ᠳᠠᠯᠠᠢ ᠶᠢᠨ ᠢᠳᠡᠭᠡᠨ ᠵᠢᠷᠦᠬᠡᠨ ᠪᠤᠯᠴᠢᠩ ᠤᠨ ᠲᠦᠭᠵᠢᠷᠡᠯ ᠢ ᠰᠡᠷᠭᠡᠶᠢᠯᠡᠨ᠎ᠡ
ᠨᠡᠶᠢᠲᠡᠯᠡᠭᠰᠡᠨ ᠴᠠᠭ᠄
2016-08-15
       ᠪᠠᠶᠢᠴᠠᠭᠠᠯᠲᠠ ᠳᠤ ᠬᠠᠷᠠᠭᠤᠯᠤᠭᠰᠠᠨ ᠢᠶᠠᠷ᠂ ᠭᠠᠷᠠᠭ ᠪᠦᠷᠢ ᠵᠢᠭᠠᠰᠤ ᠪᠤᠶᠤ ᠳᠠᠯᠠᠢ ᠶᠢᠨ ᠢᠳᠡᠭᠡᠨ ᠢ 200 ᠭᠷᠡᠮ ᠠᠴᠠ ᠳᠡᠭᠡᠭᠰᠢ ᠢᠳᠡᠪᠡᠯ ᠡᠷᠡᠭᠲᠡᠶᠢᠴᠦᠳ ᠤᠨ ᠲᠦᠷᠭᠡᠨ ᠴᠢᠨᠠᠷᠲᠠᠢ ᠵᠢᠷᠦᠭᠡᠨ ᠪᠤᠯᠴᠢᠩ ᠤᠨ ᠲᠦᠭᠵᠢᠷᠡᠯ ᠢᠶᠠᠷ ᠠᠳᠡᠬᠦ ᠨᠤᠷᠮ᠎ᠠ ᠭᠠᠷᠠᠭ ᠪᠦᠷᠢ 50 ᠭᠷᠡᠮ ᠠᠴᠠ ᠳᠤᠷᠤᠭᠰᠢ ᠢᠳᠡᠭᠰᠡᠳ ᠲᠠᠢ ᠬᠠᠷᠢᠴᠠᠭᠤᠯᠪᠠᠯ 55% ᠪᠠᠷ ᠳᠤᠤᠷ᠎ᠠ ᠪᠠᠶᠢᠳᠠᠭ᠃ ᠰᠡᠷᠡᠭᠡ ᠵᠢᠭᠠᠰᠤ ᠵᠡᠷᠭᠡ ᠦᠭᠡᠬᠦᠨ ᠬᠦᠴᠢᠯ ᠡᠯᠪᠡᠭ ᠳᠠᠯᠠᠢ ᠶᠢᠨ ᠢᠳᠡᠭᠡᠨ ᠢ ᠦᠷᠭᠦᠯᠵᠢ ᠢᠳᠡᠪᠡᠯ ᠵᠢᠷᠦᠬᠡᠨ ᠪᠤᠯᠴᠢᠩ ᠤᠨ ᠲᠦᠭᠵᠢᠷᠡᠯ ᠢᠶᠠᠷ ᠠᠳᠡᠬᠦ ᠲᠦᠭᠰᠢᠭᠦᠷᠢ ᠶᠢ ᠮᠦᠨ ᠢᠯᠡᠳᠲᠡ ᠪᠠᠭᠤᠷᠠᠭᠤᠯᠤᠨ᠎ᠠ᠃ ᠡᠭᠦᠨ ᠠᠴᠠ ᠭᠠᠳᠠᠨ᠎ᠠ ᠰᠤᠳᠤᠯᠭᠠᠲᠠᠳ ᠤᠨ ᠰᠠᠨᠠᠭᠤᠯᠤᠭᠰᠠᠨ ᠢᠶᠠᠷ᠂ ᠰᠤᠷᠪᠤᠭ ᠢᠳᠡᠭᠡᠨ ᠠᠷᠪᠢᠨ ᠢᠳᠡᠪᠡᠯ ᠴᠢᠰᠤᠨ ᠤ ᠠᠬᠤᠭᠤᠯᠤᠭᠳᠠᠴᠠ ᠶᠢ ᠨᠠᠮᠡᠭᠳᠡᠭᠦᠯᠦᠨ᠂ ᠵᠢᠷᠦᠬᠡᠨ ᠤ ᠳᠠᠷᠤᠭᠠᠰᠤ ᠶᠢ ᠨᠡᠮᠡᠭᠳᠡᠭᠦᠯᠳᠡᠭ ᠲᠤᠯᠠ ᠲᠢᠲᠠᠮ ᠵᠢᠷᠦᠬᠡᠨ ᠡᠪᠡᠳᠴᠢᠨ ᠲᠠᠢ ᠨᠠᠰᠤᠲᠠᠶᠢᠴᠦᠦᠯ᠂ ᠢᠯᠠᠩᠭᠤᠶ᠎ᠠ ᠵᠢᠷᠦᠬᠡᠨ ᠪᠤᠯᠴᠢᠩ ᠲᠦᠭᠵᠢᠷᠡᠬᠦ ᠢᠯᠡᠷᠡᠯ ᠭᠠᠷᠴᠤ ᠦᠩᠭᠡᠷᠡᠭᠰᠡᠨ ᠡᠪᠡᠳᠴᠢᠲᠡᠨ ᠡᠳᠦᠷ ᠪᠦᠷᠢ ᠶᠢᠨ ᠳᠠᠪᠤᠰᠤ ᠰᠢᠩᠭᠡᠭᠡᠬᠦ ᠬᠡᠮᠵᠢᠶ᠎ᠡ ᠶᠢ 5 ᠭᠷᠡᠮ ᠠᠴᠠ ᠬᠡᠲᠦᠷᠡᠭᠦᠯᠵᠦ ᠪᠤᠯᠬᠤ ᠦᠭᠡᠢ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号