ᠨᠠᠰᠤᠵᠢᠯ ᠤᠨ ᠳᠠᠭᠠᠳᠬᠠᠯ ᠤᠨ ᠲᠤᠬᠠᠢ ᠡᠳᠡᠭᠡᠷ ᠲᠦᠷᠦ ᠶᠢᠨ ᠪᠤᠳᠤᠯᠭ᠎ᠠ ᠶᠢ ᠲᠠ ᠤᠶᠢᠯᠠᠭᠠᠨ᠎ᠠ ᠦᠦ︖
ᠨᠡᠶᠢᠲᠡᠯᠡᠭᠰᠡᠨ ᠴᠠᠭ᠄
2016-08-12
        ᠪᠦᠷᠢᠳᠬᠡᠯ ᠢ ᠦᠨᠳᠦᠰᠦᠯᠡᠪᠡᠯ 2016 ᠤᠨ ᠤ 6 ᠰᠠᠷ᠎ᠠ ᠶᠢᠨ ᠰᠡᠭᠦᠯᠴᠢ ᠪᠤᠯᠲᠠᠯ᠎ᠠ ᠮᠠᠨ ᠤ ᠤᠷᠤᠨ ᠤ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ 1270.4 ᠲᠦᠮᠡ ᠳᠤ ᠬᠦᠷᠴᠦ᠂ ᠡᠭᠦᠨ ᠤ ᠳᠤᠲᠤᠷ᠎ᠠ ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ 538.4 ᠲᠦᠮᠡ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ 732 ᠲᠦᠮᠡ ᠳᠤ ᠬᠦᠷᠴᠦ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠶᠢ ᠨᠠᠰᠤᠵᠢᠯ ᠤᠨ ᠳᠠᠭᠠᠳᠬᠠᠯ ᠳᠤ ᠤᠷᠤᠭᠤᠯᠬᠤ ᠠᠵᠢᠯ ᠴᠦ ᠡᠬᠢᠯᠡᠭᠰᠡᠨ ᠪᠠᠶᠢᠨ᠎ᠠ᠃        ᠨᠠᠰᠤᠵᠢᠯ ᠤᠨ ᠳᠠᠭᠠᠳᠬᠠᠯ ᠪᠤᠯ ᠨᠡᠶᠢᠭᠡᠮ ᠤᠨ ᠪᠠᠲᠤᠯᠠᠪᠤᠷᠢ ᠶᠢᠨ ᠳᠦᠷᠢᠮ ᠤᠨ ᠴᠢᠬᠤᠯᠠ ᠨᠢᠭᠡᠨ ᠠᠭᠤᠯᠭ᠎ᠠ ᠪᠤᠯᠤᠨ᠎ᠠ᠂ ᠦᠨᠳᠦᠰᠦᠨ ᠨᠠᠰᠤᠵᠢᠯ ᠤᠨ ᠳᠠᠭᠠᠳᠬᠠᠯ ᠪᠤᠯ ᠤᠯᠤᠰ ᠠᠴᠠ ᠬᠠᠤᠯᠢ ᠲᠤᠭᠲᠠᠭᠠᠬᠤ ᠪᠠᠷ ᠳᠠᠮᠵᠢᠭᠤᠯᠵᠤ᠂ ᠬᠦᠳᠡᠯᠮᠦᠷᠢᠯᠡᠭᠴᠢ ᠶᠢᠨ ᠤᠯᠤᠰ ᠠᠴᠠ ᠲᠤᠭᠲᠠᠭᠠᠭᠰᠠᠨ ᠬᠦᠳᠡᠯᠮᠦᠷᠢᠯᠡᠬᠦ ᠬᠠᠷᠢᠭᠤᠴᠠᠯᠭ᠎ᠠ ᠪᠠᠨ ᠭᠦᠢᠴᠡᠳᠬᠡᠬᠦ ᠨᠠᠰᠤ  ᠨᠢ ᠲᠤᠯᠤᠭᠰᠠᠨ ᠪᠤᠶᠤ ᠬᠦᠳᠡᠯᠮᠦᠷᠢᠯᠡᠬᠦ ᠴᠢᠳᠠᠪᠤᠷᠢ ᠪᠠᠨ ᠠᠯᠳᠠᠵᠤ ᠬᠦᠳᠡᠯᠮᠦᠷᠢ ᠶᠢᠨ ᠠᠵᠢᠯ ᠤᠨ ᠪᠠᠶᠢᠷᠢ ᠠᠴᠠ ᠪᠠᠨ ᠰᠠᠯᠬᠤ ᠦᠶ᠎ᠡ ᠳᠤ ᠬᠦᠳᠡᠯᠮᠦᠷᠢᠯᠡᠭᠴᠢ ᠶᠢᠨ ᠦᠨᠳᠦᠰᠦᠨ ᠠᠮᠢᠳᠤᠷᠠᠯ ᠢ ᠪᠠᠲᠤᠯᠠᠬᠤ ᠶᠢᠨ ᠲᠦᠯᠦᠭᠡ ᠪᠠᠶᠢᠭᠤᠯᠤᠭᠰᠠᠨ ᠨᠢᠭᠡ ᠵᠦᠢᠯ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠤᠯᠤᠨ᠎ᠠ᠂ ᠨᠠᠰᠤᠵᠢᠯ ᠤᠨ ᠳᠠᠭᠠᠳᠬᠠᠯ ᠨᠢ ᠬᠠᠤᠯᠢ ᠪᠠᠷ ᠲᠤᠭᠲᠠᠭᠠᠭᠰᠠᠨ ᠬᠦᠷᠢᠶ᠎ᠡ ᠬᠡᠪᠴᠢᠶᠡᠨ ᠲᠤᠲᠤᠷᠠᠬᠢ ᠨᠠᠰᠤ ᠠᠬᠢᠭᠰᠠᠳ ᠪᠦᠷᠢᠮᠦᠰᠦᠨ ᠪᠤᠶᠤ ᠦᠨᠳᠦᠰᠦᠨ ᠳᠡᠭᠡᠨ ᠨᠡᠶᠢᠭᠡᠮ ᠤᠨ ᠬᠦᠳᠡᠯᠮᠦᠷᠢ ᠶᠢᠨ ᠠᠵᠢᠯ ᠤᠨ ᠪᠠᠶᠢᠷᠢ ᠠᠴᠠ ᠰᠠᠯᠤᠭᠰᠠᠨ ᠤ ᠳᠠᠷᠠᠭ᠎ᠠ ᠰᠠᠶ᠋ᠢ ᠦᠢᠯᠡᠳᠦᠯ ᠢᠶᠠᠨ ᠪᠦᠷᠢᠨ ᠪᠠᠳᠠᠷᠠᠭᠤᠯᠬᠤ ᠪᠤᠯᠤᠨ᠎ᠠ᠃ ᠨᠠᠰᠤᠵᠢᠯ ᠤᠨ ᠳᠠᠭᠠᠳᠬᠠᠯ ᠤᠨ ᠭᠤᠤᠯ ᠵᠤᠷᠢᠯᠭ᠎ᠠ ᠨᠢ ᠨᠠᠰᠤᠲᠠᠶᠢᠴᠤᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠪᠠᠲᠤᠯᠠᠵᠤ᠂ ᠲᠡᠳᠡ ᠨᠠᠷ ᠲᠤ ᠯᠠᠪᠳᠠᠭᠤᠨ ᠲᠤᠭᠲᠠᠪᠤᠷᠢᠲᠠᠢ ᠠᠮᠢᠳᠤᠷᠠᠯ ᠤᠨ ᠨᠦᠬᠦᠴᠡᠯ ᠬᠠᠩᠭᠠᠬᠤ ᠶᠢᠨ ᠲᠦᠯᠦᠭᠡ ᠶᠤᠮ᠃        ᠡᠶᠢᠮᠦ ᠠᠴᠠ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠳ ᠨᠠᠰᠤᠵᠢᠯ ᠤᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤᠨᠢ ᠵᠦᠪ ᠤᠨᠤᠪᠴᠢᠲᠠᠢ ᠤᠶᠢᠯᠠᠭᠠᠬᠤ ᠨᠢ ᠳᠠᠭᠠᠳᠬᠠᠯ ᠳᠤ ᠤᠷᠤᠯᠴᠠᠬᠤ ᠳᠤ ᠲᠤᠰᠠ ᠳᠦᠭᠦᠮ ᠪᠤᠯᠵᠤ᠂ ᠳᠠᠭᠠᠳᠬᠠᠯ ᠤᠨ ᠬᠠᠷᠠᠭᠠᠯᠵᠠᠯ ᠬᠦᠷᠲᠡᠬᠦ ᠳᠤ ᠵᠠᠮᠴᠢ ᠪᠤᠯᠬᠤ ᠶᠤᠮ᠃        ᠦᠪᠡᠷᠲᠡᠭᠡᠨ ᠵᠠᠰᠠᠬᠤ ᠤᠷᠤᠨ ᠠᠴᠠ 2015 ᠤᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠳᠡᠭᠰᠢᠳᠬᠡᠭᠰᠡᠨ ᠴᠠᠯᠢᠩ ᠢ ᠨᠡᠶᠢᠲᠡᠯᠡᠬᠦ ᠶᠢ ᠳᠠᠭᠠᠯᠳᠤᠨ 2016 ᠤᠨ ᠤ ᠨᠠᠰᠤᠵᠢᠯ ᠤᠨ ᠳᠠᠭᠠᠳᠬᠠᠯ ᠳᠤ ᠤᠷᠤᠯᠴᠠᠬᠤ ᠰᠦᠢᠳᠬᠡᠯ ᠳᠤᠰᠢᠶᠠᠬᠤ ᠠᠵᠢᠯ ᠴᠦ ᠪᠦᠬᠦ ᠲᠠᠯ᠎ᠠ ᠪᠠᠷ ᠡᠬᠢᠯᠡᠭᠰᠡᠨ ᠪᠠᠶᠢᠨ᠎ᠠ᠃        ᠦᠨᠳᠦᠰᠦᠨ ᠨᠠᠰᠤᠵᠢᠯ ᠤᠨ ᠳᠠᠭᠠᠳᠬᠠᠯ ᠤᠨ ᠬᠠᠮᠤᠷᠬᠤ ᠬᠦᠷᠢᠶ᠎ᠡ ᠬᠡᠪᠴᠢᠶ᠎ᠡ ᠦᠷᠭᠡᠨ        ᠦᠨᠳᠦᠰᠦᠨ ᠨᠠᠰᠤᠵᠢᠯ ᠤᠨ ᠳᠠᠭᠠᠳᠬᠠᠯ ᠭᠡᠳᠡᠭ ᠨᠢ ᠤᠯᠤᠰ ᠠᠴᠠ ᠬᠠᠤᠯᠢ ᠲᠤᠭᠲᠠᠭᠠᠬᠤ ᠪᠠᠷ ᠳᠠᠮᠵᠢᠭᠤᠯᠵᠤ᠂ ᠬᠦᠳᠡᠯᠮᠦᠷᠢᠯᠡᠭᠴᠢ ᠶᠢᠨ ᠤᠯᠤᠰ ᠠᠴᠠ ᠲᠤᠭᠲᠠᠭᠠᠭᠰᠠᠨ ᠬᠦᠳᠡᠯᠮᠦᠷᠢᠯᠡᠬᠦ ᠬᠠᠷᠢᠭᠤᠴᠠᠯᠭ᠎ᠠ ᠪᠠᠨ ᠭᠦᠢᠴᠡᠳᠬᠡᠬᠦ ᠨᠠᠰᠤ ᠲᠤᠯᠤᠭᠰᠠᠨ ᠪᠤᠶᠤ ᠬᠦᠳᠡᠯᠮᠦᠷᠢᠯᠡᠬᠦ ᠴᠢᠳᠠᠪᠤᠷᠢ ᠪᠠᠨ ᠠᠯᠳᠠᠵᠤ ᠠᠵᠢᠯ ᠤᠨ ᠪᠠᠶᠢᠷᠢ ᠠᠴᠠ ᠪᠠᠨ ᠰᠠᠯᠬᠤ ᠦᠶ᠎ᠡ ᠳᠤ ᠬᠦᠳᠡᠯᠮᠦᠷᠢᠯᠡᠭᠴᠢ ᠶᠢᠨ ᠦᠨᠳᠦᠰᠦᠨ ᠠᠮᠢᠳᠤᠷᠠᠯ ᠢ ᠪᠠᠲᠤᠯᠠᠬᠤ ᠶᠢᠨ ᠲᠦᠯᠦᠭᠡ ᠲᠤᠭᠲᠠᠭᠠᠭᠰᠠᠨ ᠨᠢᠭᠡ ᠵᠦᠢᠯ ᠤᠨ ᠨᠡᠶᠢᠭᠡᠮ ᠤᠨ ᠳᠠᠭᠠᠳᠬᠠᠯ ᠤᠨ ᠳᠦᠷᠢᠮ ᠪᠤᠯᠤᠨ᠎ᠠ᠃ ᠮᠠᠨ ᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠨᠠᠰᠤᠵᠢᠯ ᠤᠨ ᠳᠠᠭᠠᠳᠬᠠᠯ ᠤᠨ ᠳᠦᠷᠢᠮ ᠢ ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠪᠠ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠭᠡᠵᠦ ᠭᠤᠷᠪᠠ ᠬᠤᠪᠢᠶᠠᠳᠠᠭ᠃        ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠢ ᠬᠠᠮᠤᠷᠬᠤ ᠬᠦᠷᠢᠶ᠎ᠡ ᠬᠡᠪᠴᠢᠶ᠎ᠡ        ︽ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠠᠷᠪᠠᠳᠤᠭᠠᠷ ᠵᠦᠢᠯ ᠤᠨ ᠲᠤᠭᠲᠠᠭᠠᠯ ᠳᠤ ︽ᠠᠵᠢᠯᠲᠠᠨ ᠠᠵᠢᠯᠴᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠵᠤ᠂ ᠬᠦᠮᠦᠨ ᠬᠡᠷᠡᠭᠯᠡᠬᠦ ᠨᠢᠭᠡᠴᠡ ᠪᠠ ᠠᠵᠢᠯᠲᠠᠨ ᠠᠵᠢᠯᠴᠢᠨ ᠬᠠᠮᠲᠤᠪᠠᠷ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠨ᠎ᠠ᠃ ᠠᠵᠢᠯᠲᠠᠨ ᠤᠷᠢᠵᠦ ᠬᠡᠷᠡᠭᠯᠡᠭᠰᠡᠨ ᠦᠭᠡᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠬᠦᠮᠦᠨ ᠬᠡᠷᠡᠭᠯᠡᠬᠦ ᠪᠠᠶᠢᠭᠤᠯᠭ᠎ᠠ ᠳᠤ ᠳᠠᠭᠠᠳᠬᠠᠯ ᠳᠤ ᠤᠷᠤᠯᠴᠠᠭᠰᠠᠨ ᠦᠭᠡᠢ ᠪᠦᠬᠦᠯᠢ ᠡᠳᠦᠷ ᠤᠨ ᠳᠦᠷᠢᠮᠲᠦ ᠪᠤᠰᠤ ᠠᠵᠢᠯᠲᠠᠨ ᠠᠵᠢᠯᠴᠢᠨ ᠵᠢᠴᠢ ᠪᠤᠰᠤᠳ ᠰᠤᠯᠠ ᠠᠵᠢᠯ ᠬᠢᠵᠦ ᠪᠠᠶᠢᠭ᠎ᠠ ᠬᠦᠮᠦᠰ ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠬᠤ ᠳᠤ ᠬᠤᠪᠢ ᠪᠠᠷ ᠢᠶᠠᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠨ᠎ᠠ︾ ᠭᠡᠵᠦ ᠲᠤᠭᠲᠠᠭᠠᠭᠰᠠᠨ ᠪᠠᠶᠢᠨ᠎ᠠ᠃        ᠬᠠᠤᠯᠢ ᠶᠤᠰᠤᠭᠠᠷ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠳᠠᠩᠰᠠᠯᠠᠭᠤᠯᠤᠭᠰᠠᠨ ᠨᠡᠶᠢᠭᠡᠮ ᠤᠨ ᠪᠦᠯᠬᠦᠮ ᠨᠢᠭᠡᠴᠡ᠂ ᠰᠠᠭᠤᠷᠢ ᠮᠦᠩᠭᠦᠨ ᠤ ᠨᠡᠶᠢᠭᠡᠮᠯᠢᠭ᠂ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠪᠠᠶᠢᠭᠤᠯᠭ᠎ᠠ ᠨᠢᠭᠡᠴᠡ᠂ ᠬᠢᠯᠢ ᠶᠢᠨ ᠭᠠᠳᠠᠨᠠᠬᠢ ᠵᠠᠰᠠᠭ ᠤᠨ ᠤᠷᠳᠤᠨ ᠤ ᠪᠤᠰᠤ ᠵᠤᠬᠢᠶᠠᠨ ᠪᠠᠶᠢᠭᠤᠯᠤᠯᠲᠠ ᠶᠢᠨ ᠳᠤᠮᠳᠠᠳᠤ ᠳᠤ ᠰᠠᠭᠤᠭ᠎ᠠ ᠲᠦᠯᠦᠭᠡᠯᠡᠭᠴᠢ ᠪᠠᠶᠢᠭᠤᠯᠤᠮᠵᠢ ᠵᠢᠴᠢ ᠤᠷᠢᠨ ᠬᠡᠷᠡᠭᠯᠡᠬᠦ ᠭᠡᠷ᠎ᠡ ᠪᠤᠶᠤ ᠬᠦᠳᠡᠯᠮᠦᠷᠢ ᠶᠢᠨ ᠭᠡᠷ᠎ᠡ ᠲᠤᠭᠲᠠᠭᠰᠠᠨ ᠲᠤᠰᠬᠠᠢ ᠠᠵᠢᠯᠲᠠᠳ᠂ ᠲᠤᠬᠠᠢ ᠶᠢᠨ ᠭᠠᠵᠠᠷ ᠤᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠦᠨᠳᠦᠰᠦᠨ ᠨᠠᠰᠤᠵᠢᠯ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠵᠤ ᠪᠤᠯᠤᠨ᠎ᠠ᠃ ᠱᠠᠰᠢᠨ ᠰᠤᠷᠲᠠᠬᠤᠨ ᠤ ᠪᠠᠭᠰᠢ ᠠᠵᠢᠯᠲᠠᠳ ᠦᠪᠡᠷ ᠤᠨ ᠰᠠᠶᠢᠨ ᠳᠤᠷ᠎ᠠ ᠠᠴᠠ ᠪᠠᠨ ᠨᠠᠰᠤᠵᠢᠯ ᠤᠨ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠳᠤ ᠤᠷᠤᠯᠴᠠᠵᠤ ᠪᠤᠯᠤᠨ᠎ᠠ᠃        ᠬᠤᠲᠠ ᠪᠠᠯᠭᠠᠰᠤᠨ ᠤ ᠰᠠᠭᠤᠭᠠᠯᠢ ᠠᠷᠠᠳ ᠢ ᠪᠦᠷᠬᠦᠬᠦ ᠬᠦᠷᠢᠶ᠎ᠡ ᠬᠡᠪᠴᠢᠶ᠎ᠡ        ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠬᠡᠷᠡᠭᠵᠢᠭᠦᠯᠬᠦ ᠲᠤᠬᠠᠢ ᠰᠠᠨᠠᠯ︾ ᠶᠤᠰᠤᠭᠠᠷ ᠪᠦᠬᠦᠯᠢ 16 ᠨᠠᠰᠤ ᠭᠦᠢᠴᠡᠭᠰᠡᠨ ︵ᠰᠤᠷᠭᠠᠭᠤᠯᠢ ᠳᠤ ᠪᠠᠶᠢᠭ᠎ᠠ ᠰᠤᠷᠤᠭᠴᠢ ᠶᠢ ᠪᠠᠭᠲᠠᠭᠠᠬᠤ ᠦᠭᠡᠢ︶᠂ ᠤᠯᠤᠰ ᠤᠨ ᠪᠠᠶᠢᠭᠤᠯᠭ᠎ᠠ ᠨᠢᠭᠡᠴᠡ ᠪᠠ ᠠᠵᠢᠯ ᠦᠢᠯᠡᠰ ᠤᠨ ᠨᠢᠭᠡᠴᠡ ᠶᠢᠨ ᠪᠤᠰᠤ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠪᠦᠷᠬᠦᠬᠦ ᠬᠦᠷᠢᠶ᠎ᠡ ᠬᠡᠪᠴᠢᠶᠡᠨ ᠳᠤ ᠪᠠᠭᠲᠠᠬᠤ ᠦᠭᠡᠢ ᠬᠤᠲᠠ ᠪᠠᠯᠭᠠᠰᠤᠨ ᠤ ᠰᠠᠭᠤᠭᠠᠯᠢ ᠠᠷᠠᠳ᠂ ᠡᠷᠦᠬᠡ ᠠᠮᠠ ᠶᠢᠨ ᠳᠠᠩᠰᠠ ᠪᠠᠶᠢᠬᠤ ᠭᠠᠵᠠᠷ ᠤᠷᠤᠨ ᠤ ᠪᠠᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠵᠤ ᠪᠤᠯᠤᠨ᠎ᠠ᠃        ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢ ᠪᠦᠷᠬᠦᠬᠦ ᠬᠦᠷᠢᠶ᠎ᠡ ᠬᠡᠪᠴᠢᠶ᠎ᠡ        ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠠᠩᠬᠢᠮ ᠤᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠳᠦᠷᠢᠮ ᠤᠨ ᠦᠭᠡᠷᠡᠴᠢᠯᠡᠯᠲᠡ ᠶᠢ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ᠳᠤ ᠲᠤᠭᠲᠠᠭᠠᠭᠰᠠᠨ ᠢᠶᠠᠷ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠨᠠᠰᠤᠵᠢᠯ ᠤᠨ ᠳᠠᠭᠠᠳᠬᠠᠯ ᠤᠨ ᠦᠭᠡᠷᠡᠴᠢᠯᠡᠯᠲᠡ ᠶᠢ ᠬᠡᠷᠡᠭᠵᠢᠭᠦᠯᠵᠦ ᠪᠠᠶᠢᠭ᠎ᠠ ᠪᠠᠶᠢᠭᠤᠯᠭ᠎ᠠ ᠶᠢᠨ ᠤᠷᠤᠨ ᠲᠤᠭ᠎ᠠ ᠲᠤᠲᠤᠷ᠎ᠠ ᠪᠠᠶᠢᠭ᠎ᠠ ᠠᠵᠢᠯᠲᠠᠨ ᠠᠵᠢᠯᠴᠢᠨ ᠪᠠ ᠲᠤᠭᠲᠠᠭᠠᠯ ᠶᠤᠰᠤᠭᠠᠷ ᠠᠵᠢᠯ ᠠᠴᠠ ᠪᠠᠨ ᠠᠮᠠᠷᠠᠬᠤ ᠭᠠᠷ ᠭᠦᠢᠴᠡᠳᠬᠡᠯ ᠬᠢᠭᠰᠡᠨ ︵ᠠᠵᠢᠯ ᠠᠴᠠ ᠪᠠᠨ ᠠᠮᠠᠷᠠᠭᠰᠠᠨ ᠠᠵᠢᠯᠲᠠᠳ ᠢ ᠪᠠᠭᠲᠠᠭᠠᠨ᠎ᠠ︶ ᠤᠤᠯ ᠤᠨ ᠤᠷᠤᠨ ᠲᠤᠭ᠎ᠠ ᠲᠤᠲᠤᠷ᠎ᠠ ᠪᠠᠶᠢᠭ᠎ᠠ ᠠᠵᠢᠯ ᠠᠴᠠ ᠪᠠᠨ ᠠᠮᠠᠷᠠᠭᠰᠠᠳ᠂ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠬᠤ ᠬᠡᠷᠡᠭᠲᠡᠢ ᠭᠡᠰᠡᠨ ᠪᠠᠶᠢᠨ᠎ᠠ᠃ ᠤᠷᠤᠨ ᠲᠤᠭ᠎ᠠ ᠶᠢᠨ ᠬᠠᠮᠢᠶᠠᠷᠤᠯᠲᠠ ᠨᠢ ᠳᠦᠷᠢᠮᠵᠢᠩᠭᠦᠢ ᠪᠤᠰᠤ ᠪᠠᠶᠢᠭᠤᠯᠭ᠎ᠠ ᠤᠷᠢᠳᠠᠪᠠᠷ ᠲᠤᠭᠲᠠᠭᠠᠯ ᠶᠤᠰᠤᠭᠠᠷ ᠬᠠᠮᠢᠶᠠᠷᠤᠯᠲᠠ ᠪᠠᠨ ᠴᠡᠭᠴᠡᠯᠡᠨ ᠳᠦᠷᠢᠮᠵᠢᠭᠦᠯᠵᠦ᠂ ᠠᠵᠢᠯᠲᠠᠨ ᠠᠵᠢᠯᠴᠢᠨ ᠤ ᠪᠡᠶ᠎ᠡ ᠶᠢᠨ ᠭᠠᠷᠤᠯ ᠢ ᠲᠤᠳᠤᠷᠬᠠᠶᠢᠯᠠᠭᠰᠠᠨ ᠤ ᠳᠠᠷᠠᠭ᠎ᠠ ᠬᠤᠯᠪᠤᠭᠳᠠᠯ ᠪᠦᠬᠦᠢ ᠨᠠᠰᠤᠵᠢᠯ ᠤᠨ ᠳᠠᠭᠠᠳᠬᠠᠯ ᠤᠨ ᠳᠦᠷᠢᠮ ᠳᠤ ᠤᠷᠤᠭᠤᠯᠤᠨ᠎ᠠ᠃       ᠤᠳᠤᠬᠠᠨ ᠤ ᠦᠢᠯᠡᠳᠪᠦᠷᠢᠯᠡᠯ ᠡᠵᠡᠩᠨᠡᠯᠲᠡ ᠶᠢᠨ ᠲᠦᠷᠦᠯ ᠳᠤ ᠠᠩᠭᠢᠯᠠᠨ ᠤᠷᠤᠭᠤᠯᠤᠭᠰᠠᠨ ᠪᠤᠯᠪᠠᠴᠤ ᠠᠵᠤ ᠠᠬᠤᠶᠢᠯᠠᠯ ᠤᠨ ᠪᠤᠯᠵᠤ ᠬᠤᠪᠢᠷᠠᠭᠠᠳᠤᠢ ᠠᠵᠢᠯ ᠦᠢᠯᠡᠰ ᠤᠨ ᠨᠢᠭᠡᠴᠡ ᠠᠵᠤ ᠠᠬᠤᠶᠢᠯᠠᠯ ᠤᠨ ᠠᠵᠢᠯᠲᠠᠨ ᠠᠵᠢᠯᠴᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠭᠰᠠᠨ ᠪᠤᠯ ᠮᠦᠨᠬᠦ ᠦᠷᠭᠦᠯᠵᠢᠯᠡᠨ ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠨ᠎ᠠ᠃ ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠭᠠᠳᠤᠢ ᠪᠤᠯ ᠲᠦᠷ ᠴᠠᠭ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠨ᠎ᠠ᠃ ᠪᠦᠷᠢᠮᠦᠰᠦᠨ ᠠᠵᠤ ᠠᠬᠤᠶᠢᠯᠠᠯ ᠤᠨ ᠳᠦᠷᠢᠮ ᠪᠤᠯᠭᠠᠵᠤ ᠤᠷᠤᠨ ᠪᠠᠶᠢᠷᠢ ᠳᠠᠭᠠᠨ ᠤᠷᠤᠭᠰᠠᠨ ᠤ ᠳᠠᠷᠠᠭ᠎ᠠ ᠲᠤᠭᠲᠠᠭᠠᠯ ᠶᠤᠰᠤᠭᠠᠷ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠬᠦᠷᠢᠶ᠎ᠡ ᠬᠡᠪᠴᠢᠶᠡᠨ ᠳᠤ ᠤᠷᠤᠭᠤᠯᠤᠨ᠎ᠠ᠃        ᠨᠠᠰᠤᠵᠢᠯ ᠤᠨ ᠳᠠᠭᠠᠳᠬᠠᠯ ᠤᠨ ᠲᠤᠰᠢᠶᠠᠬᠤ ᠰᠠᠭᠤᠷᠢ ᠲᠤᠭ᠎ᠠ ᠪᠠ ᠬᠠᠷᠢᠴᠠᠯ ᠠᠳᠠᠯᠢ ᠦᠭᠡᠢ        ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠲᠤᠰᠢᠶᠠᠬᠤ ᠰᠠᠭᠤᠷᠢ ᠲᠤᠭ᠎ᠠ ᠪᠠ ᠬᠠᠷᠢᠴᠠᠯ        2016 ᠤᠨ ᠤ 1 ᠰᠠᠷ᠎ᠠ ᠠᠴᠠ ᠡᠬᠢᠯᠡᠵᠦ᠂ ᠦᠪᠡᠷᠲᠡᠭᠡᠨ ᠵᠠᠰᠠᠬᠤ ᠤᠷᠤᠨ ᠤ ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠳᠤ ︽ᠬᠤᠶᠠᠷ ᠰᠠᠭᠤᠷᠢ ᠲᠤᠭ᠎ᠠ︾ ᠶᠢ ᠬᠡᠷᠡᠭᠵᠢᠭᠦᠯᠪᠡ᠂ ᠳᠠᠷᠤᠢ ᠪᠠᠶᠢᠭᠤᠯᠭ᠎ᠠ ᠶᠢᠨ ᠲᠤᠰᠢᠶᠠᠬᠤ ᠰᠠᠭᠤᠷᠢ ᠲᠤᠭ᠎ᠠ ᠪᠠ ᠬᠤᠪᠢ ᠬᠦᠮᠦᠨ ᠤ ᠲᠤᠰᠢᠶᠠᠬᠤ ᠰᠠᠭᠤᠷᠢ ᠲᠤᠭ᠎ᠠ ᠪᠤᠯᠤᠨ᠎ᠠ᠃ ᠡᠭᠦᠨ ᠳᠤ ᠳᠠᠭᠠᠳᠬᠠᠯ ᠳᠤ ᠤᠷᠤᠯᠴᠠᠭᠰᠠᠨ ᠪᠠᠶᠢᠭᠤᠯᠭ᠎ᠠ ᠶᠢᠨ ᠰᠦᠢᠳᠬᠡᠯ ᠲᠤᠰᠢᠶᠠᠬᠤ ᠰᠠᠭᠤᠷᠢ ᠲᠤᠭ᠎ᠠ ᠨᠢ 2016 ᠤᠨ ᠤ 1 ᠰᠠᠷ᠎ᠠ ᠠᠴᠠ ᠡᠬᠢᠯᠡᠵᠦ᠂ ᠲᠤᠰ ᠪᠠᠶᠢᠭᠤᠯᠭ᠎ᠠ ᠶᠢᠨ ᠳᠡᠭᠡᠷ᠎ᠡ ᠨᠢᠭᠡ ᠵᠢᠯ ᠤᠨ ᠠᠵᠢᠯ ᠤᠨ ᠶᠡᠷᠦᠩᠬᠡᠢ ᠨᠤᠷᠮ᠎ᠠ᠂ ᠳᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ ᠪᠠ ᠪᠦᠬᠦ ᠤᠷᠤᠨ ᠤ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠲᠠᠨ ᠠᠵᠢᠯᠴᠢᠨ ᠤ ᠳᠡᠭᠰᠢᠳᠬᠡᠭᠰᠡᠨ ᠴᠠᠯᠢᠩ ᠢᠶᠠᠷ ᠦᠨᠳᠦᠰᠦᠯᠡᠯ ᠪᠤᠯᠭᠠᠨ ᠲᠤᠭᠲᠠᠭᠠᠨ᠎ᠠ᠃        ᠲᠤᠰ ᠪᠠᠶᠢᠭᠤᠯᠭ᠎ᠠ ᠶᠢᠨ ᠳᠡᠭᠡᠷ᠎ᠡ ᠵᠢᠯ ᠤᠨ ᠠᠵᠢᠯᠲᠠᠨ ᠠᠵᠢᠯᠴᠢᠨ ᠤ ᠰᠠᠷ᠎ᠠ ᠶᠢᠨ ᠲᠡᠭᠰᠢᠳᠬᠡᠭᠰᠡᠨ ᠴᠠᠯᠢᠩ ᠢ ᠲᠤᠰ ᠪᠠᠶᠢᠭᠤᠯᠭ᠎ᠠ ᠶᠢᠨ ᠳᠡᠭᠡᠷ᠎ᠡ ᠵᠢᠯ ᠤᠨ ᠠᠵᠢᠯ ᠤᠨ ᠶᠡᠷᠦᠩᠬᠡᠢ ᠨᠤᠷᠮ᠎ᠠ ᠶᠢ ᠲᠤᠰ ᠪᠠᠶᠢᠭᠤᠯᠭ᠎ᠠ ᠶᠢᠨ ᠳᠡᠭᠡᠷ᠎ᠡ ᠵᠢᠯ ᠤᠨ ᠳᠠᠭᠠᠳᠬᠠᠯ ᠳᠤ ᠤᠷᠤᠯᠴᠠᠭᠰᠠᠨ ᠠᠵᠢᠯᠲᠠᠨ ᠠᠵᠢᠯᠴᠢᠨ ᠤ ᠲᠡᠭᠰᠢᠳᠬᠡᠭᠰᠡᠨ ᠬᠦᠮᠦᠨ ᠤ ᠲᠤᠭ᠎ᠠ ᠪᠠᠷ 12 ᠰᠠᠷ᠎ᠠ ᠬᠤᠪᠢᠶᠠᠨ᠎ᠠ᠂ ᠵᠢᠱᠢᠶᠡᠯᠡᠪᠡᠯ ᠳᠡᠭᠡᠷ᠎ᠡ ᠵᠢᠯ ᠪᠠᠶᠢᠭᠤᠯᠭ᠎ᠠ ᠶᠢᠨ ᠳᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ ᠨᠢ 500᠂ ᠳᠡᠭᠡᠷ᠎ᠡ ᠵᠢᠯ ᠲᠤᠰ ᠪᠠᠶᠢᠭᠤᠯᠭ᠎ᠠ ᠶᠢᠨ ᠠᠵᠢᠯ ᠤᠨ ᠶᠡᠷᠦᠩᠬᠡᠢ ᠨᠤᠷᠮ᠎ᠠ ᠨᠢ 2400 ᠲᠦᠮᠡᠨ ᠲᠦᠭᠦᠷᠢᠭ ᠢᠶᠠᠷ ᠪᠤᠳᠤᠪᠠᠯ ᠳᠡᠭᠡᠷ᠎ᠡ ᠵᠢᠯ ᠲᠤᠰ ᠪᠠᠶᠢᠭᠤᠯᠭ᠎ᠠ ᠶᠢᠨ ᠳᠠᠭᠠᠳᠬᠠᠯ ᠳᠤ ᠤᠷᠤᠯᠴᠠᠭᠰᠠᠨ ᠬᠦᠮᠦᠨ ᠤ ᠰᠠᠷ᠎ᠠ ᠪᠦᠷᠢ ᠬᠦᠮᠦᠨ ᠳᠤᠮᠳᠠᠴᠢ ᠶᠢᠨ ᠳᠡᠭᠰᠢᠳᠬᠡᠭᠰᠡᠨ ᠰᠦᠢᠳᠬᠡᠯ ᠲᠤᠰᠢᠶᠠᠬᠤ ᠴᠠᠯᠢᠩ ᠨᠢ 2400 ᠲᠦᠮᠡᠨ ᠲᠦᠭᠦᠷᠢᠭ /500 ᠬᠦᠮᠦᠨ /12 ᠰᠠᠷ᠎ᠠ =4000 ᠲᠦᠭᠦᠷᠢᠭ / ᠨᠢᠭᠡ ᠰᠠᠷ᠎ᠠ᠃ ᠵᠢᠱᠢᠶᠡᠯᠡᠪᠡᠯ ᠲᠤᠰ ᠪᠠᠶᠢᠭᠤᠯᠭ᠎ᠠ 2016 ᠤᠨ ᠤ 1 ᠰᠠᠷ᠎ᠠ ᠶᠢᠨ ᠳᠠᠭᠠᠳᠬᠠᠯ ᠳᠤ ᠤᠷᠤᠯᠴᠠᠭᠰᠠᠨ ᠬᠦᠮᠦᠨ ᠤ ᠲᠤᠭ᠎ᠠ ᠶᠢ 600 ᠪᠠᠷ ᠪᠤᠳᠤᠪᠠᠯ᠂ 2016 ᠤᠨ ᠤ 1 ᠰᠠᠷ᠎ᠠ ᠶᠢᠨ ᠲᠤᠰ ᠪᠠᠶᠢᠭᠤᠯᠭ᠎ᠠ ᠶᠢᠨ ᠲᠤᠰᠢᠶᠠᠬᠤ ᠰᠦᠢᠳᠬᠡᠯ ᠤᠨ ᠰᠠᠭᠤᠷᠢ ᠲᠤᠭ᠎ᠠ ᠨᠢ 4000 ᠲᠦᠭᠦᠷᠢᠭ / ᠨᠢᠭᠡ ᠰᠠᠷ᠎ᠠ ×600 ᠬᠦᠮᠦᠨ =240 ᠲᠦᠮᠡᠨ ᠲᠦᠭᠦᠷᠢᠭ᠃        ᠳᠠᠭᠠᠳᠬᠠᠯ ᠳᠤ ᠤᠷᠤᠯᠴᠠᠭᠰᠠᠨ ᠠᠵᠤ ᠠᠬᠤᠶᠢᠯᠠᠯ ᠤᠨ ᠰᠦᠢᠳᠬᠡᠯ ᠲᠤᠰᠢᠶᠠᠬᠤ ᠬᠠᠷᠢᠴᠠᠯ ᠨᠢ 20%᠂ ᠬᠤᠪᠢ ᠬᠦᠮᠦᠨ ᠤ ᠰᠦᠢᠳᠬᠡᠯ ᠲᠤᠰᠢᠶᠠᠬᠤ ᠬᠠᠷᠢᠴᠠᠯ ᠨᠢ 8%᠂ ᠠᠵᠢᠯᠲᠠᠨ ᠠᠵᠢᠯᠴᠢᠨ ᠬᠦᠯᠦᠰᠦᠯᠡᠭᠰᠡᠨ ᠦᠭᠡᠢ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠪᠦᠬᠦᠯᠢ ᠡᠳᠦᠷ ᠤᠨ ᠳᠦᠷᠢᠮᠲᠦ ᠪᠤᠰᠤ ᠠᠵᠢᠯ ᠬᠢᠵᠦ ᠪᠠᠶᠢᠭ᠎ᠠ ᠬᠦᠮᠦᠰ ᠪᠠ ᠡᠯ᠎ᠡ ᠵᠦᠢᠯ ᠤᠨ ᠰᠤᠯᠠ ᠠᠵᠢᠯ ᠬᠢᠵᠦ ᠪᠠᠶᠢᠭ᠎ᠠ ᠬᠦᠮᠦᠰ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠨᠢ ᠳᠡᠭᠡᠷ᠎ᠡ ᠵᠢᠯ ᠤᠨ ᠪᠦᠬᠦ ᠤᠷᠤᠨ ᠤ ᠠᠵᠢᠯ ᠤᠨ ᠪᠠᠶᠢᠷᠢᠨ ᠳᠠᠭᠠᠨ ᠪᠠᠶᠢᠭᠰᠠᠨ ᠠᠵᠢᠯᠲᠠᠨ ᠠᠵᠢᠯᠴᠢᠨ ᠤ ᠲᠡᠭᠰᠢᠳᠬᠡᠭᠰᠡᠨ ᠴᠠᠯᠢᠩ ᠤᠨ 60%-300% ᠶᠢᠨ ᠬᠤᠭᠤᠷᠤᠨᠳᠤ ᠪᠠᠶᠢᠵᠤ᠂ ᠠᠶᠢᠮᠠᠭ ᠬᠤᠲᠠ ᠠᠴᠠ ᠬᠡᠳᠦᠨ ᠳᠡᠰ ᠳᠠᠪᠬᠤᠷᠭ᠎ᠠ ᠬᠤᠪᠢᠶᠠᠭᠰᠠᠨ ᠪᠤᠯ ᠳᠠᠭᠠᠳᠬᠠᠯ ᠳᠤ ᠤᠷᠤᠯᠴᠠᠬᠤ ᠬᠦᠮᠦᠰ ᠰᠦᠢᠳᠬᠡᠯ ᠲᠤᠰᠢᠶᠠᠬᠤ ᠰᠠᠭᠤᠷᠢ ᠲᠤᠭ᠎ᠠ ᠪᠠᠨ ᠦᠪᠡᠷ ᠤᠨ ᠳᠤᠷ᠎ᠠ ᠪᠠᠷ ᠢᠶᠠᠨ ᠪᠤᠯᠤᠨ᠎ᠠ᠃ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠲᠠᠨ ᠠᠵᠢᠯᠴᠢᠨ ᠤ ᠲᠡᠭᠰᠢᠳᠬᠡᠭᠰᠡᠨ ᠴᠠᠯᠢᠩ ᠨᠢ ᠦᠪᠡᠷᠲᠡᠭᠡᠨ ᠵᠠᠰᠠᠬᠤ ᠤᠷᠤᠨ ᠤ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠲᠠᠨ ᠠᠵᠢᠯᠴᠢᠨ ᠤ ᠲᠡᠭᠰᠢᠳᠬᠡᠭᠰᠡᠨ ᠴᠠᠯᠢᠩ ᠠᠴᠠ ᠳᠤᠤᠷ᠎ᠠ ᠪᠠᠶᠢᠭ᠎ᠠ ᠠᠶᠢᠮᠠᠭ ᠬᠤᠲᠠ ᠰᠤᠯᠠ ᠠᠵᠢᠯ ᠬᠢᠵᠦ ᠪᠠᠶᠢᠭ᠎ᠠ ᠬᠦᠮᠦᠰ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠠᠮᠢᠳᠤᠯᠢᠭ ᠪᠠᠶᠢᠯᠭᠠᠵᠤ᠂ 2016 ᠤᠨ ᠪᠠ 2017 ᠤᠨ ᠤ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠦᠪᠡᠷᠲᠡᠭᠡᠨ ᠵᠠᠰᠠᠬᠤ ᠤᠷᠤᠨ ᠤ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠲᠠᠨ ᠠᠵᠢᠯᠴᠢᠨ ᠤ ᠲᠡᠭᠰᠢᠳᠬᠡᠭᠰᠡᠨ ᠴᠠᠯᠢᠩ ᠤᠨ 50% ᠪᠠ 55% ᠠᠴᠠ ᠳᠤᠤᠷ᠎ᠠ ᠪᠠᠶᠢᠯᠭᠠᠵᠤ ᠪᠤᠯᠬᠤ ᠦᠭᠡᠢ᠃ 2018 ᠤᠨ ᠵᠢᠴᠢ ᠬᠤᠵᠢᠮ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢ ᠦᠪᠡᠷᠲᠡᠭᠡᠨ ᠵᠠᠰᠠᠬᠤ ᠤᠷᠤᠨ ᠤ ᠳᠡᠭᠡᠷ᠎ᠡ ᠵᠢᠯ ᠤᠨ ᠠᠵᠢᠯ ᠤᠨ ᠪᠠᠶᠢᠷᠢᠨ ᠳᠠᠭᠠᠨ ᠪᠠᠶᠢᠭᠰᠠᠨ ᠠᠵᠢᠯᠲᠠᠨ ᠠᠵᠢᠯᠴᠢᠨ ᠤ ᠲᠡᠭᠰᠢᠳᠬᠡᠭᠰᠡᠨ ᠴᠠᠯᠢᠩ ᠤᠨ 60% ᠠᠴᠠ ᠳᠤᠤᠷ᠎ᠠ ᠪᠠᠶᠢᠯᠭᠠᠵᠤ ᠪᠤᠯᠬᠤ ᠦᠭᠡᠢ᠃        ᠰᠤᠯᠠ ᠠᠵᠢᠯ ᠬᠢᠵᠦ ᠪᠠᠶᠢᠭ᠎ᠠ ᠬᠦᠮᠦᠰ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ ᠬᠠᠷᠢᠴᠠᠯ ᠨᠢ 20%᠂ ᠡᠭᠦᠨ ᠤ ᠲᠤᠲᠤᠷᠠᠬᠢ 8% ᠶᠢ ᠨᠢ ᠬᠤᠪᠢ ᠬᠦᠮᠦᠨ ᠤ ᠳᠠᠩᠰᠠᠨ ᠳᠤ ᠪᠤᠳᠤᠵᠤ ᠤᠷᠤᠭᠤᠯᠤᠨ᠎ᠠ᠃        ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠪᠠ ᠬᠠᠷᠢᠴᠠᠯ        ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠰᠠᠭᠤᠷᠢ ᠮᠦᠩᠭᠦ ᠶᠢ ᠬᠤᠪᠢ ᠬᠦᠮᠦᠨ ᠲᠤᠰᠢᠶᠠᠬᠤ᠂ ᠨᠡᠶᠢᠲᠡ ᠠᠴᠠ ᠨᠦᠬᠦᠪᠦᠷᠢᠯᠡᠬᠦ ᠪᠠ ᠵᠠᠰᠠᠭ ᠤᠨ ᠤᠷᠳᠤᠨ ᠤ ᠨᠦᠬᠦᠪᠦᠷᠢ ᠵᠡᠷᠭᠡ ᠪᠠᠷ ᠪᠦᠷᠢᠯᠳᠦᠨ᠎ᠡ᠃ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠳᠤ ᠤᠷᠤᠯᠴᠠᠬᠤ ᠬᠦᠮᠦᠰ ᠲᠤᠭᠲᠠᠭᠠᠯ ᠶᠤᠰᠤᠭᠠᠷ ᠨᠠᠰᠤᠵᠢᠯ ᠤᠨ ᠳᠠᠭᠠᠳᠬᠠᠯ ᠤᠨ ᠰᠦᠢᠳᠬᠡᠯ ᠲᠤᠰᠢᠶᠠᠬᠤ ᠬᠡᠷᠡᠭᠲᠡᠢ᠃ ᠰᠦᠢᠳᠬᠡᠯ ᠲᠤᠰᠢᠶᠠᠬᠤ ᠪᠠᠷᠢᠮᠵᠢᠶ᠎ᠠ ᠶᠢ ᠤᠳᠤᠬᠠᠨ ᠳᠤ ᠵᠢᠯ ᠪᠦᠷᠢ 100 ᠲᠦᠭᠦᠷᠢᠭ᠂ 200 ᠲᠦᠭᠦᠷᠢᠭ᠂ 300 ᠲᠦᠭᠦᠷᠢᠭ᠂ 400 ᠲᠦᠭᠦᠷᠢᠭ᠂ 500 ᠲᠦᠭᠦᠷᠢᠭ᠂ 600 ᠲᠦᠭᠦᠷᠢᠭ᠃ 700 ᠲᠦᠭᠦᠷᠢᠭ᠂ 800 ᠲᠦᠭᠦᠷᠢᠭ᠂ 900 ᠲᠦᠭᠦᠷᠢᠭ᠂ 1000 ᠲᠦᠭᠦᠷᠢᠭ᠂ 1500 ᠲᠦᠭᠦᠷᠢᠭ᠂ 2000 ᠲᠦᠭᠦᠷᠢᠭ᠂ 3000 ᠲᠦᠭᠦᠷᠢᠭ ᠭᠡᠵᠦ ᠳᠡᠰ ᠳᠠᠪᠬᠤᠷᠭ᠎ᠠ ᠬᠤᠪᠢᠶᠠᠵᠤ᠂ ᠳᠠᠭᠠᠳᠬᠠᠯ ᠳᠤ ᠤᠷᠤᠯᠴᠠᠭᠴᠢ ᠦᠪᠡᠷ ᠤᠨ ᠰᠠᠶᠢᠨ ᠳᠤᠷ᠎ᠠ ᠠᠴᠠ ᠪᠠᠨ ᠰᠦᠢᠳᠬᠡᠯ ᠲᠤᠰᠢᠶᠠᠬᠤ ᠳᠡᠰ ᠳᠠᠪᠬᠤᠷᠭ᠎ᠠ ᠶᠢ ᠰᠤᠩᠭᠤᠵᠤ᠂ ᠢᠯᠡᠭᠦᠦ ᠲᠤᠰᠢᠶᠠᠪᠠᠯ ᠢᠯᠡᠭᠦᠦ ᠠᠰᠢᠭ ᠬᠦᠷᠲᠡᠨ᠎ᠡ᠃        ᠨᠦᠬᠦᠴᠡᠯ ᠪᠦᠬᠦᠢ ᠲᠤᠰᠬᠤᠨ ᠤ ᠨᠡᠶᠢᠲᠡ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ ᠳᠠᠭᠠᠳᠬᠠᠯ ᠳᠤ ᠤᠷᠤᠯᠴᠠᠭᠴᠢ ᠳᠤ ᠵᠤᠬᠢᠰᠲᠠᠢ ᠨᠦᠬᠦᠪᠦᠷᠢ ᠤᠯᠭᠤᠵᠤ ᠪᠤᠯᠤᠨ᠎ᠠ᠂ ᠨᠦᠬᠦᠪᠦᠷᠢ ᠶᠢᠨ ᠪᠠᠷᠢᠮᠵᠢᠶ᠎ᠡ ᠶᠢ ᠲᠤᠰᠬᠤᠨ ᠤ ᠵᠦᠪᠯᠡᠯ ᠤᠨ ᠠᠷᠠᠳᠴᠢᠯᠠᠯ ᠤᠨ ᠬᠤᠷᠠᠯ ᠢᠶᠠᠷ ᠳᠠᠮᠵᠢᠭᠤᠯᠤᠨ ᠲᠤᠭᠲᠠᠭᠠᠵᠤ᠂ ᠨᠦᠬᠦᠴᠡᠯ ᠪᠦᠬᠦᠢ ᠨᠡᠶᠢᠭᠡᠮ ᠲᠤᠭᠤᠷᠢᠭ ᠨᠡᠶᠢᠲᠡ ᠶᠢᠨ ᠨᠦᠬᠦᠪᠦᠷᠢ ᠶᠢ ᠨᠡᠶᠢᠭᠡᠮ ᠲᠤᠭᠤᠷᠢᠭ ᠤᠨ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠡᠯᠡ ᠮᠦᠩᠭᠦᠨ ᠤ ᠬᠤᠷᠠᠮᠳᠤᠭᠤᠯᠭ᠎ᠠ ᠳᠤ ᠤᠷᠤᠭᠤᠯᠬᠤ ᠶᠢ ᠵᠤᠷᠢᠭᠵᠢᠭᠤᠯᠤᠨ᠎ᠠ᠃ ᠪᠤᠰᠤᠳ ᠨᠡᠶᠢᠭᠡᠮ ᠤᠨ ᠠᠵᠤ ᠠᠬᠤᠢ ᠶᠢᠨ ᠵᠤᠬᠢᠶᠠᠨ ᠪᠠᠶᠢᠭᠤᠯᠤᠯᠲᠠ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠵᠤᠬᠢᠶᠠᠨ ᠪᠠᠶᠢᠭᠤᠯᠤᠯᠲᠠ᠂ ᠬᠤᠪᠢ ᠬᠦᠮᠦᠨ ᠳᠠᠭᠠᠳᠬᠠᠯ ᠳᠤ ᠤᠷᠤᠯᠴᠠᠭᠴᠢ ᠰᠦᠢᠳᠬᠡᠯ ᠲᠤᠰᠢᠶᠠᠬᠤ ᠳᠤ ᠲᠤᠰᠠᠯᠠᠮᠵᠢ ᠬᠠᠩᠭᠠᠬᠤ ᠶᠢ ᠵᠤᠷᠢᠭᠵᠢᠭᠤᠯᠤᠨ᠎ᠠ᠃ ᠨᠦᠬᠦᠪᠦᠷᠢ᠂ ᠲᠤᠰᠠᠯᠠᠮᠵᠢ ᠶᠢᠨ ᠮᠦᠩᠭᠦ ᠨᠢ ᠲᠤᠬᠠᠢ ᠶᠢᠨ ᠭᠠᠵᠠᠷ ᠤᠨ ᠲᠤᠭᠲᠠᠭᠠᠭᠰᠠᠨ ᠬᠠᠮᠤᠭ ᠦᠨᠳᠦᠷ ᠰᠦᠢᠳᠬᠡᠯ ᠲᠤᠰᠢᠶᠠᠬᠤ ᠪᠠᠷᠢᠮᠵᠢᠶ᠎ᠠ ᠠᠴᠠ ᠬᠡᠲᠦᠷᠡᠵᠦ ᠪᠤᠯᠬᠤ ᠦᠭᠡᠢ        ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠠᠴᠠ ᠰᠦᠢᠳᠬᠡᠯ ᠲᠤᠰᠢᠶᠠᠬᠤ ᠰᠠᠭᠤᠷᠢ ᠲᠤᠭ᠎ᠠ ᠪᠠ ᠬᠠᠷᠢᠴᠠᠯ        ᠨᠡᠶᠢᠭᠡᠮ ᠠᠴᠠ ᠨᠢᠭᠡᠲᠦᠯᠲᠡᠢ ᠲᠦᠯᠦᠪᠵᠢᠭᠦᠯᠬᠦ ᠪᠠ ᠬᠤᠪᠢ ᠬᠦᠮᠦᠨ ᠤ ᠳᠠᠩᠰᠠ ᠶᠢ ᠬᠠᠷᠢᠯᠴᠠᠨ ᠤᠶᠠᠯᠳᠤᠭᠤᠯᠤᠭᠰᠠᠨ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠪᠤᠯᠤᠨ᠎ᠠ᠃ ᠦᠨᠳᠦᠰᠦᠨ ᠨᠠᠰᠤᠵᠢᠯ ᠤᠨ ᠳᠠᠭᠠᠳᠬᠠᠯ ᠤᠨ ᠮᠦᠩᠭᠦ ᠶᠢ ᠪᠠᠶᠢᠭᠤᠯᠭ᠎ᠠ ᠪᠠ ᠬᠤᠪᠢ ᠬᠦᠮᠦᠨ ᠬᠠᠮᠲᠤ ᠪᠠᠷ ᠬᠠᠷᠢᠭᠤᠴᠠᠨ᠎ᠠ᠃ ᠪᠠᠶᠢᠭᠤᠯᠭ᠎ᠠ ᠠᠴᠠ ᠲᠤᠰᠢᠶᠠᠬᠤ ᠦᠨᠳᠦᠰᠦᠨ ᠨᠠᠰᠤᠵᠢᠯ ᠤᠨ ᠳᠠᠭᠠᠳᠬᠠᠯ ᠤᠨ ᠮᠦᠩᠭᠦ ᠶᠢᠨ ᠬᠠᠷᠢᠴᠠᠯ ᠨᠢ ᠲᠤᠰ ᠪᠠᠶᠢᠭᠤᠯᠭ᠎ᠠ ᠶᠢᠨ ᠳᠡᠭᠡᠷ᠎ᠡ ᠵᠢᠯ ᠤᠨ ᠴᠠᠯᠢᠩ ᠤᠨ ᠶᠡᠷᠦᠩᠬᠡᠢ ᠨᠤᠷᠮ᠎ᠠ ᠶᠢᠨ 20% ᠪᠠᠶᠢᠵᠤ᠂ ᠨᠡᠶᠢᠭᠡᠮ ᠤᠨ ᠨᠢᠭᠡᠲᠦᠯᠲᠡᠢ ᠲᠦᠯᠦᠪᠵᠢᠭᠦᠯᠭᠡ ᠶᠢᠨ ᠰᠠᠭᠤᠷᠢ ᠮᠦᠩᠭᠦ ᠳᠤ ᠪᠤᠳᠤᠵᠤ ᠤᠷᠤᠭᠤᠯᠤᠨ᠎ᠠ᠃ ᠬᠤᠪᠢ ᠬᠦᠮᠦᠨ ᠤ ᠰᠦᠢᠳᠬᠡᠯ ᠲᠤᠰᠢᠶᠠᠬᠤ ᠨᠢ ᠲᠤᠰ ᠬᠦᠮᠦᠨ ᠤ ᠳᠡᠭᠡᠷ᠎ᠡ ᠵᠢᠯ ᠤᠨ ᠴᠠᠯᠢᠩ ᠤᠨ 8% ᠶᠢ ᠡᠵᠡᠯᠡᠵᠦ᠂ ᠪᠠᠶᠢᠭᠤᠯᠭ᠎ᠠ ᠠᠴᠠ ᠤᠷᠤᠯᠠᠨ ᠬᠠᠰᠤᠨ᠎ᠠ᠃         ᠳᠠᠭᠠᠳᠬᠠᠯ ᠳᠤ ᠤᠷᠤᠯᠴᠠᠬᠤ ᠪᠠᠶᠢᠭᠤᠯᠭ᠎ᠠ ᠨᠢᠭᠡᠴᠡ ︵ᠳᠠᠭᠠᠳᠬᠠᠯ ᠳᠤ ᠤᠷᠤᠯᠴᠠᠭᠰᠠᠨ ᠠᠯᠪᠠᠨ ᠤ ᠬᠠᠮᠢᠶᠠᠷᠤᠯᠲᠠ ᠶᠢᠨ ᠪᠠᠶᠢᠭᠤᠯᠭ᠎ᠠ ᠶᠢ ᠪᠠᠭᠲᠠᠭᠠᠨ᠎ᠠ︶ ᠶᠢᠨ ᠠᠵᠢᠯᠲᠠᠨ ᠠᠵᠢᠯᠴᠢᠨ ᠤ ᠬᠤᠪᠢ ᠬᠦᠮᠦᠨ ᠤ ᠲᠤᠰᠢᠶᠠᠭᠰᠠᠨ ᠴᠠᠯᠢᠩ ᠤᠨ ᠰᠠᠭᠤᠷᠢ ᠲᠤᠭ᠎ᠠ ᠳᠤ᠄ ᠲᠤᠰ ᠬᠦᠮᠦᠨ ᠤ ᠳᠡᠭᠡᠷ᠎ᠡ ᠵᠢᠯ ᠤᠨ ᠴᠠᠯᠢᠩ ᠤᠨ ᠤᠷᠤᠯᠭ᠎ᠠ ᠲᠤᠲᠤᠷᠠᠬᠢ ᠦᠨᠳᠦᠰᠦᠨ ᠴᠠᠯᠢᠩ᠂ ᠤᠯᠤᠰ ᠤᠨ ᠨᠢᠭᠡᠲᠦᠯᠲᠡᠢ ᠨᠦᠬᠦᠪᠦᠷᠢ ᠤᠯᠭᠤᠮᠵᠢ ︵ᠶᠠᠳᠠᠭᠤ ᠬᠦᠴᠢᠷᠳᠡᠯᠲᠡᠢ ᠬᠢᠯᠢ ᠬᠢᠵᠠᠭᠠᠷ ᠤᠷᠤᠨ ᠤ ᠨᠦᠬᠦᠪᠦᠷᠢ᠂ ᠲᠦᠪᠡᠳ ᠤᠨ ᠨᠦᠬᠦᠪᠦᠷᠢ᠂ ᠤᠨᠴᠠᠭᠠᠢ ᠤᠷᠤᠨ ᠤ ᠨᠦᠬᠦᠪᠦᠷᠢ᠂ ᠴᠠᠭᠳᠠᠭᠠᠨ ᠤ ᠵᠡᠷᠭᠡ ᠳᠡᠰ ᠤᠨ ᠨᠦᠬᠦᠪᠦᠷᠢ᠂ ᠪᠤᠭᠤᠮᠲᠠ ᠶᠢᠨ ᠨᠦᠬᠦᠪᠦᠷᠢ ᠵᠡᠷᠭᠡ ᠤᠯᠤᠰ ᠤᠨ ᠨᠢᠭᠡᠲᠦᠯᠲᠡᠢ ᠲᠤᠭᠲᠠᠭᠠᠭᠰᠠᠨ ᠨᠦᠬᠦᠪᠦᠷᠢ ᠪᠠᠭᠲᠠᠨ᠎ᠠ︶᠂ ᠳᠦᠷᠢᠮᠵᠢᠭᠦᠯᠦᠭᠰᠡᠨ ᠤ ᠳᠠᠷᠠᠭᠠᠬᠢ ᠨᠦᠬᠦᠪᠦᠷᠢ ᠤᠯᠭᠤᠮᠵᠢ ︵ᠭᠠᠵᠠᠷ ᠤᠷᠤᠨ ᠤ ᠳᠠᠭᠠᠯᠳᠤᠭᠤᠯᠤᠭᠰᠠᠨ ᠨᠦᠬᠦᠪᠦᠷᠢ︶᠂ ᠵᠢᠯ ᠤᠨ ᠡᠴᠦᠰ ᠤᠨ ᠨᠢᠭᠡᠯᠡ ᠤᠳᠠᠭ᠎ᠠ ᠨᠦᠬᠦᠵᠦ ᠦᠭᠭᠦᠭᠰᠡᠨ ᠱᠠᠩᠨᠠᠯ ᠢ ᠪᠠᠭᠲᠠᠭᠠᠨ᠎ᠠ︔ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠬᠤᠪᠢ ᠬᠦᠮᠦᠨ ᠤ ᠲᠤᠰᠢᠶᠠᠭᠰᠠᠨ ᠴᠠᠯᠢᠩ ᠤᠨ ᠰᠠᠭᠤᠷᠢ ᠲᠤᠭ᠎ᠠ ᠳᠤ᠄ ᠲᠤᠰ ᠬᠦᠮᠦᠨ ᠤ ᠳᠡᠭᠡᠷ᠎ᠡ ᠵᠢᠯ ᠤᠨ ᠴᠠᠯᠢᠩ ᠤᠨ ᠤᠷᠤᠯᠭ᠎ᠠ ᠲᠤᠲᠤᠷᠠᠬᠢ ᠦᠨᠳᠦᠰᠦᠨ ᠴᠠᠯᠢᠩ᠂ ᠤᠯᠤᠰ ᠤᠨ ᠨᠢᠭᠡᠲᠦᠯᠲᠡᠢ ᠨᠦᠬᠦᠪᠦᠷᠢ ᠤᠯᠭᠤᠮᠵᠢ ︵ᠶᠠᠳᠠᠭᠤ ᠬᠦᠴᠢᠷᠳᠡᠯᠲᠡᠢ ᠬᠢᠯᠢ ᠬᠢᠵᠠᠭᠠᠷ ᠤᠷᠤᠨ ᠤ ᠨᠦᠬᠦᠪᠦᠷᠢ᠂ ᠲᠦᠪᠡᠳ ᠤᠨ ᠨᠦᠬᠦᠪᠦᠷᠢ᠂ ᠤᠨᠴᠠᠭᠠᠢ ᠤᠷᠤᠨ ᠤ ᠨᠦᠬᠦᠪᠦᠷᠢ᠂ ᠴᠠᠭᠳᠠᠭᠠᠨ ᠤ ᠵᠡᠷᠭᠡ ᠳᠡᠰ ᠤᠨ ᠨᠦᠬᠦᠪᠦᠷᠢ᠂ ᠪᠤᠭᠤᠮᠲᠠ ᠶᠢᠨ ᠨᠦᠬᠦᠪᠦᠷᠢ ᠵᠡᠷᠭᠡ ᠤᠯᠤᠰ ᠠᠴᠠ ᠨᠢᠭᠡᠲᠦᠯᠲᠡᠢ ᠲᠤᠭᠲᠠᠭᠠᠭᠰᠠᠨ ᠨᠦᠬᠦᠪᠦᠷᠢ︶᠂ ᠠᠵᠢᠯ ᠤᠨ ᠦᠷ᠎ᠡ ᠪᠦᠲᠦᠮᠵᠢ ᠶᠢᠨ ᠴᠠᠯᠢᠩ ᠵᠡᠷᠭᠡ ᠶᠢ ᠪᠠᠭᠲᠠᠭᠠᠨ᠎ᠠ᠃ ᠪᠤᠰᠤᠳ ᠲᠦᠷᠦᠯ ᠵᠦᠢᠯ ᠢ ᠲᠦᠷ ᠴᠠᠭ ᠬᠤᠪᠢ ᠬᠦᠮᠦᠨ ᠤ ᠴᠠᠯᠢᠩ ᠤᠨ ᠰᠠᠭᠤᠷᠢ ᠲᠤᠭ᠎ᠠ ᠳᠤ ᠪᠠᠭᠲᠠᠭᠠᠬᠤ ᠦᠭᠡᠢ᠂ ᠡᠭᠦᠨ ᠳᠤ ᠦᠭᠡᠷᠡᠴᠢᠯᠡᠯᠲᠡ ᠶᠢᠨ ᠴᠢᠨᠠᠷᠲᠠᠢ ᠨᠦᠬᠦᠪᠦᠷᠢ᠂ ᠤᠨᠴᠠᠭᠠᠢ ᠠᠵᠢᠯ ᠤᠨ ᠪᠠᠶᠢᠷᠢ ᠶᠢᠨ ᠨᠦᠬᠦᠪᠦᠷᠢ᠂ ᠪᠤᠰᠤᠳ ᠨᠦᠬᠦᠪᠦᠷᠢ᠂ ᠡᠯ᠎ᠡ ᠭᠠᠵᠠᠷ ᠤᠷᠤᠨ ︵ᠪᠠᠶᠢᠭᠤᠯᠭ᠎ᠠ︶ ᠤ ᠦᠪᠡᠷ ᠢᠶᠠᠨ ᠲᠤᠭᠲᠠᠭᠠᠭᠰᠠᠨ ᠡᠯ᠎ᠡ ᠵᠦᠢᠯ ᠤᠨ ᠨᠦᠬᠦᠪᠦᠷᠢ ᠶᠢᠨ ᠲᠦᠷᠦᠯ ᠵᠦᠢᠯ ᠢ ᠪᠠᠭᠲᠠᠭᠠᠨ᠎ᠠ᠃        ᠬᠤᠪᠢ ᠬᠦᠮᠦᠨ ᠤ ᠲᠤᠰᠢᠶᠠᠬᠤ ᠰᠠᠭᠤᠷᠢ ᠲᠤᠭ᠎ᠠ ᠨᠢ ᠦᠪᠡᠷᠲᠡᠭᠡᠨ ᠵᠠᠰᠠᠬᠤ ᠤᠷᠤᠨ ᠤ ᠳᠡᠭᠡᠷ᠎ᠡ ᠵᠢᠯ ᠤᠨ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠲᠠᠨ ᠠᠵᠢᠯᠴᠢᠨ ᠤ ᠲᠡᠭᠰᠢᠳᠬᠡᠭᠰᠡᠨ ᠴᠠᠯᠢᠩ ᠤᠨ 60% ᠠᠴᠠ ᠳᠤᠤᠷ᠎ᠠ ᠪᠤᠯ ᠦᠪᠡᠷᠲᠡᠭᠡᠨ ᠵᠠᠰᠠᠬᠤ ᠤᠷᠤᠨ ᠤ ᠳᠡᠭᠡᠷ᠎ᠡ ᠵᠢᠯ ᠤᠨ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠲᠠᠨ ᠠᠵᠢᠯᠴᠢᠨ ᠤ ᠲᠡᠭᠰᠢᠳᠬᠡᠭᠰᠡᠨ ᠴᠠᠯᠢᠩ ᠤᠨ 60% ᠪᠠᠷ ᠬᠤᠪᠢ ᠬᠦᠮᠦᠨ ᠤ ᠰᠦᠢᠳᠬᠡᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠪᠤᠯᠭᠠᠨ᠎ᠠ︔ ᠦᠪᠡᠷᠲᠡᠭᠡᠨ ᠵᠠᠰᠠᠬᠤ ᠤᠷᠤᠨ ᠤ ᠳᠡᠭᠡᠷ᠎ᠡ ᠵᠢᠯ ᠤᠨ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠲᠠᠨ ᠠᠵᠢᠯᠴᠢᠨ ᠤ ᠲᠡᠭᠰᠢᠳᠬᠡᠭᠰᠡᠨ ᠴᠠᠯᠢᠩ ᠠᠴᠠ 300% ᠠᠴᠠ ᠳᠠᠪᠠᠭᠰᠠᠨ ᠬᠡᠰᠡᠭ ᠵᠢᠴᠢ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠦᠷ᠎ᠡ ᠪᠦᠲᠦᠮᠵᠢ ᠶᠢᠨ ᠴᠠᠯᠢᠩ ᠨᠢ ᠦᠨᠳᠦᠷ ᠳᠡᠰ ᠢ ᠳᠠᠪᠠᠭᠰᠠᠨ ᠬᠡᠰᠡᠭ ᠢ‌ᠨᠢ ᠬᠤᠪᠢ ᠬᠦᠮᠦᠨ ᠤ ᠰᠦᠢᠳᠬᠡᠯ ᠲᠤᠰᠢᠶᠠᠬᠤ ᠰᠠᠭᠤᠷᠢ ᠲᠤᠭ᠎ᠠ ᠳᠤ ᠪᠤᠳᠤᠵᠤ ᠤᠷᠤᠭᠤᠯᠬᠤ ᠦᠭᠡᠢ᠂ ᠦᠪᠡᠷᠲᠡᠭᠡᠨ ᠵᠠᠰᠠᠬᠤ ᠤᠷᠤᠨ ᠤ ᠳᠡᠭᠡᠷ᠎ᠡ ᠵᠢᠯ ᠤᠨ ᠠᠵᠢᠯ ᠤᠨ ᠪᠠᠶᠢᠷᠢᠨ ᠳᠠᠭᠠᠨ ᠪᠠᠶᠢᠭ᠎ᠠ ᠠᠵᠢᠯᠲᠠᠨ ᠠᠵᠢᠯᠴᠢᠨ ᠤ ᠲᠡᠭᠰᠢᠳᠬᠡᠭᠰᠡᠨ ᠴᠠᠯᠢᠩ ᠤᠨ 300% ᠪᠠᠷ ᠬᠤᠪᠢ ᠬᠦᠮᠦᠨ ᠤ ᠰᠦᠢᠳᠬᠡᠯ ᠲᠤᠰᠢᠶᠠᠬᠤ ᠴᠠᠯᠢᠩ ᠤᠨ ᠰᠠᠭᠤᠷᠢ ᠲᠤᠭ᠎ᠠ ᠪᠤᠯᠭᠠᠨ᠎ᠠ᠃        ᠨᠠᠰᠤᠵᠢᠯ ᠤᠨ ᠠᠰᠠᠷᠠᠮᠵᠢ ᠶᠢᠨ ᠮᠦᠩᠭᠦ ᠶᠢ ᠬᠦᠷᠲᠡᠬᠦ ᠳᠤ ᠪᠦᠷᠢᠯᠳᠦᠭᠦᠯᠬᠦ ᠨᠦᠬᠦᠴᠡᠯ        ︽ᠨᠡᠶᠢᠭᠡᠮ ᠤᠨ ᠳᠠᠭᠠᠳᠬᠠᠯ ᠤᠨ ᠬᠠᠤᠯᠢ︾ ᠶᠢᠨ ᠠᠷᠪᠠᠨ ᠵᠢᠷᠭᠤᠳᠤᠭᠠᠷ ᠵᠦᠢᠯ ᠳᠤ ᠲᠤᠭᠲᠠᠭᠠᠭᠰᠠᠨ ᠢᠶᠠᠷ ᠄ ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠬᠤ ᠬᠤᠪᠢ ᠬᠦᠮᠦᠨ᠂ ᠬᠠᠤᠯᠢ ᠳᠤ ᠲᠤᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠰᠡᠨ ᠦᠶᠡᠰ ᠨᠡᠶᠢᠲᠡ ᠲᠤᠰᠢᠶᠠᠭᠰᠠᠨ ᠰᠦᠢᠳᠬᠡᠯ ᠨᠢ ᠪᠦᠬᠦᠯᠢ ᠠᠷᠪᠠᠨ ᠲᠠᠪᠤᠨ ᠵᠢᠯ ᠪᠤᠯᠤᠭᠰᠠᠨ ᠪᠤᠯ᠂ ᠰᠠᠷ᠎ᠠ ᠪᠦᠷᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠦᠩᠭᠦ ᠪᠠᠨ ᠠᠪᠴᠤ ᠪᠤᠯᠤᠨ᠎ᠠ᠃        ᠦᠨᠳᠦᠰᠦᠨ ᠨᠠᠰᠤᠵᠢᠯ ᠤᠨ ᠳᠠᠭᠠᠳᠬᠠᠯ ᠳᠤ ᠤᠷᠤᠯᠴᠠᠬᠤ ᠬᠤᠪᠢ ᠬᠦᠮᠦᠨ᠂ ᠬᠠᠤᠯᠢ ᠳᠤ ᠲᠤᠭᠲᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠬᠦᠷᠦᠭᠰᠡᠨ ᠦᠶᠡᠰ ᠨᠡᠶᠢᠲᠡ ᠲᠤᠰᠢᠶᠠᠭᠰᠠᠨ ᠰᠦᠢᠳᠬᠡᠯ ᠨᠢ ᠪᠦᠬᠦᠯᠢ ᠠᠷᠪᠠᠨ ᠲᠠᠪᠤᠨ ᠵᠢᠯ ᠪᠤᠯᠤᠭᠠᠳᠤᠢ ᠪᠤᠯ᠂ ᠰᠦᠢᠳᠬᠡᠯ ᠢᠶᠠᠷ ᠪᠦᠬᠦᠯᠢ ᠠᠷᠪᠠᠨ ᠲᠠᠪᠤᠨ ᠵᠢᠯ ᠲᠤᠰᠢᠶᠠᠭᠠᠳ᠂ ᠰᠠᠷ᠎ᠠ ᠪᠦᠷᠢ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠦᠩᠭᠦ ᠪᠠᠨ ᠠᠪᠴᠤ ᠪᠤᠯᠤᠨ᠎ᠠ︔ ᠮᠦᠨᠴᠦ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ ᠨᠠᠰᠤᠵᠢᠯ ᠤᠨ ᠳᠠᠭᠠᠳᠬᠠᠯ ᠳᠤ ᠰᠢᠯᠵᠢᠭᠦᠯᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠲᠤᠭᠲᠠᠭᠠᠯ ᠶᠤᠰᠤᠭᠠᠷ ᠵᠤᠬᠢᠬᠤ ᠬᠡᠮᠵᠢᠶ᠎ᠡ ᠪᠠᠷ ᠨᠠᠰᠤᠵᠢᠯ ᠤᠨ ᠳᠠᠭᠠᠳᠬᠠᠯ ᠤᠨ ᠤᠯᠭᠤᠮᠵᠢ ᠬᠦᠷᠲᠡᠵᠦ ᠪᠤᠯᠤᠨ᠎ᠠ᠃        ᠬᠤᠲᠠ ᠪᠠᠯᠭᠠᠰᠤᠨ ᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠠᠴᠠ ᠠᠮᠠᠷᠠᠬᠤ ᠨᠦᠬᠦᠴᠡᠯ ᠄ ᠭᠤᠤᠯᠳᠠᠭᠤ ᠬᠡᠪ ᠤᠨ ᠶᠤᠰᠤᠭᠠᠷ ᠨᠠᠰᠤᠨ ᠳᠤ ᠬᠦᠷᠦᠭᠡᠳ ᠠᠵᠢᠯ ᠠᠴᠠ ᠪᠠᠨ ᠠᠮᠠᠷᠠᠬᠤ᠂ ᠤᠨᠴᠠᠭᠠᠢ ᠠᠵᠢᠯ ᠲᠦᠷᠦᠯ ᠠᠴᠠ ᠠᠵᠢᠯ ᠤᠨ ᠠᠮᠠᠷᠠᠯᠲᠠ ᠪᠠᠨ ᠠᠪᠬᠤ᠂ ᠡᠪᠡᠳᠴᠢᠨ ᠢᠶᠠᠷ ᠠᠵᠢᠯ ᠠᠴᠠ ᠪᠠᠨ ᠠᠮᠠᠷᠠᠬᠤ᠂ ᠠᠵᠢᠯ ᠠᠴᠠ ᠪᠤᠯᠤᠭᠰᠠᠨ ᠰᠢᠷᠬᠠᠳᠠᠯ ᠠᠴᠠ ᠪᠤᠯᠵᠤ ᠠᠵᠢᠯ ᠠᠴᠠ ᠪᠠᠨ ᠠᠮᠠᠷᠠᠬᠤ ᠵᠡᠷᠭᠡ ᠳᠦᠷᠪᠡᠨ ᠵᠦᠢᠯ ᠤᠨ ᠪᠠᠶᠢᠳᠠᠯ ᠢ ᠪᠠᠭᠲᠠᠭᠠᠨ᠎ᠠ᠃        ᠬᠡᠪ ᠤᠨ ᠶᠤᠰᠤᠭᠠᠷ ᠨᠠᠰᠤᠨ ᠳᠤ ᠬᠦᠷᠦᠭᠡᠳ ᠠᠵᠢᠯ ᠠᠴᠠ ᠪᠠᠨ ᠠᠮᠠᠷᠠᠬᠤ ᠨᠦᠬᠦᠴᠡᠯ᠄ ᠡᠷᠡᠭᠲᠡᠢ ᠪᠦᠬᠦᠯᠢ 60 ᠨᠠᠰᠤ ᠬᠦᠷᠦᠭᠰᠡᠨ᠂ ᠡᠮᠡᠭᠲᠡᠢ ᠺᠠᠳ᠋ᠷ ᠪᠦᠬᠦᠯᠢ 55 ᠨᠠᠰᠤ ᠬᠦᠷᠦᠭᠰᠡᠨ᠂ ᠡᠮᠡᠭᠲᠡᠢ ᠠᠵᠢᠯᠴᠢᠨ ᠪᠦᠬᠦᠯᠢ ᠲᠠᠪᠢᠨ ᠨᠠᠰᠤ ᠬᠦᠷᠦᠭᠰᠡᠨ ᠪᠠᠶᠢᠬᠤ ᠬᠡᠷᠡᠭᠲᠡᠢ᠃        ᠤᠨᠴᠠᠭᠠᠢ ᠠᠵᠢᠯ ᠲᠦᠷᠦᠯ ᠠᠴᠠ ᠠᠵᠢᠯ ᠠᠴᠠ ᠪᠠᠨ ᠠᠮᠠᠷᠠᠬᠤ ᠨᠦᠬᠦᠴᠡᠯ᠄ ᠨᠢᠭᠡ ᠳᠤ ᠬᠢᠵᠦ ᠪᠠᠶᠢᠭ᠎ᠠ ᠤᠨᠴᠠᠭᠠᠢ ᠠᠵᠢᠯ ᠲᠦᠷᠦᠯ ᠨᠢ ᠤᠯᠤᠰ ᠠᠴᠠ ᠲᠤᠭᠲᠠᠭᠠᠭᠰᠠᠨ ᠤᠨᠴᠠᠭᠠᠢ ᠠᠵᠢᠯ ᠲᠦᠷᠦᠯ ᠤᠨ ᠬᠠᠷᠠᠭᠠᠯᠵᠠᠭᠰᠠᠨ ᠭᠠᠷᠴᠠᠭ ᠲᠠᠢ ᠵᠤᠬᠢᠴᠠᠭᠰᠠᠨ ᠪᠠᠶᠢᠬᠤ ᠬᠡᠷᠡᠭᠲᠡᠢ︔ ᠬᠤᠶᠠᠷ ᠲᠤ ᠠᠭᠤᠷᠬᠠᠢ ᠶᠢᠨ ᠬᠤᠳᠳᠤᠭ᠂ ᠦᠨᠳᠦᠷ ᠤᠭᠲᠠᠷᠭᠤᠢ᠂ ᠦᠨᠳᠦᠷ ᠬᠠᠯᠠᠭᠤᠨ᠂ ᠤᠨᠴᠠᠭᠠᠢ ᠬᠦᠨᠳᠦ ᠶᠠᠭᠠᠷᠠᠤ ᠪᠡᠶ᠎ᠡ ᠶᠢᠨ ᠬᠦᠳᠡᠯᠮᠦᠷᠢ ᠪᠤᠶᠤ ᠪᠤᠰᠤᠳ ᠪᠡᠶ᠎ᠡ ᠶᠢᠨ ᠡᠷᠡᠭᠦᠯ ᠮᠡᠨᠳᠦ ᠳᠤ ᠬᠤᠤᠷᠲᠠᠢ ᠠᠵᠢᠯ ᠬᠢᠭᠰᠡᠳ ᠤᠨ ᠠᠵᠢᠯᠯᠠᠭᠰᠠᠨ ᠴᠠᠭ ᠬᠤᠭᠤᠴᠠᠭ᠎ᠠ ᠨᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ︔ ᠭᠤᠷᠪᠠ ᠳᠤ ᠡᠷᠡᠭᠲᠡᠢ ᠪᠦᠬᠦᠯᠢ 55 ᠨᠠᠰᠤ᠂ ᠡᠮᠡᠭᠲᠡᠢ ᠪᠦᠬᠦᠯᠢ 45 ᠨᠠᠰᠤ ᠬᠦᠷᠦᠭᠰᠡᠨ ᠪᠠᠶᠢᠬᠤ ᠬᠡᠷᠡᠭᠲᠡᠢ᠃        ᠡᠪᠡᠳᠴᠢᠨ ᠢᠶᠠᠷ ᠠᠵᠢᠯ ᠠᠴᠠ ᠪᠠᠨ ᠠᠮᠠᠷᠠᠬᠤ ᠨᠦᠬᠦᠴᠡᠯ᠄ ᠨᠢᠭᠡ ᠳᠤ ᠡᠷᠡᠭᠲᠡᠢ ᠪᠦᠬᠦᠯᠢ ᠳᠠᠪᠢᠨ ᠨᠠᠰᠤ᠂ ᠡᠮᠡᠭᠲᠡᠢ ᠪᠦᠬᠦᠯᠢ ᠳᠦᠴᠢᠨ ᠲᠠᠪᠤᠨ ᠨᠠᠰᠤ ᠬᠦᠷᠦᠭᠰᠡᠨ ᠪᠠᠶᠢᠬᠤ ᠬᠡᠷᠡᠭᠲᠡᠢ︔ ᠬᠤᠶᠠᠷ ᠲᠤ ᠬᠦᠳᠡᠯᠮᠦᠷᠢ ᠶᠢᠨ ᠬᠢᠨᠠᠨ ᠲᠤᠭᠲᠠᠭᠠᠬᠤ ᠵᠦᠪᠯᠡᠯ ᠢᠶᠠᠷ ᠨᠤᠲᠠᠯᠠᠨ ᠵᠦᠪᠰᠢᠶᠡᠷᠡᠭᠦᠯᠵᠦ᠂ ᠬᠦᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠᠶᠢᠬᠤ ᠬᠡᠷᠡᠭᠲᠡᠢ᠃        ᠠᠵᠢᠯ ᠠᠴᠠ ᠪᠤᠯᠤᠭᠰᠠᠨ ᠰᠢᠷᠬᠠᠳᠤᠯ ᠢᠶᠠᠷ ᠠᠵᠢᠯ ᠠᠴᠠ ᠪᠠᠨ ᠠᠮᠠᠷᠠᠬᠤ ᠨᠦᠬᠦᠴᠡᠯ᠄ ᠠᠵᠢᠯ ᠤᠨ ᠰᠢᠷᠬᠠᠳᠤᠯ ᠠᠴᠠ ᠵᠡᠮᠳᠡᠭ ᠪᠤᠯᠵᠤ᠂ ᠡᠮᠨᠡᠯᠭᠡ ᠶᠢᠨ ᠬᠤᠷᠢᠶᠠᠨ ᠤ ᠭᠡᠷᠡᠴᠢᠯᠡᠯ ᠲᠠᠢ᠂ ᠪᠠᠰᠠ ᠬᠦᠳᠡᠯᠮᠦᠷᠢ ᠶᠢᠨ ᠬᠢᠨᠠᠨ ᠲᠤᠭᠲᠠᠭᠠᠬᠤ ᠵᠦᠪᠯᠡᠯ ᠢᠶᠠᠷ ᠨᠤᠲᠠᠯᠠᠨ ᠵᠦᠪᠰᠢᠶᠡᠷᠡᠭᠦᠯᠵᠦ᠂ ᠬᠦᠳᠡᠯᠮᠦᠷᠢᠯᠡᠬᠦ ᠴᠢᠳᠠᠪᠤᠷᠢ ᠪᠠᠨ ᠪᠦᠷᠢᠮᠦᠰᠦᠨ ᠠᠯᠳᠠᠭᠰᠠᠨ ᠪᠠᠶᠢᠬᠤ ᠬᠡᠷᠡᠭᠲᠡᠢ᠃        ᠰᠢᠨ᠎ᠡ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠬᠡᠯᠪᠡᠷᠢ ᠶᠢᠨ ᠳᠠᠭᠠᠳᠬᠠᠯ ᠪᠤᠶᠤ ᠬᠤᠲᠠ ᠶᠢᠨ ᠰᠠᠭᠤᠭᠠᠯᠢ ᠠᠷᠠᠳ ᠤᠨ ᠳᠠᠭᠠᠳᠬᠠᠯ ᠤᠨ ᠳᠦᠷᠢᠮ ᠢ ᠬᠡᠷᠡᠭᠵᠢᠭᠦᠯᠬᠦ ᠦᠶᠡᠰ ᠨᠢᠭᠡᠨᠲᠡ ᠪᠦᠬᠦᠯᠢ 60 ᠨᠠᠰᠤ ᠬᠦᠷᠦᠭᠰᠡᠨ᠂ ᠤᠯᠤᠰ ᠠᠴᠠ ᠲᠤᠭᠲᠠᠭᠠᠭᠰᠠᠨ ᠦᠨᠳᠦᠰᠦᠨ ᠨᠠᠰᠤᠵᠢᠯ ᠤᠨ ᠳᠠᠭᠠᠳᠬᠠᠯ ᠤᠨ ᠤᠯᠭᠤᠮᠵᠢ ᠶᠢ ᠠᠪᠤᠭᠰᠠᠨ ᠦᠭᠡᠢ ᠪᠤᠯ᠂ ᠰᠦᠢᠳᠬᠡᠯ ᠲᠤᠰᠢᠶᠠᠭᠰᠠᠨ ᠤ ᠬᠡᠷᠡᠭ ᠦᠭᠡᠢ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠳᠠᠭᠠᠳᠬᠠᠯ ᠤᠨ ᠮᠦᠩᠭᠦ ᠶᠢ ᠰᠠᠷ᠎ᠠ ᠪᠠᠷ ᠠᠪᠴᠤ ᠪᠤᠯᠤᠨ᠎ᠠ︔ ᠤᠯᠭᠤᠮᠵᠢ ᠪᠠᠨ ᠤᠯᠬᠤ ᠨᠠᠰᠤ ᠨᠢ 15 ᠵᠢᠯ ᠬᠦᠷᠬᠦ ᠦᠭᠡᠢ ᠪᠤᠯ᠂ ᠵᠢᠯ ᠳᠠᠷᠠᠭᠠᠯᠠᠨ ᠰᠦᠢᠳᠬᠡᠯ ᠢᠶᠠᠨ ᠲᠤᠰᠢᠶᠠᠵᠤ᠂ ᠮᠦᠨᠴᠦ ᠨᠦᠬᠦᠨ ᠲᠤᠰᠢᠶᠠᠵᠤ ᠪᠤᠯᠤᠨ᠎ᠠ᠂ ᠨᠡᠶᠢᠲᠡ ᠲᠤᠰᠢᠶᠠᠭᠰᠠᠨ ᠰᠦᠢᠳᠬᠡᠯ ᠨᠢ 15 ᠵᠢᠯ ᠢ ᠬᠡᠲᠦᠷᠡᠵᠦ ᠪᠤᠯᠬᠤ ᠦᠭᠡᠢ︔ ᠤᠯᠭᠤᠮᠵᠢ ᠪᠠᠨ ᠤᠯᠬᠤ ᠨᠠᠰᠤ ᠨᠢ 15 ᠵᠢᠯ ᠢ ᠬᠡᠲᠦᠷᠡᠭᠰᠡᠨ ᠪᠤᠯ᠂ ᠵᠢᠯ ᠢᠶᠠᠷ ᠰᠦᠢᠳᠬᠡᠯ ᠢᠶᠠᠨ ᠲᠤᠰᠢᠶᠠᠵᠤ᠂ ᠨᠡᠶᠢᠲᠡ ᠲᠤᠰᠢᠶᠠᠬᠤ ᠰᠦᠢᠳᠬᠡᠯ ᠨᠢ 15 ᠵᠢᠯ ᠠᠴᠠ ᠪᠠᠭ᠎ᠠ ᠪᠠᠶᠢᠵᠤ ᠪᠤᠯᠬᠤ ᠦᠭᠡᠢ᠃        ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠳᠠᠭᠠᠳᠬᠠᠯ ᠳᠤ ᠤᠷᠤᠭᠰᠠᠨ ᠠᠵᠢᠯ ᠠᠴᠠ ᠪᠠᠨ ᠠᠮᠠᠷᠠᠭᠰᠠᠳ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ ᠲᠤᠲᠤᠷ᠎ᠠ ᠬᠢᠨᠠᠨ ᠵᠦᠪᠰᠢᠶᠡᠷᠡᠭᠦᠯᠵᠦ ᠭᠦᠢᠴᠡᠳᠬᠡᠬᠦ ᠬᠡᠷᠡᠭᠲᠡᠢ
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号