ᠬᠠᠵᠠᠭᠤᠯᠠᠨ ᠤᠨᠲᠠᠬᠤ ᠨᠢ ᠳᠠᠷᠢᠬᠢᠨ ᠤ ᠬᠤᠭ ᠯᠤᠪᠰᠢ ᠶᠢ ᠴᠡᠪᠡᠷᠯᠡᠨ᠎ᠡ
ᠨᠡᠶᠢᠲᠡᠯᠡᠭᠰᠡᠨ ᠴᠠᠭ᠄
2016-08-15
       ᠬᠠᠵᠠᠭᠤᠯᠠᠨ ᠤᠨᠲᠠᠬᠤ ᠨᠢ ᠶᠡᠭᠡ ᠳᠠᠷᠢᠬᠢᠨ ᠤ ᠦᠪᠡᠷ ᠪᠡᠶ᠎ᠡ ᠶᠢᠨ ᠴᠡᠪᠡᠷᠯᠡᠯᠲᠡ ᠬᠢᠬᠦ ᠳᠤ ᠠᠰᠢᠭᠲᠠᠢ ᠪᠦᠭᠡᠳ ᠵᠦᠨᠦᠭ ᠡᠪᠡᠳᠴᠢᠨ᠂ ᠴᠡᠴᠡᠷᠡᠭᠡ ᠡᠪᠡᠳᠴᠢᠨ ᠪᠠ ᠪᠤᠰᠤᠳ ᠮᠡᠳᠡᠷᠡᠯ ᠤᠨ ᠴᠢᠨᠠᠷᠲᠠᠢ ᠡᠪᠡᠳᠴᠢᠨ ᠡᠭᠦᠰᠬᠦ ᠨᠤᠷᠮ᠎ᠠ ᠶᠢ ᠳᠤᠷᠤᠭᠰᠢᠯᠠᠭᠤᠯᠤᠨ᠎ᠠ᠃        ᠰᠤᠳᠤᠯᠤᠯᠲᠠ ᠳᠤ᠂ ᠪᠦᠬᠦᠯᠢ ᠨᠢᠭᠡ ᠡᠳᠦᠷ ᠤᠨ ᠶᠠᠳᠠᠷᠠᠯᠲᠠᠢ ᠠᠵᠢᠯ ᠢᠶᠠᠷ ᠳᠠᠮᠵᠢᠨ᠂ ᠬᠦᠮᠦᠨ ᠤ ᠶᠡᠭᠡ ᠳᠠᠷᠢᠬᠢᠨ ᠳᠤ ᠡᠯ᠎ᠡ ᠵᠦᠢᠯ ᠤᠨ ᠴᠠᠷᠳᠠᠭᠤᠯ ᠤᠨ ᠲᠦᠷᠦᠯ ᠤᠨ ᠤᠭᠤᠷᠠᠭᠲᠤ ᠡᠳ᠋ ᠪᠤᠢ ᠪᠤᠯᠤᠨ᠎ᠠ᠃ ᠡᠳᠡᠭᠡᠷ ᠤᠭᠤᠷᠠᠭᠲᠤ ᠡᠳ᠋ ᠨᠢ ᠶᠡᠭᠡ ᠲᠠᠷᠢᠬᠢ ᠬᠡᠰᠡᠭ ᠬᠤᠭᠤᠴᠠᠭ᠎ᠠ ᠠᠵᠢᠯᠯᠠᠭᠰᠠᠨ ᠤ ᠳᠠᠷᠠᠭ᠎ᠠ ᠦᠯᠡᠳᠡᠭᠰᠡᠨ ︽ᠬᠤᠭ ᠯᠤᠪᠰᠢ︾ ᠪᠤᠯᠤᠨ᠎ᠠ᠂ ᠶᠡᠭᠡ ᠳᠠᠷᠢᠬᠢᠨ ᠤ ᠬᠡᠪ ᠶᠤᠰᠤᠭᠠᠷ ᠠᠵᠢᠯᠯᠠᠬᠤ ᠶᠢ ᠬᠦᠨᠳᠦ ᠨᠤᠴᠢᠲᠠᠢ ᠨᠦᠯᠦᠭᠡᠯᠡᠬᠦ ᠠᠴᠠ ᠭᠠᠳᠠᠨ᠎ᠠ᠂ ᠵᠦᠨᠦᠭ ᠡᠪᠡᠳᠴᠢᠨ ᠪᠠ ᠪᠤᠰᠤᠳ ᠴᠢᠬᠤᠯᠠ ᠮᠡᠳᠡᠷᠡᠯ ᠤᠨ ᠡᠪᠡᠳᠴᠢᠨ ᠢ ᠡᠭᠦᠰᠬᠡᠬᠦ ᠮᠠᠭᠠᠳ᠃        ᠡᠨᠡ ᠦᠶ᠎ᠡ ᠳᠤ᠂ ᠡᠳᠡᠭᠡᠷ ︽ᠬᠤᠭ ᠯᠤᠪᠰᠢ︾ ᠶᠢ ᠴᠡᠪᠡᠷᠯᠡᠬᠦ ᠶᠢᠨ ᠲᠦᠯᠦᠭᠡ᠂ ᠶᠡᠭᠡ ᠲᠠᠷᠢᠬᠢᠨ ᠲᠤᠲᠤᠷᠠᠬᠢ ᠯᠢᠮᠪᠠ ᠶᠢᠨ ᠰᠢᠰᠲ᠋ᠧᠮ ᠤᠨ ᠨᠢᠭᠡᠨ ᠰᠢᠷᠢᠰ ᠴᠡᠪᠡᠷᠯᠡᠬᠦ ᠪᠠ ᠠᠭᠤᠰᠬᠠᠬᠤ ᠶᠠᠪᠤᠴᠠ ᠪᠠᠷ ᠳᠠᠮᠵᠢᠨ ᠶᠡᠭᠡ ᠳᠠᠷᠢᠬᠢᠨ ᠲᠤᠲᠤᠷᠠᠬᠢ ︽ᠬᠤᠭ ᠯᠤᠪᠰᠢ ᠪᠤᠯᠤᠭᠰᠠᠨ ᠤᠭᠤᠷᠠᠭᠲᠤ ᠡᠳ᠋︾ ᠢ ᠮᠠᠭᠠᠳᠯᠠᠨ ᠰᠢᠢᠳᠪᠦᠷᠢᠯᠡᠵᠦ᠂ ᠶᠡᠭᠡ ᠳᠠᠷᠢᠬᠢᠨ ᠤ ᠨᠢᠭᠡᠨ ᠴᠡᠪᠡᠷ ︽ᠠᠵᠢᠯᠯᠠᠬᠤ ᠤᠷᠴᠢᠨ︾ ᠢ ᠪᠤᠢ ᠪᠤᠯᠭᠠᠨ᠎ᠠ᠃ ︽ᠲᠠᠩᠭᠠᠶᠢᠵᠤ ᠬᠡᠪᠲᠡᠬᠦ᠂ ᠡᠯᠢᠭᠡᠳᠡᠨ ᠬᠡᠪᠳᠡᠬᠦ ᠲᠠᠢ ᠬᠠᠷᠢᠴᠠᠭᠤᠯᠪᠠᠯ ᠬᠠᠵᠠᠭᠤᠯᠠᠨ ᠬᠡᠪᠲᠡᠬᠦ ᠨᠢ ᠶᠡᠭᠡ ᠲᠠᠷᠢᠬᠢᠨ ᠤ ᠬᠤᠭ ᠯᠤᠪᠰᠢ ᠶᠢ ᠨᠡᠩ ᠪᠦᠲᠦᠮᠵᠢᠲᠡᠢ ᠠᠷᠢᠯᠭᠠᠵᠤ ᠪᠤᠯᠤᠨ᠎ᠠ ᠭᠡᠳᠡᠭ ᠢ ᠮᠡᠳᠡᠪᠡ︾ ᠭᠡᠵᠦ ᠨᠢᠦ᠋ ᠶᠤᠷᠺ ᠵᠸᠦ ᠠᠴᠠ ᠡᠷᠬᠢᠯᠡᠭᠰᠡᠨ ᠶᠡᠭᠡ ᠰᠤᠷᠭᠠᠭᠤᠯᠢ ᠶᠢᠨ ᠱᠢᠰᠢ ᠶᠢᠨ ᠬᠤᠪᠢᠶᠠᠷᠢ ᠰᠤᠷᠭᠠᠭᠤᠯᠢ ᠶᠢᠨ ᠬᠠᠶᠢᠯᠤᠨ᠂ ᠪᠧᠨᠸᠧᠢᠢᠨᠢᠰᠲ ᠫᠷᠦᠹᠧᠰᠰᠤᠷ ᠶᠠᠷᠢᠪᠠ᠃
 
ᠢᠷᠡᠯᠲᠡ᠄ ᠤᠯᠠᠭᠠᠨ ᠬᠠᠳᠠ ᠶᠢᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 © ︽ᠮᠥᠩᠬᠡ ᠭᠠᠯ︾ ᠺᠣᠮᠫᠢᠦ᠋ᠲ᠋ᠧᠷ ᠰᠣᠹᠲ ᠤᠨ ᠪᠦᠷᠢᠨ ᠪᠤᠰᠤ ᠬᠠᠷᠢᠭᠤᠴᠠᠯᠭᠠᠲᠤ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05002246号