ᠰᠢᠨᠵᠢᠯᠡᠬᠦ ᠤᠬᠠᠭᠠᠨ ᠤ ᠨᠤᠲᠠᠯᠠᠯᠲᠠ ᠶᠢ ᠦᠨᠳᠦᠰᠦᠯᠡᠪᠡᠯ᠄ ᠶᠡᠭᠡ ᠬᠦᠮᠦᠨ ᠤ ᠤᠶᠤᠨ ᠤᠬᠠᠭᠠᠨ ᠢ | 100% ᠪᠠᠷ ᠦᠵᠡᠪᠠᠯ ᠬᠦᠮᠦᠨ ᠳᠦᠷᠪᠡᠨ ᠨᠠᠰᠤ ᠬᠦᠷᠪᠡᠯ ᠤᠶᠤᠨ ᠤᠬᠠᠭᠠᠨ ᠨᠢ ᠬᠦᠭᠵᠢᠭᠡᠳ 50% ᠪᠤᠯᠵᠤ᠂ | ᠨᠠᠢᠮᠠᠨ ᠨᠠᠰᠤ ᠬᠦᠷᠪᠡᠯ ᠬᠦᠭᠵᠢᠭᠡᠳ ᠪᠦᠬᠦᠶᠢᠯᠡ ᠨᠢᠭᠡ ᠨᠠᠰᠤᠨ ᠤ ᠤᠶᠤᠨ ᠤᠬᠠᠭᠠᠨ ᠤ 83%-90% ᠬᠦᠷᠳᠡᠭ᠃ | ᠳᠠᠷᠤᠢ ᠬᠡᠦᠬᠡᠳ ᠤᠨ ᠬᠤᠷᠴᠠ ᠰᠡᠷᠭᠦᠯᠡᠩ ᠡᠰᠡᠭᠦ ᠨᠢ ᠨᠠᠢᠮᠠᠨ ᠨᠠᠰᠤ ᠬᠦᠷᠪᠡᠯ ᠳᠠᠷᠤᠢ ᠦᠨᠳᠦᠰᠦᠨ ᠳᠡᠭᠡᠨ | ᠲᠤᠭᠲᠠᠪᠤᠷᠢᠵᠢᠳᠠᠭ ᠪᠢᠯᠡ᠃ | ᠨᠢᠭᠡ᠂ ᠶᠡᠭᠡ ᠲᠠᠷᠢᠬᠢᠨ ᠤ ᠬᠦᠭᠵᠢᠯᠲᠡ ᠶᠢᠨ ᠬᠤᠭᠤᠴᠠᠭᠠᠲᠤ ᠴᠢᠨᠠᠷ ᠢ ᠡᠵᠡᠮᠰᠢᠬᠦ ᠬᠡᠷᠡᠭᠲᠡᠢ᠃ ᠰᠡᠷᠡᠯ ᠤᠨ | ᠡᠷᠬᠡᠲᠡᠨ ᠤ ᠰᠢᠰᠲ᠋ᠧᠮ ᠨᠢ ᠬᠠᠷᠢᠴᠠᠩᠭᠤᠢ ᠪᠠᠷ ᠬᠦᠭᠵᠢᠯᠲᠡ ᠨᠢ ᠲᠤᠶᠢᠯ ᠤᠨ ᠬᠤᠷᠴᠠ ᠰᠤᠷᠭᠤᠭ ᠪᠠᠶᠢᠳᠠᠭ᠃ | ᠬᠡᠦᠬᠡᠳ ᠤᠨ ᠳᠠᠭᠤᠨ ᠦᠩᠭᠡ ᠶᠢ ᠢᠯᠭᠠᠨ ᠲᠠᠨᠢᠬᠤ ᠳᠤ ᠬᠦᠴᠢᠷᠳᠡᠵᠦ ᠪᠠᠶᠢᠬᠤ ᠨᠢ ᠳᠠᠷᠤᠢ ᠬᠡᠦᠬᠡᠳ ᠳᠦᠷᠪᠡᠨ | ᠨᠠᠰᠤᠨ ᠠᠴᠠ ᠡᠮᠦᠨ᠎ᠡ ᠰᠤᠨᠤᠰᠬᠤ ᠡᠷᠬᠡᠲᠡᠨ ᠨᠢ ᠠᠨᠠᠢ ᠪᠠᠶᠢᠳᠠᠭ ᠠᠴᠠ ᠪᠤᠯᠤᠭᠰᠠᠨ ᠶᠤᠮ᠃ ᠤᠳᠤ ᠶᠢᠨ ᠵᠠᠷᠢᠮ | ᠡᠷᠳᠡᠮᠲᠡᠨ ᠤ ᠰᠤᠳᠤᠯᠤᠯᠲᠠ ᠶᠢ ᠦᠨᠳᠦᠰᠦᠯᠡᠪᠡᠯ᠄ ᠪᠢᠳᠡ ᠵᠠᠪᠠᠯ ᠬᠡᠦᠬᠡᠳ ᠤᠨ ᠰᠤᠨᠤᠰᠬᠤ ᠴᠢᠳᠠᠪᠤᠷᠢ ᠵᠢᠴᠢ ᠦᠭᠡ | ᠬᠡᠯᠡᠯᠭᠡ ᠶᠢᠨ ᠬᠦᠭᠵᠢᠯᠲᠡ ᠶᠢᠨ ᠰᠢᠰᠲ᠋ᠧᠮ ᠢ ᠲᠦᠷᠭᠡᠳᠬᠡᠨ᠂ ᠡᠯᠪᠡᠭ ᠪᠠᠶᠠᠯᠢᠭ ᠰᠡᠷᠡᠯ ᠤᠨ ᠲᠠᠨᠢᠯᠲᠠ ᠨᠢ ᠲᠤᠶᠢᠯ ᠤᠨ | ᠴᠢᠬᠤᠯᠠ ᠶᠤᠮ᠃ ᠬᠡᠷᠪᠡ ᠬᠡᠦᠬᠡᠳ ᠨᠢᠭᠡᠨᠲᠡ ᠨᠠᠢᠮᠠᠨ ᠨᠠᠰᠤ ᠬᠦᠷᠦᠭᠡᠳ ᠪᠠᠰᠠ ᠦᠭᠡ ᠬᠡᠯᠡ ᠶᠢᠨ ᠪᠤᠭᠤᠮᠲᠠ ᠶᠢ | ᠳᠠᠪᠠᠭᠰᠠᠳ ᠦᠭᠡᠢ ᠶᠤᠮ ᠪᠤᠯ ᠳᠠᠷᠤᠢ ᠬᠡᠦᠬᠡᠳ ᠲᠡᠭᠡᠨ ᠬᠢᠭᠰᠡᠨ ᠬᠦᠮᠦᠵᠢᠯ ᠴᠢᠨᠢ ᠨᠢᠭᠡᠨᠲᠡ ᠤᠷᠤᠶᠢᠲᠠᠭᠰᠠᠨ | ᠶᠠᠪᠤᠳᠠᠯ ᠪᠤᠯᠤᠨ᠎ᠠ᠃ ᠶᠡᠷᠦ ᠳᠡᠭᠡᠨ ᠬᠡᠦᠬᠡᠳ ᠲᠤ ᠲᠤᠤᠷᠠᠬᠢ ᠮᠠᠲᠦ ᠶᠢᠨ ᠲᠤᠷᠰᠢᠯᠲᠠ ᠬᠢᠵᠦ᠂ ᠶᠡᠭᠡ ᠳᠠᠷᠢᠬᠤᠢ ᠶᠢ | ᠨᠢ ᠪᠠᠶᠢᠴᠠᠭᠠᠵᠤ ᠪᠤᠯᠤᠨ᠎ᠠ᠃ | ⑴ ᠬᠡᠦᠬᠡᠳ ᠲᠤ ᠦᠷᠭᠦᠯᠵᠢ ᠶᠢᠨ ᠴᠢᠨᠠᠷᠲᠠᠢ ᠪᠠᠶᠢᠴᠠᠭᠠᠯᠲᠠ ᠬᠢᠵᠦ ᠪᠤᠯᠤᠨ᠎ᠠ᠃ ᠤᠨᠲᠠᠬᠤ | ᠦᠷᠦᠭᠡ ᠶᠢᠨ ᠢᠶᠠᠨ ᠠᠳᠠᠯᠢ ᠪᠤᠰᠤ ᠪᠤᠯᠤᠩ ᠠᠴᠠ ᠳᠠᠭᠤᠨ ᠭᠠᠷᠭᠠᠵᠤ᠂ ᠬᠡᠦᠬᠡᠳ ᠤᠨ ᠢᠶᠠᠨ ᠠᠵᠢᠭᠯᠠᠬᠤ ᠴᠢᠳᠠᠪᠤᠷᠢ | ᠬᠢᠭᠡᠳ ᠬᠠᠷᠢᠭᠤ ᠲᠤᠰᠬᠠᠯ ᠢ ᠨᠢ ᠦᠵᠡᠵᠦ ᠪᠤᠯᠤᠨ᠎ᠠ᠃ | ⑵ ᠬᠡᠷᠪᠡ ᠬᠡᠦᠬᠡᠳ ᠤᠨ ᠴᠢᠨᠢ ᠴᠢᠬᠢ ᠨᠢ ᠭᠡᠮᠲᠦᠭᠰᠡᠨ ᠪᠤᠯ ᠵᠠᠪᠠᠯ ᠲᠡᠭᠦᠨ ᠤ ᠰᠤᠨᠤᠰᠬᠤ ᠴᠢᠳᠠᠪᠤᠷᠢ ᠶᠢ | ᠨᠢ ᠨᠦᠯᠦᠭᠡᠯᠡᠵᠦ ᠪᠠᠶᠢᠬᠤ ᠡᠰᠡᠭᠦ ᠶᠢ ᠨᠢ ᠠᠩᠬᠠᠷᠤᠯ ᠳᠠᠭᠠᠨ ᠠᠪᠬᠤ ᠬᠡᠷᠡᠭᠲᠡᠢ᠃ ᠡᠨᠡ ᠮᠡᠲᠦ ᠶᠢᠨ ᠰᠤᠨᠤᠰᠬᠤ | ᠴᠢᠳᠠᠪᠤᠷᠢ ᠶᠢ ᠨᠦᠯᠦᠭᠡᠯᠡᠬᠦ ᠶᠢ ᠲᠤᠬᠠᠢ ᠶᠢᠨ ᠴᠠᠭ ᠲᠤᠨᠢ ᠠᠩᠬᠠᠷᠤᠯ ᠳᠠᠭᠠᠨ ᠠᠪᠬᠤ ᠦᠭᠡᠢ ᠠᠴᠠ ᠪᠤᠯᠵᠤ᠂ | ᠤᠳᠠᠭᠠᠨ ᠳᠠᠭᠠᠨ ᠬᠠᠷᠢᠨ ᠬᠡᠦᠬᠡᠳ ᠤᠨ ᠨᠢᠭᠡ ᠨᠠᠰᠤᠨ ᠤ ᠦᠰᠦᠯᠲᠡ ᠶᠢ ᠨᠦᠯᠦᠭᠡᠯᠡᠵᠦ ᠮᠡᠳᠡᠬᠦ ᠲᠤᠯᠠ᠂ ᠵᠠᠪᠠᠯ ᠴᠠᠭ | ᠲᠤᠬᠢᠶᠠᠯ ᠢ ᠠᠰᠢᠭᠯᠠᠨ ᠲᠤᠭᠲᠠᠭᠰᠠᠨ ᠬᠤᠭᠤᠴᠠᠭ᠎ᠠ ᠲᠠᠢ ᠪᠠᠷ ᠡᠮᠨᠡᠯᠭᠡ ᠶᠢᠨ ᠬᠤᠷᠢᠶᠠᠨ ᠳᠤ ᠬᠦᠷᠴᠦ ᠦᠷᠭᠦᠯᠵᠢ ᠶᠢᠨ | ᠴᠢᠨᠠᠷᠲᠠᠢ ᠪᠠᠶᠢᠴᠠᠭᠠᠬᠤ ᠬᠡᠷᠡᠭᠲᠡᠢ᠃ | ⑶ ᠬᠡᠷᠪᠡ ᠬᠡᠦᠬᠡᠳ ᠤᠨ ᠶᠠᠮᠠᠷ ᠨᠢᠭᠡᠨ ᠰᠡᠷᠡᠯ ᠤᠨ ᠡᠷᠬᠡᠲᠡᠨ ᠤ ᠬᠦᠭᠵᠢᠯᠲᠡ ᠨᠢ ᠤᠳᠠᠭᠠᠨ ᠪᠠᠶᠢᠬᠤ ᠶᠢ | ᠮᠡᠳᠡᠪᠡᠯ᠂ ᠡᠭᠦᠨ ᠳᠤ ᠤᠷᠤᠭᠰᠢ ᠠᠯᠬᠤᠯᠠᠬᠤ ᠳᠤ ᠬᠦᠴᠢᠷᠳᠡᠬᠦ᠂ ᠭᠠᠷ ᠬᠦᠯ ᠢᠶᠠᠨ ᠬᠦᠳᠡᠯᠭᠡᠬᠦ ᠴᠢᠳᠠᠪᠤᠷᠢ ᠨᠢ | ᠡᠩ ᠤᠨ ᠬᠡᠦᠬᠡᠳ ᠤᠨ ᠮᠡᠲᠦ ᠬᠤᠷᠴᠠ ᠪᠢᠰᠢ᠂ ᠡᠰᠡᠬᠦᠯ᠎ᠡ ᠰᠤᠷᠤᠯᠴᠠᠬᠤ ᠳᠤ ᠶᠠᠮᠠᠷ ᠨᠢᠭᠡᠨ ᠲᠠᠯ᠎ᠠ ᠪᠠᠷ ᠬᠦᠴᠢᠷᠳᠡᠵᠦ | ᠪᠠᠶᠢᠪᠠᠯ᠂ ᠳᠠᠷᠤᠢ ᠲᠦᠷᠭᠡᠨ ᠴᠠᠭ ᠲᠤᠬᠢᠶᠠᠯ ᠢ ᠠᠰᠢᠭᠯᠠᠨ ᠲᠤᠰᠬᠠᠢ ᠡᠷᠳᠡᠮᠲᠡᠨ ᠤᠷᠢᠵᠤ ᠪᠠᠶᠢᠭᠠᠳ ᠠᠰᠠᠭᠤᠨ | ᠯᠠᠪᠯᠠᠬᠤ᠂ ᠤᠨᠤᠰᠢᠯᠠᠭᠤᠯᠬᠤ ᠮᠡᠲᠦ ᠪᠠᠷ ᠵᠦᠢ ᠵᠤᠬᠢᠰᠲᠠᠢ ᠠᠷᠭ᠎ᠠ ᠠᠪᠴᠠᠯ ᠠᠪᠬᠤ ᠬᠡᠷᠡᠭᠲᠡᠢ᠃ | ᠬᠤᠶᠠᠷ᠂ ᠶᠡᠭᠡ ᠳᠠᠷᠢᠬᠢᠨ ᠤ ᠬᠦᠭᠵᠢᠯᠲᠡ ᠶᠢᠨ ᠬᠤᠭᠤᠴᠠᠭ᠎ᠠ ᠶᠢ ᠠᠮᠵᠢᠨ ᠠᠪᠬᠤ ᠬᠡᠷᠡᠭᠲᠡᠢ᠃ ᠶᠡᠭᠡ | ᠳᠠᠷᠢᠬᠢᠨ ᠤ ᠬᠦᠭᠵᠢᠯᠲᠡ ᠶᠢ ᠨᠡᠭᠡᠭᠡᠭᠳᠡᠭᠦᠯᠵᠦ᠂ ᠦᠰᠦᠯᠲᠡ ᠪᠤᠶᠢᠵᠢᠯᠲᠠ ᠶᠢᠨ ᠬᠡᠪ ᠴᠢᠨᠠᠷ ᠢ ᠳᠡᠭᠡᠭᠰᠢᠯᠡᠭᠦᠯᠬᠦ ᠳᠤ᠂ | ᠶᠠᠭᠤᠨ ᠤ ᠡᠮᠦᠨ᠎ᠡ ᠴᠠᠭ ᠲᠤᠬᠢᠶᠠᠯ ᠢ ᠰᠠᠶᠢᠲᠤᠷ ᠡᠵᠡᠮᠰᠢᠬᠦ ᠬᠡᠷᠡᠭᠲᠡᠢ᠃ ᠬᠡᠦᠬᠡᠳ ᠦᠶ᠎ᠡ ᠶᠢᠨ ᠤᠶᠤᠨ ᠤᠬᠠᠭᠠᠨ ᠤ | ᠴᠢᠳᠠᠪᠤᠷᠢ ᠶᠢ ᠬᠦᠮᠦᠵᠢᠭᠦᠯᠬᠦ ᠨᠢ ᠶᠠᠭ ᠯᠠ ᠴᠡᠴᠡᠭ ᠬᠤᠸᠠᠷ ᠢ ᠦᠨᠳᠦᠰᠦ ᠬᠠᠳᠬᠤᠭᠤᠯᠵᠤ᠂ ᠨᠠᠪᠴᠢ ᠨᠠᠬᠢᠶ᠎ᠠ | ᠤᠷᠭᠤᠭᠤᠯᠵᠤ᠂ ᠤᠯᠠᠪᠢᠷ ᠰᠤᠷᠭᠤᠭ ᠴᠡᠴᠡᠭ ᠳᠡᠯᠭᠡᠷᠡᠭᠦᠯᠬᠦ ᠲᠠᠢ ᠠᠳᠠᠯᠢ ᠪᠠᠶᠢᠳᠠᠭ᠃ | ᠭᠤᠷᠪᠠ᠂ ᠤᠶᠤᠨ ᠴᠢᠳᠠᠪᠤᠷᠢ ᠶᠢ ᠨᠡᠭᠡᠭᠡᠭᠳᠡᠭᠦᠯᠬᠦ ᠵᠠᠩᠭᠢᠯᠠᠭ᠎ᠠ ᠨᠢ ᠨᠢ ᠠᠳᠬᠤᠬᠤ ᠬᠡᠷᠡᠭᠲᠡᠢ᠃ ᠬᠠᠮᠤᠭ | ᠴᠢᠬᠤᠯᠠ ᠨᠢ ᠬᠡᠦᠬᠡᠳ ᠤᠨ ᠪᠦᠲᠦᠭᠡᠯᠴᠢ ᠴᠢᠳᠠᠪᠤᠷᠢ ᠶᠢ ᠨᠢ ᠠᠩᠬᠠᠷᠴᠤ ᠪᠠᠶᠢᠬᠤ ᠬᠡᠷᠡᠭᠲᠡᠢ᠂ ᠳᠠᠷᠤᠢ | ᠬᠡᠦᠬᠡᠳ ᠤᠨ ᠢᠶᠠᠨ ᠰᠠᠨᠠᠭᠠᠨ ᠳᠤ ᠦᠭᠡᠢ ᠪᠠᠷ ᠬᠡᠷᠡᠭ ᠪᠤᠳᠠᠰ ᠲᠤ ᠬᠠᠨᠳᠤᠬᠤ ᠤᠪᠤᠷ ᠪᠠᠶᠢᠳᠠᠯ᠂ ᠦᠭᠡ ᠬᠡᠯᠡᠯᠭᠡ ᠶᠢ | ᠨᠢ ᠠᠵᠢᠭᠯᠠᠬᠤ᠂ ᠴᠡᠭᠡᠵᠢᠯᠡᠬᠦ ᠴᠢᠳᠠᠪᠤᠷᠢ ᠵᠡᠷᠭᠡ ᠶᠢ ᠨᠢ ᠪᠦᠬᠦ ᠲᠠᠯ᠎ᠠ ᠪᠠᠷ ᠠᠩᠬᠠᠷᠬᠤ ᠬᠡᠷᠡᠭᠲᠡᠢ᠃ ᠬᠡᠦᠬᠡᠳ ᠴᠢᠨᠢ | ᠬᠡᠷᠪᠡ ᠬᠠᠮᠤᠭ ᠨᠠᠭᠠᠲᠤ ᠵᠠᠬ᠎ᠠ ᠳᠠᠭᠠᠨ ᠳᠡᠭᠡᠷᠡᠬᠢ ᠮᠡᠲᠦ ᠶᠢᠨ ᠰᠡᠳᠬᠢᠬᠦᠢ ᠶᠢᠨ ᠪᠦᠷᠢᠯᠳᠦᠭᠦᠨ ᠦᠭᠡᠢ ᠶᠤᠮ ᠪᠤᠯ | ᠬᠠᠮᠢᠭ᠎ᠠ ᠠᠴᠠ ᠪᠠᠰᠠ ᠲᠤᠭᠤᠰᠤᠲᠤ ᠶᠢᠷᠲᠢᠨᠴᠦ ᠶᠢᠨ ᠳᠤᠮᠳᠠ ᠪᠦᠲᠦᠭᠡᠯᠴᠢ ᠴᠢᠳᠠᠪᠤᠷᠢ ᠭᠡᠵᠦ ᠪᠠᠶᠢᠬᠤ ᠶᠤᠮ ᠪᠤᠢ︖ | ᠰᠤᠳᠤᠯᠤᠯᠲᠠ ᠶᠢ ᠦᠨᠳᠦᠰᠦᠯᠡᠪᠡᠯ᠂ ᠬᠡᠦᠬᠡᠳ ᠤᠨ ᠡᠯ᠎ᠡ ᠵᠦᠢᠯ ᠤᠨ ᠴᠢᠳᠠᠪᠤᠷᠢ ᠶᠢᠨ ᠬᠦᠭᠵᠢᠯᠲᠡ ᠨᠢ | ᠵᠠᠩᠭᠢᠯᠠᠭ᠎ᠠ ᠶᠢᠨ ᠱᠠᠲᠤ ᠭᠡᠵᠦ ᠪᠠᠶᠢᠳᠠᠭ᠃ | ⑴ ᠬᠡᠦᠬᠡᠳ ᠤᠨ 2-3 ᠨᠠᠰᠤ ᠪᠤᠯ ᠦᠭᠡ ᠬᠡᠯᠡᠯᠭᠡ ᠶᠢᠨ ᠵᠠᠩᠭᠢᠯᠠᠭ᠎ᠠ ᠶᠢᠨ ᠱᠠᠲᠤ ᠪᠤᠯᠤᠨ᠎ᠠ᠃ ᠡᠩ ᠤᠨ | ᠦᠭᠡ ᠬᠡᠯᠡ ᠶᠢᠨ ᠤᠷᠴᠢᠨ ᠲᠤᠭᠤᠷᠢᠨ ᠳᠤ ᠡᠨᠡᠬᠦ ᠱᠠᠲᠤᠨ ᠳᠤ ᠬᠡᠦᠬᠡᠳ ᠤᠨ ᠦᠭᠡ ᠬᠡᠯᠡᠨ ᠤ ᠬᠦᠭᠵᠢᠯᠲᠡ ᠨᠢ | ᠬᠠᠮᠤᠭ ᠰᠠᠶᠢᠨ᠂ ᠬᠠᠮᠤᠭ ᠨᠠᠶᠢᠳᠠᠪᠤᠷᠢᠲᠠᠢ ᠪᠠᠶᠢᠳᠠᠭ ᠶᠤᠮ᠃ ᠬᠡᠷᠪᠡ ᠡᠨᠡᠬᠦ ᠵᠠᠩᠭᠢᠯᠠᠭ᠎ᠠ ᠶᠢᠨ ᠱᠠᠲᠤ ᠶᠢ ᠰᠠᠶᠢᠲᠤᠷ | ᠠᠰᠢᠭᠯᠠᠬᠤ ᠦᠭᠡᠢ ᠶᠤᠮ ᠪᠤᠯ ᠬᠡᠦᠬᠡᠳ ᠤᠨ ᠦᠰᠦᠯᠲᠡ ᠳᠤ ᠲᠤᠶᠢᠯ ᠤᠨ ᠶᠡᠭᠡ ᠬᠤᠬᠢᠷᠠᠯ ᠪᠤᠶᠤ ᠬᠦᠯᠢᠶᠡᠰᠦ | ᠪᠤᠯᠳᠠᠭ ᠰᠠᠨ᠃ | ⑵4 ᠨᠠᠰᠤᠨ ᠠᠴᠠ ᠡᠮᠦᠨ᠎ᠡ ᠪᠤᠯ ᠬᠡᠦᠬᠡᠳ ᠤᠨ ᠵᠢᠷᠤᠭ ᠳᠦᠷᠰᠦ ᠢᠯᠭᠠᠨ ᠲᠠᠨᠢᠬᠤ ᠵᠠᠩᠭᠢᠯᠠᠭ᠎ᠠ ᠶᠢᠨ | ᠱᠠᠲᠤ ᠪᠤᠯᠤᠨ᠎ᠠ᠃ | ⑶4-5 ᠨᠠᠰᠤ ᠪᠤᠯ ᠨᠤᠮ ᠳᠡᠪᠳᠡᠷ ᠦᠭᠡ ᠬᠡᠯᠡᠯᠭᠡ ᠶᠢ ᠰᠤᠷᠤᠯᠴᠠᠬᠤ ᠬᠠᠮᠤᠭ ᠰᠠᠶᠢᠨ ᠱᠠᠲᠤ ᠪᠤᠯᠤᠨ᠎ᠠ᠃ | ⑷5-5.5 ᠨᠠᠰᠤ ᠪᠤᠯ ᠬᠡᠦᠬᠡᠳ ᠤᠨ ᠦᠭᠡ ᠬᠠᠷᠢᠯᠴᠠᠭᠠᠨ ᠤ ᠤᠬᠠᠭᠳᠠᠬᠤᠨ ᠢ ᠡᠵᠡᠮᠰᠢᠬᠦ | ᠵᠠᠩᠭᠢᠯᠠᠭ᠎ᠠ ᠶᠢᠨ ᠱᠠᠲᠤ ᠪᠤᠯᠤᠨ᠎ᠠ᠃ | ⑸5-6 ᠨᠠᠰᠤ ᠪᠤᠯ ᠬᠡᠦᠬᠡᠳ ᠤᠨ ᠦᠰᠦᠭ ᠲᠠᠨᠢᠬᠤ ᠬᠠᠮᠤᠭ ᠰᠠᠶᠢᠨ ᠱᠠᠲᠤ ᠪᠤᠯᠤᠨ᠎ᠠ᠃ ᠡᠶᠢᠮᠦ ᠠᠴᠠ | ᠬᠡᠦᠬᠡᠳ ᠤᠨ ᠢᠶᠠᠨ ᠦᠰᠦᠯᠲᠡ ᠪᠤᠶᠢᠵᠢᠯᠲᠠ ᠶᠢᠨ ᠵᠠᠩᠭᠢᠯᠠᠭ᠎ᠠ ᠶᠢᠨ ᠴᠠᠭ ᠲᠤ ᠵᠦᠢ ᠵᠤᠬᠢᠰᠲᠠᠢ ᠪᠠᠷ ᠬᠦᠮᠦᠵᠢᠯ ᠬᠢᠬᠦ | ᠨᠢ ᠬᠡᠦᠬᠡᠳ ᠤᠨ ᠦᠰᠦᠯᠲᠡ ᠳᠤ ᠲᠤᠶᠢᠯ ᠤᠨ ᠶᠡᠭᠡ ᠠᠴᠢ ᠲᠤᠰᠠ ᠲᠠᠢ ᠪᠠᠶᠢᠳᠠᠭ᠃ ᠬᠡᠷᠪᠡ ᠬᠡᠦᠬᠡᠳ ᠲᠡᠭᠡᠨ ᠴᠠᠭ | ᠲᠤᠬᠢᠶᠠᠯ ᠢ ᠠᠰᠢᠭᠯᠠᠨ ᠲᠤᠰᠬᠠᠢ ᠪᠤᠯᠪᠠᠰᠤᠷᠠᠯ ᠬᠦᠷᠲᠡᠭᠡᠭᠰᠡᠨ ᠦᠭᠡᠢ ᠶᠤᠮ ᠪᠤᠯ ᠶᠠᠮᠠᠷ ᠨᠢᠭᠡ ᠰᠢᠯᠢᠳᠡᠭ ᠬᠡᠦᠬᠡᠳ | ᠴᠦ ᠭᠡᠳ ᠦᠪᠡᠷ ᠤᠨ ᠤᠶᠤᠨ ᠴᠢᠳᠠᠪᠤᠷᠢ ᠪᠠᠷ ᠢᠶᠠᠨ ᠨᠠᠰᠤᠨ ᠲᠤᠷᠰᠢᠲᠠ ᠴᠢᠷᠮᠠᠶᠢᠭᠰᠠᠨ ᠴᠦ ᠬᠠᠷᠢᠨ ᠬᠦᠮᠦᠵᠢᠯ | ᠬᠦᠷᠲᠡᠭᠰᠡᠨ ᠬᠠᠮᠤᠭ ᠰᠠᠶᠢᠨ ᠤᠷᠭᠢᠯ ᠤᠨ ᠬᠡᠮᠵᠢᠶᠡᠨ ᠳᠤ ᠬᠦᠷᠴᠦ ᠴᠢᠳᠠᠬᠤ ᠦᠭᠡᠢ ᠶᠤᠮ᠃ ᠡᠶᠢᠮᠦ ᠠᠴᠠ ᠵᠠᠷᠢᠮ | ᠬᠡᠦᠬᠡᠳ ᠤᠨ ᠤᠶᠤᠨ ᠤ ᠴᠢᠳᠠᠪᠤᠷᠢ ᠨᠢ ᠠᠨᠠᠢ ᠪᠠᠶᠢᠬᠤ ᠲᠤᠯᠠ ᠡᠬᠡ ᠡᠴᠢᠭᠡ ᠶᠢᠨ ᠬᠠᠯᠠᠭᠤᠨ ᠳᠤᠯᠠᠭᠠᠨ ᠤᠪᠤᠷ | ᠰᠤᠷᠲᠠᠯ᠂ ᠬᠦᠯᠢᠴᠡᠩᠭᠦᠢ ᠯᠠᠪᠳᠠᠭᠤᠨ ᠰᠤᠷᠭᠠᠨ ᠬᠦᠮᠦᠵᠢᠯ ᠬᠢᠭᠡᠳ ᠤᠳᠠᠭᠠᠨ ᠳᠠᠭᠠᠭᠠᠮᠠᠭᠠᠢ ᠤᠷᠮᠠᠰᠢᠭᠤᠯᠤᠯ | ᠵᠤᠷᠢᠭᠵᠢᠭᠤᠯᠤᠯ ᠢ ᠬᠦᠷᠲᠡᠭᠡᠬᠦ ᠦᠭᠡᠢ ᠶᠤᠮ ᠪᠤᠯ᠂ ᠬᠡᠦᠬᠡᠳ ᠬᠠᠷᠢᠨ ᠭᠤᠨᠢᠨ ᠭᠤᠲᠤᠷᠠᠵᠤ᠂ ᠢᠲᠡᠭᠡᠯ ᠠᠯᠳᠠᠬᠤ | ᠪᠤᠶᠤ ᠴᠢᠨᠠᠭᠰᠢᠯᠠᠨ ᠬᠤᠵᠢᠮ ᠤᠨ ᠨᠢᠭᠡ ᠨᠠᠰᠤᠨ ᠤ ᠦᠰᠦᠯᠲᠡ ᠪᠤᠶᠢᠵᠢᠯᠲᠠ ᠪᠠᠨ ᠴᠦ ᠨᠦᠯᠦᠭᠡᠯᠡᠵᠦ ᠮᠡᠳᠡᠨ᠎ᠡ᠃ | |