᠦ ᠪᠤᠶᠢᠵᠢᠵᠦ᠂ ᠬᠠᠮᠤᠭ ᠰᠡᠭᠦᠯ ᠳᠤ ᠰᠤᠷᠭᠠᠨ | ᠬᠦᠮᠦᠵᠢᠯ ᠤᠨ ᠤᠨᠤᠯ ᠤᠨ ᠤᠶᠠᠯᠳᠤᠯ ᠪᠠ ᠰᠢᠨ᠎ᠡ ᠶᠢ ᠡᠭᠦᠳᠬᠦ ᠶᠢ ᠪᠡᠶᠡᠯᠡᠭᠦᠯᠦᠨ᠎ᠡ᠃ | 2. ᠳᠠᠪᠰᠢᠩᠭᠤᠢ ᠴᠢᠨᠠᠷ ᠨᠢ ᠮᠤᠩᠭᠤᠯ ᠵᠢᠭᠠᠬᠤ ᠮᠠᠲ᠋ᠧᠷᠢᠶᠠᠯ ᠤᠨ ᠦᠨᠳᠦᠰᠦ ᠪᠤᠯᠬᠤ᠃ | ᠮᠤᠩᠭᠤᠯ ᠵᠢᠭᠠᠬᠤ ᠮᠠᠲ᠋ᠧᠷᠢᠶᠠᠯ ᠤᠨ ᠰᠠᠭᠤᠷᠢ ᠦᠨᠳᠦᠰᠦᠨ ᠰᠢᠨᠵᠢ ᠠᠴᠠ ᠭᠠᠷᠳᠠᠵᠤ᠂ ᠲᠡᠷᠡ ᠨᠢ ᠡᠷᠬᠡᠪᠰᠢ ᠬᠠᠷᠠᠭᠠᠯᠵᠠᠭᠰᠠᠨ | ᠲᠤᠭᠲᠠᠭᠤᠨ ᠰᠤᠳᠤᠯᠭ᠎ᠠ ᠰᠢᠨᠵᠢᠯᠡᠭᠡᠨ ᠤ ᠦᠨᠳᠦᠰᠦᠨ ᠤᠨᠤᠯ᠂ ᠦᠨᠳᠦᠰᠦᠨ ᠮᠡᠳᠡᠯᠭᠡ ᠪᠤᠯᠤᠨ ᠦᠨᠳᠦᠰᠦᠨ ᠮᠡᠷᠭᠡᠵᠢᠯ ᠢ | ᠢᠯᠡᠷᠡᠭᠦᠯᠬᠦ ᠬᠡᠷᠡᠭᠲᠡᠢ᠃ ᠴᠠᠭ ᠦᠶ᠎ᠡ ᠶᠢᠨ ᠬᠦᠭᠵᠢᠯᠲᠡ᠂ ᠰᠤᠳᠤᠯᠭ᠎ᠠ ᠰᠢᠨᠵᠢᠯᠡᠭᠡᠨ ᠤ ᠭᠦᠨᠵᠡᠭᠡᠶᠢᠷᠡᠯ ᠢ ᠳᠠᠭᠠᠯᠳᠤᠨ | ᠤᠤᠯ ᠤᠨ ᠦᠨᠳᠦᠰᠦᠨ ᠠᠭᠤᠯᠭ᠎ᠠ ᠤᠬᠠᠭᠳᠠᠬᠤᠨ ᠬᠤᠪᠢᠷᠠᠬᠤ ᠨᠢ ᠳᠠᠮᠵᠢᠭ ᠦᠭᠡᠢ᠂ ᠰᠢᠯᠢᠳᠡᠭ ᠰᠤᠳᠤᠯᠭᠠᠨ ᠤ ᠦᠷ᠎ᠡ | ᠪᠦᠲᠦᠭᠡᠯ ᠪᠤᠯᠤᠨ ᠰᠢᠨ᠎ᠡ ᠦᠵᠡᠯᠲᠡ ᠶᠢ ᠮᠤᠩᠭᠤᠯ ᠵᠢᠭᠠᠬᠤ ᠮᠠᠲ᠋ᠧᠷᠢᠶᠠᠯ ᠤᠨ ᠠᠭᠤᠯᠭ᠎ᠠ ᠳᠤ ᠤᠷᠤᠭᠤᠯᠬᠤ ᠬᠡᠷᠡᠭᠲᠡᠢ᠃ | ᠬᠠᠷᠢᠴᠠᠭᠤᠯᠤᠨ ᠵᠠᠳᠠᠯᠬᠤ ᠨᠢ ᠭᠤᠤᠯᠳᠠᠭᠤ ᠭᠤᠷᠪᠠᠨ ᠲᠠᠯ᠎ᠠ ᠶᠢ ᠪᠠᠭᠲᠠᠭᠠᠨ᠎ᠠ᠃ 1. ᠦᠨᠳᠦᠰᠦᠨ ᠠᠭᠤᠯᠭ᠎ᠠ ᠶᠢ | ᠪᠠᠲᠤᠯᠠᠭᠰᠠᠨ ᠰᠠᠭᠤᠷᠢᠨ ᠳᠡᠭᠡᠷ᠎ᠡ ᠰᠤᠳᠤᠯᠭ᠎ᠠ ᠰᠢᠨᠵᠢᠯᠡᠭᠡᠨ ᠤ ᠳᠠᠪᠰᠢᠩᠭᠤᠢ ᠦᠷ᠎ᠡ ᠪᠦᠲᠦᠭᠡᠯ ᠢ ᠢᠯᠡᠷᠡᠭᠦᠯᠵᠦ ᠴᠢᠳᠠᠨ᠎ᠠ᠃ | 2. ᠵᠢᠭᠠᠬᠤ ᠮᠠᠲ᠋ᠧᠷᠢᠶᠠᠯ ᠤᠨ ᠬᠡᠪᠯᠡᠯ ᠤᠨ ᠰᠢᠨᠡᠴᠢᠯᠡᠯᠲᠡ ᠶᠢᠨ ᠴᠠᠭ ᠤᠨ ᠵᠠᠢ ᠨᠢ ᠮᠡᠳᠡᠯᠭᠡ ᠶᠢᠨ ᠰᠢᠨ᠎ᠡ ᠰᠤᠷᠭᠤᠭ | ᠬᠡᠮᠵᠢᠶ᠎ᠡ ᠶᠢ ᠪᠠᠲᠤᠯᠠᠵᠤ ᠳᠡᠶᠢᠯᠦᠨ᠎ᠡ᠃ 3. ᠰᠢᠨᠵᠢᠯᠡᠬᠦ ᠤᠬᠠᠭᠠᠨᠴᠢ ᠴᠢᠨᠠᠷ ᠨᠢ ᠮᠤᠩᠭᠤᠯ ᠵᠢᠭᠠᠬᠤ ᠮᠠᠲ᠋ᠧᠷᠢᠶᠠᠯ ᠤᠨ | ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠪᠤᠯᠬᠤ᠃ | ᠨᠢᠭᠡᠨ ᠦᠨᠳᠦᠰᠦᠲᠡᠨ ᠦᠪᠡᠷ ᠤᠨ ᠦᠰᠦᠭ ᠪᠢᠴᠢᠭ ᠢᠶᠠᠷ ᠵᠤᠬᠢᠶᠠᠨ ᠪᠦᠲᠦᠭᠡᠵᠦ᠂ ᠬᠢᠴᠢᠶᠡᠯ ᠤᠨ ᠲᠠᠩᠬᠢᠮ ᠳᠤ | ᠬᠦᠮᠦᠨ ᠢ ᠬᠦᠮᠦᠵᠢᠭᠦᠯᠬᠦ ᠨᠤᠮ ᠨᠠᠶᠢᠷᠠᠭᠤᠯᠬᠤ ᠨᠢ ᠵᠦᠪᠬᠡᠨ ᠶᠠᠷᠢᠶᠠᠨ ᠤ ᠪᠤᠶᠤ ᠬᠠᠷᠢᠯᠴᠠᠭᠠᠨ ᠤ ᠰᠢᠭ᠋ ᠪᠢᠰᠢ ᠪᠤᠯᠵᠤ ᠬᠠᠷᠢᠨ | ᠨᠢᠭᠡ ᠵᠦᠢᠯ ᠤᠨ ᠲᠤᠰᠬᠠᠶᠢᠵᠢᠯᠲᠠ ᠶᠢᠨ ᠬᠡᠯᠪᠡᠷᠢ ᠪᠤᠯᠵᠤ ᠤᠯᠠᠷᠢᠨ ᠬᠤᠪᠢᠷᠠᠨ᠎ᠠ᠃ ᠲᠤᠰᠬᠠᠢ ᠵᠢᠭᠠᠬᠤ ᠮᠠᠲ᠋ᠧᠷᠢᠶᠠᠯ | ᠪᠤᠯᠤᠭᠰᠠᠨ ᠤ ᠬᠤᠪᠢ ᠳᠤ ᠲᠡᠭᠦᠨ ᠤ ᠬᠡᠷᠡᠭᠯᠡᠭᠡᠨ ᠤ ᠡᠲᠡᠭᠡᠳ ᠨᠢ ᠦᠨᠳᠦᠰᠦᠲᠡᠨ ᠤ ᠦᠰᠦᠭ ᠪᠢᠴᠢᠭ ᠤᠨ ᠮᠠᠲ᠋ᠧᠷᠢᠶᠠᠯ | ᠪᠤᠶᠤ ᠦᠭᠡ ᠬᠡᠯᠡ ᠪᠠᠷ ᠬᠤᠵᠢᠮ ᠤᠨ ᠠᠵᠢᠯ ᠤᠨ ᠠᠮᠢᠳᠤᠷᠠᠯ ᠪᠤᠯᠭᠠᠵᠤ᠂ ᠮᠤᠩᠭᠤᠯ ᠵᠢᠭᠠᠬᠤ ᠮᠠᠲ᠋ᠧᠷᠢᠶᠠᠯ ᠨᠢ ᠵᠠᠪᠠᠯ | ᠰᠢᠨᠵᠢᠯᠡᠭᠡᠨ ᠤ ᠦᠷ᠎ᠡ ᠪᠦᠲᠦᠭᠡᠯ ᠪᠠᠶᠢᠬᠤ ᠬᠡᠷᠡᠭᠲᠡᠢ᠃ | ᠮᠤᠩᠭᠤᠯ ᠵᠢᠭᠠᠬᠤ ᠮᠠᠲ᠋ᠧᠷᠢᠶᠠᠯ ᠢ ᠬᠡᠷᠬᠢᠨ ᠦᠪᠡᠷ ᠤᠨ ᠤᠨᠴᠠᠯᠢᠭ ᠲᠠᠢ ᠪᠠᠶᠢᠯᠭᠠᠬᠤ ᠶᠢᠨ ᠬᠠᠮᠲᠤ ᠬᠢᠲᠡᠳ ᠵᠢᠭᠠᠬᠤ | ᠮᠠᠲ᠋ᠧᠷᠢᠶᠠᠯ ᠲᠠᠢ ᠪᠠᠰᠠ ᠬᠠᠷᠢᠴᠠᠭᠤᠯᠵᠤ᠂ ᠰᠤᠷᠤᠭᠴᠢᠳ ᠬᠡᠷᠬᠢᠨ ᠠᠮᠠᠷᠬᠠᠨ ᠤᠶᠢᠯᠠᠭᠠᠬᠤ ᠵᠡᠷᠭᠡ ᠰᠢᠷᠢᠰ ᠠᠰᠠᠭᠤᠳᠠᠯ ᠢ | ᠰᠢᠢᠳᠪᠦᠷᠢᠯᠡᠨ᠎ᠡ᠂ ᠡᠭᠦᠨ ᠳᠤ ᠮᠤᠩᠭᠤᠯ ᠵᠢᠭᠠᠬᠤ ᠮᠠᠲ᠋ᠧᠷᠢᠶᠠᠯ ᠤᠨ ᠰᠢᠨᠵᠢᠯᠡᠬᠦ ᠤᠬᠠᠭᠠᠨᠴᠢ ᠴᠢᠨᠠᠷ ᠨᠢ ᠵᠠᠩᠭᠢᠯᠠᠭ᠎ᠠ ᠪᠤᠯᠤᠨ᠎ᠠ᠃ | | ︵︽ᠰᠢᠨᠵᠢᠯᠡᠬᠦ ᠤᠬᠠᠭᠠᠨ ᠰᠡᠳᠬᠦᠯ︾ ᠠᠴᠠ ᠠᠪᠤᠪᠠ︶ |